ᠰᠢ᠎ᠶᠢᠨ ᠫᠢᠩ ᠮᠤᠵᠢ ᠶᠠᠮᠤᠨ᠎ᠤ ᠳᠡᠰ᠎ᠤᠨ ᠭᠣᠣᠯ ᠤᠳᠤᠷᠢᠳᠬᠤ ᠺᠠᠳ᠋ᠷ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ᠎ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ —ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ 《ᠠᠷᠪᠠᠨ ᠲᠠᠪᠤᠳᠤᠭᠠᠷ ᠲᠠᠪᠤᠨ ᠵᠢᠯ》 ᠦ᠋ᠨ ᠰᠠᠢᠨ ᠡᠬᠢᠯᠡᠯᠲᠡ᠎ᠶᠢ ᠴᠢᠷᠮᠠᠢᠨ ᠪᠡᠶᠡᠯᠡᠭᠦᠯᠬᠦ ᠬᠡᠷᠡᠭᠳᠡᠢ
2026-01-21 09:45:57
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠯᠢ ᠴᠢᠶᠠᠩ ᠰᠤᠷᠤᠯᠭ᠎ᠠ ᠡᠬᠢᠯᠡᠬᠦ ᠶᠣᠰᠣᠯᠠᠯ᠎ᠢ ᠡᠷᠬᠢᠯᠡᠵᠦ ᠵᠤᠤ ᠯᠸ ᠵᠢᠢ  ᠸᠠᠩ ᠬ᠍ᠤ ᠨᠢᠩ  ᠼᠠᠢ ᠴᠢ  ᠳ᠋ᠢᠩ ᠰᠢᠦᠸᠠᠢ ᠰᠢᠶᠠᠩ  ᠯᠢ ᠰᠢ  ᠬᠠᠨ ᠵᠧᠩ ᠣᠷᠣᠯᠴᠠᠵᠠᠢ


ᠮᠤᠵᠢ ᠶᠠᠮᠤᠨ᠎ᠤ ᠲᠠᠰ᠎ᠤᠨ ᠭᠣᠣᠯ ᠤᠳᠤᠷᠢᠳᠬᠤ ᠺᠠᠳ᠋ᠷ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ 20᠎ᠤ᠋ ᠦᠳᠡ᠎ᠶᠢᠨ ᠡᠮᠦᠨ᠎ᠡ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠳ᠋ᠤ ᠰᠤᠷᠤᠯᠭ᠎ᠠ ᠡᠬᠢᠯᠡᠪᠡ᠃ ᠳᠣᠮᠳᠠᠳᠦ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠡ ᠵᠢᠨ ᠲᠡᠷᠢᠭᠦᠯᠡᠭᠴᠢ ᠰᠢ᠎ᠶᠢᠨ ᠫᠢᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠵᠢ ᠲᠠᠰᠤᠷᠠᠯᠲᠠ ᠦᠭᠡᠢ ᠭᠦᠨᠵᠡᠭᠡᠢᠷᠡᠭᠦᠯᠵᠤ᠂ ᠦᠵᠡᠯ ᠰᠠᠨᠠᠭ᠎ᠠ᠎ᠪᠠᠨ ᠨᠡᠩ ᠰᠠᠢᠲᠤᠷ ᠨᠢᠭᠡᠳᠬᠡᠨ᠂ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠵᠤ᠂ ᠨᠠᠮ᠎ᠤᠨ ᠲᠥᠪ ᠬᠣᠷᠢᠶ᠎ᠡ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠡᠯ᠎ᠡ ᠵᠦᠢᠯ᠎ᠦᠨ ᠠᠵᠢᠯ᠎ᠢᠶᠠᠨ ᠯᠠᠪᠳᠠᠭᠤᠨ ᠪᠠᠲᠤᠲᠠᠢ ᠰᠠᠢᠲᠤᠷ ᠬᠢᠵᠦ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠰᠠᠢᠨ ᠡᠬᠢᠯᠡᠯᠲᠡ᠎ᠶᠢ ᠴᠢᠷᠮᠠᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃


QQ20260121-094504.png


1 ᠰᠠᠷ᠎ᠠ᠎ᠶᠢᠨ 20 ᠤ᠋ ᠡᠳᠦᠷ᠂ ᠮᠤᠵᠢ ᠶᠠᠮᠤᠨ᠎ᠤ ᠲᠠᠰ᠎ᠤᠨ ᠭᠣᠣᠯ ᠤᠳᠤᠷᠢᠳᠬᠤ ᠺᠠᠳ᠋ᠷ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠳ᠋ᠤ ᠰᠤᠷᠤᠯᠭ᠎ᠠ ᠡᠬᠢᠯᠡᠪᠡ᠃ ᠳᠣᠮᠳᠠᠳᠦ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠡ ᠵᠢᠨ ᠲᠡᠷᠢᠭᠦᠯᠡᠭᠴᠢ ᠰᠢ᠎ᠶᠢᠨ ᠫᠢᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃

ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ  ᠰᠢᠶᠸ ᠬᠤᠸᠠᠨ ᠤ᠋ᠤᠢ  ᠰᠡᠭᠦᠳᠡᠷᠯᠡᠪᠡ


ᠳᠣᠮᠳᠠᠳᠦ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠤᠯᠤᠰ ᠲᠦᠷᠦ ᠵᠢᠨ ᠲᠤᠪᠴᠢᠶ᠎ᠠ ᠵᠢᠨ ᠪᠠᠢ᠍ᠢᠨᠭᠭᠤ ᠵᠢᠠ ᠭᠡᠰᠢᠭᠦᠨ ᠯᠢ ᠴᠢᠶᠠᠩ ᠰᠤᠷᠤᠯᠭ᠎ᠠ ᠡᠬᠢᠯᠡᠬᠦ ᠶᠣᠰᠣᠯᠠᠯ᠎ᠢ ᠡᠷᠭᠢᠯᠡᠵᠦ᠂ ᠳᠣᠮᠳᠠᠳᠦ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠤᠯᠤᠰ ᠲᠦᠷᠦ ᠵᠢᠨ ᠲᠤᠪᠴᠢᠶ᠎ᠠ ᠵᠢᠨ ᠪᠠᠢᠨᠭᠭᠤ ᠵᠢᠨ ᠭᠡᠰᠢᠭᠦᠨ ᠵᠣᠣ ᠯᠧ ᠵᠢᠢ᠂ ᠸᠠᠩ ᠬ᠍ᠤ ᠨᠢᠩ᠂ ᠼᠠᠢ ᠴᠢ᠂ ᠳ᠋ᠢᠩ ᠰᠢᠦᠸᠠᠢ ᠰᠢᠶᠠᠩ᠂ ᠯᠢ ᠰᠢ᠂ ᠤᠯᠤᠰ᠎ᠤᠨ ᠳᠡᠳ᠋ ᠲᠡᠷᠢᠭᠦᠯᠡᠭᠴᠢ ᠬᠠᠨ ᠵᠧᠩ ᠰᠤᠷᠤᠯᠭ᠎ᠠ ᠡᠬᠢᠯᠡᠬᠦ ᠶᠣᠰᠣᠯᠠᠯ᠎ᠳᠤ ᠣᠷᠣᠯᠴᠠᠵᠡᠢ᠃

ᠰᠢ᠎ᠶᠢᠨ ᠫᠢᠩ᠂ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠨ ᠬᠡᠷᠡᠭᠵᠢᠭᠦᠯᠬᠦ ᠪᠣᠯ ᠮᠠᠨ᠎ᠤ ᠨᠠᠮ᠎ᠤᠨ ᠲᠥᠷᠥ᠎ᠶᠢ ᠵᠠᠰᠠᠬᠤ ᠴᠢᠬᠤᠯᠠ ᠲᠤᠷᠰᠢᠯᠭ᠎ᠠ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠴᠢᠬᠤᠯᠠ ᠤᠯᠤᠰ ᠲᠥᠷᠥ᠎ᠶᠢᠨ ᠳᠠᠪᠠᠭᠤᠯᠢᠭ᠋ ᠪᠠᠢᠵᠤ᠂ ᠨᠠᠮ᠎ᠤᠨ ᠤᠳᠤᠷᠢᠳᠤᠯᠭ᠎ᠠ᠎ᠶᠢ ᠪᠡᠶᠡᠯᠡᠭᠦᠯᠬᠦ᠎ᠳᠦ ᠠᠰᠢᠭ᠍ᠲᠠᠢ᠂ ᠬᠦᠴᠦᠨ᠎ᠢᠶᠡᠨ ᠲᠥᠪᠯᠡᠷᠡᠭᠦᠯᠦᠨ ᠶᠡᠬᠡ ᠶᠠᠪᠤᠳᠠᠯ᠎ᠢ ᠪᠦᠲᠦᠭᠡᠬᠦ᠎ᠳᠦ ᠠᠰᠢᠭ᠍ᠲᠠᠢ᠂ ᠪᠠᠷᠠᠯᠠᠯᠳᠤ ᠴᠢᠨᠠᠷᠲᠠᠢ᠎ᠪᠠᠷ ᠪᠠᠢᠯᠳᠤᠬᠤ ᠪᠣᠳᠣᠯᠭ᠎ᠠ᠎ᠶᠢᠨ ᠠᠰᠠᠭᠤᠳᠠᠯ᠎ᠢ ᠡᠵᠡᠮᠰᠢᠬᠦ᠎ᠳᠦ ᠠᠰᠢᠭ᠍ᠲᠠᠢ᠂ ᠠᠵᠢᠯ ᠦᠢᠯᠡᠰ᠎ᠦᠨ ᠦᠷᠭᠦᠯᠵᠢᠯᠡᠬᠦ ᠴᠢᠨᠠᠷ᠎ᠢ ᠪᠠᠲᠤᠯᠠᠬᠤ᠎ᠳᠤ ᠠᠰᠢᠭ᠍ᠲᠠᠢ ᠶᠤᠮ᠃ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠨ ᠬᠡᠷᠡᠭᠵᠢᠭᠦᠯᠬᠦ ᠤᠷᠳᠤ ᠬᠤᠭᠤᠴᠠᠭᠠᠨ᠎ᠤ ᠦᠢᠯᠡᠳᠦᠯᠭᠡ ᠳᠤᠮᠳᠠ᠂ ᠮᠠᠨ᠎ᠤ ᠨᠠᠮ ᠡᠯᠪᠡᠭ ᠪᠠᠶᠠᠯᠢᠭ᠋ ᠲᠤᠷᠰᠢᠯᠭ᠎ᠠ᠎ᠶᠢ ᠡᠭᠦᠳᠴᠤ ᠬᠤᠷᠠᠮᠳᠤᠭᠤᠯᠪᠠ᠂ ᠡᠭᠦᠨ᠎ᠳᠤ ᠨᠠᠮ᠎ᠤᠨ ᠲᠥᠪ ᠬᠣᠷᠢᠶ᠎ᠡ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠪᠣᠳᠠᠲᠠᠢ᠎ᠡᠴᠡ ᠡᠭᠦᠰᠬᠦ᠎ᠶᠢ ᠪᠠᠷᠢᠮᠲᠠᠯᠠᠵᠤ ᠂ ᠪᠦᠬᠦ ᠤᠯᠤᠰ᠎ᠢᠶᠠᠷ᠎ᠢᠶᠠᠨ ᠨᠢᠭᠡ ᠬᠥᠯᠭᠡ ᠰᠢᠲᠠᠷ᠎ᠠ ᠮᠡᠲᠦ ᠪᠠᠢᠬᠤ᠎ᠶᠢ ᠪᠠᠷᠢᠮᠲᠠᠯᠠᠵᠦ᠂ ᠠᠷᠠᠳᠴᠢᠯᠠᠯ᠎ᠢ ᠪᠠᠳᠠᠷᠠᠭᠤᠯᠬᠤ᠂ ᠤᠯᠠᠨ᠎ᠤ ᠤᠶᠤᠨ ᠤᠬᠠᠭᠠᠨ᠎ᠢ ᠲᠥᠪᠯᠡᠷᠡᠭᠦᠯᠬᠦ ᠵᠢ ᠪᠠᠷᠢᠮᠲᠠᠯᠠᠵᠤ᠂ ᠲᠥᠯᠦᠪᠵᠢᠭᠦᠯᠭᠡ᠎ᠶᠢ ᠬᠠᠤᠯᠢ᠎ᠪᠠᠷ ᠲᠣᠭᠲᠠᠭᠠᠬᠤ ᠵᠠᠷᠴᠢᠮ᠎ᠢ ᠪᠠᠷᠢᠮᠲᠠᠯᠠᠬᠤ ᠵᠡᠷᠭᠡ ᠪᠠᠭᠳᠠᠨ᠎ᠠ᠃ ᠪᠢᠳᠡ ᠪᠠᠢᠭᠤᠯᠤᠯ᠎ᠤᠨ ᠢᠲᠡᠭᠡᠯ᠎ᠢᠶᠡᠨ ᠪᠠᠲᠤᠳᠬᠠᠵᠤ᠂ ᠰᠢᠨ᠎ᠡ ᠪᠣᠳᠠᠲᠤ ᠪᠠᠢᠳᠠᠯ᠎ᠲᠠᠢ ᠤᠶᠠᠯᠳᠤᠭᠤᠯᠤᠨ ᠡᠨᠡ ᠬᠦ᠌ ᠳᠠᠪᠠᠭᠤᠯᠢᠭ᠋ ᠵᠢᠡᠨ ᠲᠠᠰᠤᠷᠠᠯᠳᠠ ᠦᠭᠡᠢ ᠪᠠᠳᠠᠷᠠᠭᠤᠯᠤᠨ ᠬᠦᠭᠵᠢᠭᠦᠯᠬᠦ ᠬᠡᠷᠡᠭᠲᠡᠢ ᠵᠢᠭᠠᠵᠤ ᠭᠠᠷᠭᠠᠪᠠ᠃

ᠰᠢ᠎ᠶᠢᠨ ᠫᠢᠩ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠥᠬᠥᠳᠡ ᠬᠤᠷᠠᠯ᠎ᠡᠴᠡ 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠬᠢᠵᠦ᠂ ᠪᠦᠬᠦ ᠲᠠᠯ᠎ᠠ᠎ᠪᠠᠷ ᠭᠦᠨᠵᠡᠭᠡᠢ ᠪᠥᠭᠡᠳ ᠣᠨᠣᠪᠴᠢᠲᠠᠶ ᠣᠢᠯᠠᠭᠠᠵᠤ ᠡᠵᠡᠮᠰᠢᠬᠦ ᠬᠡᠷᠡᠭᠲᠡᠢ᠃ ᠪᠦᠬᠦ ᠲᠠᠯ᠎ᠠ ᠪᠡᠷ ᠭᠡᠳᠡᠭ ᠨᠢ ᠳᠠᠷᠤᠢ ᠪᠦᠬᠦ ᠲᠠᠯ᠎ᠠ᠎ᠶᠢᠨ ᠬᠠᠷᠠᠭᠠᠰᠤ ᠡᠴᠡ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠣᠢᠯᠠᠭᠠᠵᠤ᠂ ᠡᠯ᠎ᠡ ᠵᠦᠢᠯ᠎ᠦᠨ ᠪᠠᠢᠷᠢᠯᠠᠭᠤᠯᠤᠯᠲᠠ᠎ᠶᠢ ᠨᠢᠭᠡᠨ ᠪᠦᠬᠦᠯᠢ ᠴᠣᠭᠴᠠ ᠪᠣᠯᠭᠠᠨ ᠡᠵᠡᠮᠳᠡᠵᠤ᠂ ᠡᠬᠦᠨ᠎ᠢ ᠨᠢ ᠬᠠᠮᠢᠶᠠᠷᠤᠭᠠᠳ ᠳᠡᠬᠦᠨ᠎ᠢ ᠨᠢ ᠠᠯᠳᠠᠵᠦ ᠪᠤᠯᠬᠤ ᠦᠭᠡᠢ᠃ ᠭᠦᠨᠵᠡᠭᠡᠢ ᠭᠡᠳᠡᠭ ᠨᠢ ᠦᠩᠭᠡᠨ ᠲᠠᠯ᠎ᠠ᠎ᠶᠢ ᠨᠢ ᠤᠢᠯᠠᠭᠠᠬᠤ ᠪᠡᠷ ᠪᠠᠷᠠᠬᠤ ᠦᠭᠡᠢ ᠦᠨᠳᠦᠰᠦ ᠰᠤᠷᠪᠤᠯᠵᠢ᠎ᠶᠢ ᠨᠢ ᠮᠡᠳᠡᠵᠦ᠂  ᠶᠠᠭᠤ᠂ ᠶᠠᠭᠠᠬᠢᠭᠠᠳ ᠎ᠢ ᠮᠡᠳᠡᠬᠦ ᠪᠡᠷ ᠪᠠᠷᠠᠬᠤ ᠦᠭᠡᠢ ᠶᠠᠭᠠᠬᠢᠵᠤ ᠬᠢᠬᠦ᠎ᠶᠢ ᠨᠢ ᠮᠡᠳᠡᠵᠦ᠂ ᠦᠨᠡᠨ ᠬᠦ᠌ ᠨᠡᠪᠲᠡᠷᠡᠲᠡᠯ᠎ᠡ ᠣᠢᠯᠠᠭᠠᠬᠤ ᠬᠡᠷᠡᠭᠳᠡᠢ᠃ ᠣᠨᠣᠴᠠᠳᠠᠢ ᠭᠡᠳᠡᠭ ᠨᠢ ᠳᠠᠷᠤᠢ ᠲᠦᠷᠦ᠎ᠶᠢᠨ ᠪᠣᠳᠣᠯᠭ᠎ᠠ᠎ᠶᠢᠨ ᠢᠯᠭᠠᠭ᠎ᠠ ᠪᠠ  ᠪᠠᠷᠢᠮᠵᠢᠶ᠎ᠠ᠎ᠶᠢ ᠣᠨᠣᠪᠴᠢᠲᠠᠢ ᠡᠵᠡᠮᠳᠡᠵᠦ᠂ ᠬᠢᠬᠦ ᠶᠣᠰᠣᠲᠠᠢ᠎ᠶᠢ ᠨᠢ ᠡᠷᠬᠡᠪᠰᠢ ᠬᠢᠵᠦ᠂ ᠬᠢᠵᠦ ᠳᠡᠶ᠋ᠢᠯᠬᠦ᠎ᠶᠢ ᠨᠢ ᠴᠢᠷᠮᠠᠢᠨ ᠬᠢᠵᠦ᠂ ᠬᠢᠵᠦ ᠪᠤᠯᠬᠤ ᠦᠭᠡᠢ ᠵᠢ ᠨᠢ ᠶᠠᠭᠠᠬᠢᠭ᠍ᠰᠠᠨ ᠴᠤ᠌ ᠬᠢᠬᠦ ᠦᠭᠡᠢ ᠪᠠᠢᠬᠤ ᠵᠢ ᠪᠡᠶᠡᠯᠡᠬᠦᠯᠬᠦ ᠶᠠᠪᠤᠳᠠᠯ ᠮᠦᠨ ᠭᠡᠵᠤ ᠴᠢᠬᠤᠯᠠᠴᠢᠯᠠᠪᠠ᠃

ᠰᠢ᠎ᠶᠢᠨ ᠫᠢᠩ᠂ ᠮᠠᠨ᠎ᠤ ᠤᠯᠤᠰ᠎ᠤᠨ ᠬᠥᠭᠵᠢᠯᠲᠡ ᠳ᠋ᠦ ᠪᠠᠢᠯᠳᠤᠬᠤ ᠪᠣᠳᠣᠯᠭ᠎ᠠ᠎ᠶᠢᠨ ᠠᠵᠠ ᠲᠣᠬᠢᠶᠠᠯ ᠪᠣᠯᠣᠨ ᠠᠶᠤᠯ ᠲᠦᠭᠰᠢᠭᠦᠷᠢ᠎ᠶᠢᠨ ᠰᠢᠯᠭᠠᠯᠲᠠ ᠵᠡᠷᠭᠡ᠎ᠪᠡᠷ ᠣᠷᠣᠰᠢᠵᠤ᠂ ᠲᠤᠭᠲᠠᠯᠭᠠᠲᠤ ᠪᠤᠰᠤ ᠲᠦᠰᠦᠭᠡᠯᠡᠬᠦᠶ᠎ᠡ ᠪᠡᠷᠬᠡ ᠬᠦᠴᠦᠨ ᠵᠦᠢᠯ ᠨᠡᠮᠡᠭᠳᠡᠵᠦ ᠪᠠᠢᠭ᠎ᠠ ᠴᠠᠭ ᠦᠶ᠎ᠡ᠎ᠳᠦ ᠣᠷᠣᠰᠢᠵᠤ ᠪᠤᠢ᠃ ᠪᠢᠳᠡ ᠪᠠᠢᠳᠠᠯ᠎ᠢ ᠵᠠᠳᠠᠯᠬᠤ᠎ᠳᠠᠭᠠᠨ᠂ ᠡᠯ᠎ᠡ ᠵᠦᠢᠯ᠎ᠦᠨ ᠬᠦᠴᠦᠨ ᠵᠦᠢᠯ᠎ᠢ ᠪᠦᠷᠢᠨ ᠭᠦᠢᠴᠡᠳ ᠪᠣᠳᠣᠯᠬᠢᠯᠠᠬᠤ ᠬᠡᠷᠡᠭᠲᠡᠢ ᠮᠥᠷᠲᠡᠭᠡᠨ ᠪᠠᠰᠠ ᠲᠡᠭᠦᠨ᠎ᠦ ᠳᠣᠲᠣᠷᠠᠬᠢ ᠵᠠᠷᠢᠮ ᠵᠠᠩᠭᠢᠯᠠᠭ᠎ᠠ᠎ᠶᠢᠨ ᠬᠦᠴᠦᠨ ᠵᠦᠢᠯ᠂ ᠵᠢᠱ᠌ᠢᠶᠡᠯᠡᠪᠡᠯ ᠳᠡᠯᠡᠬᠡᠢ᠎ᠶᠢᠨ ᠪᠠᠢᠳᠠᠯ᠂ ᠰᠢᠨ᠎ᠡ ᠨᠢᠭᠡᠨ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ ᠪᠠ ᠠᠵᠤ ᠦᠢᠯᠡᠰ᠎ᠦᠨ ᠬᠤᠪᠢᠰᠤᠯᠲᠠ ᠵᠡᠷᠭᠡ᠎ᠶᠢᠨ ᠰᠢᠨ᠎ᠡ ᠬᠤᠪᠢᠷᠠᠯᠲᠠ᠎ᠶᠢ ᠴᠢᠳᠠᠮᠠᠭᠠᠢ ᠡᠵᠡᠮᠳᠡᠬᠦ ᠬᠡᠷᠡᠭᠲᠡᠢ᠃ ᠬᠡᠬᠦᠳᠡᠭ ᠴᠡᠭᠡᠵᠢᠨ᠎ᠳᠡᠭᠡᠨ ᠪᠦᠬᠦ ᠲᠠᠯ᠎ᠠ᠎ᠶᠢ ᠪᠠᠭᠲᠠᠭᠠᠵᠤ᠂ ᠥᠨᠳᠥᠷ᠎ᠲᠦ ᠵᠣᠭᠰᠣᠨ ᠠᠯᠤᠰ᠎ᠢ ᠪᠠᠷᠠᠯᠠᠵᠦ᠂ ᠪᠠᠢᠯᠳᠤᠬᠤ ᠪᠣᠳᠣᠯᠭ᠎ᠠ᠎ᠶᠢᠨ ᠲᠠᠯ᠎ᠠ᠎ᠪᠠᠷ ᠲᠣᠭᠲᠠᠯ ᠬᠦᠴᠦᠨ᠎ᠢᠶᠡᠨ ᠪᠠᠲᠤᠯᠠᠵᠤ᠂ ᠪᠠᠢᠯᠳᠤᠬᠤ ᠠᠷᠭ᠎ᠠ᠎ᠶᠢᠨ ᠲᠠᠯ᠎ᠠ᠎ᠪᠠᠷ ᠨᠠᠷᠢᠨ ᠨᠢᠮᠪᠠᠢ ᠲᠤᠭᠲᠠᠭᠠᠵᠤ᠂ ᠮᠠᠨ᠎ᠤ ᠤᠯᠤᠰ᠎ᠤᠨ ᠬᠥᠭᠵᠢᠯᠲᠡ᠎ᠶᠢᠨ ᠲᠣᠭᠲᠠᠪᠤᠷᠢᠲᠤ ᠴᠢᠨᠠᠷ ᠪᠣᠯᠣᠨ ᠦᠷᠭᠦᠯᠵᠢᠯᠡᠬᠦ ᠴᠢᠨᠠᠷ᠎ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃

ᠰᠢ᠎ᠶᠢᠨ ᠫᠢᠩ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠠᠢᠭᠤᠯᠤᠨ᠂ ᠠᠵᠤ ᠦᠢᠯᠡᠰ᠎ᠦᠨ ᠰᠢᠰᠲᠧᠮ᠎ᠦᠨ ᠪᠦᠬᠦᠯᠢ ᠴᠣᠭᠴᠠ᠎ᠶᠢᠨ ᠳᠠᠪᠰᠢᠯᠳᠠ᠎ᠶᠢ ᠪᠡᠶᠡᠯᠡᠭᠦᠯᠬᠦ ᠪᠣᠯ《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠤᠭᠤᠴᠠᠭᠠᠨ᠎ᠳᠠᠬᠢ ᠴᠢᠬᠤᠯᠠ ᠪᠠᠢᠯᠳᠤᠬᠤ ᠪᠣᠳᠣᠯᠭ᠎ᠠ᠎ᠶᠢᠨ ᠡᠭᠦᠷᠭᠡ ᠮᠥᠨ᠃ ᠡᠯ᠎ᠡ ᠭᠠᠵᠠᠷ ᠣᠷᠣᠨ ᠡᠯ᠎ᠡ ᠠᠵᠢᠯ ᠲᠥᠷᠥᠯ᠎ᠦᠨ ᠬᠢᠨ ᠪᠠᠢᠷᠢ ᠲᠣᠭᠲᠠᠭᠠᠯᠲᠠ᠎ᠪᠠᠨ ᠣᠨᠣᠪᠴᠢᠲᠠᠶ ᠣᠯᠵᠤ᠂ ᠣᠶᠤᠨᠴᠢᠯᠠᠬᠤ᠂ ᠪᠣᠬᠢᠷᠲᠤᠯ ᠦᠭᠡᠢ ᠪᠤᠯᠭᠠᠬᠤ᠂ ᠠᠭᠤᠰᠤᠯᠴᠠᠭᠤᠯᠬᠤ ᠴᠢᠭᠯᠡᠯ᠎ᠢ ᠪᠠᠷᠢᠮᠲᠠᠯᠠᠵᠤ᠂ ᠬᠠᠷᠢᠴᠠᠨᠭᠭᠤᠢ ᠳᠠᠪᠠᠭᠤᠯᠢᠭ᠋ ᠵᠢᠡᠨ ᠪᠠᠳᠠᠷᠠᠭᠤᠯᠵᠤ᠂ ᠡᠬᠢᠨ᠎ᠤ ᠪᠠ ᠡᠴᠦᠰ᠎ᠤᠨ ᠬᠡᠯᠬᠢᠶ᠎ᠡ ᠵᠢᠨ ᠠᠵᠤ ᠦᠢᠯᠡᠰ᠎ᠢ ᠬᠠᠷᠢᠯᠴᠠᠨ ᠵᠣᠯᠭᠠᠭᠤᠯᠬᠤ᠂ ᠲᠣᠰ ᠲᠣᠰ᠎ᠤᠨ ᠳᠠᠪᠠᠭᠤᠯᠢᠭ᠋᠎ᠢᠶᠠᠨ ᠪᠠᠳᠠᠷᠠᠭᠤᠯᠬᠤ᠂ ᠠᠳᠠᠯᠢ ᠴᠢᠭᠯᠡᠯ᠎ᠢᠶᠡᠷ ᠬᠦᠴᠦᠯᠡᠬᠦ ᠠᠮᠢᠳᠤᠯᠢᠭ᠋ ᠪᠠᠢᠳᠠᠯ᠎ᠢ ᠪᠣᠶ ᠪᠣᠯᠭᠠᠬᠤ ᠬᠡᠷᠡᠭᠲᠡᠢ᠃ ᠦᠢᠯᠡᠳᠬᠦ ᠦᠢᠯᠡᠰ᠎ᠦᠨ ᠵᠣᠬᠢᠰᠲᠠᠢ ᠬᠤᠪᠢ᠎ᠶᠢᠨ ᠵᠢᠩ᠎ᠢ ᠪᠠᠲᠤᠯᠠᠵᠤ᠂ ᠲᠡᠷᠢᠭᠦᠨ᠎ᠦ ᠦᠢᠯᠡᠳᠬᠦ ᠦᠢᠯᠡᠰ᠎ᠢ ᠶᠡᠬᠡ ᠪᠡᠷ ᠬᠥᠭᠵᠢᠭᠦᠯᠬᠦ ᠬᠡᠷᠡᠭᠲᠡᠢ᠃ ᠭᠠᠵᠠᠷ ᠣᠷᠣᠨ᠎ᠤ ᠪᠠᠢᠳᠠᠯ ᠳ᠋ᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠲᠦᠯᠬᠢᠨ ᠠᠬᠢᠭᠤᠯᠬᠤ ᠬᠡᠷᠡᠭᠳᠡᠢ᠃ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ᠎ᠶᠢ ᠪᠦᠲᠦᠭᠡᠨ ᠪᠠᠶ᠋ᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃

ᠰᠢ᠎ᠶᠢᠨ ᠫᠢᠩ᠂ ᠮᠠᠨ᠎ᠤ ᠤᠯᠤᠰ᠎ᠤᠨ ᠬᠥᠮᠥᠨ ᠠᠮᠠ ᠣᠯᠠᠨ᠂ ᠵᠠᠬ᠎ᠠ ᠳᠡᠯᠭᠡᠭᠦᠷ ᠶᠡᠬᠡ᠂ ᠠᠵᠤ ᠦᠢᠯᠡᠰ ᠪᠦᠷᠢᠨ᠂ ᠬᠥᠭᠵᠢᠯᠲᠡ᠎ᠶᠢᠨ ᠬᠥᠳᠡᠯᠭᠡᠬᠦ ᠡᠨᠧᠷᠭᠢ ᠴᠢᠩᠭ᠎ᠠ ᠪᠣᠯᠬᠣᠷ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠳᠬᠡᠨ ᠪᠠᠶ᠋ᠢᠭᠤᠯᠬᠤ ᠨᠥᠬᠥᠴᠡᠯ᠎ᠲᠠᠢ ᠶᠤᠮ᠃ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠢᠶᠠᠷ ᠭᠣᠣᠯ ᠴᠣᠭᠴᠠ ᠪᠣᠯᠭᠠᠬᠤ᠎ᠶᠢ ᠪᠠᠷᠢᠮᠲᠠᠯᠠᠵᠤ᠂ ᠬᠡᠷᠡᠭᠯᠡᠭᠡ ᠪᠠ ᠪᠡᠯᠡ ᠣᠷᠣᠭᠤᠯᠤᠯᠲᠠ᠂ ᠬᠡᠷᠡᠭᠴᠡᠭᠡ ᠪᠠ ᠬᠠᠩᠭᠠᠯᠭ᠎ᠠ᠎ᠶᠢᠨ ᠬᠠᠷᠢᠴᠠᠭ᠎ᠠ᠎ᠶᠢ ᠵᠥᠪ᠎ᠢᠶᠡᠷ ᠰᠢᠢᠳᠪᠦᠷᠢᠯᠡᠵᠦ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ ᠪᠠ ᠬᠡᠷᠡᠭᠯᠡᠭᠡ᠎ᠶᠢ ᠠᠬᠢᠭᠤᠯᠬᠤ᠂ ᠪᠣᠳᠠᠰ᠎ᠲᠤ ᠪᠡᠯᠡ ᠣᠷᠣᠭᠤᠯᠬᠤ ᠪᠠ ᠬᠥᠮᠥᠨ᠎ᠳᠦ ᠪᠡᠯᠡ ᠣᠷᠣᠭᠤᠯᠬᠤ᠎ᠶᠢ ᠨᠢᠭ᠍ᠲᠠ ᠤᠶᠠᠯᠳᠤᠭᠤᠯᠬᠤ᠎ᠶᠢ ᠪᠠᠷᠢᠮᠲᠠᠯᠠᠵᠤ᠂ ᠤᠯᠤᠰ ᠠᠷᠠᠳ᠎ᠤᠨ ᠠᠵᠤ ᠠᠬᠤᠢ᠎ᠶᠢᠨ ᠣᠷᠴᠢᠯ᠎ᠤᠨ ᠶᠠᠰᠤ ᠴᠢᠨᠠᠷ ᠪᠠ ᠦᠷ᠎ᠡ ᠪᠦᠲᠦᠮᠵᠢ᠎ᠶᠢ ᠴᠢᠷᠮᠠᠢᠨ ᠳᠡᠭᠡᠭᠰᠢᠯᠡᠭᠦᠯᠵᠦ᠂ ᠳᠣᠲᠣᠭᠠᠳᠤ ᠬᠡᠷᠡᠭᠴᠡᠭᠡ᠎ᠶᠢ ᠠᠵᠤ ᠠᠬᠤᠢ᠎ᠶᠢᠨ ᠬᠥᠭᠵᠢᠯᠲᠡ᠎ᠶᠢᠨ ᠭᠣᠣᠯ ᠬᠥᠳᠡᠯᠭᠡᠬᠦ ᠬᠦᠴᠦᠨ ᠪᠣᠯᠭᠠᠬᠤ ᠬᠡᠷᠡᠭᠲᠡᠢ᠃ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠤᠨ ᠳᠡᠭᠡᠭᠰᠢᠯᠡᠯᠲᠡ᠎ᠶᠢ ᠴᠢᠩᠭᠠᠳᠬᠠᠬᠤ᠎ᠪᠠᠷ ᠳᠠᠮᠵᠢᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢᠨ ᠡᠵᠡᠨ ᠮᠡᠳᠡᠬᠦ ᠴᠢᠨᠠᠷ᠎ᠢ ᠥᠷᠭᠡᠳᠬᠡᠵᠦ᠂ ᠳᠡᠯᠡᠬᠡᠢ ᠵᠢᠨ ᠣᠷᠴᠢᠯ᠎ᠢ ᠥᠷᠭᠡᠳᠬᠡᠬᠦ᠎ᠪᠡᠷ ᠳᠠᠮᠵᠢᠨ ᠤᠯᠤᠰ᠎ᠤᠨ ᠳᠣᠲᠣᠭᠠᠳᠤ᠎ᠶᠢᠨ ᠥᠭᠡᠷᠡᠴᠢᠯᠡᠯᠲᠡ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠵᠦ᠂ ᠳᠣᠲᠣᠭᠠᠳᠤ ᠭᠠᠳᠠᠭᠠᠳᠤ ᠬᠣᠯᠪᠣᠯᠳᠤᠨ ᠨᠡᠪᠲᠡᠷᠡᠯᠴᠡᠬᠦ᠂ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠬᠤ᠎ᠶᠢ ᠴᠢᠷᠮᠠᠢᠨ ᠪᠡᠶᠡᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃

ᠰᠢ ᠵᠢᠨ ᠫᠢᠩ᠂ ᠠᠵᠤ ᠠᠬᠤᠢ᠎ᠶ᠋ᠢᠨ ᠬᠥᠭ᠌ᠵᠢᠯᠲᠡ ᠪᠣᠯᠤᠨ ᠨᠡᠢᠭᠡᠮ᠎ᠦᠨ ᠬᠥᠭ᠌ᠵᠢᠯᠲᠡ ᠬᠠᠷᠢᠯᠴᠠᠨ ᠨᠥᠬᠥᠴᠡᠯᠳᠦᠵᠦ᠍ ᠪᠠᠢᠳᠠᠭ᠂ ᠡᠷᠬᠡᠪᠰᠢ ᠵᠣᠬᠢᠴᠠᠩᠭᠤᠢ᠎ᠪᠠᠷ ᠵᠡᠷᠭᠡ ᠪᠡᠷ ᠤᠷᠤᠭ᠍ᠰᠢᠯᠠᠬᠤ ᠬᠡᠷᠡᠭ᠌ᠲᠡᠢ᠃ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠶᠠᠪᠤᠳᠠᠯ᠎ᠢ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ ᠭᠣᠣᠯᠳᠠᠯᠭ᠎ᠠ ᠪᠣᠯᠭᠠᠵᠤ᠂ ᠠᠵᠤ ᠠᠬᠤᠢ᠎ᠶ᠋ᠢ ᠬᠥᠭ᠌ᠵᠢᠭᠦᠯᠬᠦ᠌᠎ᠶ᠋ᠢᠨ ᠬᠠᠮᠲᠤ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠯᠠᠪᠳᠠᠭᠤᠨ᠎ᠢᠶᠠᠷ ᠳᠡᠭᠡᠭ᠌ᠰᠢᠯᠡᠭᠦᠯᠬᠦ᠌ ᠬᠡᠷᠡᠭ᠌ᠲᠡᠢ᠃ ᠨᠠᠮ᠎ᠤᠨ ᠪᠠᠢᠭᠤᠯᠤᠯᠲᠠ᠎ᠪᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠬᠠᠤᠯᠢ ᠪᠡᠷ ᠵᠠᠰᠠᠬᠤ ᠪᠠᠲᠤᠯᠠᠭ᠎ᠠ᠎ᠶ᠋ᠢ ᠴᠢᠩᠭᠠᠳᠭᠠᠵᠤ᠂ ᠦᠨᠳᠦᠰᠦᠨ ᠱᠠᠲᠤᠨ᠎ᠤ ᠰᠠᠭᠤᠷᠢ᠎ᠶ᠋ᠢ ᠪᠡᠬᠢᠵᠢᠭᠦᠯᠵᠦ᠍᠂ ᠨᠡᠢᠭᠡᠮ᠎ᠦᠨ ᠵᠠᠰᠠᠯᠲᠠ᠎ᠶ᠋ᠢᠨ ᠲᠦᠪᠱᠢᠨ᠎ᠢ ᠦᠨᠡᠨ ᠬᠦ᠌ ᠳᠡᠭᠡᠭ᠌ᠰᠢᠯᠡᠭᠦᠯᠬᠦ᠌ ᠬᠡᠷᠡᠭ᠌ᠲᠡᠢ᠃ ᠬᠥᠭ᠌ᠵᠢᠯᠲᠡ ᠪᠣᠯᠤᠨ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠵᠦ᠍᠂ ᠡᠯ᠎ᠡ ᠲᠦᠷᠦᠯ᠎ᠦᠨ ᠠᠶᠤᠯ ᠲᠦᠭ᠌ᠰᠢᠭᠦᠷᠢ᠎ᠶ᠋ᠢ ᠪᠦᠲᠦᠮᠵᠢᠲᠡᠢ ᠰᠡᠷᠭᠡᠢᠯᠡᠨ ᠠᠷᠢᠯᠭᠠᠵᠤ᠂ ᠤᠯᠤᠰ᠎ᠤᠨ ᠠᠮᠤᠷ ᠲᠦᠪᠱᠢᠨ ᠪᠣᠯᠤᠨ ᠨᠡᠢᠭᠡᠮ᠎ᠦᠨ ᠲᠣᠭ᠍ᠲᠠᠭᠤᠨ᠎ᠢ ᠦᠨᠡᠨ ᠬᠦ᠌ ᠬᠠᠮᠠᠭᠠᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠰᠢ ᠵᠢᠨ ᠫᠢᠩ᠂ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠠᠷᠠᠳᠴᠢᠯᠠᠯ᠎ᠢᠶᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠬᠠᠤᠯᠢ ᠶᠣᠰᠣᠭᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠶ᠋ᠢ ᠪᠠᠷᠢᠮᠲᠠᠯᠠᠵᠤ᠂ ᠤᠯᠤᠰ ᠪᠣᠯᠤᠨ ᠣᠷᠣᠨ ᠨᠤᠲᠤᠭ᠎ᠤᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ ᠵᠢᠴᠢ ᠲᠤᠰᠭᠠᠢ ᠲᠥᠯᠥᠪᠵᠢᠭᠦᠯᠭᠡ᠎ᠶ᠋ᠢ ᠰᠠᠢᠲᠤᠷ ᠨᠠᠢᠷᠠᠭᠤᠯᠤᠨ ᠵᠣᠬᠢᠶᠠᠬᠤ ᠬᠡᠷᠡᠭ᠌ᠲᠡᠢ᠃ ᠣᠷᠣᠨ ᠨᠤᠲᠤᠭ᠎ᠤᠨ ᠲᠥᠯᠥᠪᠵᠢᠭᠦᠯᠭᠡ ᠪᠠ ᠲᠤᠰᠭᠠᠢ ᠲᠥᠯᠥᠪᠵᠢᠭᠦᠯᠭᠡ᠎ᠶ᠋ᠢ ᠤᠯᠤᠰ᠎ᠤᠨ ᠪᠦᠬᠦᠯᠢ ᠴᠣᠭ᠍ᠴᠠ᠎ᠶ᠋ᠢᠨ ᠲᠥᠯᠥᠪᠵᠢᠭᠦᠯᠭᠡ᠎ᠲᠡᠶ ᠰᠠᠢᠲᠤᠷ ᠵᠣᠯᠭᠠᠭᠤᠯᠵᠤ᠂ ᠤᠯᠤᠰ᠎ᠤᠨ ᠪᠦᠬᠦᠯᠢ ᠴᠣᠭ᠍ᠴᠠ᠎ᠶ᠋ᠢᠨ ᠲᠥᠯᠥᠪᠵᠢᠭᠦᠯᠭᠡ᠎ᠶ᠋ᠢᠨ ᠵᠣᠷᠢᠭ ᠰᠠᠨᠠᠭ᠎ᠠ ᠪᠠ ᠱᠠᠭᠠᠷᠳᠠᠯᠭ᠎ᠠ᠎ᠶ᠋ᠢ ᠢᠯᠡᠷᠡᠭᠦᠯᠬᠦ᠌᠎ᠶ᠋ᠢᠨ ᠬᠠᠮᠲᠤ ᠭᠠᠵᠠᠷ ᠣᠷᠣᠨ ᠪᠠ ᠤᠴᠢᠷ ᠶᠠᠪᠤᠳᠠᠯ᠎ᠳᠤᠨᠢ ᠲᠤᠬᠢᠷᠠᠭᠤᠯᠤᠨ᠂ ᠬᠡᠷᠡᠭ᠌ᠴᠡᠭᠡ ᠪᠠ ᠪᠣᠯᠤᠯᠴᠠᠭ᠎ᠠ᠎ᠶ᠋ᠢ ᠨᠢᠭᠡᠳᠭᠡᠵᠦ᠍᠂ ᠲᠣᠭ᠍ᠲᠠᠭᠠᠪᠠᠯ ᠬᠢᠵᠦ᠍ ᠳᠡᠢᠯᠬᠦ᠌᠂ ᠪᠤᠳᠠᠳᠠᠢ ᠳ᠋ᠦ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠰᠢ ᠵᠢᠨ ᠫᠢᠩ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠬᠠᠷᠠᠯᠲᠠ ᠡᠭᠦᠷᠭᠡ᠎ᠶ᠋ᠢ ᠤᠷᠤᠭ᠍ᠰᠢᠲᠠᠢ ᠪᠡᠶᠡᠯᠡᠭᠦᠯᠬᠦ᠌᠎ᠳᠦ ᠡᠷᠬᠡᠪᠰᠢ ᠨᠠᠮ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠤᠳᠤᠷᠢᠳᠭᠤ ᠴᠢᠳᠠᠪᠤᠷᠢ ᠪᠣᠯᠤᠨ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠬᠦ᠌ ᠬᠡᠷᠡᠭ᠌ᠲᠡᠢ᠃ ᠡᠯ᠎ᠡ ᠱᠠᠲᠤᠨ᠎ᠤ ᠺᠠᠳ᠋ᠷᠴᠤᠳ ᠢᠯᠠᠩᠭᠤᠶ᠎ᠠ ᠤᠳᠤᠷᠢᠳᠭᠤ ᠺᠠᠳ᠋ᠷᠴᠤᠳ ᠰᠤᠷᠤᠯᠴᠠᠯᠭ᠎ᠠ᠎ᠪᠠᠨ ᠤᠯᠠᠮ ᠨᠢᠭᠡ ᠠᠯᠬᠤᠮ ᠴᠢᠩᠭᠠᠳᠭᠠᠵᠤ᠂ ᠨᠠᠮ᠎ᠤᠨ ᠱᠢᠨ᠎ᠡ ᠡᠭᠦᠳᠦᠯᠳᠡ᠎ᠶᠢᠨ ᠤᠨᠤᠯ᠎ᠢ ᠰᠤᠳᠤᠯᠤᠨ᠂ ᠲᠤᠰᠭᠠᠢ ᠮᠡᠷᠭᠡᠵᠢᠯ᠎ᠦᠨ ᠬᠡᠪ ᠪᠣᠯᠪᠠᠰᠤᠷᠠᠯ᠎ᠢᠶᠠᠨ ᠳᠡᠭᠡᠭ᠌ᠰᠢᠯᠡᠭᠦᠯᠵᠦ᠍᠂ ᠪᠣᠳᠠᠲᠠᠢ ᠠᠵᠢᠯᠯᠠᠬᠤ ᠴᠢᠳᠠᠪᠤᠷᠢ᠎ᠪᠠᠨ ᠨᠡᠮᠡᠭ᠌ᠳᠡᠭᠦᠯᠬᠦ᠌ ᠬᠡᠷᠡᠭ᠌ᠲᠡᠢ᠃ ᠠᠵᠢᠯ᠎ᠤᠨ ᠠᠮᠵᠢᠯᠳᠠ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠪᠣᠳᠠᠲᠠᠢ ᠡᠴᠡ ᠡᠭᠦᠰᠭᠦ᠂ ᠵᠢᠮ᠎ᠡ ᠶᠣᠰᠣ᠎ᠪᠠᠷ ᠠᠵᠢᠯᠯᠠᠬᠤ᠎ᠶ᠋ᠢ ᠪᠠᠷᠢᠮᠲᠠᠯᠠᠵᠤ᠂ ᠤᠬᠠᠮᠰᠠᠷ ᠡᠴᠡ᠎ᠪᠠᠨ ᠠᠷᠠᠳ ᠲᠦᠮᠡᠨ᠎ᠤ ᠲᠦᠯᠦᠭᠡ ᠠᠵᠢᠯ᠎ᠤᠨ ᠠᠮᠵᠢᠯᠳᠠ ᠭᠠᠷᠭᠠᠵᠤ᠂ ᠪᠣᠳᠠᠲᠠᠢ ᠠᠵᠢᠯᠯᠠᠵᠤ ᠠᠵᠢᠯ᠎ᠤᠨ ᠠᠮᠵᠢᠯᠳᠠ ᠭᠠᠷᠭᠠᠬᠤ ᠬᠡᠷᠡᠭ᠌ᠲᠡᠢ᠃ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠵᠣᠷᠢᠭ᠍ᠲᠠᠢ᠎ᠪᠠᠷ ᠴᠡᠭᠡᠵᠢ ᠲᠦᠷᠢᠨ ᠭᠠᠷᠴᠤ᠌᠂ ᠬᠦᠴᠢᠷ᠎ᠢ ᠰᠦᠷᠦᠨ ᠤᠷᠤᠭ᠍ᠰᠢᠯᠠᠵᠤ᠂ ᠠᠶᠤᠯ ᠲᠦᠭ᠌ᠰᠢᠭᠦᠷᠢ᠎ᠲᠡᠶ ᠲᠡᠮᠡᠴᠡᠬᠦ᠌᠂ ᠥᠷᠢᠰᠥᠯᠳᠦᠭᠡᠨ᠎ᠢ ᠤᠭ᠍ᠲᠤᠬᠤ᠂ ᠬᠦᠴᠢᠷ᠎ᠢ ᠲᠤᠭᠤᠯᠬᠤ᠎ᠳᠠᠭᠠᠨ ᠴᠢᠳᠠᠮᠠᠭᠠᠢ ᠪᠠᠢᠬᠤ ᠬᠡᠷᠡᠭ᠌ᠲᠡᠢ᠃ ᠢᠯᠵᠢᠷᠡᠯ᠎ᠢ ᠡᠰᠡᠷᠭᠦᠴᠡᠬᠦ᠌ ᠰᠦᠷ ᠬᠦᠴᠦᠲᠦ ᠪᠠᠢᠳᠠᠯ᠎ᠢ ᠪᠠᠲᠤᠯᠠᠵᠤ᠂ ᠤᠷᠳᠤ ᠬᠤᠭᠤᠴᠠᠭ᠎ᠠ ᠴᠦᠬᠦᠷᠡᠰᠢ ᠦᠭᠡᠢ ᠪᠠᠷᠢᠮᠳᠠᠯᠠᠵᠤ᠂  ᠤᠭᠳᠤ ᠨᠠᠢᠷ ᠲᠠᠯᠪᠢᠬᠤ ᠦᠭᠡᠢ ᠪᠠᠢᠵᠤ᠂ ᠢᠯᠵᠢᠷᠠᠬᠦ᠎ᠡᠴᠡ ᠵᠢᠷᠦᠬᠡᠱᠢᠶᠡᠬᠦ᠌᠂ ᠢᠯᠵᠢᠷᠠᠵᠤ ᠪᠣᠯᠬᠤ ᠦᠭᠡᠢ᠂ ᠢᠯᠵᠢᠷᠠᠬᠦ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠯᠢ ᠴᠢᠶᠠᠩ ᠰᠤᠷᠤᠯᠭ᠎ᠠ ᠡᠬᠢᠯᠡᠬᠦ᠌ ᠶᠣᠰᠣᠯᠠᠯ᠎ᠢ ᠡᠷᠬᠢᠯᠡᠬᠦ᠌᠎ᠳᠡᠭᠡᠨ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠰᠤᠳᠤ ᠮᠡᠷᠭᠡᠨ ᠪᠠᠢᠵᠦ᠂ ᠤᠳᠬ᠎ᠠ ᠰᠠᠨᠠᠭ᠎ᠠ ᠬᠦᠨᠵᠡᠭᠡᠢ᠂ ᠬᠥᠮᠦᠰ᠎ᠢ ᠵᠣᠷᠢᠭ᠍ᠵᠢᠭᠤᠯᠤᠨ ᠤᠷᠤᠭ᠍ᠰᠢᠯᠠᠭᠤᠯᠵᠤ᠂ ᠮᠠᠰᠢ ᠴᠢᠩᠭ᠎ᠠ ᠤᠯᠤᠰ ᠲᠥᠷᠥ᠎ᠶ᠋ᠢᠨ ᠴᠢᠨᠠᠷ᠂ ᠤᠨᠤᠯ᠎ᠤᠨ ᠴᠢᠨᠠᠷ᠂ ᠬᠠᠨᠳᠤᠯᠭᠠᠲᠤ ᠴᠢᠨᠠᠷ᠂ ᠵᠢᠯᠣᠭᠣᠳᠭᠤ ᠴᠢᠨᠠᠷ ᠲᠠᠢ ᠪᠠᠢᠵᠤ᠂ ᠪᠦᠬᠦ᠌ ᠨᠠᠮ ᠢᠯᠠᠩᠭᠤᠶ᠎ᠠ ᠳᠡᠭᠡᠳᠦ ᠵᠡᠷᠭᠡ᠎ᠶ᠋ᠢᠨ ᠺᠠᠳ᠋ᠷ᠎ᠤᠨ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠡᠬᠢ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠣᠯᠤᠭ᠍ᠰᠠᠨ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠭᠦᠨᠵᠡᠭᠡᠢ ᠲᠠᠨᠢᠵᠤ᠂ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠴᠢᠭ᠌ᠯᠡᠯᠲᠡ᠂ ᠭᠣᠣᠯ ᠬᠠᠷᠠᠯᠲᠠ᠂ ᠭᠣᠣᠯᠳᠠᠯᠭ᠎ᠠ᠎ᠲᠠᠶ ᠡᠭᠦᠷᠭᠡ ᠵᠢ ᠣᠨᠣᠪᠴᠢᠲᠠᠢ ᠡᠵᠡᠮᠱᠢᠵᠤ᠂ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠵᠠᠪᠠᠯ ᠢᠯᠠᠬᠤ ᠢᠲᠡᠭᠡᠯ ᠵᠣᠷᠢᠭ᠎ᠢᠶᠠᠨ ᠨᠡᠮᠡᠭ᠌ᠳᠡᠭᠦᠯᠦᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠴᠢᠷᠮᠠᠢᠨ ᠪᠤᠢ ᠪᠤᠯᠭᠠᠬᠤ᠎ᠳᠦ ᠮᠠᠰᠢ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠪᠠᠶᠠᠯᠢᠭ ᠠᠭᠤᠯᠤᠭ᠍ᠳᠠᠬᠤᠨ᠂ ᠤᠬᠢ ᠰᠣᠳᠣ ᠴᠢᠬᠤᠯᠠ ᠠᠭᠤᠯᠭ᠎ᠠ ᠪᠣᠯᠤᠨ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠣᠢᠯᠠᠭᠠᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠢᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠵᠦ᠍᠂ ᠤᠬᠠᠮᠰᠠᠷ ᠡᠴᠡ᠎ᠪᠠᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠤᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠭᠡᠬᠦ᠌ ᠬᠡᠷᠡᠭ᠌ᠲᠡᠢ᠃ ᠰᠤᠷᠤᠭ᠍ᠰᠠᠨ᠎ᠢᠶᠠᠨ ᠬᠡᠷᠡᠭ᠌ᠯᠡᠵᠦ᠍᠂ ᠮᠡᠳᠡᠬᠦᠢ ᠬᠢᠬᠦᠢ᠎ᠪᠡᠨ ᠨᠢᠭᠡᠳᠭᠡᠵᠦ᠍᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢᠶᠡᠨ ᠪᠣᠳᠠᠲᠠᠢ ᠠᠵᠢᠯᠯᠠᠭ᠎ᠠ ᠪᠣᠳᠠᠲᠠᠢ ᠠᠮᠵᠢᠯᠲᠠ ᠪᠦᠲᠦᠮᠵᠢ ᠪᠣᠯᠭᠠᠨ ᠤᠨᠳᠤᠤᠰᠢᠭᠤᠯᠵᠤ᠂ ᠴᠢᠨᠠᠷ ᠰᠠᠢᠲᠠᠢ ᠬᠥᠭ᠌ᠵᠢᠯᠲᠡ ᠵᠢᠨ ᠲᠠᠰᠤᠷᠠᠯᠳᠠ ᠦᠭᠡᠢ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃

ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠭᠡᠱᠢᠭᠦᠨ᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠱᠦᠵᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠳᠡᠳ᠋ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠨᠠᠮ᠎ᠤᠨ ᠭᠡᠱᠢᠭᠦᠨ ᠳᠡᠳ᠋ ᠬᠤᠷᠢᠶᠠᠨ ᠳᠠᠷᠤᠭ᠎ᠠ᠂ ᠲᠦᠷᠦ᠍᠎ᠶ᠋ᠢᠨ ᠶᠠᠪᠤᠳᠠᠯ᠎ᠤᠨ ᠭᠡᠱᠢᠭᠦᠨ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠎ᠶᠢᠨ ᠳᠠᠷᠤᠭ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠶᠢᠨ ᠪᠠᠢᠴᠠᠭᠠᠬᠤ ᠳᠠᠷᠤᠭ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠨᠠᠮ᠎ᠤᠨ ᠭᠡᠱᠢᠭᠦᠨ ᠳᠡᠳ᠋ ᠲᠡᠷᠢᠭᠦᠯᠡᠭ᠌ᠴᠢ ᠰᠤᠷᠤᠯᠭ᠎ᠠ ᠡᠬᠢᠯᠡᠬᠦ᠌ ᠶᠣᠰᠣᠯᠠᠯ᠎ᠳᠤ ᠣᠷᠣᠯᠴᠠᠪᠠ᠃

ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠱᠢᠭᠤᠳ ᠬᠠᠷᠢᠶ᠎ᠠ ᠬᠣᠲᠠ ᠪᠣᠯᠤᠨ ᠱᠢᠨᠵᠢᠶᠠᠩ᠎ᠤᠨ ᠦᠢᠯᠡᠳᠪᠦᠷᠢᠯᠡᠯ ᠪᠦᠳᠦᠭᠡᠨ ᠪᠠᠢᠭᠤᠯᠤᠯᠲᠠ᠎ᠶ᠋ᠢᠨ ᠪᠢᠩᠲ᠋ᠤᠸᠠᠨ᠂ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠬᠣᠯᠪᠣᠭ᠍ᠳᠠᠯ ᠪᠦᠬᠦᠢ ᠠᠷᠠᠳ᠎ᠤᠨ ᠪᠦᠯᠬᠦᠮ᠂ ᠲᠥᠪ ᠡᠴᠡ ᠬᠠᠮᠢᠶᠠᠷᠴᠤ᠌ ᠪᠠᠢᠭ᠎ᠠ ᠮᠥᠩᠭᠥᠨ ᠭᠦᠢᠯᠭᠡᠭᠡᠨ᠎ᠦ ᠪᠠᠢᠭᠤᠯᠤᠮᠵᠢ᠂ ᠠᠵᠤ ᠠᠬᠤᠢᠯᠠᠯ᠂ ᠶᠡᠬᠡ ᠳᠡᠭᠡᠳᠦ ᠰᠤᠷᠭᠠᠭᠤᠯᠢ᠂ ᠴᠢᠯᠥᠭᠡᠯᠡᠬᠦ᠌ ᠴᠡᠷᠢᠭ᠎ᠦᠨ ᠡᠯ᠎ᠡ ᠨᠢᠭᠡᠴᠢ ᠪᠣᠯᠤᠨ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠭᠣᠣᠯ ᠬᠠᠷᠢᠭᠤᠴᠠᠯᠭᠠᠲᠠᠨ ᠨᠥᠬᠥᠳ ᠰᠤᠳᠤᠯᠤᠨ ᠶᠠᠷᠢᠯᠴᠠᠬᠤ ᠠᠩᠬᠢ᠎ᠳᠤ ᠣᠷᠣᠯᠴᠠᠪᠠ᠃ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠲᠥᠪ ᠬᠣᠷᠢᠶ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠵᠢᠴᠢ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠠᠷᠢᠭᠤᠴᠠᠯᠭᠠᠲᠠᠨ ᠰᠤᠷᠤᠯᠭ᠎ᠠ ᠡᠬᠢᠯᠡᠬᠦ᠌ ᠶᠣᠰᠣᠯᠠᠯ᠎ᠳᠤ ᠰᠤᠯᠠ ᠣᠷᠣᠯᠴᠠᠵᠠᠢ᠃

ᠰᠢᠨᠬᠤᠸᠠ ᠬᠣᠷᠢᠶ᠎ᠡ ᠵᠢᠨ ᠪᠡᠭᠡᠵᠢᠩ᠎ᠦᠨ 1 ᠰᠠᠷ᠎ᠠ᠎ᠶᠢᠨ 20᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号