ᠭᠠᠵᠠᠷ ᠰᠢᠷᠣᠶ ᠣᠶ ᠰᠢᠭᠤᠶ ᠨᠤᠲᠤᠭ ᠪᠡᠯᠴᠢᠭᠡᠷ᠎ᠢ ᠭᠡᠷᠡᠭᠯᠡᠭᠦ ᠬᠣᠯᠪᠣᠭᠠᠯᠠᠭᠰᠠᠨ ᠬᠢᠨᠠᠨ ᠵᠥᠪᠰᠢᠶᠡᠷᠡᠬᠦ᠌ ᠥᠭᠡᠷᠡᠴᠢᠯᠡᠯᠲᠡ᠎ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ
2026-01-20 11:37:13
ᠵᠣᠬᠢᠶᠠᠭ᠍ᠴᠢ᠄
ᠠᠨᠢᠷ
ᠣᠩᠱᠢᠭ᠍ᠰᠠᠨ ᠣᠳᠠᠭ᠎ᠠ᠄
★★★☆☆

1 ᠰᠠᠷ᠎ᠠ᠎ᠶᠢᠨ 16᠎ᠤ ᠡᠳᠦᠷ᠂ ᠰᠤᠷᠪᠤᠯᠵᠢᠯᠠᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭᠠᠯᠢ᠎ᠶᠢᠨ ᠡᠬᠢ ᠪᠠᠶᠠᠯᠢᠭ᠎ᠤᠨ ᠲᠢᠩᠬᠢᠮ᠎ᠡᠴᠡ ᠣᠶ᠋ᠢᠯᠠᠭᠠᠭᠰᠠᠨ᠎ᠢᠶᠠᠷ᠄ ᠥᠪᠡᠷᠲᠡᠭᠡᠨ ᠵᠠᠰᠠᠬᠤ ᠣᠷᠣᠨ᠎ᠤ ᠪᠠᠶ᠋ᠢᠭᠠᠯᠢ᠎ᠶᠢᠨ ᠡᠬᠢ ᠪᠠᠶᠠᠯᠢᠭ᠎ᠤᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ ᠣᠶ᠋ᠢᠷ᠎ᠠ᠎ᠳᠤ ᠬᠠᠮᠲᠤᠷᠠᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠤᠢ ᠣᠶ ᠰᠢᠭᠤᠶ ᠨᠤᠲᠤᠭ ᠪᠡᠯᠴᠢᠭᠡᠷ᠎ᠢ ᠭᠡᠷᠡᠭᠯᠡᠭᠦ ᠬᠤᠯᠪᠤᠭᠠᠯᠠᠭᠰᠠᠨ ᠬᠢᠨᠠᠨ ᠵᠥᠪᠰᠢᠶᠡᠷᠡᠬᠦ ᠵᠢ ᠬᠡᠷᠡᠭᠵᠢᠭᠦᠯᠬᠦ᠌ ᠲᠥᠰᠦᠯ》᠎ᠢ ᠳᠠᠷᠤᠮᠠᠯᠯᠠᠨ ᠲᠠᠷᠬᠠᠭᠠᠵᠤ᠂ ᠭᠠᠵᠠᠷ ᠰᠢᠷᠤᠢ ᠣᠶ ᠰᠢᠭᠤᠶ ᠨᠤᠲᠤᠭ ᠪᠡᠯᠴᠢᠭᠡᠷ᠎ᠢ ᠭᠡᠷᠡᠭᠯᠡᠭᠦ ᠬᠤᠯᠪᠤᠭᠠᠯᠠᠭᠰᠠᠨ ᠬᠢᠨᠠᠨ ᠵᠥᠪᠰᠢᠶᠡᠷᠡᠬᠦ᠌ ᠥᠭᠡᠷᠡᠴᠢᠯᠡᠯᠲᠡ᠎ᠶᠢ ᠪᠥᠬᠥ᠌ ᠲᠠᠯ᠎ᠠ᠎ᠪᠠᠷ ᠬᠡᠷᠡᠭᠵᠢᠭᠦᠯᠵᠦ᠍᠂ ᠪᠥᠬᠥ᠌ ᠣᠷᠣᠨ᠎ᠤ ᠬᠡᠪᠴᠢᠶᠡᠨ᠎ᠳᠡᠬᠢ ᠣᠶ ᠰᠢᠭᠤᠶ ᠨᠤᠲᠤᠭ ᠪᠡᠯᠴᠢᠭᠡᠷ ᠭᠡᠷᠡᠭᠯᠡᠭᠦ ᠵᠢ ᠬᠢᠨᠠᠨ ᠵᠥᠪᠰᠢᠶᠡᠷᠡᠬᠦ᠌᠎ᠳᠦ ᠬᠣᠯᠪᠣᠭᠳᠠᠭᠰᠠᠨ ᠲᠠᠷᠢᠶᠠᠯᠠᠩ᠎ᠳᠤ ᠬᠡᠷᠡᠭᠯᠡᠬᠦ᠌ ᠭᠠᠵᠠᠷ᠎ᠢ ᠰᠢᠯᠵᠢᠭᠦᠯᠦᠨ ᠬᠡᠷᠡᠭᠯᠡᠬᠦ᠌᠂ ᠭᠠᠵᠠᠷ ᠰᠢᠷᠣᠶ ᠲᠠᠲᠠᠪᠤᠷᠢᠯᠠᠬᠤ ᠵᠡᠷᠭᠡ ᠬᠢᠨᠠᠨ ᠵᠥᠪᠰᠢᠶᠡᠷᠡᠬᠦ᠌ ᠵᠦᠢᠯᠡᠰ᠎ᠲᠦ᠍ ᠬᠤᠯᠪᠤᠭᠠᠯᠠᠨ ᠬᠢᠨᠠᠨ ᠵᠥᠪᠰᠢᠶᠡᠷᠡᠬᠦ᠌᠎ᠶᠢ ᠬᠡᠷᠡᠭᠵᠢᠭᠦᠯᠬᠦ ᠪᠤᠯᠤᠨ᠎ᠠ᠃

ᠥᠪᠥᠷ ᠮᠣᠩᠭᠣᠯ᠎ᠤᠨ ᠭᠠᠵᠠᠷ ᠰᠢᠷᠣᠶ ᠣᠶ ᠰᠢᠭᠤᠶ ᠨᠤᠲᠤᠭ ᠪᠡᠯᠴᠢᠭᠡᠷ᠎ᠢ ᠬᠡᠷᠡᠭᠯᠡᠬᠦ᠌ ᠬᠤᠯᠪᠤᠭᠠᠯᠠᠭᠰᠠᠨ ᠬᠢᠨᠠᠨ ᠵᠥᠪᠰᠢᠶᠡᠷᠡᠬᠦ᠌ ᠥᠭᠡᠷᠡᠴᠢᠯᠡᠯᠲᠡ᠎ᠨᠢ ᠥᠩᠭᠡᠷᠡᠭᠰᠡᠨ᠎ᠦ ᠲᠠᠷᠠᠬᠠᠶ ᠮᠠᠶᠢᠭ᠎ᠤᠨ᠂ ᠬᠤᠯᠪᠤᠯᠳᠤᠭᠰᠠᠨ ᠮᠠᠶᠢᠭ᠎ᠤᠨ ᠲᠤᠰᠠᠭᠠᠷ ᠬᠢᠨᠠᠨ ᠵᠥᠪᠰᠢᠶᠡᠷᠡᠬᠦ ᠵᠢ ᠨᠡᠶ᠋ᠢᠳᠭᠡᠵᠦ ᠭᠤᠤᠯ ᠰᠡᠳᠦᠪᠲᠦ᠍ ᠮᠠᠶᠢᠭ᠎ᠤᠨ᠂ ᠵᠡᠷᠭᠡᠴᠡᠨ ᠬᠣᠯᠪᠣᠭᠠᠯᠠᠬᠤ ᠮᠠᠶᠢᠭ᠎ᠤᠨ ᠬᠣᠯᠪᠣᠭᠠᠯᠠᠨ ᠬᠢᠨᠠᠨ ᠵᠥᠪᠰᠢᠶᠡᠷᠡᠬᠦ ᠪᠣᠯᠭᠠᠵᠤ᠂ ᠳᠠᠷᠠᠭᠠᠯᠠᠯ᠎ᠢ ᠳᠠᠬᠢᠨ ᠦᠢᠯᠡᠳᠬᠦ᠌ ᠪᠠ ᠲᠣᠭ᠎ᠠ ᠪᠠᠷᠢᠮᠲᠠ᠎ᠶᠢ ᠥᠨᠳᠥᠷ ᠦᠷ᠎ᠡ ᠪᠦᠲᠦᠮᠵᠢᠲᠡᠶ᠎ᠪᠡᠷ ᠰᠣᠯᠢᠯᠴᠠᠬᠤ᠎ᠪᠠᠷ ᠳᠠᠮᠵᠢᠭᠤᠯᠤᠨ᠂ ᠰᠠᠯᠠᠭ᠎ᠠ ᠮᠥᠴᠢᠷ᠎ᠦᠨ ᠬᠣᠷᠢᠭ᠎ᠠ ᠰᠠᠭᠠᠳ᠎ᠢ ᠤᠯᠠᠮ ᠨᠢᠭᠡ ᠠᠯᠬᠤᠮ ᠡᠪᠳᠡᠵᠦ᠍᠂ ᠬᠠᠮᠵᠢᠯᠴᠠᠨ ᠬᠠᠮᠢᠶᠠᠷᠬᠤ ᠬᠦᠴᠦᠨ ᠴᠢᠳᠠᠪᠤᠷᠢ᠎ᠶᠢ ᠳᠡᠭᠡᠭᠰᠢᠯᠡᠭᠦᠯᠦᠨ᠂ ᠭᠠᠵᠠᠷ ᠰᠢᠷᠣᠶ ᠬᠡᠷᠡᠭᠯᠡᠬᠦ᠌ ᠠᠵᠤ ᠠᠬᠤᠶ᠋ᠢᠯᠠᠯ᠎ᠤᠨ 《ᠭᠠᠵᠠᠷ ᠪᠣᠯᠭᠠᠨ᠎ᠳᠤ ᠭᠦᠶᠦᠬᠦ᠌᠂ ᠳᠠᠪᠬᠤᠷᠳᠠᠭᠤᠯᠤᠨ ᠮᠡᠳᠡᠭᠦᠯᠬᠦ᠌》 ᠬᠦᠴᠢᠷᠳᠡᠯ᠎ᠢ ᠠᠷᠢᠯᠭᠠᠵᠤ᠂ ᠪᠥᠬᠥ᠌ ᠣᠷᠣᠨ᠎ᠤ ᠭᠠᠵᠠᠷ ᠰᠢᠷᠣᠶ ᠣᠶ ᠰᠢᠭᠤᠶ ᠨᠤᠲᠤᠭ ᠪᠡᠯᠴᠢᠭᠡᠷ ᠬᠡᠷᠡᠭᠯᠡᠬᠦ᠌ ᠬᠦᠴᠦᠨ ᠵᠦᠢᠯ᠎ᠦᠨ ᠦᠢᠯᠡᠴᠢᠯᠡᠭᠡᠨ᠎ᠦ ᠪᠠᠲᠤᠯᠠᠭ᠎ᠠ᠎ᠶᠢᠨ ᠬᠢᠷᠢ ᠬᠡᠮᠵᠢᠶ᠎ᠡ᠎ᠶᠢ ᠦᠨᠡᠨᠬᠦ᠌ ᠳᠡᠭᠡᠭᠰᠢᠯᠡᠭᠦᠯᠬᠦ ᠪᠤᠯᠤᠨ᠎ᠠ᠃

ᠣᠶ᠋ᠢᠯᠠᠭᠠᠭᠰᠠᠨ᠎ᠢᠶᠠᠷ᠂ 2025 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭᠠᠯᠢ᠎ᠶᠢᠨ ᠡᠬᠢ ᠪᠠᠶᠠᠯᠢᠭ᠎ᠤᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ ᠦᠬᠠᠶ ᠬᠣᠲᠠ᠂ ᠬᠥᠬᠡᠬᠣᠲᠠ᠎ᠶᠢᠨ ᠲᠣᠭᠲᠠᠬᠤ ᠰᠢᠶᠠᠨ᠂ ᠪᠤᠭᠤᠲᠤ᠌ ᠬᠣᠲᠠ᠎ᠶᠢᠨ ᠰᠢᠭᠤᠶ᠋ᠢᠲᠤ᠌ ᠲᠣᠭᠣᠷᠢᠭ᠂ ᠤᠯᠠᠭᠠᠨᠬᠠᠳᠠ ᠬᠣᠲᠠ᠎ᠶᠢᠨ ᠯᠢᠨᠰᠢ ᠰᠢᠶᠠᠨ᠂ ᠰᠢᠯᠢ ᠵᠢᠨ ᠭᠤᠤᠯ ᠠᠢᠮᠠᠭ᠎ᠤᠨ ᠰᠢᠯᠢᠩᠬᠣᠲᠠ᠂ ᠪᠠᠶᠠᠨᠨᠠᠭᠤᠷ ᠬᠣᠲᠠ᠎ᠶᠢᠨ ᠤᠷᠠᠳ᠎ᠤᠨ ᠡᠮᠦᠨᠡᠲᠦ᠍ ᠬᠣᠰᠢᠭᠤ ᠵᠡᠷᠭᠡ ᠲᠥᠯᠥᠭᠡᠯᠡᠬᠦ᠌ ᠴᠢᠨᠠᠷᠲᠠᠶ 6 ᠭᠠᠵᠠᠷ ᠣᠷᠣᠨ᠎ᠢᠶᠠᠷ ᠲᠤᠷᠰᠢᠯᠲᠠ᠎ᠶᠢᠨ ᠴᠡᠭ ᠪᠣᠯᠭᠠᠵᠤ᠂ ᠭᠠᠵᠠᠷ ᠰᠢᠷᠤᠢ ᠣᠶ ᠰᠢᠭᠤᠶ ᠨᠤᠲᠤᠭ ᠪᠡᠯᠴᠢᠭᠡᠷ ᠬᠡᠷᠡᠭᠯᠡᠬᠦ᠌ ᠬᠣᠯᠪᠣᠭᠠᠯᠠᠬᠰᠠᠨ ᠬᠢᠨᠠᠨ ᠵᠥᠪᠰᠢᠶᠡᠷᠡᠬᠦ᠌ ᠥᠭᠡᠷᠡᠴᠢᠯᠡᠯᠲᠡ᠎ᠶᠢ ᠥᠷᠨᠢᠭᠦᠯᠪᠡ᠃

ᠲᠤᠷᠰᠢᠯᠲᠠ᠎ᠶᠢᠨ ᠠᠵᠢᠯ᠎ᠢ ᠥᠷᠨᠢᠭᠦᠯᠦᠭᠰᠡᠨ᠎ᠡᠴᠡ ᠨᠠᠭᠠᠰᠢ᠂ ᠪᠥᠬᠥ᠌ ᠣᠷᠣᠨ᠎ᠤ ᠭᠠᠵᠠᠷ ᠰᠢᠷᠣᠶ ᠣᠶ ᠰᠢᠭᠤᠶ ᠨᠤᠲᠤᠭ ᠪᠡᠯᠴᠢᠭᠡᠷ ᠬᠡᠷᠡᠭᠯᠡᠬᠦ᠌᠎ᠳᠦ ᠬᠢᠨᠠᠨ ᠵᠥᠪᠰᠢᠶᠡᠷᠡᠭᠦᠯᠬᠦ᠌ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠢ ᠴᠣᠮᠬᠠᠳᠬᠠᠭᠰᠠᠨ᠎ᠢᠶᠠᠷ ᠬᠦᠷᠦᠯᠴᠡᠬᠦ᠌ ᠥᠬᠡᠶ᠂ ᠬᠢᠨᠠᠨ ᠵᠥᠪᠰᠢᠶᠡᠷᠡᠭᠦᠯᠬᠦ᠌ ᠵᠥᠪᠰᠢᠶᠡᠷᠡᠯ᠎ᠦᠨ ᠭᠣᠭᠴᠣᠭ᠎ᠠ ᠣᠯᠠᠨ ᠵᠡᠷᠭᠡ ᠠᠰᠠᠭᠤᠳᠠᠯ᠎ᠢ ᠤᠯᠠᠮ ᠨᠢᠭᠡ ᠠᠯᠬᠤᠮ ᠰᠢᠢᠳᠪᠦᠷᠢᠯᠡᠬᠦ᠌᠎ᠶᠢᠨ ᠲᠥᠯᠥᠭᠡ᠂ ᠬᠣᠶᠠᠷ ᠰᠠᠯᠠᠭ᠎ᠠ ᠮᠥᠴᠢᠷ ᠬᠠᠮᠲᠤᠷᠠᠨ ᠪᠥᠬᠥ᠌ ᠣᠷᠣᠨ᠎ᠳᠤ ᠳᠣᠭᠢᠷᠠᠬᠤ ᠭᠠᠵᠠᠷ ᠰᠢᠷᠣᠶ ᠣᠶ ᠰᠢᠭᠤᠶ ᠨᠤᠲᠤᠭ ᠪᠡᠯᠴᠢᠭᠡᠷ᠎ᠭᠡᠷᠡᠭᠯᠡᠭᠦ ᠬᠤᠯᠪᠤᠭᠠᠯᠠᠭᠰᠠᠨ ᠬᠢᠨᠠᠨ ᠵᠥᠪᠰᠢᠶᠡᠷᠡᠭᠦᠯᠬᠦ᠌ 《ᠨᠢᠭᠡ ᠬᠠᠭᠤᠳᠠᠰᠤ ᠭᠤᠶᠤᠴᠢᠯᠠᠯ᠎ᠤᠨ ᠬᠦᠰᠦᠨᠦᠭᠲᠦ᠍᠂ ᠨᠢᠭᠡ ᠢᠵᠢ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ》 ᠎ᠤᠨ ᠪᠠᠷᠢᠮᠵᠢᠶ᠎ᠠ᠎ᠶᠢ ᠲᠣᠭᠲᠠᠭᠠᠵᠤ᠂ ᠭᠠᠵᠠᠷ ᠰᠢᠷᠣᠶ ᠬᠡᠷᠡᠭᠯᠡᠬᠦ᠌ ᠠᠵᠤ ᠠᠬᠤᠶ᠋ᠢᠯᠠᠯ᠎ᠤᠨ ᠳᠠᠷᠤᠭᠠᠰᠤ᠎ᠶᠢ ᠪᠦᠲᠦᠮᠵᠢᠲᠡᠶ ᠪᠠᠭᠤᠷᠠᠭᠤᠯᠪᠠ; ᠥᠪᠡᠷᠲᠡᠭᠡᠨ ᠵᠠᠰᠠᠬᠤ ᠣᠷᠣᠨ᠎ᠤ ᠪᠠᠶ᠋ᠢᠭᠠᠯᠢ᠎ᠶᠢᠨ ᠡᠬᠢ ᠪᠠᠶᠠᠯᠢᠭ᠎ᠤᠨ ᠲᠢᠩᠬᠢᠮ᠂ ᠣᠢ ᠰᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠲᠣᠭ᠎ᠠ ᠪᠠᠷᠢᠮᠲᠠ᠎ᠶᠢᠨ ᠬᠠᠮᠢᠶᠠᠷᠤᠯᠲᠠ᠎ᠶᠢᠨ ᠲᠣᠪᠴᠢᠶ᠎ᠠ ᠬᠠᠮᠵᠢᠯᠴᠠᠨ ᠬᠠᠮᠲᠤᠷᠠᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠠᠪᠴᠠᠩ᠎ᠳᠤ 《ᠲᠤᠰᠬᠠᠶ ᠣᠷᠣᠨ᠎ᠳᠤ ᠪᠢᠴᠢᠭ ᠮᠠᠲ᠋ᠧᠷᠢᠶᠠᠯ᠎ᠢ ᠲᠣᠰᠬᠤ᠂ ᠰᠢᠰᠲ᠋ᠧᠮ᠎ᠢᠶᠡᠷ᠎ᠢᠶᠡᠨ ᠨᠡᠪᠳᠡᠷᠡᠯᠴᠡᠭᠰᠡᠨ᠂ ᠬᠤᠯᠪᠤᠭᠠᠯᠠᠨ ᠬᠢᠨᠠᠨ ᠵᠥᠪᠰᠢᠶᠡᠷᠡᠬᠦ᠌》 ᠦᠢᠯᠡᠴᠢᠯᠡᠭᠡᠨ᠎ᠦ ᠵᠠᠭᠪᠤᠷ ᠭᠠᠷᠭᠠᠵᠤ᠂ ᠬᠤᠯᠪᠤᠭᠠᠯᠠᠨ ᠬᠢᠨᠠᠨ ᠵᠥᠪᠰᠢᠶᠡᠷᠡᠬᠦ᠌᠎ᠶᠢ 《ᠨᠢᠭᠡ ᠴᠣᠩᠬᠤᠪᠴᠢ᠎ᠪᠠᠷ ᠭᠥᠯᠢᠶᠡᠨ ᠠᠪᠴᠤ᠌ ᠵᠡᠷᠭᠡᠴᠡᠭᠦᠯᠦᠨ ᠥᠷᠨᠢᠭᠦᠯᠬᠦ᠌》ᠵᠢ ᠪᠡᠶᠡᠯᠡᠭᠦᠯᠪᠠ᠃ ᠡᠭᠦᠨ᠎ᠦ ᠬᠠᠮᠲᠤ᠌᠂ ᠰᠦᠯᠵᠢᠶᠡᠨ ᠳᠡᠭᠡᠷ᠎ᠡ ᠪᠠ ᠪᠤᠳᠠᠳᠤ ᠴᠤᠭᠴᠠ ᠵᠢ ᠤᠶᠠᠯᠳᠤᠭᠤᠯᠬᠤ ᠠᠷᠭ᠎ᠠ ᠮᠠᠶᠢᠭ᠎ᠢᠶᠠᠷ ᠬᠢᠨᠠᠨ ᠵᠥᠪᠰᠢᠶᠡᠷᠡᠬᠦ᠌ ᠰᠢᠰᠲ᠋ᠧᠮ᠎ᠦᠨ ᠲᠤᠬᠠᠶ᠋ᠢᠯᠠᠭᠰᠠᠨ ᠠᠵᠢᠯ᠂ ᠲᠣᠭ᠎ᠠ ᠪᠠᠷᠢᠮᠲᠠ᠂ ᠳᠠᠷᠠᠭᠠᠯᠠᠯ᠎ᠤᠨ ᠲᠠᠯ᠎ᠠ᠎ᠪᠠᠷ ᠠᠭᠤᠰᠤᠯᠴᠠᠨ ᠵᠣᠯᠭᠠᠯᠳᠤᠬᠤ᠎ᠶᠢ ᠠᠬᠢᠭᠤᠯᠵᠤ᠂ ᠪᠥᠬᠥ᠌ ᠣᠷᠣᠨ᠎ᠤ ᠭᠠᠵᠠᠷ ᠰᠢᠷᠣᠶ ᠣᠶ ᠰᠢᠭᠤᠶ ᠨᠤᠲᠤᠭ ᠪᠡᠯᠴᠢᠭᠡᠷ᠎ᠭᠡᠷᠡᠭᠯᠡᠭᠦ ᠬᠢᠨᠠᠨ ᠵᠥᠪᠰᠢᠶᠡᠷᠡᠬᠦ᠌ ᠰᠢᠰᠲ᠋ᠧᠮ᠎ᠦᠨ ᠬᠣᠯᠪᠣᠭᠠᠯᠠᠵᠤ ᠨᠡᠪᠲᠡᠷᠡᠯᠴᠡᠬᠦ᠌᠎ᠶᠢ ᠪᠡᠶᠡᠯᠡᠭᠦᠯᠵᠦ᠍᠂ ᠬᠢᠨᠠᠨ ᠵᠥᠪᠰᠢᠶᠡᠷᠡᠬᠦ᠌ ᠬᠦᠴᠦᠨ ᠴᠢᠳᠠᠪᠤᠷᠢ᠎ᠶᠢ ᠶᠡᠬᠡ᠎ᠪᠡᠷ ᠳᠡᠭᠡᠭᠰᠢᠯᠡᠭᠦᠯᠪᠡ᠃ ᠲᠤᠷᠰᠢᠯᠲᠠ᠎ᠶᠢᠨ ᠠᠵᠢᠯ ᠨᠢ ᠨᠢᠭᠡᠨᠲᠡ ᠬᠡᠷᠡᠭᠵᠢᠭᠦᠯᠵᠦ᠍ ᠪᠣᠯᠬᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ ᠬᠤᠯᠪᠤᠭᠠᠯᠠᠨ ᠬᠢᠨᠠᠨ ᠵᠥᠪᠰᠢᠶᠡᠷᠡᠬᠦ᠌ ᠲᠤᠷᠰᠢᠯᠭ᠎ᠠ ᠠᠷᠭ᠎ᠠ ᠬᠢᠳᠡᠯ᠎ᠢ ᠪᠦᠷᠢᠯᠳᠦᠭᠦᠯᠪᠡ᠂ ᠡᠨᠡ ᠬᠦ᠌ ᠰᠠᠭᠤᠷᠢᠨ ᠳᠡᠭᠡᠷ᠎ᠡ᠂ ᠥᠪᠥᠷ ᠮᠣᠩᠭᠣᠯ ᠭᠠᠵᠠᠷ ᠰᠢᠷᠣᠶ ᠣᠶ ᠰᠢᠭᠤᠶ ᠨᠤᠲᠤᠭ ᠪᠡᠯᠴᠢᠭᠡᠷ᠎ᠢ ᠬᠡᠷᠡᠭᠯᠡᠬᠦ᠌ ᠬᠤᠯᠪᠤᠭᠠᠯᠠᠬᠰᠠᠨ ᠬᠢᠨᠠᠨ ᠵᠥᠪᠰᠢᠶᠡᠷᠡᠬᠦ᠌ ᠥᠭᠡᠷᠡᠴᠢᠯᠡᠯᠲᠡ᠎ᠶᠢ ᠪᠥᠬᠥ᠌ ᠲᠠᠯ᠎ᠠ᠎ᠪᠠᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠶ ᠬᠡᠷᠡᠭᠯᠡᠬᠦ᠌ ᠠᠵᠤ ᠠᠬᠤᠶ᠋ᠢᠯᠠᠯ᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠠᠪᠴᠠᠩ᠎ᠤᠨ 《ᠭᠠᠵᠠᠷ ᠰᠢᠷᠣᠶ ᠣᠶ ᠰᠢᠭᠤᠶ ᠨᠤᠲᠤᠭ ᠪᠡᠯᠴᠢᠭᠡᠷ ᠭᠡᠷᠡᠭᠯᠡᠭᠦ ᠬᠤᠯᠪᠤᠭᠠᠯᠠᠭᠰᠠᠨ ᠬᠢᠨᠠᠨ ᠵᠥᠪᠰᠢᠶᠡᠷᠡᠬᠦ᠌ ᠣᠨᠴᠠᠯᠢᠭᠲᠤ᠌ ᠲᠤᠰᠬᠠᠶ ᠲᠣᠭᠣᠷᠢᠭ》 ᠲᠤ᠌ ᠭᠠᠷᠪᠠᠯ᠂ ᠲᠠᠷᠤᠢ ᠰᠦᠯᠵᠢᠶ᠎ᠡ᠎ᠪᠡᠷ ᠬᠤᠯᠪᠤᠭᠠᠯᠠᠬᠰᠠᠨ ᠬᠢᠨᠠᠨ ᠵᠥᠪᠰᠢᠶᠡᠷᠡᠬᠦ᠌ ᠵᠦᠢᠯᠡᠰ᠎ᠢ ᠭᠦᠢᠴᠡᠳᠬᠡᠵᠦ᠍ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号