ᠡᠨᠡ ᠵᠢᠯ᠎ᠦᠨ ᠳᠣᠲᠣᠷ᠎ᠠ ᠠᠩᠬ᠎ᠠ
ᠤᠳᠠᠭ᠎ᠠ ᠪᠦᠲᠦᠴᠡ᠎ᠶᠢᠨ ᠴᠢᠨᠠᠷᠲᠠᠢ 《ᠬᠦᠦ ᠮᠥᠩᠭᠥ᠎ᠶᠢᠨ ᠨᠣᠷᠮ᠎ᠠ᠎ᠶᠢ ᠪᠠᠭᠤᠷᠠᠭᠤᠯᠬᠤ》 ᠲᠦᠷᠦ
ᠵᠢᠨ ᠪᠤᠳᠤᠯᠭ᠎ᠠ ᠵᠢ ᠨᠠᠢᠳᠠᠪᠤᠷᠢᠵᠢᠭᠤᠯᠵᠦ ᠡᠬᠢᠯᠡᠪᠡ᠃ ᠳᠤᠮᠳᠠᠳᠤ ᠤᠯᠤᠰ᠎ᠤᠨ ᠠᠷᠠᠳ᠎ᠤᠨ ᠪᠠᠩᠬᠢ ᠲᠦᠷᠦᠭᠦᠬᠡᠨ
ᠮᠡᠳᠡᠭᠡ ᠨᠡᠢᠲᠡᠯᠡᠵᠦ᠂ 2026 ᠣᠨ᠎ᠤ 1 ᠰᠠᠷ᠎ᠠ᠎ᠶᠢᠨ
19 ᠦ ᠡᠳᠦᠷ᠎ᠡᠴᠡ ᠡᠬᠢᠯᠡᠨ᠂ ᠳᠠᠬᠢᠨ ᠵᠢᠭᠡᠯᠡᠯᠭᠡ ᠦᠭᠭᠦ᠂ ᠲᠠᠬᠢᠨ ᠪᠡᠯᠡᠨ ᠵᠣᠭᠣᠰ ᠰᠤᠯᠢᠨ ᠤᠯᠭᠤᠬᠤ ᠬᠦᠦ
ᠮᠥᠩᠭᠥ᠎ᠶᠢᠨ ᠨᠣᠷᠮ᠎ᠠ ᠵᠢ ᠵᠠᠭᠤᠨ᠎ᠤ ᠬᠠᠷᠢᠴᠠᠯ ᠵᠢᠡᠷ 0.25 ᠬᠤᠪᠢ ᠪᠠᠭᠤᠷᠠᠭᠤᠯᠤᠨ᠎ᠠ ᠭᠡᠵᠡᠢ᠃
ᠡᠨᠡ ᠨᠢ ᠪᠠᠩᠬᠢ ᠨᠤᠭᠤᠳ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠠᠴᠠ 《ᠵᠣᠭᠣᠰ ᠵᠢᠭᠡᠯᠡᠬᠦ》᠎ᠳᠦ ᠨᠠᠩ ᠬᠢᠮᠳᠠ ᠪᠤᠯᠵᠦ᠂
ᠭᠣᠣᠯᠳᠠᠯᠭ᠎ᠠ᠎ᠲᠠᠢ ᠬᠦᠷᠢᠶᠡᠨ᠎ᠳᠡᠬᠢ ᠢᠲᠡᠭᠡᠮᠵᠢᠲᠦ ᠵᠢᠭᠡᠯᠡᠯᠭᠡ ᠲᠠᠯᠪᠢᠬᠤ ᠢᠳᠡᠪᠬᠢᠵᠢᠯ᠎ᠢ ᠳᠡᠭᠡᠭᠰᠢᠯᠡᠭᠦᠯᠬᠦ᠎ᠳᠦ
ᠠᠰᠢᠬᠳᠠᠢ ᠪᠠᠢᠵᠤ᠂ ᠠᠵᠤ ᠠᠬᠤᠢ᠎ᠶᠢᠨ ᠪᠦᠲᠦᠴᠡ᠎ᠶᠢᠨ ᠬᠡᠯᠪᠡᠷᠢ᠎ᠪᠡᠨ ᠬᠤᠪᠢᠷᠠᠭᠤᠯᠤᠨ ᠰᠢᠯᠢᠳᠡᠭᠵᠢᠭᠦ᠎ᠳᠦ ᠴᠢᠨᠠᠭᠰᠢᠳᠠ
ᠬᠦᠴᠦᠨ ᠨᠡᠮᠡᠷᠢᠯᠡᠬᠦᠪᠤᠯᠤᠨᠠ ᠭᠡᠳᠡᠭ᠎ᠢ ᠬᠠᠷᠠᠭᠤᠯᠵᠤ ᠪᠠᠢᠨ᠎ᠠ᠃
ᠪᠠᠭᠤᠷᠠᠭᠤᠯᠤᠭᠰᠠᠨᠤ ᠳᠠᠷᠠᠭ᠎ᠠ᠂
3 ᠰᠠᠷ᠎ᠠ᠂ 6 ᠰᠠᠷ᠎ᠠ ᠪᠠ 1 ᠵᠢᠯ᠎ᠦᠨ ᠬᠤᠭᠤᠴᠠᠭ᠎ᠠ᠎ᠪᠦᠬᠦᠢ ᠲᠠᠷᠢᠶᠠᠯᠠᠩ᠎ᠢ ᠳᠡᠮᠵᠢᠬᠦ ᠪᠠᠭ᠎ᠠ ᠵᠢᠵᠢᠭ ᠠᠵᠤ
ᠠᠬᠤᠢᠯᠠᠯ᠎ᠢ ᠳᠡᠮᠵᠢᠬᠦ ᠳᠠᠬᠢᠨ ᠵᠢᠭᠡᠯᠡᠯᠭᠡ᠎ᠵᠢᠨ ᠬᠦᠦ ᠮᠥᠩᠭᠥ᠎ᠶᠢᠨ ᠨᠣᠷᠮ᠎ᠠ ᠨᠢ ᠲᠣᠰ ᠲᠤᠰ 0.95%᠂
1.15% ᠪᠠ 1.25% ᠪᠤᠯᠵᠤ᠂ ᠲᠠᠬᠢᠨ ᠪᠡᠯᠡᠨ ᠵᠣᠭᠣᠰ ᠰᠤᠯᠢᠨ
ᠤᠯᠭᠤᠬᠤ ᠬᠦᠦ ᠮᠥᠩᠭᠥ᠎ᠶᠢᠨ ᠨᠣᠷᠮ᠎ᠠ ᠨᠢ 1.5%᠂ ᠪᠠᠷᠢᠴᠠᠭᠠᠨ᠎ᠤ ᠨᠥᠬᠥᠪᠦᠷᠢ ᠵᠢᠭᠡᠯᠡᠯᠭᠡ᠎ᠶᠢᠨ ᠬᠦᠦ ᠮᠥᠩᠭᠥ᠎ᠶᠢᠨ
ᠨᠣᠷᠮ᠎ᠠ ᠨᠢ 1.75%᠂ ᠲᠤᠰᠬᠠᠢ ᠵᠦᠢᠯ᠎ᠦᠨ ᠪᠦᠲᠦᠴᠡ᠎ᠶᠢᠨ ᠴᠢᠨᠠᠷᠲᠠᠢ ᠵᠣᠭᠣᠰᠤᠨ᠎ᠤ ᠲᠥᠷᠥ᠎ᠶᠢᠨ ᠪᠣᠳᠣᠯᠭ᠎ᠠ᠎ᠶᠢᠨ
ᠪᠠᠭᠠᠵᠢ᠎ᠶᠢᠨ ᠬᠦᠦ ᠮᠥᠩᠭᠥ ᠵᠢᠨ ᠨᠣᠷᠮ᠎ᠠ ᠨᠢ 1.25% ᠪᠣᠯᠵᠠᠢ᠃
ᠢᠷᠡᠯᠲᠡ᠄ ᠡᠮᠦᠨᠡᠲᠦ ᠣᠷᠣᠨ᠎ᠤ ᠬᠤᠳᠠ᠎ᠶᠢᠨ
ᠰᠣᠨᠢᠨ
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号