ᠰᠢ ᠵᠢᠨ ᠫᠢᠩ ᠴᠠᠬᠢᠯᠭᠠᠨ ᠴᠢᠮᠡᠭᠡ ᠶᠠᠪᠤᠭᠤᠯᠵᠤ ᠲᠦᠸᠠᠳᠧᠯᠠ᠎ᠶᠢᠨ ᠪᠦᠬᠦᠳᠠ ᠨᠠᠢᠷᠠᠮᠳᠠᠬᠤ ᠳᠤᠮᠳᠠᠳᠤ ᠠᠹᠷᠢᠺᠠ ᠤᠯᠤᠰ᠎ᠤᠨ ᠶᠡᠷᠦᠩᠬᠡᠢᠯᠡᠭ᠌ᠴᠢ ᠪᠡᠷ ᠦᠷᠬᠦᠯᠵᠢᠯᠡᠨ ᠰᠣᠩᠭᠣᠭ᠍ᠳᠠᠭ᠍ᠰᠠᠨ᠎ᠳᠤ ᠪᠠᠶᠠᠷ ᠬᠦᠷᠭᠡᠪᠡ
2026-01-21 09:32:27
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 20 ᠎ᠤ᠋ ᠡᠳᠦᠷ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠹᠦᠰᠲ᠋ᠠᠨ — ᠠᠯᠱᠠᠨᠿᠸ·ᠲᠦᠸᠠᠳᠧᠯᠠ᠎ᠳ᠋ᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ᠎ᠦ ᠪᠥᠬᠥᠳᠡ ᠨᠠᠢᠷᠠᠮᠳᠠᠬᠤ ᠳᠤᠮᠳᠠᠳᠤ ᠠᠹᠷᠢᠺᠠ ᠤᠯᠤᠰ᠎ᠤᠨ ᠶᠡᠷᠦᠩᠬᠡᠢᠯᠡᠭ᠌ᠴᠢ᠎ᠪᠡᠷ ᠦᠷᠭᠦᠯᠵᠢᠯᠡᠨ ᠰᠣᠩᠭᠣᠭ᠍ᠳᠠᠭ᠍ᠰᠠᠨ᠎ᠳᠤ ᠪᠠᠶᠠᠷ ᠬᠦᠷᠭᠡᠪᠡ᠃

ᠰᠢ ᠵᠢᠨ ᠫᠢᠩ᠂ ᠤᠢ᠍ᠢᠷ᠎ᠠ᠎ᠶ᠋ᠢᠨ ᠵᠢᠯ᠎ᠡᠴᠡ᠂ ᠳᠤᠮᠳᠠᠳᠤ ᠤᠯᠤᠰ ᠪᠣᠯᠤᠨ ᠳᠤᠮᠳᠠᠳᠤ ᠠᠹᠷᠢᠺᠠ ᠦᠷᠭᠦᠯᠵᠢᠯᠡᠨ ᠤᠯᠤᠰ ᠲᠦᠷᠦ᠍᠎ᠶ᠋ᠢᠨ ᠢᠲᠡᠭᠡᠯᠴᠡᠭᠡ᠎ᠪᠡᠨ ᠭᠦᠨᠵᠡᠭᠡᠢᠷᠡᠭᠦᠯᠵᠦ᠍᠂ ᠲᠤᠰ ᠲᠤᠰ᠎ᠤᠨ ᠭᠣᠣᠯᠯᠠᠭ᠍ᠴᠢ ᠠᠱᠢᠭ ᠲᠤᠰᠠ ᠪᠣᠯᠤᠨ ᠠᠩᠬᠠᠷᠴᠤ᠌ ᠪᠠᠢᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠡᠷᠡᠰ ᠲᠡᠮᠵᠢᠯᠴᠡᠵᠥ᠍᠂ ᠡᠯ᠎ᠡ ᠬᠦᠷᠢᠶᠡᠨ᠎ᠦ ᠰᠣᠯᠢᠯᠴᠠᠭ᠎ᠠ ᠬᠠᠮᠲᠤᠷᠠᠯᠴᠠᠭ᠎ᠠ ᠪᠠᠨ ᠯᠠᠪᠳᠠᠭᠤᠨ᠎ᠢᠶᠠᠷ ᠠᠬᠢᠭᠤᠯᠪᠠ᠃ ᠪᠢ ᠳᠤᠮᠳᠠᠳᠤ ᠤᠯᠤᠰ ᠪᠣᠯᠤᠨ ᠳᠤᠮᠳᠠᠳᠤ ᠠᠹᠷᠢᠺᠠ᠎ᠶ᠋ᠢᠨ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠢᠯᠡᠭ᠌ᠴᠢ ᠲᠦᠸᠠᠳᠧᠯᠠ ᠲᠠᠢ ᠬᠠᠮᠲᠤ᠎ᠪᠠᠷ ᠴᠢᠷᠮᠠᠢᠵᠤ᠂ ᠳᠤᠮᠳᠠᠳᠤ ᠠᠹᠷᠢᠺᠠ᠎ᠶ᠋ᠢᠨ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ᠎ᠤᠨ ᠪᠡᠭᠡᠵᠢᠩ᠎ᠤᠨ ᠲᠦᠷᠦᠭᠦᠴᠦᠳ᠎ᠦᠨ ᠬᠤᠷᠠᠯ᠎ᠤᠨ ᠦᠷ᠎ᠡ ᠪᠦᠲᠦᠭᠡᠯ᠎ᠢ ᠢᠳᠡᠪᠬᠢᠲᠡᠢ ᠨᠠᠢᠳᠠᠪᠤᠷᠢᠵᠢᠭᠤᠯᠵᠤ᠂ ᠬᠣᠶᠠᠷ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠲᠠᠰᠤᠷᠠᠯᠳᠠ ᠦᠭᠡᠢ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠳᠤᠷ ᠪᠤᠶᠠᠨ ᠦᠢᠯᠡᠳᠦᠨ᠎ᠡ ᠭᠡᠵᠦ᠍ ᠵᠢᠭᠠᠵᠤ ᠭᠠᠷᠭᠠᠪᠠ᠃

(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 1 ᠰᠠᠷ᠎ᠠ᠎ᠶ᠋ᠢᠨ 20᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号