ᠳᠤᠮᠳᠠᠳᠤ ᠤᠯᠤᠰ ᠤᠨ ᠠᠷᠠᠳ᠎ᠤᠨ ᠪᠠᠩᠬᠢ᠂ ᠤᠯᠤᠰ᠎ᠤᠨ ᠮᠥᠩᠭᠥᠨ ᠭᠦᠢᠯᠭᠡᠭᠡᠨ᠎ᠦ
ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠬᠤᠳᠠᠯᠳᠤᠭᠠᠨ ᠳ᠋ᠦ ᠬᠡᠷᠡᠭᠯᠡᠬᠦ ᠭᠡᠷ ᠪᠠᠢᠰᠢᠩ
ᠬᠤᠳᠠᠯᠳᠤᠨ ᠠᠪᠬᠤ ᠵᠢᠭᠡᠯᠡᠯᠭᠡ᠎ᠶᠢᠨ ᠠᠩᠬ᠎ᠠ ᠲᠤᠰᠢᠶᠠᠬᠤ ᠵᠣᠭᠣᠰ᠎ᠤᠨ ᠬᠠᠮᠤᠭ᠎ᠤᠨ ᠳᠣᠣᠷ᠎ᠠ ᠬᠠᠷᠢᠴᠠᠯ᠎ᠢ
ᠲᠣᠬᠢᠷᠠᠭᠤᠯᠬᠤ ᠲᠤᠬᠠᠢ ᠮᠡᠳᠡᠭᠳᠡᠯ ᠨᠡᠢᠲᠡᠯᠡᠪᠡ᠃
ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠰᠢᠢᠳᠪᠦᠷᠢᠲᠦ
ᠪᠣᠳᠣᠯᠭ᠎ᠠ ᠪᠠᠢᠷᠢᠯᠠᠭᠤᠯᠤᠯᠲᠠ ᠶᠢ
ᠲᠤᠭᠤᠰᠢᠯᠠᠭᠤᠯᠤᠨ ᠨᠠᠢᠳᠠᠪᠤᠷᠢᠵᠢᠭᠤᠯᠵᠥ᠂ ᠮᠠᠨ᠎ᠤ ᠤᠯᠤᠰ ᠤ᠋ᠨ ᠭᠡᠷ ᠪᠠᠢᠰᠢᠩ ᠭᠠᠵᠠᠷ ᠤ᠋ᠨ ᠬᠥᠷᠥᠩᠭᠡ ᠵᠢᠨ
ᠵᠠᠬ᠎ᠠ ᠳᠡᠯᠭᠡᠭᠦᠷ᠎ᠦᠨ ᠬᠠᠩᠭᠠᠯᠭ᠎ᠠ ᠬᠡᠷᠡᠭᠴᠡᠭᠡ᠎ᠶᠢᠨ ᠬᠠᠷᠢᠴᠠᠭ᠎ᠠ᠎ᠶᠢᠨ ᠰᠢᠨ᠎ᠡ ᠬᠤᠪᠢᠷᠠᠯᠲᠠ᠎ᠳᠤ
ᠵᠣᠬᠢᠴᠠᠭᠤᠯᠤᠨ᠂ ᠭᠡᠷ ᠪᠠᠢᠰᠢᠩ ᠭᠠᠵᠠᠷ ᠤ᠋ᠨ ᠬᠥᠷᠥᠩᠭᠡ᠎ᠶᠢᠨ
ᠬᠥᠭᠵᠢᠯᠲᠡ᠎ᠶᠢᠨ ᠰᠢᠨ᠎ᠡ ᠵᠠᠭᠪᠤᠷ᠎ᠢ ᠪᠠᠶ᠋ᠢᠭᠤᠯᠬᠤ᠎ᠶᠢ ᠳᠡᠮᠵᠢᠬᠦ᠎ᠶᠢᠨ ᠲᠤᠰᠠᠳᠠ᠂ ᠡᠳᠦᠭᠡ
ᠬᠤᠳᠠᠯᠳᠤᠭᠠᠨ᠎ᠳᠤ ᠬᠡᠷᠡᠭᠯᠡᠬᠦ ᠭᠡᠷ ᠪᠠᠢᠰᠢᠩ ᠬᠤᠳᠠᠯᠳᠤᠨ ᠠᠪᠬᠤ ᠵᠢᠭᠡᠯᠡᠯᠭᠡ᠎ᠶᠢᠨ ᠲᠥᠷᠥ᠎ᠶᠢᠨ
ᠪᠣᠳᠣᠯᠭ᠎ᠠ᠎ᠶᠢᠨ ᠬᠣᠯᠪᠣᠭᠳᠠᠯ ᠪᠦᠬᠦᠢ ᠵᠦᠢᠯᠡᠰ᠎ᠢ ᠳᠣᠣᠷᠠᠬᠢ ᠮᠡᠲᠦ ᠮᠡᠳᠡᠭᠳᠡᠪᠡ᠄
ᠬᠤᠳᠠᠯᠳᠤᠭᠠᠨ᠎ᠳᠤ ᠬᠡᠷᠡᠭᠯᠡᠬᠦ ᠭᠡᠷ
ᠪᠠᠢᠰᠢᠩ (《ᠬᠤᠳᠠᠯᠳᠤᠭ᠎ᠠ ᠪᠠ ᠣᠷᠣᠨ ᠰᠠᠭᠤᠴᠠ ᠵᠢᠨ ᠬᠤᠤᠰ ᠬᠡᠷᠡᠭᠴᠡᠭᠡᠲᠦ ᠭᠡᠷ ᠪᠠᠢᠰᠢᠩ》 ᠪᠠᠭᠲᠠᠨ᠎ᠠ)
ᠬᠤᠳᠠᠯᠳᠤᠨ ᠠᠪᠬᠤ ᠵᠢᠭᠡᠯᠡᠯᠭᠡ᠎ᠶᠢᠨ ᠠᠩᠬ᠎ᠠ ᠲᠤᠰᠢᠶᠠᠬᠤ ᠵᠣᠭᠣᠰ᠎ᠤᠨ ᠬᠠᠮᠤᠭ ᠤ᠋ᠨ ᠳᠣᠣᠷ᠎ᠠ ᠬᠠᠷᠢᠴᠠᠯ᠎ᠢ 30% ᠡᠴᠡ ᠳᠣᠣᠷ᠎ᠠ ᠪᠠᠢᠯᠭᠠᠬᠤ ᠦᠭᠡᠢ ᠪᠤᠯᠭᠠᠵᠥ
ᠳᠤᠬᠢᠷᠠᠭᠤᠯᠤᠨ᠎ᠠ᠃
ᠳᠤᠮᠳᠠᠳᠤ ᠤᠯᠤᠰ ᠤᠨ ᠠᠷᠠᠳ ᠤᠨ ᠪᠠᠩᠬᠢ᠎ᠶᠢᠨ ᠡᠯ᠎ᠡ ᠮᠤᠵᠢ᠎ᠶᠢᠨ ᠱᠠᠲᠤᠨ᠎ᠤ ᠬᠤᠪᠢᠶᠠᠷᠢ
ᠪᠠᠩᠬᠢ᠂ ᠤᠯᠤᠰ ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ᠎ᠶᠢᠨ
ᠡᠯ᠎ᠡ ᠮᠤᠵᠢ᠎ᠶᠢᠨ ᠱᠠᠲᠤᠨ᠎ᠤ ᠲᠣᠮᠢᠯᠠᠭᠰᠠᠨ ᠪᠠᠢᠭᠤᠯᠤᠮᠵᠢ ᠡᠴᠡ ᠬᠠᠷᠢᠶ᠎ᠠ ᠣᠷᠣᠨ᠎ᠤ ᠡᠯ᠎ᠡ ᠬᠣᠲᠠ᠎ᠶᠢᠨ ᠵᠠᠰᠠᠭ᠎ᠤᠨ ᠣᠷᠳᠣᠨ᠎ᠤ ᠲᠣᠬᠢᠷᠠᠭᠤᠯᠤᠨ
ᠡᠵᠡᠮᠳᠡᠬᠦ ᠱᠠᠭᠠᠷᠳᠠᠯᠭ᠎ᠠ᠎ᠶᠢ ᠦᠨᠳᠦᠰᠦᠯᠡᠨ᠂ ᠬᠣᠲᠠ᠎ᠶᠢᠨ ᠪᠠᠢᠳᠠᠯ᠎ᠳᠤ ᠲᠣᠬᠢᠷᠠᠭᠤᠯᠤᠨ ᠲᠥᠷᠥ᠎ᠶᠢᠨ
ᠪᠣᠳᠣᠯᠭ᠎ᠠ ᠬᠡᠷᠡᠭᠵᠢᠭᠦᠯᠬᠦ ᠵᠠᠷᠴᠢᠮ ᠶᠣᠰᠣᠭᠠᠷ᠂ ᠪᠥᠬᠥ ᠤᠯᠤᠰ ᠤᠨ ᠨᠢᠭᠡᠳᠦᠯᠲᠡᠢ ᠠᠩᠬ᠎ᠠ ᠲᠤᠰᠢᠶᠠᠬᠤ
ᠵᠣᠭᠣᠰ᠎ᠤᠨ ᠬᠠᠮᠤᠭ
ᠤ᠋ᠨ ᠳᠤᠤᠷ᠎ᠠ ᠬᠠᠷᠢᠴᠠᠯ᠎ᠤᠨ ᠰᠠᠭᠤᠷᠢᠨ ᠳᠡᠭᠡᠷ᠎ᠡ᠂
ᠬᠠᠷᠢᠶ᠎ᠠ ᠣᠷᠣᠨ᠎ᠤ ᠡᠯ᠎ᠡ ᠬᠣᠲᠠ᠎ᠶᠢᠨ ᠠᠩᠬ᠎ᠠ ᠲᠤᠰᠢᠶᠠᠬᠤ ᠵᠣᠭᠣᠰ᠎ᠤᠨ ᠬᠠᠷᠢᠴᠠᠯ᠎ᠤᠨ ᠳᠣᠣᠷᠠᠳᠤ
ᠬᠢᠵᠠᠭᠠᠷ᠎ᠢ ᠡᠵᠡᠨ ᠮᠡᠳᠡᠵᠦ ᠲᠣᠭᠲᠠᠭᠠᠨ᠎ᠠ᠃
ᠢᠷᠡᠯᠲᠡ᠄ ᠲᠦᠪ ᠲᠸᠯᠸᠢᠰ᠎ᠤᠨ ᠰᠤᠨᠢᠨ ᠮᠡᠳᠡᠭᠡ ᠵᠢᠨ ᠰᠢᠯᠵᠢᠶ᠎ᠡ