23᠄ 30! ᠳᠤᠮᠳᠠᠳᠤ ᠤᠯᠤᠰ᠎ᠤᠨ U23 ᠠᠡᠭᠭᠢ ᠰᠢᠢᠳᠪᠦᠷᠢᠲᠦ᠍ ᠤᠷᠤᠯᠳᠤᠭᠠᠨ᠎ᠤ ᠲᠦᠯᠦᠭᠡ ᠦᠷᠢᠰᠦᠯᠳᠦᠨ᠎ᠠ
2026-01-20 15:52:20
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

20᠎ᠤ ᠡᠳᠦᠷ᠎ᠦᠨ 23 ᠴᠠᠭ 30 ᠮᠢᠨᠦ᠋ᠲ᠎ᠲᠦ᠍᠂ U23 ᠠᠽᠢᠶ᠎ᠠ ᠲᠢᠪ ᠬᠤᠨᠳᠠᠭᠠᠲᠤ᠌ ᠤᠷᠤᠯᠳᠤᠭᠠᠨ᠎ᠤ ᠬᠠᠭᠠᠰ ᠰᠢᠢᠳᠪᠦᠷᠢᠲᠦ᠍ ᠤᠷᠤᠯᠳᠤᠭᠠᠨ᠎ᠳᠤ ᠳᠤᠮᠳᠠᠳᠤ ᠤᠯᠤᠰ᠎ᠤᠨ ᠠᠩᠭᠢ ᠸᠢᠶᠧᠲ᠋ᠨᠠᠮ᠎ᠤᠨ ᠠᠩᠭᠢ᠎ᠲᠠᠶ ᠦᠷᠢᠰᠦᠯᠳᠦᠭᠦ ᠪᠣᠯᠤᠨ᠎ᠠ᠃

U23 ᠠᠽᠢᠶ᠎ᠠ ᠲᠢᠪ ᠬᠤᠨᠳᠠᠭᠠᠲᠤ᠌ ᠤᠷᠤᠯᠳᠤᠭᠠᠨ᠎ᠤ ᠬᠠᠭᠠᠰ ᠰᠢᠢᠳᠪᠦᠷᠢᠲᠦ᠍ ᠤᠷᠤᠯᠳᠤᠭᠠᠨ ᠎ᠳᠦ ᠦᠷᠢᠰᠦᠯᠳᠦᠭᠦ ᠠᠩᠬᠢ᠄

ᠶᠠᠫᠣᠨ VS ᠺᠣᠷᠢᠶᠠ᠂ 1 ᠰᠠᠷ᠎ᠠ᠎ᠶᠢᠨ 20 ᠎ᠤ ᠡᠳᠦᠷ᠂ 19᠄ 30

ᠸᠢᠶᠧᠲ᠋ᠨᠠᠮ VS ᠳᠤᠮᠳᠠᠳᠤ ᠤᠯᠤᠰ᠂ 1 ᠰᠠᠷ᠎ᠠ᠎ᠶᠢᠨ 20 ᠎ᠤ ᠡᠳᠦᠷ᠂ 23᠄ 30


1dfc2381e3238dd10f6fa96e3d74262d.jpg


ᠪᠡᠭᠡᠵᠢᠩ᠎ᠦᠨ ᠴᠠᠭ᠎ᠢᠶᠠᠷ 1 ᠰᠠᠷ᠎ᠠ᠎ᠶᠢᠨ 17 ᠎ᠤ ᠡᠳᠦᠷ᠂ U23 ᠠᠽᠢᠶ᠎ᠠ ᠲᠢᠪ ᠬᠤᠨᠳᠠᠭᠠᠲᠤ᠌ ᠤᠷᠤᠯᠳᠤᠭᠠᠨ᠎ᠤ 1/4 ᠵᠢᠨ ᠰᠢᠢᠳᠪᠦᠷᠢᠲᠦ᠍ ᠤᠷᠤᠯᠳᠤᠭᠠᠨ᠎ᠳᠤ᠂ ᠳᠤᠮᠳᠠᠳᠤ ᠤᠯᠤᠰ᠎ᠤᠨ ᠠᠩᠭᠢ ᠴᠡᠭ ᠪᠥᠮᠪᠥᠭᠡ᠎ᠶᠢᠨ ᠳᠡᠮᠡᠴᠡᠭᠡᠨ᠎ᠳᠤ ᠬᠠᠭᠠᠯᠭᠠᠴᠢ ᠯᠢ ᠬᠤᠤ᠎ᠶᠢᠨ ᠭᠠᠷᠮᠠᠭᠠᠶ ᠴᠢᠷᠮᠠᠶ᠋ᠢᠯᠭ᠎ᠠ᠎ᠪᠠᠷ 4᠄ 2 ᠎ᠢᠶᠠᠷ ᠦᠽᠪᠸᠺᠰᠲ᠋ᠠᠨ᠎ᠤ ᠠᠩᠭᠢ᠎ᠶᠢ ᠢᠯᠠᠵᠤ᠂ ᠠᠩᠬ᠎ᠠ ᠤᠳᠠᠭ᠎ᠠ U23 ᠠᠽᠢᠶ᠎ᠠ ᠲᠢᠪ ᠬᠤᠨᠳᠠᠭᠠᠲᠤ᠌ ᠤᠷᠤᠯᠳᠤᠭᠠᠨ᠎ᠤ ᠬᠠᠭᠠᠰ ᠰᠢᠢᠳᠪᠦᠷᠢᠲᠦ᠍ ᠤᠷᠤᠯᠳᠤᠭᠠᠨ᠎ᠳᠤ ᠳᠠᠪᠰᠢᠬᠰᠠᠨ  ᠠᠩᠬᠢ ᠵᠢᠨ ᠳᠡᠤᠭᠡᠨ᠎ᠤ ᠰᠢᠨ᠎ᠠ ᠳᠡᠮᠳᠡᠭᠯᠡᠯ᠎ᠢ ᠡᠭᠦᠳᠦᠭᠰᠡᠨ ᠶᠤᠮ᠃ ᠳᠤᠮᠳᠠᠳᠤ ᠤᠯᠤᠰ᠎ᠤᠨ ᠠᠩᠭᠢ᠎ᠶᠢᠨ ᠬᠠᠭᠠᠰ ᠰᠢᠢᠳᠪᠦᠷᠢᠲᠦ᠍ ᠤᠷᠤᠯᠳᠤᠭᠠᠨ᠎ᠤ ᠡᠰᠡᠷᠭᠦ᠌ ᠡᠲᠡᠭᠡᠳ ᠪᠣᠯ ᠸᠢᠶᠧᠲ᠋ᠨᠠᠮ᠎ᠤᠨ ᠠᠩᠭᠢ ᠪᠣᠯᠤᠨ᠎ᠠ᠃ ᠣᠳᠣᠬᠠᠨ ᠪᠣᠯᠲᠠᠯ᠎ᠠ᠂ ᠬᠠᠭᠠᠯᠭᠠᠴᠢ ᠯᠢ ᠬᠤᠤ 4 ᠲᠠᠯᠠᠪᠤᠷ ᠤᠷᠤᠯᠳᠤᠭᠠᠨ᠎ᠳᠤ ᠪᠦᠷᠢᠨ ᠳᠤᠭᠯᠠᠭᠰᠠᠨ᠎ᠤ ᠬᠠᠮᠲᠤ᠌ ᠪᠥᠮᠪᠥᠭᠡ ᠠᠯᠳᠠᠬᠤ ᠥᠬᠡᠶ ᠪᠠᠶ᠋ᠢᠬᠤ᠎ᠶᠢ ᠪᠠᠲᠤᠯᠠᠵᠤ᠂ ᠤᠷᠤᠯᠳᠤᠭᠠᠨ᠎ᠤ ᠬᠠᠭᠠᠯᠭᠠᠴᠢ ᠵᠢᠨ ᠬᠠᠰᠢᠯᠳᠠ ᠵᠢᠨ ᠲᠡᠷᠢᠭᠦᠨ᠎ᠳᠦ ᠣᠷᠣᠪᠠ᠃





ᠲᠤᠰ ᠬᠤᠭᠤᠴᠠᠭᠠᠨ᠎ᠤ U23 ᠠᠽᠢᠶ᠎ᠠ ᠲᠢᠪ ᠬᠤᠨᠳᠠᠭᠠᠲᠤ᠌ ᠤᠷᠤᠯᠳᠤᠭᠠᠨ᠎ᠳᠤ ᠳᠤᠮᠳᠠᠳᠤ ᠤᠯᠤᠰ᠎ᠤᠨ U23 ᠡᠷᠡᠭᠲᠡᠶ᠎ᠶᠢᠨ ᠬᠥᠯ ᠪᠥᠮᠪᠥᠭᠡ᠎ᠶᠢᠨ ᠠᠩᠭᠢ ᠵᠠᠯᠭᠠᠭ᠎ᠠ᠎ᠪᠠᠷ 4 ᠲᠠᠯᠠᠪᠤᠷ ᠤᠷᠤᠯᠳᠤᠭᠠᠨ᠎ᠳᠤ ᠪᠥᠮᠪᠥᠭᠡ ᠠᠯᠳᠠᠭᠰᠠᠨ ᠦᠭᠡᠢ᠃ ᠳᠤᠭᠤᠢᠯᠠᠩ᠎ᠤᠨ ᠤᠷᠤᠯᠳᠤᠭᠠᠨ᠎ᠤ ᠱᠠᠲᠤᠨ᠎ᠳᠤ᠂ ᠳᠤᠮᠳᠠᠳᠤ ᠤᠯᠤᠰ᠎ᠤᠨ ᠠᠩᠭᠢ 1 ᠢᠯᠠᠵᠤ 2 ᠬᠠᠢᠨᠴᠠᠨ 5 ᠬᠤᠪᠢ ᠣᠯᠵᠦ D ᠳᠤᠭᠤᠢᠯᠠᠩ᠎ᠤᠨ ᠬᠣᠶᠠᠳᠤᠭᠠᠷ᠎ᠲᠤ᠌ ᠣᠷᠣᠵᠤ᠂ ᠤᠷᠢᠳ ᠬᠣᠵᠢᠳ 0᠄ 0 ᠎ᠢᠶᠠᠷ ᠢᠷᠠᠺ᠎ᠤᠨ ᠠᠩᠭᠢ ᠲᠠᠢ ᠬᠠᠢᠨᠴᠠᠵᠤ᠂ 1᠄ 0 ᠎ᠵᠢᠠᠷ ᠠᠦ᠋ᠰᠲ᠋ᠷᠠᠯᠢᠶ᠎ᠠ᠎ᠶᠢᠨ ᠠᠩᠭᠢ᠎ᠶᠢ ᠢᠯᠠᠵᠤ᠂ 0᠄ 0 ᠎ᠢᠶᠠᠷ᠎ᠲᠠᠶ ᠤᠯᠤᠰ᠎ᠤᠨ ᠠᠩᠭᠢ᠎ᠳᠠᠢ ᠬᠠᠢᠨᠴᠠᠵᠦ᠂ ᠨᠢᠭᠡ ᠪᠥᠮᠪᠥᠭᠡ ᠴᠦ᠍ ᠠᠯᠳᠠᠭ᠎ᠠ ᠦᠭᠡᠢ ᠭᠠᠷᠮᠠᠭᠠᠢ ᠬᠠᠮᠠᠭᠠᠯᠠᠯᠳᠠ ᠪᠡᠷ ᠰᠢᠭᠰᠢᠶ᠎ᠡ ᠤᠷᠤᠯᠳᠤᠭᠠᠨ᠎ᠳᠦ ᠳᠠᠪᠰᠢᠬᠰᠠᠨ ᠶᠤᠮ᠃

ᠢᠷᠡᠯᠲᠡ᠄ ᠲᠥᠪ ᠲᠧᠯᠸᠢᠰ᠎ᠦᠨ ᠪᠡᠶ᠎ᠡ᠎ᠶᠢᠨ ᠲᠠᠮᠢᠷ ᠰᠤᠪᠠᠭ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号