ᠥᠪᠥᠷ ᠮᠣᠩᠭᠣᠯ ᠡᠴᠡ 19 ᠰᠤᠡᠭᠭᠤᠭᠳᠠᠪᠠ!
2026-01-20 11:35:22
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠤᠷᠭᠠᠨ ᠬᠥᠮᠦᠵᠢᠯ᠎ᠦᠨ ᠶᠠᠮᠤᠨ ᠣᠶ᠋ᠢᠷ᠎ᠠ᠎ᠳᠤ 《2025 ᠣᠨ᠎ᠤ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠤᠨ ᠲᠦᠭᠡᠮᠡᠯ ᠬᠠᠷᠠᠭᠠᠯᠵᠠᠯᠲᠤ᠌ ᠰᠢᠶᠠᠨ(ᠬᠣᠲᠠ᠂ ᠲᠣᠭᠣᠷᠢᠭ)᠎ᠤ ᠨᠡᠷᠡᠰ᠎ᠢ ᠨᠡᠶ᠋ᠢᠲᠡᠯᠡᠬᠦ᠌ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭᠠᠵᠤ᠂ ᠪᠥᠬᠥ᠌ ᠤᠯᠤᠰ᠎ᠤᠨ 427 ᠰᠢᠶᠠᠨ(ᠬᠣᠲᠠ᠂ ᠲᠣᠭᠣᠷᠢᠭ)᠎ᠢ ᠰᠤᠷᠭᠠᠨ ᠬᠥᠮᠦᠵᠢᠯ᠎ᠦᠨ ᠶᠠᠮᠤᠨ᠎ᠤ 2025 ᠣᠨ᠎ᠤ ᠠᠩᠬᠠᠳᠤᠭᠠᠷ ᠪᠦᠯᠦᠭ ᠰᠢᠶᠠᠨ᠎ᠤ ᠬᠡᠪᠴᠢᠶᠡᠨ᠎ᠦ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠤᠨ ᠲᠦᠭᠡᠮᠡᠯ ᠬᠠᠷᠠᠭᠠᠯᠵᠠᠯᠲᠤ᠌ ᠰᠢᠶᠠᠨ (ᠬᠣᠲᠠ᠂ ᠲᠣᠭᠣᠷᠢᠭ)᠎ᠵᠢᠠᠷ ᠮᠠᠭᠠᠳᠯᠠᠨ ᠲᠣᠭᠲᠠᠭᠠᠵᠤ᠂ ᠡᠭᠦᠨ ᠳ᠋ᠤ ᠥᠪᠥᠷ ᠮᠣᠩᠭᠣᠯ᠎ᠤᠨ 19 ᠬᠣᠰᠢᠭᠤ ᠰᠢᠶᠠᠨ (ᠬᠣᠲᠠ᠂ ᠲᠣᠭᠣᠷᠢᠭ) ᠵᠢᠭᠰᠠᠭᠠᠭᠳᠠᠪᠠ᠃

ᠬᠥᠯᠥᠨ ᠪᠣᠶ᠋ᠢᠷ ᠬᠣᠲᠠ᠄ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠰᠢᠭᠤ᠂ ᠰᠢᠨ᠎ᠡ ᠪᠠᠷᠭᠤ ᠪᠠᠷᠠᠭᠤᠨ ᠬᠣᠰᠢᠭᠤ

ᠬᠢᠩᠭᠠᠨ ᠠᠶ᠋ᠢᠮᠠᠭ᠄   ᠷᠠᠰᠢᠶᠠᠨ ᠬᠤᠳᠠ

ᠤᠯᠠᠭᠠᠨᠬᠠᠳᠠ ᠬᠤᠲᠠ᠄ ᠪᠠᠭᠠᠷᠢᠨ ᠪᠠᠷᠠᠭᠤᠨ ᠬᠣᠰᠢᠭᠤ᠂ ᠬᠡᠰᠢᠭᠲᠡᠨ ᠬᠣᠰᠢᠭᠤ

ᠰᠢᠯᠢ᠎ᠶᠢᠨ ᠭᠣᠣᠯ ᠠᠶ᠋ᠢᠮᠠᠭ᠄ ᠵᠡᠭᠦᠨ ᠦᠵᠦᠮᠦᠴᠢᠨ ᠬᠣᠰᠢᠭᠤ᠂ ᠬᠥᠪᠡᠭᠡᠲᠦ᠍ ᠰᠢᠷ᠎ᠠ ᠬᠣᠰᠢᠭᠤ᠂ ᠰᠢᠯᠤᠭᠤᠨ ᠬᠥᠪᠡᠭᠡᠲᠦ᠍ ᠴᠠᠭᠠᠨ ᠬᠣᠰᠢᠭᠤ᠂ ᠰᠢᠯᠤᠭᠤᠨ ᠬᠦᠬᠡ ᠬᠣᠰᠢᠭᠤ

ᠤᠯᠠᠭᠠᠨᠴᠠᠪ ᠬᠣᠲᠠ᠄ ᠴᠠᠬᠠᠷ ᠪᠠᠷᠠᠭᠤᠨ ᠭᠠᠷᠤᠨ ᠡᠮᠦᠨᠡᠲᠦ᠍ ᠬᠣᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤ᠂ ᠵᠦᠸᠧᠽᠢ ᠰᠢᠶᠠᠨ

ᠣᠷᠳᠣᠰ ᠬᠣᠲᠠ᠄ ᠬᠢᠶ᠎ᠠ ᠪᠠᠭᠰᠢ ᠲᠣᠭᠣᠷᠢᠭ᠂ ᠵᠡᠭᠦᠨᠭᠠᠷ ᠬᠣᠰᠢᠭᠤ᠂ ᠡᠵᠡᠨ ᠬᠣᠷᠣᠭ᠎ᠠ ᠬᠣᠰᠢᠭᠤ᠂ ᠣᠲᠣᠭ ᠬᠣᠰᠢᠭᠤ

ᠦᠬᠠᠶ ᠬᠣᠲᠠ᠄  ᠬᠠᠢ᠌ᠷᠤᠪ᠎ᠤᠨ ᠲᠣᠬᠣᠢ ᠲᠣᠭᠣᠷᠢᠭ᠂ ᠤᠳᠠ ᠲᠣᠭᠣᠷᠢᠭ

ᠠᠯᠠᠱᠠ ᠠᠶ᠋ᠢᠮᠠᠭ᠄  ᠠᠯᠠᠱᠠ ᠪᠠᠷᠠᠭᠤᠨ ᠬᠣᠰᠢᠭᠤ

ᠣᠳᠣᠬᠠᠨ ᠪᠣᠯᠲᠠᠯ᠎ᠠ᠂ ᠥᠪᠥᠷ ᠮᠣᠩᠭᠣᠯ᠎ᠤᠨ 35 ᠬᠣᠰᠢᠭᠤ ᠰᠢᠶᠠᠨ (ᠬᠣᠲᠠ᠂ ᠲᠣᠭᠣᠷᠢᠭ) ᠨᠢᠭᠡᠨᠲᠡ ᠤᠯᠤᠰ᠎ᠤᠨ ᠮᠠᠭᠠᠳᠯᠠᠨ ᠲᠣᠭᠲᠠᠭᠠᠯᠲᠠ᠎ᠶᠢ ᠥᠩᠭᠡᠷᠡᠭᠡᠵᠦ᠍᠂ ᠮᠠᠭᠠᠳᠯᠠᠨ ᠲᠣᠭᠲᠠᠭᠠᠭᠰᠠᠨ ᠲᠣᠭ᠎ᠠ ᠬᠡᠮᠵᠢᠶ᠎ᠡ᠎ᠪᠡᠷ ᠪᠥᠬᠥ᠌ ᠤᠯᠤᠰ᠎ᠤᠨ ᠳᠣᠯᠣᠳᠤᠭᠠᠷ᠎ᠲᠤ᠌ ᠣᠷᠣᠵᠤ᠂ ᠪᠠᠷᠠᠭᠤᠨ ᠬᠡᠰᠡᠭ᠎ᠦᠨ ᠮᠤᠵᠢ ᠣᠷᠣᠨ᠎ᠤ ᠳᠥᠷᠪᠡᠳᠦᠭᠡᠷ᠎ᠲᠦ᠍ ᠣᠷᠣᠵᠠᠶ᠃ ᠡᠨᠡ ᠬᠦ᠌ ᠦᠷ᠎ᠡ ᠪᠦᠲᠦᠭᠡᠯ᠎ᠢ ᠣᠯᠤᠭᠰᠠᠨ᠎ᠨᠢ ᠮᠠᠨ᠎ᠤ ᠣᠷᠣᠨ᠎ᠤ ᠰᠤᠷᠭᠠᠨ ᠬᠥᠮᠦᠵᠢᠯ᠎ᠢ ᠤᠷᠢᠳ᠎ᠢᠶᠠᠷ ᠬᠥᠭᠵᠢᠭᠦᠯᠬᠦ᠌ ᠪᠠᠶ᠋ᠢᠯᠳᠤᠬᠤ ᠪᠣᠳᠣᠯᠭ᠎ᠠ᠎ᠶᠢ ᠢᠮᠠᠭᠲᠠ ᠭᠤᠶ᠋ᠢᠪᠢᠰᠢ ᠥᠬᠡᠶ ᠪᠠᠷᠢᠮᠲᠠᠯᠠᠵᠤ᠂ ᠠᠷᠠᠳ ᠲᠦᠮᠡᠨ᠎ᠢᠶᠡᠷ ᠭᠤᠤᠯ ᠪᠣᠯᠭᠠᠵᠤ ᠰᠤᠷᠭᠠᠨ ᠬᠥᠮᠦᠵᠢᠯ ᠡᠷᠭᠢᠯᠡᠬᠦ᠌ ᠣᠭ ᠰᠠᠨᠠᠭ᠎ᠠ᠎ᠪᠠᠨ ᠪᠠᠲᠤ᠌ ᠰᠠᠬᠢᠵᠤ᠂ ᠴᠢᠨᠠᠷ ᠰᠠᠶ᠋ᠢᠲᠠᠶ ᠲᠦᠭᠡᠮᠡᠯ ᠠᠰᠢᠭ ᠬᠦᠷᠲᠡᠭᠡᠬᠦ᠌ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠠᠰᠢᠭ ᠲᠤᠰᠠ᠎ᠶᠢ ᠲᠦᠭ ᠲᠦᠮᠡᠨ ᠠᠶ᠋ᠢᠯ ᠡᠷᠦᠬᠡ᠎ᠳᠦ ᠬᠦᠷᠲᠡᠭᠡᠭᠰᠡᠨ ᠠᠮᠢᠳᠤᠯᠢᠭ ᠦᠢᠯᠡᠳᠦᠯᠭᠡ ᠪᠣᠯᠤᠨ᠎ᠠ᠃

ᠢᠷᠡᠯᠲᠡ᠄ ᠥᠪᠥᠷ ᠮᠣᠩᠭᠣᠯ᠎ᠤᠨ ᠰᠤᠷᠭᠠᠨ ᠬᠥᠮᠦᠵᠢᠯ᠎ᠤᠨ ᠨᠡᠢᠳᠡᠯᠡᠯ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ  ᠬᠦᠮᠦᠵᠢᠯ᠎ᠤᠨ  ᠲᠢᠨᠭᠬᠢᠮ᠎ᠤᠨ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号