ᠵᠢᠦᠶᠤᠸᠠᠨ ᠲᠣᠭᠣᠷᠢᠭ ᠤᠯᠤᠰ ᠤ᠋ᠨ ᠨᠡᠢᠳᠡᠮ ᠬᠡᠷᠡᠭ᠌ᠯᠡᠬᠦ᠌ ᠦᠬᠡ ᠬᠡᠯᠡ ᠦᠰᠦᠭ ᠪᠢᠴᠢᠭ᠎ᠤᠨ ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠥᠮᠦᠵᠢᠯ ᠤ᠋ᠨ ᠱᠢᠨ᠎ᠡ ᠠᠷᠭ᠎ᠠ ᠵᠠᠮ ᠢ᠋ ᠬᠠᠢᠨ ᠰᠦᠪᠡᠭ᠌ᠴᠢᠯᠡᠵᠤ ᠪᠠᠢᠨ᠎ᠠ
2026-01-21 09:41:46
ᠵᠣᠬᠢᠶᠠᠭ᠍ᠴᠢ᠄
ᠰᠦᠩ ᠠ ᠨᠠᠨ ᠸᠠᠩ ᠵᠢᠶᠠ ᠨᠢᠢ
ᠣᠩᠱᠢᠭ᠍ᠰᠠᠨ ᠣᠳᠠᠭ᠎ᠠ᠄
★★★☆☆

ᠡᠪᠦᠯ ᠤ᠋ᠨ ᠴᠢᠯᠦᠬᠡ ᠳᠠᠯᠪᠢᠴᠢᠬᠠᠯ᠎ᠠ᠃ ᠪᠤᠭᠤᠲᠤ ᠬᠤᠳᠠ ᠶ᠋ᠢᠨ ᠵᠢᠦᠶᠤᠸᠠᠨ ᠲᠣᠭᠣᠷᠢᠭ ᠤ᠋ᠨ ᠡᠯ᠎ᠡ ᠠᠯᠪᠠᠨ ᠡᠴᠡ ᠡᠷᠬᠢᠯᠡᠭ᠌ᠰᠡᠨ ᠬᠡᠦᠬᠡᠳ ᠤ᠋ᠨ ᠴᠡᠴᠡᠷᠯᠢᠭ ᠤ᠋ᠳ ᠬᠡᠳᠦᠢᠪᠡᠷ ᠨᠠᠮ ᠵᠢᠮ ᠪᠤᠯᠤᠭᠰᠠᠨ ᠪᠣᠯᠪᠠᠴᠤ᠌ 《AI ᠪᠡᠷ ᠬᠦᠴᠦᠨ ᠤᠯᠭᠤᠬᠤ》 ᠪᠡᠷ ᠣᠨᠴᠠᠯᠢᠭ ᠪᠣᠯᠭᠠᠭ᠍ᠰᠠᠨ ᠦᠭᠡ ᠬᠡᠯᠡᠨ ᠤ᠋ ᠰᠤᠷᠤᠯᠴᠠᠯᠭ᠎ᠠ ᠨᠢ ᠬᠡᠦᠬᠡᠳ ᠤ᠋ᠨ ᠦᠰᠦᠨ ᠪᠣᠢᠵᠢᠯᠲᠠ ᠶ᠋ᠢᠨ ᠳᠤᠷᠠᠰᠤᠮᠵᠢ ᠳ᠋ᠦ ᠠᠭᠤᠰᠴᠠᠢ᠃

ᠤᠢᠯᠠᠭᠠᠭᠰᠠᠨ ᠢ᠋ᠶ᠋ᠠᠷ᠂ ᠵᠢᠦᠶᠤᠸᠠᠨ ᠲᠣᠭᠣᠷᠢᠭ ᠠᠯᠪᠠᠨ ᠡᠴᠡ ᠡᠷᠭᠢᠯᠡᠭ᠌ᠰᠡᠨ ᠬᠡᠦᠬᠡᠳ ᠤ᠋ᠨ ᠴᠡᠴᠡᠷᠯᠢᠭ ᠤ᠋ᠳ ᠲᠦ᠍ ᠰᠤᠷᠭᠠᠭᠤᠯᠢ ᠵᠢᠨ ᠨᠠᠰᠤᠨ ᠡᠴᠡ ᠡᠮᠦᠨᠡᠬᠢ ᠣᠶᠤᠨᠴᠢ ᠬᠠᠪᠰᠤᠷᠤᠨ ᠰᠤᠷᠭᠠᠬᠤ ᠱᠢᠰᠲ᠋ᠧᠮ ᠳ᠋ᠦ ᠦᠷᠭᠦᠯᠵᠢᠯᠡᠨ ᠪᠠᠯᠠ ᠣᠷᠣᠭᠤᠯᠬᠤ ᠶ᠋ᠢᠨ ᠬᠠᠮᠲᠤ ᠳᠡᠯᠭᠡᠷᠡᠭᠦᠯᠦᠨ ᠬᠡᠷᠡᠭ᠌ᠯᠡᠵᠦ᠍᠂ ᠵᠣᠬᠢᠶᠠᠮᠠᠯ ᠣᠶᠤᠨ ᠴᠢᠳᠠᠪᠤᠷᠢ ᠶ᠋ᠢᠨ ᠮᠡᠷᠭᠡᠵᠢᠯ ᠬᠢᠭᠡᠳ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠤ᠋ᠨ ᠵᠢᠭᠠᠨ ᠰᠤᠷᠭᠠᠯᠲᠠ ᠶ᠋ᠢᠨ ᠭᠦᠨᠵᠡᠭᠡᠶ ᠠᠭᠤᠰᠤᠯᠴᠠᠯ ᠢ᠋ ᠠᠬᠢᠭᠤᠯᠪᠠ᠃ ᠰᠠᠶᠢᠬᠠᠨ ᠥᠩᠭᠡᠷᠡᠭ᠌ᠰᠡᠨ ᠰᠤᠷᠤᠯᠭ᠎ᠠ ᠶ᠋ᠢᠨ ᠬᠤᠭᠤᠴᠠᠭ᠎ᠠ ᠵᠢ ᠡᠷᠭᠢᠴᠡᠭᠦᠯᠬᠦᠶ᠎ᠡ᠂ ᠡᠨᠡ ᠬᠦ᠌ ᠱᠢᠰᠲ᠋ᠧᠮ ᠨᠢ ᠨᠢᠭᠡᠨᠲᠡ ᠪᠠᠭ᠍ᠰᠢ ᠨᠠᠷ ᠤ᠋ᠨ ᠵᠢᠭᠠᠨ ᠰᠤᠷᠭᠠᠯᠲᠠ ᠶ᠋ᠢᠨ ᠰᠠᠢᠨ ᠲᠤᠰᠠᠯᠠᠮᠵᠢ ᠪᠠ ᠬᠡᠦᠬᠡᠳ ᠤ᠋ᠨ ᠰᠠᠢᠨ ᠬᠠᠨᠢᠲᠠᠨ ᠪᠣᠯᠵᠣ᠂ ᠰᠤᠷᠤᠯᠴᠠᠬᠤ ᠶᠠᠪᠤᠴᠠ ᠵᠢ ᠨᠡᠩ ᠠᠮᠢᠳᠤᠯᠢᠭ ᠪᠥᠭᠡᠳ ᠪᠦᠲᠦᠮᠵᠢᠲᠡᠶ ᠪᠣᠯᠭᠠᠭᠰᠠᠨ ᠪᠠᠢᠨ᠎ᠠ᠃

ᠵᠢᠦᠶᠤᠸᠠᠨ ᠲᠣᠭᠣᠷᠢᠭ ᠤ᠋ᠨ ᠬᠣᠶᠠᠳᠤᠭᠠᠷ ᠬᠡᠦᠬᠡᠳ ᠤ᠋ᠨ ᠴᠡᠴᠡᠷᠯᠢᠭ ᠲᠦ᠍ ᠪᠠᠭ᠍ᠰᠢ ᠨᠠᠷ ᠰᠤᠷᠭᠠᠭᠤᠯᠢ ᠵᠢᠨ ᠨᠠᠰᠤᠨ ᠡᠴᠡ ᠡᠮᠦᠨᠡᠬᠢ ᠣᠶᠤᠨᠴᠢ ᠬᠠᠪᠰᠤᠷᠤᠨ ᠰᠤᠷᠭᠠᠬᠤ ᠱᠢᠰᠲ᠋ᠧᠮ ᠢ᠋ ᠠᠱᠢᠭ᠍ᠯᠠᠵᠤ᠂ ᠬᠡᠦᠬᠡᠳ ᠢ᠋ ᠳᠠᠭᠠᠭᠤᠯᠤᠨ ᠠᠮᠢᠳᠤᠯᠢᠭ ᠰᠣᠨᠢᠷᠬᠠᠯᠲᠠᠶ ᠤᠯᠤᠰ ᠤ᠋ᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠎ᠤᠨ ᠴᠢᠳᠠᠪᠤᠷᠢ ᠶ᠋ᠢᠨ ᠶᠡᠷᠦᠩᠬᠡᠢᠯᠡᠭ᠌ᠰᠡᠨ ᠱᠢᠯᠭᠠᠨ ᠦᠨᠡᠯᠡᠯᠲᠡ ᠬᠢᠪᠠ᠃ ᠳᠡᠯᠭᠡᠴᠡ ᠳᠡᠭᠡᠷᠡᠬᠢ ᠬᠥᠭᠡᠷᠦᠬᠦᠨ ᠬᠡᠥᠬᠡᠯᠳᠡᠢ᠂ ᠲᠣᠳᠣ ᠪᠠᠷᠢᠮᠵᠢᠶ᠎ᠠ ᠠᠪᠢᠶ᠎ᠠ ᠵᠡᠷᠬᠡ ᠨᠢ ᠬᠡᠦᠬᠡᠳ ᠤ᠋ᠨ ᠠᠩᠬᠠᠷᠤᠯ ᠢ᠋ ᠮᠠᠰᠢ ᠲᠠᠲᠠᠨ᠎ᠠ᠃ ᠲᠠᠳᠠ 《ᠠᠮᠲᠠᠲᠤ ᠢᠳᠡᠭᠡᠨ》 ᠵᠡᠷᠭᠡ ᠠᠮᠢᠳᠤᠷᠠᠯᠴᠢᠯᠠᠭ᠍ᠰᠠᠨ ᠦᠭᠡ ᠥᠭᠦᠯᠡᠪᠦᠷᠢ ᠵᠢ ᠢᠳᠡᠪᠬᠢᠲᠡᠶ᠎ᠲᠠᠭᠠᠨ ᠤᠩᠱᠢᠵᠤ᠂ ᠮᠠᠱᠢᠨ ᠬᠥᠮᠦᠨ ᠲᠠᠢ ᠵᠣᠷᠢᠭ᠍ᠲᠠᠶ ᠶᠠᠷᠢᠯᠴᠠᠨ ᠢᠳᠡᠪᠬᠢᠲᠡᠶ ᠳᠠᠭᠤᠷᠢᠶᠠᠵᠤ᠂ ᠦᠭᠡ ᠬᠡᠯᠡᠨ ᠤ᠋ ᠢᠯᠡᠳᠭᠡᠬᠦ᠌ ᠤᠷᠮ᠎ᠠ ᠪᠠᠬ᠎ᠠ ᠪᠤᠯᠤᠨ ᠢᠲᠡᠭᠡᠯ ᠵᠣᠷᠢᠭ ᠢ᠋ᠶ᠋ᠠᠨ ᠬᠥᠭ᠌ᠵᠢᠭᠡᠨ᠎ᠠ᠃

《ᠤᠳᠠᠭ᠎ᠠ ᠪᠦᠷᠢ ᠶ᠋ᠢᠨ ᠱᠢᠯᠭᠠᠯᠲᠠ ᠶ᠋ᠢᠨ ᠳᠠᠷᠠᠭ᠎ᠠ ᠪᠢᠳᠡ ᠪᠦᠷ ᠠᠩᠭᠢ ᠶ᠋ᠢᠨ ᠬᠡᠦᠬᠡᠳ ᠤ᠋ᠨ ᠵᠢᠡᠨ ᠤᠯᠤᠰ ᠤ᠋ᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠤᠨ ᠴᠢᠳᠠᠪᠤᠷᠢ ᠶ᠋ᠢᠨ ᠲᠦᠪᠱᠢᠨ ᠢ᠋ ᠲᠣᠳᠣᠷᠬᠠᠶ ᠣᠯᠵᠤ ᠬᠠᠷᠠᠬᠤ ᠪᠣᠯᠤᠨ᠎ᠠ᠂ ᠡᠨᠡ ᠨᠢ ᠪᠢᠳᠡᠨ ᠳ᠋ᠦ ᠬᠡᠦᠬᠡᠳ ᠨᠢᠭᠡᠪᠦᠷᠢ ᠶ᠋ᠢᠨ ᠬᠥᠭ᠌ᠵᠢᠯᠲᠡ ᠶ᠋ᠢᠨ ᠪᠠᠢᠳᠠᠯ ᠢ᠋ ᠲᠦᠷᠭᠡᠨ ᠣᠢᠯᠠᠭᠠᠬᠤ᠂ ᠥᠪᠡᠷᠮᠢᠴᠡ ᠣᠨᠣᠴᠠᠲᠠᠶ ᠵᠢᠯᠣᠭᠣᠳᠣᠯᠭ᠎ᠠ ᠬᠢᠬᠦ ᠳ᠋ᠦ ᠠᠱᠢᠭ᠍ᠲᠠᠶ ᠶᠤᠮ》 ᠭᠡᠵᠦ ᠯᠢᠦ ᠹᠦ᠋ ᠲᠦᠩ ᠪᠠᠭ᠍ᠰᠢ ᠳᠡᠭᠡᠷ᠎ᠡ ᠬᠤᠭᠤᠴᠠᠭᠠᠨ ᠤ᠋ ᠵᠢᠭᠠᠨ ᠰᠤᠷᠭᠠᠯᠲᠠ ᠪᠠᠨ ᠡᠷᠭᠢᠴᠡᠭᠦᠯᠦᠨ ᠬᠦᠨ ᠲᠦᠷᠦᠭ᠌ᠳᠡᠯ᠎ᠲᠠᠢ ᠶᠠᠷᠢᠵᠤ ᠪᠠᠢᠯ᠎ᠠ᠃

ᠣᠢᠯᠠᠭᠠᠭ᠍ᠰᠠᠨ ᠢ᠋ᠶ᠋ᠠᠷ᠂ ᠡᠨᠡ ᠬᠦ᠌ ᠢᠵᠢ 《3 — 6 ᠨᠠᠰᠤᠨ ᠤ᠋ ᠬᠡᠦᠬᠡᠳ ᠤ᠋ᠨ ᠰᠤᠷᠤᠯᠴᠠᠯᠭ᠎ᠠ ᠪᠠ ᠬᠥᠭ᠌ᠵᠢᠯᠲᠡ ᠶ᠋ᠢᠨ ᠵᠦᠭ᠌ᠯᠡᠭᠦᠷ》 ᠢ᠋ᠶ᠋ᠠᠷ ᠲᠦᠱᠢᠭ ᠪᠣᠯᠭᠠᠭ᠍ᠰᠠᠨ ᠰᠤᠷᠭᠠᠭᠤᠯᠢ ᠵᠢᠨ ᠨᠠᠰᠤᠨ ᠡᠴᠡ ᠡᠮᠦᠨᠡᠬᠢ ᠣᠶᠤᠨᠴᠢ ᠬᠠᠪᠰᠤᠷᠤᠨ ᠰᠤᠷᠭᠠᠬᠤ ᠱᠢᠰᠲ᠋ᠧᠮ ᠨᠢ ᠠᠪᠢᠶᠠᠨ ᠤ᠋ ᠰᠣᠯᠢᠯᠴᠠᠭ᠎ᠠ᠂ ᠲᠣᠮᠣ ᠳ᠋ᠠᠢᠲ᠋ᠠ ᠶ᠋ᠢᠨ ᠵᠠᠳᠠᠯᠤᠯᠲᠠ ᠵᠡᠷᠭᠡ ᠬᠣᠱᠢᠭᠤᠷᠠᠯ ᠮᠡᠷᠭᠡᠵᠢᠯ ᠢ᠋ ᠠᠭᠤᠰᠤᠯᠴᠠᠭᠤᠯᠵᠤ᠂ ᠪᠠᠭ᠍ᠰᠢ ᠨᠠᠷ ᠲᠦ᠍ ᠬᠢᠴᠢᠶᠡᠯ ᠪᠡᠯᠡᠳᠭᠡᠬᠦ᠌᠂ ᠬᠢᠴᠢᠶᠡᠯᠯᠡᠬᠦ᠌᠂ ᠦᠨᠡᠯᠡᠨ ᠵᠢᠱ᠌ᠢᠬᠦ᠌ ᠪᠥᠬᠥ᠌ ᠶᠠᠪᠤᠴᠠ ᠵᠢ ᠬᠠᠮᠤᠷᠤᠭ᠍ᠰᠠᠨ ᠲᠤᠰᠠᠯᠠᠮᠵᠢ ᠬᠠᠩᠭᠠᠨ᠂ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠤ᠋ᠨ ᠵᠢᠭᠠᠨ ᠰᠤᠷᠭᠠᠯᠲᠠ ᠵᠢ ᠨᠠᠩ ᠱᠢᠨᠵᠢᠯᠡᠬᠦ᠌ ᠤᠬᠠᠭᠠᠨᠴᠢ ᠪᠥᠭᠡᠳ ᠥᠨᠳᠥᠷ ᠪᠦᠲᠦᠮᠵᠢᠲᠡᠶ ᠪᠣᠯᠭᠠᠪᠠ᠃ 《ᠠᠷᠤ ᠲᠠᠪᠴᠠᠩ ᠤ᠋ᠨ ᠬᠠᠮᠢᠶᠠᠷᠤᠯᠲᠠ ᠪᠡᠷ ᠳᠠᠮᠵᠢᠨ ᠪᠥᠬᠥ᠌ ᠴᠡᠴᠡᠷᠯᠢᠭ ᠤ᠋ᠨ ᠡᠯ᠎ᠡ ᠠᠩᠭᠢ ᠶ᠋ᠢᠨ ᠵᠢᠭᠠᠨ ᠰᠤᠷᠭᠠᠯᠲᠠ ᠶ᠋ᠢᠨ ᠪᠠᠢᠳᠠᠯ᠂ ᠡᠬᠢ ᠪᠠᠶᠠᠯᠢᠭ ᠤ᠋ᠨ ᠬᠡᠷᠡᠭ᠌ᠯᠡᠯᠲᠡ ᠶ᠋ᠢᠨ ᠪᠠᠢᠳᠠᠯ ᠵᠢᠴᠢ ᠬᠡᠦᠬᠡᠳ ᠤ᠋ᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠢ ᠱᠢᠯᠭᠠᠨ ᠦᠨᠡᠯᠡᠭᠰᠡᠨ ᠲᠣᠭ᠎ᠠ ᠪᠠᠷᠢᠮᠲᠠ ᠵᠢ ᠴᠥᠮ ᠲᠣᠪ ᠲᠣᠳᠣᠷᠬᠠᠶ ᠤᠯᠵᠦ ᠬᠠᠷᠠᠳᠠᠭ》 ᠬᠡᠵᠤ ᠵᠢᠦᠶᠤᠸᠠᠨ ᠲᠣᠭᠣᠷᠢᠭ ᠤ᠋ᠨ ᠬᠣᠶᠠᠳᠤᠭᠠᠷ ᠬᠡᠦᠬᠡᠳ ᠤ᠋ᠨ ᠴᠡᠴᠡᠷᠯᠢᠭ ᠤ᠋ᠨ ᠳᠡᠳ᠋ ᠳᠠᠷᠤᠭ᠎ᠠ ᠯᠢᠦ ᠶᠠᠩ ᠬᠡᠯᠡᠨ᠎ᠠ᠃ 《ᠲᠣᠭ᠎ᠠ ᠪᠠᠷᠢᠮᠲᠠ ᠳ᠋ᠦ ᠰᠠᠭᠤᠷᠢᠯᠠᠭ᠍ᠰᠠᠨ ᠡᠢᠮᠦᠷᠬᠦᠤ ᠨᠠᠷᠢᠯᠢᠭ ᠣᠨᠣᠴᠠᠲᠠᠶ ᠠᠵᠢᠭ᠍ᠯᠠᠯᠲᠠ ᠨᠢ ᠵᠢᠭᠠᠨ ᠰᠤᠷᠭᠠᠯᠲᠠ ᠶ᠋ᠢᠨ ᠬᠠᠮᠢᠶᠠᠷᠤᠯᠲᠠ ᠪᠠ ᠵᠢᠭᠠᠨ ᠰᠤᠷᠭᠠᠯᠲᠠ ᠶ᠋ᠢᠨ ᠵᠢᠯᠣᠭᠣᠳᠣᠯᠭ᠎ᠠ ᠵᠢ ᠨᠠᠩ ᠱᠢᠨᠵᠢᠯᠡᠬᠦ᠌ ᠤᠬᠠᠭᠠᠨᠴᠢ ᠦᠨᠳᠦᠰᠦᠯᠡᠯ ᠲᠡᠶ ᠪᠣᠯᠭᠠᠵᠤ᠂ ᠬᠡᠦᠬᠡᠳ ᠤ᠋ᠨ ᠴᠡᠴᠡᠷᠯᠢᠭ ᠤ᠋ᠨ ᠰᠤᠷᠭᠠᠨ ᠬᠥᠮᠦᠵᠢᠯ ᠤ᠋ᠨ ᠶᠠᠰᠤ ᠴᠢᠨᠠᠷ ᠤ᠋ᠨ ᠪᠦᠬᠦᠯᠢ ᠴᠣᠭ᠍ᠴᠠ ᠶ᠋ᠢᠨ ᠳᠡᠭᠡᠭ᠌ᠰᠢᠯᠡᠯᠲᠡ ᠵᠢ ᠠᠬᠢᠭᠤᠯᠪᠠ》 ᠭᠡᠵᠤ ᠲᠠᠷᠠ ᠨᠦᠬᠦᠪᠤᠷᠢᠯᠡᠨ᠎ᠠ᠃

ᠤᠢ᠍ᠢᠷ᠎ᠠ ᠶ᠋ᠢᠨ ᠵᠢᠯ ᠡᠴᠡ ᠨᠠᠭᠠᠰᠢ᠂ ᠵᠢᠦᠶᠤᠸᠠᠨ ᠲᠣᠭᠣᠷᠢᠭ᠎ᠤᠨ ᠬᠢᠨ ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠥᠮᠦᠵᠢᠯ ᠤ᠋ᠨ ᠱᠠᠲᠤᠨ ᠡᠴᠡ ᠡᠬᠢᠯᠡᠨ ᠠᠳᠭᠤᠵᠤ᠂ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠬᠡᠷᠡᠭ᠌ᠯᠡᠭᠡᠨ ᠤ᠋ ᠴᠢᠳᠠᠪᠤᠷᠢ ᠵᠢ ᠳᠡᠭᠡᠭ᠌ᠰᠢᠯᠡᠭᠦᠯᠬᠦ᠌ ᠲᠦᠷᠦᠯ ᠵᠦᠢᠯ ᠢ᠋ ᠭᠦᠨᠵᠡᠭᠡᠢ ᠬᠡᠷᠡᠭ᠌ᠵᠢᠭᠦᠯᠪᠡ᠃ ᠰᠤᠷᠭᠠᠭᠤᠯᠢ ᠵᠢᠨ ᠨᠠᠰᠤᠨ ᠡᠴᠡ ᠡᠮᠦᠨᠡᠬᠢ ᠣᠶᠤᠨᠴᠢ ᠬᠠᠪᠰᠤᠷᠤᠨ ᠰᠤᠷᠭᠠᠬᠤ ᠱᠢᠰᠲ᠋ᠧᠮ ᠢ᠋ ᠡᠳᠦᠷ ᠲᠤᠲᠤᠮ ᠤ᠋ᠨ ᠵᠢᠭᠠᠨ ᠰᠤᠷᠭᠠᠯᠲᠠ ᠳ᠋ᠦ ᠪᠥᠬᠥ᠌ ᠲᠠᠯ᠎ᠠ ᠪᠡᠷ ᠣᠷᠣᠭᠤᠯᠬᠤ ᠶ᠋ᠢᠨ ᠬᠠᠮᠲᠤ ᠳᠤᠮᠳᠠᠳᠤ ᠶ᠋ᠢᠨ ᠱᠢᠯᠢᠳᠡᠭ ᠤᠯᠠᠮᠵᠢᠯᠠᠯᠲᠤ ᠰᠣᠶᠣᠯ ᠢ᠋ ᠤᠯᠠᠮᠵᠢᠯᠠᠨ ᠵᠠᠯᠭᠠᠮᠵᠢᠯᠠᠬᠤ ᠵᠡᠷᠭᠡ ᠭᠤᠤᠯ ᠰᠡᠳᠦᠪᠲᠦ ᠠᠵᠢᠯᠯᠠᠭ᠎ᠠ ᠪᠡᠷ ᠳᠡᠮᠵᠢᠨ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ᠋ ᠰᠤᠷᠤᠯᠴᠠᠬᠤ ᠪᠥᠬᠥ᠌ ᠲᠠᠯ᠎ᠠ ᠵᠢᠨ᠂ ᠣᠯᠠᠨ ᠳᠠᠪᠬᠤᠷᠭ᠎ᠠ ᠶ᠋ᠢᠨ ᠣᠷᠴᠢᠨ ᠨᠥᠬᠥᠴᠡᠯ ᠢ᠋ ᠪᠣᠶ ᠪᠣᠯᠭᠠᠵᠦ ᠪᠠᠢᠨ᠎ᠠ᠃

ᠣᠳᠣᠬᠠᠨ ᠪᠣᠯᠲᠠᠯ᠎ᠠ ᠵᠢᠦᠶᠤᠸᠠᠨ ᠲᠣᠭᠣᠷᠢᠭ ᠤ᠋ᠨ ᠪᠦᠬᠦ ᠠᠯᠪᠠᠨ ᠡᠴᠡ ᠡᠷᠭᠢᠯᠡᠭ᠌ᠰᠡᠨ ᠬᠡᠦᠬᠡᠳ ᠤ᠋ᠨ ᠴᠡᠴᠡᠷᠯᠢᠭ ᠲᠦ᠍ ᠨᠢᠭᠡᠨᠲᠡ ᠲᠣᠰ ᠣᠶᠤᠨᠴᠢ ᠱᠢᠰᠲ᠋ᠧᠮ ᠢ᠋ ᠳᠣᠭᠢᠷᠠᠭᠤᠯᠵᠤ᠂ ᠴᠡᠴᠡᠷᠯᠢᠭ ᠲᠦ᠍ ᠪᠠᠢᠭ᠎ᠠ 2800 ᠭᠠᠷᠤᠶ ᠬᠡᠦᠬᠡᠳ ᠲᠦ᠍ ᠠᠱᠢᠭ ᠬᠦᠷᠲᠡᠭᠡᠨ᠂ ᠬᠡᠦᠬᠡᠳ ᠤ᠋ᠨ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠢ᠋ 《ᠰᠣᠨᠣᠰᠴᠤ᠌ ᠣᠢᠯᠠᠭᠠᠬᠤ᠂ ᠬᠡᠯᠡᠵᠦ᠍ ᠴᠢᠳᠠᠬᠤ᠂ ᠵᠤᠷᠢᠭᠳᠠᠢ ᠬᠡᠯᠡᠬᠦ᠂ ᠬᠡᠷᠡᠭ᠌ᠯᠡᠵᠦ᠍ ᠴᠢᠳᠠᠬᠤ》 ᠬᠠᠷᠠᠯᠲᠠ ᠵᠢ ᠪᠡᠶᠡᠯᠡᠭᠦᠯᠬᠦ᠌ ᠳ᠋ᠦ ᠬᠦᠴᠦᠨ ᠨᠡᠮᠡᠷᠢᠯᠡᠵᠦ᠍ ᠪᠠᠢᠨ᠎ᠠ᠃

ᠡᠪᠦᠯ ᠤ᠋ᠨ ᠴᠢᠯᠦᠬᠡ ᠳᠠᠯᠪᠢᠭᠰᠠᠨ ᠪᠤᠯᠪᠠᠴᠤ ᠵᠢᠦᠶᠤᠸᠠᠨ ᠲᠣᠭᠣᠷᠢᠭ᠎ᠤᠨ ᠬᠢᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ ᠢ᠋ᠶ᠋ᠡᠷ ᠰᠤᠷᠭᠠᠨ ᠬᠥᠮᠦᠵᠢᠯ ᠤ᠋ᠨ ᠬᠦᠭᠵᠢᠯᠳᠡ ᠳ᠋ᠤ ᠬᠦᠴᠦᠨ ᠨᠠᠮᠠᠷᠢᠯᠡᠵᠤ᠂ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠰᠤᠷᠤᠯᠴᠠᠯᠭ᠎ᠠ ᠵᠢ ᠰᠤᠷᠭᠠᠭᠤᠯᠢ ᠵᠢᠨ ᠨᠠᠰᠤᠨ ᠡᠴᠡ ᠡᠮᠦᠨᠡᠬᠢ ᠱᠠᠲᠤᠨ ᠳ᠋ᠦ ᠦᠨᠳᠦᠰᠦᠯᠡᠭᠦᠯᠬᠦ ᠵᠢᠨ ᠬᠠᠮᠳᠤ ᠤᠯᠠᠮ ᠠᠮᠢᠳᠤᠯᠢᠭ ᠪᠣᠯᠭᠠᠪᠠ᠃ ᠱᠢᠨ᠎ᠡ ᠰᠤᠷᠤᠯᠭ᠎ᠠ ᠶ᠋ᠢᠨ ᠬᠤᠭᠤᠴᠠᠭ᠎ᠠ ᠵᠢ ᠪᠠᠷᠠᠯᠠᠬᠤᠶ᠎ᠠ᠂ ᠡᠨᠡ ᠬᠦ᠌ ᠣᠶᠤᠨ ᠤᠬᠠᠭᠠᠨ ᠪᠠ ᠬᠠᠢᠷ᠎ᠠ ᠬᠠᠯᠠᠮᠵᠢ ᠵᠢ ᠠᠭᠤᠰᠭᠠᠭ᠍ᠰᠠᠨ ᠰᠦᠪᠡᠭ᠌ᠴᠢᠯᠡᠯ ᠨᠢ ᠦᠷᠭᠦᠯᠵᠢᠯᠡᠨ ᠬᠡᠦᠬᠡᠳ ᠲᠦ᠍ ᠪᠠᠷ᠎ᠠ ᠪᠣᠯᠵᠣ ᠦᠭᠡ ᠬᠡᠯᠡᠨ ᠤ᠋ ᠳᠡᠯᠡᠬᠡᠶ ᠶᠢᠷᠲᠢᠨᠴᠦ᠍ ᠳ᠋ᠦ ᠢᠲᠡᠭᠡᠯ ᠲᠡᠭᠦᠯᠳᠡᠷ ᠢ᠋ᠶ᠋ᠡᠷ ᠠᠶᠠᠯᠠᠯ ᠢ᠋ᠶ᠋ᠠᠨ ᠡᠬᠢᠯᠡᠭᠦᠯᠵᠦ᠍᠂ ᠲᠡᠳᠡᠨ ᠤ᠋ ᠨᠠᠰᠤᠨ ᠲᠤᠷᠱᠢᠳᠠ ᠶ᠋ᠢᠨ ᠬᠥᠭ᠌ᠵᠢᠯᠲᠡ ᠳ᠋ᠦ ᠪᠠᠲᠤ ᠪᠠᠬᠢ ᠰᠠᠭᠤᠷᠢ ᠲᠠᠯᠪᠢᠵᠤ ᠥᠭ᠌ᠬᠦ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号