ᠡᠳᠡᠭᠡᠷ ᠢᠳᠡᠭᠡᠨ᠎ᠢ ᠰᠢᠭᠤᠳ ᠨᠡᠪᠲᠡᠷᠡᠭᠦᠯᠭᠡ᠎ᠪᠡᠷ ᠪᠤᠷᠤᠯᠠᠭᠤᠯᠵᠤ ᠪᠣᠯᠬᠤ ᠦᠭᠡᠢ
2026-01-20 11:47:45
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 16 ᠎ᠤ ᠡᠳᠦᠷ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠡᠴᠠ ᠣᠢᠯᠠᠭᠠᠭᠰᠠᠨ᠎ᠢᠶᠠᠷ᠂《ᠡᠯᠧᠺᠲᠷᠣᠨ ᠬᠤᠳᠠᠯᠳᠤᠭ᠎ᠠ ᠡᠵᠡᠩᠨᠡᠭᠴᠢᠳ᠎ᠦᠨ ᠢᠳᠡᠭᠡᠨ᠎ᠦ ᠠᠮᠤᠷ ᠲᠦᠪᠰᠢᠨ᠎ᠦ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ᠎ᠶᠢ ᠬᠢᠨᠠᠨ ᠬᠠᠮᠢᠶᠠᠷᠬᠤ ᠲᠣᠭᠲᠠᠭᠠᠯ》᠎ᠢ ᠣᠢᠷ᠎ᠠ᠎ᠳᠤ ᠨᠡᠢᠲᠡᠯᠡᠵᠦ᠂ 2026 ᠣᠨ᠎ᠤ 3 ᠰᠠᠷ᠎ᠠ᠎ᠶᠢᠨ 20᠎ᠤ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃ ᠲᠣᠭᠲᠠᠭᠠᠯ᠎ᠳᠤ ᠰᠢᠭᠤᠳ ᠨᠠᠪᠲᠠᠷᠡᠭᠦᠯᠵᠦ ᠪᠣᠯᠬᠤ ᠦᠭᠡᠢ 13 ᠲᠥᠷᠥᠯ᠎ᠦᠨ ᠢᠳᠡᠭᠡᠨ᠎ᠢ ᠲᠤᠳᠤᠷᠬᠠᠢ ᠲᠤᠬᠲᠠᠭᠠᠭᠰᠠᠨ ᠨᠢ 《ᠰᠢᠭᠤᠳ ᠨᠠᠪᠲᠠᠷᠡᠭᠦᠯᠵᠦ ᠪᠣᠷᠣᠯᠠᠭᠤᠯᠬᠤ᠎ᠶᠢ ᠴᠠᠭᠠᠵᠠᠯᠠᠭᠰᠠᠨ ᠢᠳᠡᠭᠡᠨ᠎ᠦ ᠨᠠᠷᠢᠨ ᠵᠢᠬᠰᠠᠭᠠᠯᠲᠠ》ᠵᠢ ᠵᠢᠭ᠍ᠰᠠᠭᠠᠭᠰᠠᠨ᠎ᠲᠠᠢ ᠲᠡᠩᠴᠡᠨ᠎ᠡ᠂ ᠨᠠᠷᠢᠨ ᠵᠢᠬᠰᠠᠭᠠᠯᠲᠠ ᠎ᠳᠡᠭᠡᠷᠡᠬᠢ ᠢᠳᠡᠭᠡᠨ᠎ᠢ ᠰᠢᠭᠤᠳ ᠨᠡᠪᠲᠡᠷᠡᠭᠦᠯᠭᠡ ᠪᠡᠷ ᠶᠠᠭᠠᠬᠢᠭ᠍ᠰᠠᠨ ᠴᠤ᠌ ᠪᠤᠷᠤᠯᠠᠭᠤᠯᠵᠤ ᠪᠣᠯᠬᠤ ᠦᠭᠡᠢ᠃

ᠲᠠᠨᠢᠯᠴᠠᠭᠤᠯᠤᠭᠰᠠᠨ᠎ᠢᠶᠠᠷ᠂ ᠬᠡᠷᠡᠭᠯᠡᠭᠴᠢᠳ᠎ᠦᠨ ᠲᠤᠰᠬᠠᠯ ᠴᠢᠩᠭ᠎ᠠ ᠪᠠᠢᠭ᠎ᠠ ᠠᠰᠠᠭᠤᠳᠠᠯ᠎ᠳᠤ ᠴᠢᠭᠯᠡᠭᠦᠯᠦᠨ᠂ ᠣᠯᠠᠨ ᠨᠡᠶ᠋ᠢᠲᠡ᠎ᠶᠢᠨ ᠪᠡᠶ᠎ᠡ ᠮᠠᠬᠠᠪᠤᠳ᠎ᠤᠨ ᠡᠷᠡᠭᠦᠯ ᠮᠡᠨᠳᠦ ᠪᠠ ᠠᠮᠢ ᠨᠠᠰᠤᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ᠎ᠶᠢᠨ ᠲᠥᠯᠥᠭᠡ᠂ ᠰᠢᠭᠤᠳ ᠨᠡᠪᠲᠡᠷᠡᠭᠦᠯᠬᠦ᠎ᠶᠢ ᠴᠠᠭᠠᠵᠠᠯᠠᠭᠰᠠᠨ ᠢᠳᠡᠭᠡᠨ᠎ᠳᠦ ᠨᠠᠷᠢᠯᠢᠭ᠋ ᠲᠣᠭᠲᠠᠭᠠᠯ ᠭᠠᠷᠭᠠᠪᠠ᠂ ᠡᠭᠦᠨ᠎ᠳᠦ ᠢᠳᠡᠭᠡᠨ᠎ᠦ ᠪᠤᠰᠤ ᠲᠦᠭᠦᠬᠡᠢ ᠮᠠᠲᠧᠷᠢᠶᠠᠯ᠎ᠢᠶᠠᠷ ᠦᠢᠯᠡᠳᠪᠦᠷᠢᠯᠡᠭᠰᠡᠨ᠂ ᠬᠣᠣᠷ ᠬᠥᠨᠥᠭᠡᠯ᠎ᠲᠠᠢ ᠪᠣᠳᠠᠰ ᠨᠡᠮᠡᠭᠰᠡᠨ ᠢᠳᠡᠭᠡᠨ; ᠡᠪᠡᠳᠴᠢᠯᠡᠭᠦᠯᠬᠦ ᠴᠢᠨᠠᠷᠲᠠᠢ ᠮᠢᠺᠷᠣᠪ᠂ ᠬᠦᠨᠳᠦ ᠲᠡᠮᠦᠷᠯᠢᠭ᠎ᠦᠨ ᠪᠠᠷᠢᠮᠵᠢᠶ᠎ᠠ᠎ᠠᠴᠠ ᠬᠡᠲᠦᠷᠡᠭᠰᠡᠨ ᠢᠳᠡᠭᠡᠨ; ᠬᠤᠭᠤᠴᠠᠭ᠎ᠠ ᠡᠴᠡ ᠪᠡᠨ ᠥᠩᠭᠡᠷᠡᠭᠰᠡᠨ᠂ ᠢᠯᠵᠢᠷᠡᠵᠦ ᠴᠢᠨᠠᠷ ᠬᠤᠪᠢᠷᠠᠭᠰᠠᠨ᠂ ᠸᠠᠯᠠᠵᠤ ᠬᠣᠷᠣᠬᠠᠢᠲᠤᠭᠰᠠᠨ ᠢᠳᠡᠭᠡᠨ; ᠡᠪᠡᠳᠴᠢᠯᠡᠵᠦ ᠦᠬᠦᠭᠰᠡᠨ ᠬᠤᠤᠷᠳᠠᠵᠤ ᠦᠬᠦᠭᠰᠡᠨ ᠪᠤᠶᠤ ᠬᠢᠵᠢᠭ ᠪᠠᠢᠴᠠᠭᠠᠭᠠᠳ ᠬᠢᠷᠢ ᠲᠡᠩᠴᠡᠭᠰᠡᠨ ᠦᠭᠡᠢ ᠮᠠᠯ ᠵᠢᠭᠦᠷᠲᠡᠨ ᠤᠰᠤᠨ᠎ᠤ ᠭᠠᠷᠤᠯᠲᠠ ᠮᠢᠬᠠᠨ᠎ᠤ ᠵᠦᠢᠯ ᠵᠢᠴᠢ ᠦᠢᠯᠡᠳᠬᠦᠨ; ᠱᠣᠰᠢᠭ᠎ᠠ ᠦᠭᠡᠢ ᠤᠷᠢᠳᠴᠢᠯᠠᠨ ᠪᠣᠭᠣᠳᠠᠯᠯᠠᠭᠰᠠᠨ ᠢᠳᠡᠭᠡᠨ; ᠤᠯᠤᠰ᠎ᠠᠴᠠ ᠦᠢᠯᠡᠳᠪᠦᠷᠢᠯᠡᠵᠦ ᠡᠵᠡᠩᠨᠡᠬᠦ᠎ᠶᠢ ᠲᠣᠳᠣᠷᠬᠠᠢ ᠵᠠᠷᠯᠢᠭ᠍ᠳᠠᠨ ᠴᠠᠭᠠᠵᠠᠯᠠᠭᠰᠠᠨ ᠢᠳᠡᠭᠡᠨ ᠵᠡᠷᠭᠡ ᠪᠠᠭᠲᠠᠨ᠎ᠠ᠃

ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭᠠᠨ᠎ᠤ ᠲᠠᠪᠴᠠᠩ᠎ᠤᠨ ᠡᠵᠡᠩᠨᠡᠭᠴᠢ᠂ ᠰᠢᠭᠤᠳ ᠨᠡᠪᠲᠡᠷᠡᠭᠦᠯᠬᠦ ᠲᠠᠰᠤᠭ᠎ᠤᠨ ᠡᠵᠡᠩᠨᠡᠭᠴᠢ᠂ ᠰᠢᠭᠤᠳ ᠨᠡᠪᠲᠡᠷᠡᠭᠦᠯᠬᠦ ᠡᠵᠡᠩᠨᠡᠨ ᠪᠣᠷᠣᠯᠠᠭᠤᠯᠬᠤ ᠠᠵᠢᠯᠲᠠᠨ᠂ ᠰᠢᠭᠤᠳ ᠨᠡᠪᠲᠡᠷᠡᠭᠦᠯᠬᠦ ᠡᠵᠡᠩᠨᠡᠨ ᠪᠣᠷᠣᠯᠠᠭᠤᠯᠬᠤ ᠠᠵᠢᠯᠲᠠᠨ᠎ᠤ ᠦᠢᠯᠡᠴᠢᠯᠡᠭᠡᠨ᠎ᠦ ᠪᠠᠢᠭᠤᠯᠤᠮᠵᠢ᠎ᠶᠢ ᠪᠦᠬᠦᠨ᠎ᠢ ᠲᠤᠬᠲᠠᠭᠠᠯ᠎ᠤᠨ ᠬᠢᠨᠠᠯᠲᠠ ᠬᠠᠮᠢᠶᠠᠷᠤᠯᠲᠠ᠎ᠶᠢᠨ ᠬᠡᠪᠴᠢᠶᠡᠨ᠎ᠳᠦ ᠣᠷᠣᠭᠤᠯᠪᠠ᠃ ᠰᠢᠭᠤᠳ ᠨᠡᠪᠲᠡᠷᠡᠭᠦᠯᠬᠦ ᠲᠠᠪᠴᠠᠩ᠎ᠠᠴᠠ ᠰᠢᠭᠤᠳ ᠨᠡᠪᠲᠡᠷᠡᠭᠦᠯᠬᠦ ᠲᠠᠰᠤᠬ᠂ ᠳᠠᠬᠢᠨ ᠨᠡᠪᠲᠡᠷᠡᠭᠦᠯᠦᠭᠰᠡᠳ ᠪᠣᠯᠣᠨ MCN ᠪᠠᠢᠭᠤᠯᠤᠮᠵᠢ ᠬᠦᠷᠲᠡᠯ᠎ᠡ ᠴᠥᠮ ᠡᠷᠬᠡᠪᠰᠢ ᠲᠣᠭᠲᠠᠭᠠᠯ᠎ᠤᠨ ᠱᠠᠭᠠᠷᠳᠠᠯᠭ᠎ᠠ ᠶᠣᠰᠣᠭᠠᠷ᠂ ᠢᠳᠡᠭᠡᠨ᠎ᠦ ᠠᠶᠤᠯ ᠦᠭᠡᠢ᠎ᠶᠢᠨ ᠬᠠᠷᠠᠭᠠᠯᠵᠠᠬᠰᠠᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠭᠦᠢᠴᠡᠳᠬᠡᠬᠦ ᠬᠡᠷᠡᠭᠲᠡᠢ᠃

 ( ᠢᠷᠡᠯᠲᠡ᠄ ᠰᠢᠨᠬᠤᠸᠠ ᠬᠤᠷᠢᠶ᠎ᠠ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号