ᠠᠮᠢ ᠠᠬᠤᠶ᠎ᠶᠢᠨ ᠣᠷᠴᠢᠨ ᠲᠣᠭᠣᠷᠢᠨ᠎ᠤ ᠶᠠᠮᠤᠨ ᠳᠤᠮᠳᠠᠳᠤ
ᠤᠯᠤᠰ᠎ᠤᠨ ᠠᠷᠠᠳ᠎ᠤᠨ ᠪᠠᠩᠬᠢ᠂ ᠤᠯᠤᠰ᠎ᠤᠨ ᠭᠠᠶ᠋ᠢᠯᠢ᠎ᠶᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠎ᠲᠠᠶ ᠬᠠᠮᠲᠤᠷᠠᠨ᠂
ᠣᠶ᠋ᠢᠷ᠎ᠠ᠎ᠳᠤ 《ᠭᠤᠤᠯᠳᠠᠯᠭ᠎ᠠ᠎ᠲᠠᠶ ᠠᠵᠢᠯ ᠲᠥᠷᠥᠯ᠎ᠦᠨ ᠠᠭᠠᠷ ᠮᠠᠨᠳᠠᠯ᠎ᠤᠨ ᠣᠷᠴᠢᠨ ᠲᠣᠭᠣᠷᠢᠨ᠎ᠤ ᠠᠵᠢᠯ᠎ᠤᠨ
ᠪᠦᠲᠦᠮᠵᠢ᠎ᠶᠢ ᠲᠠᠰ ᠬᠤᠪᠢᠶᠠᠨ ᠬᠠᠮᠢᠶᠠᠷᠬᠤ᠎ᠶᠢ ᠴᠢᠩᠭᠠᠳᠬᠠᠬᠤ ᠲᠤᠬᠠᠶ ᠵᠢᠯᠣᠭᠣᠳᠬᠤ ᠰᠠᠨᠠᠯ》᠎ᠢ ᠬᠠᠮᠲᠤᠷᠠᠨ ᠨᠡᠶ᠋ᠢᠲᠡᠯᠡᠵᠦ᠍᠂ ᠬᠠᠮᠢᠶᠠᠷᠤᠯᠲᠠ᠎ᠶᠢᠨ ᠰᠢᠰᠲ᠋ᠧᠮ᠎ᠢ ᠤᠯᠠᠮ ᠨᠢᠭᠡ ᠠᠯᠬᠤᠮ
ᠲᠡᠭᠦᠯᠳᠡᠷᠵᠢᠭᠦᠯᠦᠨ᠂ ᠠᠵᠢᠯ᠎ᠤᠨ ᠪᠦᠲᠦᠮᠵᠢ᠎ᠶᠢᠨ ᠲᠠᠰ ᠬᠤᠪᠢᠶᠠᠬᠤ᠎ᠶᠢ ᠴᠢᠩᠭ᠎ᠠ ᠥᠷᠨᠢᠭᠦᠯᠵᠦ᠍᠂ ᠵᠥᠷᠢᠶᠡᠴᠢᠯᠡᠭᠰᠡᠨ
ᠬᠠᠮᠢᠶᠠᠷᠤᠯᠲᠠ᠎ᠶᠢ ᠠᠬᠢᠭᠤᠯᠤᠨ᠂ ᠠᠭᠠᠷ ᠮᠠᠨᠳᠠᠯ᠎ᠤᠨ ᠶᠠᠰᠤ ᠴᠢᠨᠠᠷ᠎ᠢ ᠰᠠᠶ᠋ᠢᠵᠢᠷᠠᠭᠤᠯᠬᠤ ᠬᠢᠭᠡᠳ ᠠᠵᠢᠯ ᠲᠥᠷᠥᠯ᠎ᠦᠨ
ᠴᠢᠨᠠᠷ ᠰᠠᠶ᠋ᠢᠲᠠᠶ ᠬᠥᠭᠵᠢᠯᠲᠡ᠎ᠶᠢᠨ ᠬᠤᠤᠰ ᠠᠮᠵᠢᠯᠲᠠ᠎ᠶᠢ ᠠᠬᠢᠭᠤᠯᠤᠨ᠎ᠠ᠃
《ᠰᠠᠨᠠᠯ》᠎ᠤᠨ ᠱᠠᠭᠠᠷᠳᠠᠯᠭ᠎ᠠ᠎ᠶᠢ ᠦᠨᠳᠦᠰᠦᠯᠡᠨ᠂ ᠠᠮᠢ ᠠᠬᠤᠶ᠎ᠶᠢᠨ ᠣᠷᠴᠢᠨ ᠲᠣᠭᠣᠷᠢᠨ᠎ᠤ ᠶᠠᠮᠤᠨ ᠡᠴᠡ ᠪᠥᠬᠥ᠌ ᠤᠯᠤᠰ᠎ᠤᠨ ᠨᠢᠭᠡᠳᠦᠯᠲᠡᠶ ᠠᠵᠢᠯ᠎ᠤᠨ ᠪᠦᠲᠦᠮᠵᠢ᠎ᠶᠢ
ᠲᠠᠰ ᠬᠤᠪᠢᠶᠠᠬᠤ ᠠᠵᠢᠯ᠎ᠤᠨ ᠲᠠᠪᠴᠠᠩ᠎ᠢ ᠪᠠᠶ᠋ᠢᠭᠤᠯᠵᠤ᠂ ᠲᠣᠨᠣᠭ ᠲᠥᠬᠥᠭᠡᠷᠦᠮᠵᠢ᠂ ᠭᠠᠷ ᠤᠷᠠᠯᠠᠯ᠂ ᠡᠨᠧᠷᠭᠢ᠎ᠶᠢᠨ
ᠠᠷᠢᠭᠤᠨ ᠴᠡᠪᠡᠷ᠂ ᠪᠣᠬᠢᠷᠲᠤᠯ᠎ᠢ ᠵᠠᠰᠠᠬᠤ ᠪᠠ ᠠᠭᠠᠷ ᠮᠠᠨᠳᠠᠯ᠎ᠤᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ
ᠬᠢᠷᠢ ᠲᠦᠪᠰᠢᠨ ᠵᠡᠷᠭᠡ ᠲᠠᠯ᠎ᠠ᠎ᠪᠠᠷ᠂ ᠭᠤᠶᠤᠴᠢᠯᠠᠨ ᠮᠡᠳᠡᠭᠦᠯᠦᠭᠰᠡᠨ ᠠᠵᠤ ᠠᠬᠤᠶ᠋ᠢᠯᠠᠯ᠎ᠢ ᠬᠢᠨᠠᠨ ᠬᠠᠷᠭᠤᠭᠤᠯᠵᠤ
ᠦᠨᠡᠯᠡᠨ ᠲᠣᠭᠲᠠᠭᠠᠨ᠎ᠠ᠄
●ᠪᠤᠶ ᠪᠦᠬᠦᠢ ᠵᠢᠭᠠᠯᠳᠠ ᠲᠣᠭ᠎ᠠ ᠨᠢ ᠠᠵᠢᠯ ᠲᠥᠷᠥᠯ᠎ᠦᠨ
ᠲᠡᠷᠢᠭᠦᠨ᠎ᠦ ᠬᠢᠷᠢ ᠲᠦᠪᠰᠢᠨ᠎ᠳᠦ ᠬᠦᠷᠦᠭᠰᠡᠨ᠎ᠢ ᠨᠢ A ᠳᠡᠰ᠎ᠢᠶᠠᠷ ᠰᠢᠯᠭᠠᠷᠠᠭᠤᠯᠵᠤ᠂ ᠣᠯᠠᠨ ᠤᠯᠤᠰ᠎ᠤᠨ ᠲᠡᠷᠢᠭᠦᠨ᠎ᠦ
ᠪᠥᠭᠡᠳ ᠦᠷᠭᠦᠯᠵᠢᠯᠡᠨ ᠬᠣᠶᠠᠷ ᠵᠢᠯ᠎ᠡᠴᠡ ᠳᠡᠭᠡᠭᠰᠢ ᠲᠣᠭᠲᠠᠭᠤᠨ᠎ᠢᠶᠠᠷ ᠠᠵᠢᠯᠯᠠᠵᠤ ᠳᠡᠶ᠋ᠢᠯᠬᠦ᠌ ᠰᠢᠨ᠎ᠡ᠎ᠶᠢ
ᠡᠭᠦᠳᠬᠦ᠌ ᠴᠢᠨᠠᠷᠲᠠᠶ᠂ ᠰᠢᠪᠲᠤᠯᠤᠯᠲᠠ᠎ᠶᠢᠨ ᠴᠢᠨᠠᠷᠲᠠᠶ ᠲᠣᠨᠣᠭ ᠲᠥᠬᠥᠭᠡᠷᠦᠮᠵᠢ ᠪᠤᠶᠤ ᠮᠡᠷᠭᠡᠵᠢᠯ᠂ ᠪᠣᠬᠢᠷᠲᠤᠯ᠎ᠢ
ᠪᠠᠭᠠᠰᠬᠠᠨ ᠨᠡᠭᠦᠷᠡᠰᠦᠲᠥ᠋ᠷᠥᠭᠴᠢ᠎ᠶᠢ ᠪᠠᠭᠠᠰᠬᠠᠬᠤ ᠦᠷ᠎ᠡ ᠪᠦᠲᠦᠮᠵᠢ᠎ᠪᠡᠷ ᠢᠯᠡᠷᠬᠡᠶ᠂ ᠠᠳᠠᠯᠢ ᠠᠵᠢᠯ ᠲᠥᠷᠥᠯ᠎ᠦᠨ
ᠬᠢ᠎ᠡᠴᠡ ᠢᠯᠡᠳᠲᠡ ᠳᠠᠪᠰᠢᠭᠰᠠᠨ ᠪᠤᠰᠤᠳ A ᠲᠠᠰ᠎ᠤᠨ ᠠᠵᠤ ᠠᠬᠤᠶ᠋ᠢᠯᠠᠯ᠎ᠢ ᠪᠠᠰᠠ A+ ᠠᠵᠤ ᠠᠬᠤᠶ᠋ᠢᠯᠠᠯ᠎ᠢᠶᠠᠷ ᠰᠢᠯᠭᠠᠷᠠᠭᠤᠯᠵᠤ ᠪᠣᠯᠤᠨ᠎ᠠ;
● ᠬᠠᠮᠢᠶ᠎ᠠ ᠪᠦᠬᠦᠢ ᠵᠢᠭᠠᠯᠳᠠ ᠲᠣᠭ᠎ᠠ ᠨᠢ ᠠᠵᠢᠯ ᠲᠥᠷᠥᠯ᠎ᠦᠨ
ᠰᠠᠶ᠋ᠢᠨ ᠬᠢᠷᠢ ᠲᠦᠪᠰᠢᠨ᠎ᠳᠦ ᠬᠦᠷᠦᠭᠰᠡᠨ᠎ᠢ ᠨᠢ B ᠳᠡᠰ ᠵᠢᠠᠷ ᠰᠢᠯᠭᠠᠷᠠᠭᠤᠯᠤᠨ᠎ᠠ᠂
● ᠠᠵᠢᠯ ᠲᠥᠷᠥᠯ᠎ᠦᠨ ᠳᠤᠮᠳᠠ ᠵᠡᠷᠭᠡ᠎ᠶᠢᠨ ᠬᠢᠷᠢ ᠲᠦᠪᠰᠢᠨ
ᠳᠦ ᠬᠦᠷᠦᠭᠰᠡᠨ᠎ᠢ ᠨᠢ C ᠳᠡᠰ
ᠵᠢᠠᠷ ᠰᠢᠯᠭᠠᠷᠠᠭᠤᠯᠤᠨ᠎ᠠ᠂
● ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠣᠯᠪᠣᠭᠳᠠᠯ
ᠪᠦᠬᠦᠢ ᠪᠠᠷᠢᠮᠵᠢᠶ᠎ᠠ᠎ᠶᠢᠨ ᠬᠠᠮᠤᠭ᠎ᠤᠨ ᠦᠨᠳᠦᠰᠦᠨ ᠱᠠᠭᠠᠷᠳᠠᠯᠭ᠎ᠠ᠎ᠳᠤ ᠨᠡᠶ᠋ᠢᠴᠡᠭᠰᠡᠨᠢ ᠨᠢ D ᠳᠡᠰ᠎ᠢᠶᠠᠷ ᠬᠤᠪᠢᠶᠠᠷᠢᠯᠠᠨ᠎ᠠ᠃
ᠠᠮᠢ ᠠᠬᠤᠶ᠎ᠶᠢᠨ ᠣᠷᠴᠢᠨ ᠲᠣᠭᠣᠷᠢᠨ᠎ᠤ ᠰᠠᠯᠠᠭ᠎ᠠ ᠮᠥᠴᠢᠷ
ᠠᠵᠢᠯ᠎ᠤᠨ ᠪᠦᠲᠦᠮᠵᠢ᠎ᠵᠢ ᠲᠡᠰ ᠬᠤᠪᠢᠶᠠᠬᠰᠠᠨ ᠰᠠᠭᠤᠷᠢᠨ ᠲᠡᠭᠡᠷ᠎ᠡ ᠵᠦᠷᠢᠶᠡᠴᠢᠯᠡᠭᠰᠡᠨ ᠬᠠᠮᠢᠶᠠᠷᠤᠯᠲᠠ᠎ᠶᠢ
ᠬᠡᠷᠡᠭᠵᠢᠭᠦᠯᠦᠨ᠎ᠡ᠄ ᠬᠦᠨᠳᠦ ᠪᠣᠬᠢᠷᠲᠤᠯ᠎ᠲᠠᠶ ᠴᠠᠭ ᠠᠭᠤᠷ᠎ᠤᠨ ᠪᠠᠴᠢᠮ ᠪᠠᠶ᠋ᠢᠳᠠᠯ ᠢ ᠠᠷᠭᠠᠴᠠᠭᠠᠬᠤ ᠵᠢ ᠴᠤᠤᠷᠢᠶᠠᠳᠤᠬᠤ
ᠬᠤᠭᠤᠴᠠᠭᠠᠨ᠎ᠳᠤ᠂ A ᠲᠠᠰ
ᠵᠢᠴᠢ ᠲᠡᠭᠦᠨ᠎ᠡᠴᠡ ᠳᠡᠭᠡᠭᠰᠢᠬᠢ ᠠᠵᠤ ᠠᠬᠤᠶ᠋ᠢᠯᠠᠯ ᠪᠡᠶ᠎ᠡ᠎ᠪᠡᠨ ᠳᠠᠭᠠᠭᠠᠨ ᠪᠣᠬᠢᠷᠲᠤᠯ ᠭᠠᠳᠠᠭᠰᠢᠯᠠᠭᠤᠯᠬᠤ᠎ᠶᠢ
ᠪᠠᠭᠠᠰᠬᠠᠬᠤ ᠠᠷᠭ᠎ᠠ ᠬᠡᠮᠵᠢᠶ᠎ᠡ ᠠᠪᠴᠤ᠌ ᠪᠣᠯᠤᠨ᠎ᠠ᠂ B ᠲᠠᠰ᠎ᠤᠨ ᠠᠵᠤ ᠠᠬᠤᠶ᠋ᠢᠯᠠᠯ ᠪᠠᠴᠢᠮ ᠪᠠᠶ᠋ᠢᠳᠠᠯ᠎ᠢ ᠠᠷᠭᠠᠴᠠᠭᠠᠵᠤ
ᠪᠣᠬᠢᠷᠲᠤᠯ ᠭᠠᠳᠠᠭᠰᠢᠯᠠᠭᠤᠯᠬᠤ᠎ᠶᠢ ᠪᠠᠭᠠᠰᠬᠠᠬᠤ ᠠᠷᠭ᠎ᠠ ᠬᠡᠮᠵᠢᠶ᠎ᠡ᠎ᠶᠢ ᠴᠦᠭᠡᠨ ᠠᠪᠴᠤ᠌ ᠪᠣᠯᠤᠨ᠎ᠠ᠂ ᠠᠵᠢᠯ᠎ᠤᠨ
ᠪᠦᠲᠦᠮᠵᠢ᠎ᠶᠢᠨ ᠲᠠᠰ ᠨᠢ ᠳᠤᠤᠷ᠎ᠠ ᠠᠵᠤ ᠠᠬᠤᠶ᠋ᠢᠯᠠᠯ ᠪᠠᠴᠢᠮ ᠪᠠᠶ᠋ᠢᠳᠠᠯ᠎ᠢ ᠠᠷᠭᠠᠴᠠᠭᠠᠵᠤ ᠪᠣᠬᠢᠷᠲᠤᠯ ᠭᠠᠳᠠᠭᠰᠢᠯᠠᠭᠤᠯᠬᠤ᠎ᠶᠢ
ᠪᠠᠭᠠᠰᠬᠠᠬᠤ ᠠᠷᠭ᠎ᠠ ᠬᠡᠮᠵᠢᠶ᠎ᠡ᠎ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠬᠡᠷᠡᠭᠵᠢᠭᠦᠯᠦᠨ᠎ᠡ᠃ ᠨᠥᠬᠥᠴᠡᠯ᠎ᠳᠦ
ᠨᠡᠶ᠋ᠢᠴᠡᠬᠦ᠌ ᠠᠵᠢᠯ᠎ᠤᠨ ᠪᠦᠲᠦᠮᠵᠢ ᠵᠢᠨ ᠲᠠᠰ᠎ᠤᠨ ᠲᠡᠷᠢᠭᠦᠨ᠎ᠦ ᠠᠵᠤ ᠠᠬᠤᠶ᠋ᠢᠯᠠᠯ᠎ᠢ ᠠᠮᠢ ᠠᠬᠤᠶ ᠣᠷᠴᠢᠨ ᠲᠣᠭᠣᠷᠢᠨ᠎ᠤ
ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ᠌ ᠵᠥᠪ ᠲᠠᠯ᠎ᠠ᠎ᠶᠢᠨ ᠨᠠᠷᠢᠨ ᠲᠠᠩᠰᠠ᠎ᠳᠤ ᠤᠷᠢᠳ᠎ᠢᠶᠠᠷ ᠣᠷᠣᠭᠤᠯᠵᠤ᠂
ᠡᠩ᠎ᠦᠨ ᠪᠠᠶ᠋ᠢᠳᠠᠯ᠎ᠳᠤ ᠲᠤᠬᠠᠶ᠎ᠶᠢᠨ ᠲᠠᠯᠠᠪᠠᠶ᠎ᠳᠤ ᠬᠠᠤᠯᠢ ᠬᠡᠷᠡᠭᠵᠢᠭᠦᠯᠵᠦ᠍ ᠪᠠᠶ᠋ᠢᠴᠠᠭᠠᠬᠤ ᠥᠬᠡᠶ᠃ ᠠᠭᠠᠷ
ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠭᠤᠤᠯᠳᠠᠯᠭ᠎ᠠ᠎ᠲᠠᠶ ᠣᠷᠣᠨ ᠪᠦᠰᠡ᠂ ᠠᠮᠢ ᠠᠬᠤᠶ᠎ᠶᠢᠨ ᠣᠷᠴᠢᠨ
ᠲᠣᠭᠣᠷᠢᠨ᠎ᠢ ᠤᠷᠢᠳ᠎ᠢᠶᠠᠷ ᠬᠠᠮᠠᠭᠠᠯᠠᠬᠤ ᠨᠢᠭᠡᠴᠢ᠎ᠶᠢᠨ ᠳᠣᠲᠣᠷ᠎ᠠ᠂ ᠬᠠᠤᠯᠢ ᠴᠠᠭᠠᠵᠠ ᠬᠠᠤᠯᠢ ᠲᠣᠭᠲᠠᠭᠠᠯ᠎ᠳᠤ
ᠨᠡᠶ᠋ᠢᠴᠡᠬᠦ᠌ ᠰᠢᠨ᠎ᠡ ᠪᠡᠷ ᠪᠠᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠲᠥᠷᠥᠯ
ᠵᠦᠢᠯ᠎ᠳᠡᠬᠢ ᠠᠮᠵᠢᠯᠲᠠ ᠪᠦᠲᠦᠮᠵᠢ᠎ᠨᠢ A ᠲᠠᠰ᠎ᠤᠨ ᠬᠢᠷᠢ ᠲᠦᠪᠰᠢᠨ᠎ᠳᠦ ᠬᠦᠷᠦᠭᠰᠡᠨ ᠪᠠᠶ᠋ᠢᠪᠠᠯ ᠤᠷᠢᠳ᠎ᠢᠶᠠᠷ ᠳᠡᠮᠵᠢᠨ᠎ᠡ᠃
ᠰᠢᠨ᠎ᠡ᠎ᠪᠡᠷ ᠭᠡᠷᠡᠭᠯᠡᠭᠦ ᠭᠠᠵᠠᠷ ᠰᠢᠷᠣᠶ ᠨᠡᠮᠡᠭᠳᠡᠭᠦᠯᠬᠦ᠌ ᠥᠬᠡᠶ᠂ ᠲᠥᠬᠥᠭᠡᠷᠦᠮᠵᠢ ᠰᠢᠨᠡᠳᠬᠡᠬᠦ᠌᠎ᠪᠡᠷ ᠭᠤᠤᠯ
ᠪᠣᠯᠭᠠᠭᠰᠠᠨ ᠪᠥᠭᠡᠳ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠨᠡᠮᠡᠭᠳᠡᠭᠦᠯᠬᠦ᠌ ᠥᠬᠡᠶ ᠠᠵᠢᠯ᠎ᠤᠨ
ᠪᠦᠲᠦᠮᠵᠢ᠎ᠶᠢᠨ ᠲᠠᠰ᠎ᠢ ᠳᠡᠭᠡᠭᠰᠢᠯᠡᠭᠦᠯᠬᠦ᠌ ᠲᠥᠷᠥᠯ ᠵᠦᠢᠯ᠎ᠢ ᠬᠠᠤᠯᠢ ᠴᠠᠭᠠᠵᠠ ᠲᠥᠷᠥ᠎ᠶᠢᠨ ᠪᠣᠳᠣᠯᠭ᠎ᠠ᠎ᠶᠢᠨ
ᠵᠥᠪᠰᠢᠶᠡᠷᠡᠯ᠎ᠤᠨ ᠬᠡᠪᠴᠢᠶᠡᠨ ᠳᠣᠲᠣᠷ᠎ᠠ ᠤᠷᠢᠳ ᠵᠢᠡᠷ ᠳᠡᠮᠵᠢᠨ᠎ᠡ᠃
ᠣᠷᠣᠨ ᠨᠤᠲᠤᠭ᠎ᠤᠨ ᠬᠢᠨ᠎ᠦ ᠤᠷᠮᠠᠰᠢᠭᠤᠯᠬᠤ ᠲᠥᠷᠥ᠎ᠶᠢᠨ
ᠪᠣᠳᠣᠯᠭ᠎ᠠ ᠨᠡᠶ᠋ᠢᠲᠡᠯᠡᠬᠦ᠌᠎ᠶᠢ ᠵᠣᠷᠢᠭᠵᠢᠭᠤᠯᠵᠤ᠂ ᠠᠵᠢᠯ᠎ᠤᠨ ᠪᠦᠲᠦᠮᠵᠢ᠎ᠶᠢ ᠳᠡᠭᠡᠭᠰᠢᠯᠡᠭᠦᠯᠬᠦ᠌ ᠲᠥᠷᠥᠯ
ᠵᠦᠢᠯ᠎ᠳᠦ ᠳᠡᠮᠵᠢᠯᠭᠡ ᠦᠵᠡᠭᠦᠯᠵᠦ᠍᠂ ᠠᠵᠤ ᠠᠬᠤᠶ᠋ᠢᠯᠠᠯ᠎ᠤᠨ ᠳᠡᠭᠡᠭᠰᠢᠯᠡᠯᠲᠡ᠎ᠶᠢ ᠪᠡᠶᠡᠯᠡᠭᠦᠯᠬᠦ᠌᠎ᠶᠢ ᠱᠠᠩᠨᠠᠨ
ᠬᠥᠬᠢᠭᠦᠯᠦᠨ᠎ᠡ᠃ ᠡᠭᠦᠨ᠎ᠡᠴᠡ ᠭᠠᠳᠠᠨ᠎ᠠ᠂ ᠴᠠᠬᠢᠯᠭᠠᠨ᠎ᠤ ᠦᠨ᠎ᠡ᠂ ᠢᠲᠡᠭᠡᠮᠵᠢᠲᠦ᠍ ᠵᠢᠭᠡᠯᠡᠯᠭᠡ᠎ᠶᠢᠨ ᠬᠠᠮᠢᠶᠠᠷᠤᠯᠲᠠ᠂
ᠵᠢᠭᠡᠯᠡᠯᠭᠡ᠎ᠶᠢ ᠬᠢᠨᠠᠨ ᠵᠥᠪᠰᠢᠶᠡᠷᠡᠬᠦ᠌᠂ ᠭᠠᠶ᠋ᠢᠯᠢ ᠲᠠᠲᠠᠪᠤᠷᠢ᠎ᠶᠢ ᠬᠠᠰᠤᠵᠤ ᠬᠡᠯᠲᠦᠷᠢᠭᠦᠯᠬᠦ᠌᠂ ᠪᠣᠬᠢᠷᠲᠤᠯ
ᠥᠬᠡᠶ ᠪᠡᠷ ᠬᠤᠳᠠᠯᠳᠤᠨ ᠠᠪᠬᠤ ᠵᠡᠷᠭᠡ ᠲᠠᠯ᠎ᠠ᠎ᠪᠠᠷ ᠴᠤ᠌ ᠠᠵᠢᠯ᠎ᠤᠨ ᠪᠦᠲᠦᠮᠵᠢ᠎ᠶᠢᠨ ᠲᠠᠰ᠎ᠤᠨ ᠲᠡᠷᠢᠭᠦᠨ᠎ᠦ
ᠠᠵᠤ ᠠᠬᠤᠶ᠋ᠢᠯᠠᠯ᠎ᠢ ᠤᠷᠮᠠᠰᠢᠭᠤᠯᠬᠤ ᠪᠠ ᠬᠡᠯᠪᠡᠶ᠋ᠢᠯᠭᠡᠬᠦ᠌ ᠪᠣᠯᠤᠨ᠎ᠠ᠃
ᠢᠷᠡᠯᠲᠡ᠄ ᠲᠥᠪ ᠲᠧᠯᠸᠢᠰ᠎ᠦᠨ ᠰᠣᠨᠢᠨ ᠮᠡᠳᠡᠭᠡ