ᠥᠪᠥᠷ ᠮᠣᠩᠭᠣᠯ᠎ᠤᠨ ᠥᠪᠡᠷᠲᠡᠭᠡᠨ ᠵᠠᠰᠠᠬᠤ
ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ 2026 ᠤᠨ᠎ᠳᠤ
ᠥᠪᠥᠷ ᠮᠣᠩᠭᠣᠯ ᠵᠠᠮ ᠬᠠᠷᠢᠯᠴᠠᠭ᠎ᠠ ᠪᠠ ᠵᠢᠭᠤᠯᠴᠢᠯᠠᠯ᠎ᠤᠨ ᠠᠭᠤᠰᠤᠯᠴᠠᠯ᠎ᠢ ᠦᠷᠭᠦᠯᠵᠢᠯᠡᠨ ᠭᠦᠨᠵᠡᠭᠡᠢᠷᠡᠭᠦᠯᠬᠦ
ᠪᠣᠯᠣᠨ᠎ᠠ᠃ ᠬᠥᠬᠡᠬᠣᠲᠠ ᠵᠢᠨ S237 ᠱᠤᠭᠤᠮ᠂ ᠲᠦᠩᠯᠢᠶᠣᠣ ᠬᠤᠳᠠ ᠵᠢᠨ G111 ᠱᠤᠭᠤᠮ᠂ ᠤᠯᠠᠭᠠᠨᠬᠠᠳᠠ ᠬᠤᠳᠠ
ᠵᠢᠨ S530 ᠱᠤᠭᠤᠮ᠂ ᠤᠯᠠᠭᠠᠨᠴᠠᠪ ᠬᠤᠳᠠ
ᠵᠢᠨ S533 ᠱᠤᠭᠤᠮ᠂ ᠪᠠᠶᠠᠨᠨᠠᠭᠤᠷ ᠬᠤᠳᠠ
ᠵᠢᠨ G331 ᠱᠤᠭᠤᠮ᠂ ᠰᠢᠯᠢ᠎ᠶᠢᠨ ᠭᠣᠣᠯ
ᠠᠢᠮᠠᠭ ᠤᠨ G331 ᠱᠤᠭᠤᠮ ᠵᠡᠷᠭᠡ 6 ᠵᠤᠷᠪᠤᠰ᠂
ᠨᠡᠢ᠍ᠢᠳᠡ 408 ᠺᠢᠯᠤᠮᠸᠲᠷ᠎ᠤᠨ ᠵᠢᠭᠤᠯᠴᠢᠯᠠᠯ ᠤᠨ ᠵᠠᠰᠠᠮᠠᠯ ᠵᠠᠮ᠎ᠢ ᠵᠠᠰᠠᠵᠦ ᠥᠪᠥᠷ ᠮᠣᠩᠭᠣᠯ᠎ᠤᠨ ᠥᠪᠡᠰᠦᠪᠡᠨ
ᠲᠡᠷᠭᠡ ᠵᠢᠯᠤᠭᠣᠳᠴᠤ ᠵᠢᠭᠤᠯᠴᠢᠯᠠᠬᠤ ᠵᠠᠮ ᠬᠠᠷᠢᠯᠴᠠᠭᠠᠨ᠎ᠤ ᠲᠣᠣᠷ ᠰᠦᠯᠵᠢᠶ᠎ᠡ᠎ᠵᠢ ᠴᠢᠨᠠᠭᠰᠢᠳᠠ ᠨᠢᠭ᠍ᠲᠠ ᠰᠦᠯᠵᠢᠬᠦ
ᠪᠤᠯᠤᠨ᠎ᠠ᠃
ᠥᠪᠡᠷᠲᠡᠭᠡᠨ ᠵᠠᠰᠠᠬᠤᠤᠷᠣᠨᠤ ᠵᠠᠮ
ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ᠎ᠳᠠᠭᠠᠨ᠂
ᠵᠢᠭᠤᠯᠴᠢᠯᠠᠯ᠎ᠤᠨ ᠵᠠᠰᠠᠮᠠᠯ ᠵᠠᠮ᠎ᠢ ᠵᠠᠰᠠᠬᠤ᠎ᠠᠴᠠ ᠭᠠᠳᠠᠨ᠎ᠠ᠂ ᠡᠨᠡ ᠵᠢᠯ ᠪᠠᠰᠠ 《ᠵᠠᠮ ᠬᠠᠷᠢᠯᠴᠠᠭ᠎ᠠ + ᠰᠣᠶᠣᠯ
ᠵᠢᠭᠤᠯᠴᠢᠯᠠᠯ》᠎ᠤᠨ ᠬᠠᠩᠭᠠᠯᠭ᠎ᠠ ᠬᠡᠷᠡᠭᠴᠡᠭᠡ᠎ᠶᠢ ᠵᠣᠯᠭᠠᠭᠤᠯᠬᠤ ᠲᠠᠪᠴᠠᠩ ᠪᠠᠢᠭᠤᠯᠵᠤ᠂ ᠭᠣᠣᠯᠳᠠᠯᠭ᠎ᠠ᠎ᠲᠠᠢ
ᠦᠵᠡᠮᠵᠢ ᠵᠢᠨ ᠤᠷᠣᠨ᠎ᠤ ᠨᠡᠶ᠋ᠢᠲᠡ᠎ᠶᠢᠨ ᠵᠠᠮ ᠬᠠᠷᠢᠯᠴᠠᠭᠠᠨ᠎ᠤ ᠲᠤᠰᠬᠠᠢ ᠱᠤᠭᠤᠮ᠎ᠢ ᠨᠠᠪᠲᠠᠷᠡᠭᠦᠯᠵᠦ᠂ ᠰᠣᠶᠣᠯ
ᠵᠢᠭᠤᠯᠴᠢᠯᠠᠯ᠎ᠤᠨ ᠠᠵᠢᠯᠯᠠᠭ᠎ᠠ᠎ᠶᠢ ᠵᠤᠯᠭᠠᠭᠤᠯᠬᠤ ᠦᠢᠯᠡᠴᠢᠯᠡᠭᠡ ᠬᠠᠩᠭᠠᠵᠤ᠂ ᠵᠢᠭᠤᠯᠴᠢᠯᠠᠯ᠎ᠤᠨ ᠲᠤᠰᠬᠠᠢ ᠭᠠᠯᠲᠤ
ᠲᠡᠷᠭᠡ᠂ ᠨᠠᠰᠤᠲᠠᠳ᠎ᠤᠨ ᠵᠢᠭᠤᠯᠴᠢᠯᠠᠯ᠎ᠤᠨ ᠭᠠᠯᠲᠤ ᠲᠡᠷᠭᠡ᠂ ᠠᠭᠠᠷ᠎ᠤᠨ ᠠᠶᠠᠯᠠᠯ᠎ᠤᠨ ᠲᠦᠷᠭᠡᠨ ᠱᠤᠭᠤᠮ᠂ ᠠᠶᠠᠨᠴᠢᠨ᠎ᠤ
ᠵᠦᠭᠡᠭᠡᠪᠦᠷᠢ᠎ᠶᠢᠨ ᠲᠤᠰᠬᠠᠢ ᠨᠢᠰᠬᠡᠯ ᠵᠡᠷᠭᠡ᠎ᠶᠢ ᠭᠠᠷᠭᠠᠵᠤ᠂ ᠠᠳᠠᠯᠢ ᠪᠤᠰᠤ ᠬᠥᠮᠥᠰ᠎ᠦᠨ ᠶᠠᠪᠤᠵᠤ ᠰᠠᠭᠤᠬᠤ
ᠬᠡᠷᠡᠭᠴᠡᠭᠡ᠎ᠶᠢ ᠬᠠᠩᠭᠠᠨ᠎ᠠ ᠭᠡᠵᠡᠢ᠃
2025 ᠤᠨ᠎ᠳᠤ᠂ ᠥᠪᠥᠷ ᠮᠣᠩᠭᠣᠯ᠎ᠤᠨ
3A
ᠲᠠᠰ᠎ᠠᠴᠠ
ᠳᠡᠭᠡᠭᠰᠢᠬᠢ ᠦᠵᠡᠮᠵᠢᠶᠢᠨᠤᠷᠣᠨᠳᠤ ᠴᠥᠮ ᠳᠡᠰ᠎ᠲᠦ ᠵᠠᠰᠠᠮᠠᠯ ᠵᠠᠮ ᠨᠡᠪᠲᠡᠷᠡᠵᠦ᠂ ᠤᠯᠤᠰ᠎ᠤᠨ ᠵᠠᠮ 331 ᠬᠠᠮᠤᠭ᠎ᠤᠨ
ᠭᠣᠶᠣ᠌ ᠬᠢᠯᠢ᠎ᠶᠢᠨ ᠵᠠᠰᠠᠮᠠᠯ ᠵᠠᠮ ᠵᠡᠷᠭᠡ ᠨᠢᠭᠡ ᠪᠦᠯᠦᠭᠤᠨᠴᠠᠯᠢᠭ᠍ᠲᠤ ᠵᠢᠭᠤᠯᠴᠢᠯᠠᠯ᠎ᠤᠨ ᠵᠠᠰᠠᠮᠠᠯ
ᠵᠠᠮ ᠨᠢ ᠥᠪᠡᠰᠦᠪᠡᠨ ᠲᠡᠷᠭᠡ ᠵᠢᠯᠤᠭᠣᠳᠬᠤ ᠪᠠᠬᠠᠲᠠᠳ᠎ᠤᠨ ᠰᠣᠩᠭᠣᠯᠲᠠ ᠪᠣᠯᠵᠤ᠂ 23 ᠵᠢᠭᠤᠯᠴᠢᠯᠠᠯ᠎ᠤᠨ ᠬᠡᠯᠪᠡᠷᠢ᠎ᠶᠢᠨ
ᠦᠢᠯᠡᠴᠢᠯᠡᠭᠡᠨ᠎ᠦ ᠲᠣᠭᠣᠷᠢᠭ᠋᠂ 6 ᠬᠣᠣᠰ ᠴᠢᠨᠠᠷ ᠴᠢᠨᠰᠠᠭᠠᠰᠠᠢᠳᠠᠢ ᠵᠢᠱ᠌ᠢᠶ᠎ᠡ ᠦᠵᠡᠭᠦᠯᠬᠦ ᠦᠢᠯᠡᠴᠢᠯᠡᠭᠡᠨ᠎ᠦ
ᠲᠣᠭᠣᠷᠢᠭ᠋ᠢᠢᠵᠢᠯ ᠠᠯᠬᠤᠮ᠎ᠢᠶᠠᠷ ᠬᠦᠭᠵᠢᠭᠦᠯᠪᠠ᠂ ᠡᠭᠦᠨ᠎ᠳᠦ ᠭᠠᠯᠲᠤ ᠠᠭᠤᠯᠠ᠎ᠶᠢᠨ ᠭᠠᠵᠠᠷ ᠰᠢᠨᠵᠢᠯᠡᠭᠡᠨ᠎ᠦ
ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠪᠠ ᠰᠠᠨᠰᠠᠷ᠎ᠤᠨ ᠠᠶᠠᠯᠠᠯ᠎ᠤᠨ ᠰᠣᠶᠣᠯ᠎ᠲᠠᠢ ᠠᠭᠤᠰᠤᠯᠴᠠᠭᠰᠠᠨ
ᠪᠠᠶᠠᠨᠨᠠᠭᠤᠷ ᠦᠢᠯᠡᠴᠢᠯᠡᠭᠡᠨ᠎ᠦ ᠲᠣᠭᠣᠷᠢᠭ᠋ ᠵᠢᠴᠢ ᠡᠯᠡᠰᠦᠨ ᠴᠥᠯ᠎ᠦᠨ ᠵᠠᠩ ᠦᠶ᠋ᠯᠡ᠎ᠪᠡᠷ ᠭᠣᠣᠯ ᠰᠡᠳᠦᠪ ᠪᠣᠯᠭᠠᠭᠰᠠᠨ
ᠪᠦᠷᠢᠶ᠎ᠡ ᠮᠠᠩᠬ᠎ᠠ᠎ᠶᠢᠨ ᠦᠢᠯᠡᠴᠢᠯᠡᠭᠡᠨ᠎ᠦ ᠲᠣᠭᠣᠷᠢᠭ᠋ ᠨᠢ ᠥᠪᠡᠷᠮᠢᠴᠡ ᠦᠵᠡᠮᠵᠢ ᠪᠠᠷ ᠵᠢᠡᠨ
ᠵᠢᠭᠤᠯᠴᠢᠯᠠᠭᠰᠠᠳ᠎ᠢ ᠲᠠᠲᠠᠵᠦ᠂ ᠥᠪᠥᠷ ᠮᠣᠩᠭᠣᠯ᠎ᠤᠨ ᠵᠢᠭᠤᠯᠴᠢᠯᠠᠯ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃