ᠲᠦᠷᠭᠡᠨ᠎ᠤ ᠭᠠᠯᠲᠤ ᠲᠡᠷᠭᠡᠨ᠎ᠳᠦ ᠰᠠᠭᠤᠬᠤ ᠳ᠋ᠤ ᠲᠡᠭᠡᠭᠡᠰᠢ᠎ᠪᠠᠨ ᠡᠭᠦᠷᠬᠦ ᠬᠡᠷᠡᠭ ᠦᠭᠡᠢ ᠪᠤᠯᠵᠠᠢ
2026-01-20 11:38:51
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠲᠡᠮᠦᠷ ᠵᠠᠮ᠎ᠤᠨ ᠲᠦᠷᠭᠡᠨ ᠵᠥᠭᠡᠭᠡᠪᠦᠷᠢ 1 ᠰᠠᠷ᠎ᠠ᠎ᠶᠢᠨ 15 ᠎ᠤ ᠡᠳᠦᠷ᠎ᠡᠴᠡ ᠡᠬᠢᠯᠡᠨ《ᠬᠥᠩᠭᠡᠨ ᠳᠡᠭᠡᠭᠡᠰᠢ ᠵᠢᠨ ᠠᠶᠠᠯᠠᠯ》᠎ᠤᠨ ᠦᠢᠯᠡᠴᠢᠯᠡᠭᠡᠨ᠎ᠦ ᠲᠤᠷᠰᠢᠯᠲᠠ᠎ᠶᠢᠨ ᠬᠡᠪᠴᠢᠶ᠎ᠡ᠎ᠶᠢ ᠥᠷᠭᠡᠳᠬᠡᠵᠦ᠂ ᠬᠠᠷᠪᠢᠨ᠂ ᠴᠠᠩᠴᠦ᠋ᠨ᠂ ᠲᠢᠶᠠᠨᠵᠢᠨ᠂ ᠱᠢ ᠵᠢᠶᠠ ᠵᠤᠸᠠᠩ᠂ ᠰᠢ ᠠᠨ᠂ ᠨᠠᠨᠴᠠᠩ᠂ ᠨᠠᠨᠨᠢᠩ᠂ ᠦᠷᠦᠮᠴᠢ᠂ ᡀᠠᠰᠠ ᠵᠡᠷᠭᠡ ᠬᠣᠲᠠ᠎ᠶᠢᠨ 92 ᠲᠡᠷᠭᠡᠨ ᠥᠷᠲᠡᠭᠡ᠎ᠶᠢ ᠰᠢᠨ᠎ᠡ᠎ᠪᠡᠷ ᠨᠡᠮᠡᠭᠳᠡᠭᠦᠯᠵᠦ᠂ ᠶᠡᠷᠦᠩᠬᠡᠢ ᠲᠣᠭ᠎ᠠ ᠨᠢ 111 ᠎ᠳᠤ ᠬᠦᠷᠴᠦ᠂ ᠪᠥᠬᠥ ᠤᠯᠤᠰ᠎ᠤᠨ ᠮᠤᠵᠢ᠎ᠶᠢᠨ ᠲᠥᠪ ᠬᠣᠲᠠ᠂ ᠰᠢᠭᠤᠳ ᠬᠠᠷᠢᠶ᠎ᠠ ᠬᠣᠲᠠ᠂ ᠲᠤᠰᠠᠭᠠᠷ ᠲᠥᠯᠥᠪᠯᠡᠭᠡᠲᠦ ᠬᠣᠲᠠ᠎ᠶᠢ ᠦᠨᠳᠦᠰᠦᠨ᠎ᠳᠡᠭᠡᠨ ᠬᠠᠮᠤᠷᠴᠤ᠂ ᠠᠶᠠᠨᠴᠢᠳ᠎ᠤᠨ ᠠᠷᠪᠢᠨ ᠳᠡᠭᠡᠭᠡᠰᠢ ᠲᠠᠢ ᠠᠶᠠᠯᠠᠬᠤ ᠳᠠᠷᠤᠭᠠᠰᠤ᠎ᠶᠢ ᠬᠥᠩᠭᠡᠷᠡᠭᠦᠯᠵᠦ᠂ ᠭᠠᠯᠲᠤ ᠲᠡᠷᠭᠡ᠎ᠪᠡᠷ ᠶᠠᠪᠤᠵᠤ ᠰᠠᠭᠤᠬᠤ᠎ᠳᠤ ᠨᠠᠩ ᠲᠥᠬᠥᠮ ᠪᠣᠯᠭᠠᠪᠠ᠃

《ᠬᠥᠩᠭᠡᠨ ᠳᠡᠭᠡᠭᠡᠰᠢ ᠵᠢᠨ ᠠᠶᠠᠯᠠᠯ》᠎ᠤᠨ ᠦᠢᠯᠡᠴᠢᠯᠡᠭᠡ ᠭᠡᠳᠡᠭ ᠨᠢ ᠶᠠᠭᠤ ᠪᠤᠢ?

《ᠬᠥᠩᠭᠡᠨ ᠳᠡᠭᠡᠭᠡᠰᠢ ᠵᠢᠨ ᠠᠶᠠᠯᠠᠯ》 ᠪᠣᠯ ᠲᠡᠮᠦᠷ ᠵᠠᠮ᠎ᠤᠨ ᠰᠠᠯᠠᠭ᠎ᠠ ᠮᠥᠴᠢᠷ᠎ᠡᠴᠡ ᠠᠶᠠᠨᠴᠢᠳ᠎ᠲᠤ ᠬᠠᠩᠭᠠᠭᠰᠠᠨ《ᠭᠡᠷ᠎ᠤᠨ ᠡᠭᠦᠳᠡᠨ᠎ᠡᠴᠡ ᠥᠷᠲᠡᠭᠡ ᠬᠦᠷᠬᠦ》 《ᠥᠷᠲᠡᠭᠡ᠎ᠡᠴᠡ ᠭᠡᠷ᠎ᠤᠨ ᠡᠭᠦᠳᠡ ᠬᠦᠷᠬᠦ》ᠨᠢᠭᠡ ᠬᠣᠲᠠ᠎ᠶᠢᠨ ᠲᠤᠳᠤᠷᠠᠬᠢ ᠲᠡᠭᠡᠭᠡᠰᠢ ᠵᠢ ᠲᠡᠭᠡᠭᠡᠪᠦᠷᠢᠯᠡᠬᠦ ᠦᠢᠯᠡᠴᠢᠯᠡᠭᠡ ᠪᠣᠯᠣᠨ᠎ᠠ᠃ ᠲᠣᠰ ᠬᠣᠲᠠ᠎ᠶᠢᠨ ᠲᠡᠷᠭᠡᠨ ᠥᠷᠲᠡᠭᠡ᠎ᠡᠴᠡ 35 ᠺᠢᠯᠣᠮᠧᠲᠷ᠎ᠦᠨ ᠬᠡᠪᠴᠢᠶᠡᠨ ᠳᠣᠲᠣᠷ᠎ᠠ᠂ ᠠᠶᠠᠨᠴᠢᠳ ᠪᠣᠳᠠᠲᠠᠢ ᠬᠡᠷᠡᠭᠴᠡᠭᠡ᠎ᠪᠡᠨ ᠦᠨᠳᠦᠰᠦᠯᠡᠨ ᠳᠣᠣᠷᠠᠬᠢ ᠬᠣᠶᠠᠷ ᠵᠦᠢᠯ᠎ᠦᠨ 《ᠬᠥᠩᠭᠡᠨ ᠳᠡᠭᠡᠭᠡᠰᠢ ᠵᠢᠨ ᠠᠶᠠᠯᠠᠯ》᠎ᠤᠨ ᠦᠢᠯᠡᠴᠢᠯᠡᠭᠡ᠎ᠶᠢ ᠰᠣᠩᠭᠣᠵᠤ ᠪᠣᠯᠣᠨ᠎ᠠ᠄  

·ᠮᠤᠷᠳᠠᠬᠤ ᠠᠶᠠᠨᠴᠢᠳ᠎ᠤᠨ 《ᠭᠡᠷ᠎ᠤᠨ ᠡᠭᠦᠳᠡᠨ᠎ᠡᠴᠡ ᠥᠷᠲᠡᠭᠡ ᠬᠦᠷᠬᠦ》 ᠳᠡᠭᠡᠭᠡᠰᠢ ᠵᠢ  ᠲᠡᠭᠡᠭᠡᠪᠦᠷᠢᠯᠡᠬᠦ ᠦᠢᠯᠡᠴᠢᠯᠡᠭᠡ᠃ ᠮᠣᠷᠳᠠᠬᠤ ᠭᠠᠵᠠᠷ᠎ᠠᠴᠠ ᠲᠡᠷᠭᠡᠨ ᠥᠷᠲᠡᠭᠡ ᠬᠦᠷᠬᠦ ᠲᠤᠬᠠᠢᠯᠠᠭᠰᠠᠨ ᠠᠵᠢᠯ᠎ᠢ ᠭᠦᠢᠴᠡᠳᠬᠡᠬᠦ᠎ᠳᠦ᠂ ᠲᠡᠷᠭᠡ ᠬᠥᠳᠡᠯᠬᠦ᠎ᠡᠴᠡ ᠡᠮᠦᠨ᠎ᠡ 48 ᠴᠠᠭ᠎ᠡᠴᠠ 4 ᠴᠠᠭ᠎ᠤᠨ ᠬᠣᠭᠣᠷᠣᠨᠳᠤ ᠤᠷᠢᠳᠴᠢᠯᠠᠨ ᠪᠣᠯᠵᠣᠵᠤ᠂ ᠠᠵᠢᠯᠲᠠᠨ᠎ᠠᠴᠠ ᠠᠶᠠᠨᠴᠢᠳ᠎ᠤᠨ ᠲᠣᠭᠲᠠᠭᠰᠠᠨ ᠭᠠᠵᠠᠷ᠎ᠲᠤ ᠬᠦᠷᠴᠦ ᠨᠠᠢᠳᠠᠨ ᠲᠡᠭᠡᠭᠡᠪᠦᠷᠢᠯᠡᠭᠦᠯᠬᠦ ᠲᠣᠭᠲᠠᠭᠠᠯ᠎ᠳᠤ ᠨᠡᠢᠴᠡᠬᠦ ᠳᠡᠭᠡᠭᠡᠰᠢ ᠎ᠶᠢ ᠠᠪᠬᠤ᠎ᠶᠢᠨ ᠬᠠᠮᠲᠤ ᠮᠣᠷᠳᠠᠬᠤ ᠲᠡᠷᠭᠡᠨ ᠥᠷᠲᠡᠭᠡ᠎ᠵᠦᠭ ᠲᠡᠭᠡᠭᠡᠪᠦᠷᠢᠯᠡᠨ᠎ᠡ᠃ ᠠᠮᠤᠷ ᠲᠦᠪᠰᠢᠨ᠎ᠦ ᠪᠠᠢᠴᠠᠭᠠᠯᠲᠠ᠎ᠶᠢ ᠥᠩᠭᠡᠷᠡᠭᠡᠭᠰᠡᠨ᠎ᠦ ᠳᠠᠷᠠᠭ᠎ᠠ᠂ ᠪᠣᠯᠵᠣᠭᠰᠠᠨ ᠱᠠᠭᠠᠷᠳᠠᠯᠭ᠎ᠠ ᠶᠣᠰᠣᠭᠠᠷ᠂ ᠲᠡᠷᠭᠡ ᠬᠥᠳᠡᠯᠬᠦ᠎ᠡᠴᠡ ᠡᠮᠦᠨ᠎ᠡ 30 ᠮᠢᠨᠦ᠋ᠲ᠎ᠲᠦ ᠳᠡᠭᠡᠭᠡᠰᠢ ᠵᠢ ᠦᠢᠯᠡᠴᠢᠯᠡᠭᠡᠨ᠎ᠦ ᠬᠣᠷᠭᠣ᠌᠎ᠳᠤ ᠬᠠᠳᠠᠭᠠᠯᠠᠬᠤ ᠪᠤᠶᠤ ᠲᠡᠷᠭᠡ ᠬᠥᠳᠡᠯᠬᠦ᠎ᠡᠴᠡ ᠡᠮᠦᠨ᠎ᠡ 10 ᠮᠢᠨᠦ᠋ᠲ᠎ᠲᠦ ᠥᠷᠲᠡᠭᠡᠨ᠎ᠤ ᠲᠠᠢᠰᠠᠨ᠎ᠳᠦ ᠬᠦᠷᠭᠡᠨ᠎ᠡ᠃  

·ᠬᠦᠷᠬᠦ ᠠᠶᠠᠨᠴᠢᠳ᠎ᠤᠨ《ᠥᠷᠲᠡᠭᠡ᠎ᠡᠴᠡ ᠭᠡᠷ᠎ᠤᠨ ᠡᠭᠦᠳᠡ ᠬᠦᠷᠬᠦ》ᠳᠡᠭᠡᠭᠡᠰᠢ ᠲᠡᠭᠡᠭᠡᠪᠦᠷᠢᠯᠡᠬᠦ ᠦᠢᠯᠡᠴᠢᠯᠡᠭᠡ᠃ ᠲᠡᠷᠭᠡᠨ ᠥᠷᠲᠡᠭᠡ᠎ᠡᠴᠡ ᠵᠣᠷᠢᠭ᠍ᠰᠠᠨ ᠭᠠᠵᠠᠷ᠎ᠲᠤ ᠬᠦᠷᠬᠦ ᠲᠤᠬᠠᠢᠯᠠᠭᠰᠠᠨ ᠠᠵᠢᠯ᠎ᠢ ᠭᠦᠢᠴᠡᠳᠬᠡᠬᠦ᠎ᠳᠦ᠂ ᠭᠠᠯᠲᠤ ᠲᠡᠷᠭᠡ ᠬᠦᠷᠬᠦ᠎ᠡᠴᠡ ᠡᠮᠦᠨ᠎ᠡ 24 ᠴᠠᠭ᠎ᠠᠴᠠ 1 ᠴᠠᠭ᠎ᠤᠨ ᠬᠤᠭᠤᠷᠤᠨᠳᠤ ᠤᠷᠢᠳᠴᠢᠯᠠᠨ ᠪᠣᠯᠵᠣᠵᠤ᠂ ᠠᠵᠢᠯᠲᠠᠨ ᠳᠡᠭᠡᠭᠡᠰᠢ ᠵᠢ ᠠᠪᠤᠭᠰᠠᠨ᠎ᠤ ᠳᠠᠷᠠᠭ᠎ᠠ 5 ᠴᠠᠭ᠎ᠤᠨ ᠳᠣᠲᠣᠷ᠎ᠠ ᠲᠣᠭᠲᠠᠭᠰᠠᠨ ᠣᠷᠣᠨ ᠪᠠᠢᠷᠢ ᠳ᠋ᠤ ᠬᠦᠷᠭᠡᠵᠦ ᠥᠭᠭᠦᠨ᠎ᠡ᠃

《ᠬᠥᠩᠭᠡᠨ ᠳᠡᠭᠡᠭᠡᠰᠢ ᠵᠢᠨ ᠠᠶᠠᠯᠠᠯ》᠎ᠤᠨ ᠦᠢᠯᠡᠴᠢᠯᠡᠭᠡ᠎ᠶᠢ ᠬᠡᠷᠬᠢᠨ ᠤᠷᠢᠳᠴᠢᠯᠠᠨ ᠪᠣᠯᠵᠣᠬᠤ ᠲᠤᠬᠠᠢ 《ᠤᠤᠯ ᠵᠤᠬᠢᠶᠠᠯ᠎ᠢ ᠦᠵᠡᠬᠦ》 (《阅读原文》) ᠵᠢ ᠲᠤᠪᠴᠢᠳᠠᠵᠤ ᠦᠵᠡᠭᠡᠷᠡᠢ᠃

 ( ᠢᠷᠡᠯᠲᠡ ᠄  ᠲᠥᠪ ᠲᠧᠯᠸᠢᠰ᠎ᠦᠨ ᠰᠣᠨᠢᠨ ᠮᠡᠳᠡᠭᠡ ᠰᠢᠯᠵᠢᠶ᠎ᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号