ᠥᠪᠥᠷ ᠮᠣᠩᠭᠣᠯ᠎ᠳᠤ ᠪᠠᠢᠭ᠎ᠠ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ ᠠᠮᠢ ᠠᠬᠤᠶ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ᠎ᠢ ᠲᠥᠪᠯᠡᠷᠡᠭᠦᠯᠦᠨ ᠰᠤᠳᠤᠯᠤᠨ ᠤᠡᠭᠰᠢᠵᠤ ᠶᠠᠷᠢᠯᠴᠠᠪᠠ
2026-01-21 09:11:53
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ 1 ᠰᠠᠷ᠎ᠠ᠎ᠶ᠋ᠢᠨ 20 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠠᠴᠠ ᠥᠪᠥᠷ ᠮᠣᠩᠭᠣᠯ᠎ᠳᠤ ᠪᠠᠢᠭ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ ᠢ᠋ ᠵᠣᠬᠢᠶᠠᠨ ᠪᠠᠢᠭᠤᠯᠵᠤ ᠠᠮᠢ ᠠᠬᠤᠶ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ ᠪᠣᠯᠤᠨ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ᠎ᠢ ᠲᠥᠪᠯᠡᠷᠡᠭᠦᠯᠦᠨ ᠰᠤᠳᠤᠯᠤᠨ ᠤᠩᠱᠢᠵᠤ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠳᠡᠳ᠋ ᠡᠷᠬᠢᠯᠡᠭ᠌ᠴᠢ ᠵᠠᠩ ᠱᠤᠤ ᠴᠦᠨ ᠶᠠᠷᠢᠶ᠎ᠠ ᠲᠠᠯᠪᠢᠵᠡᠢ᠃

ᠬᠤᠷᠠᠯ ᠳᠡᠭᠡᠷ᠎ᠡ᠂ ᠲᠥᠯᠥᠭᠡᠯᠡᠭ᠌ᠴᠢᠳ ᠲᠠᠢᠯᠤᠮᠵᠢ ᠵᠢᠯᠣᠭᠣᠳᠤᠮᠵᠢ᠎ᠶ᠋ᠢ ᠰᠣᠨᠣᠰᠤᠭ᠍ᠰᠠᠨ ᠪᠥᠭᠡᠳ ᠭᠤᠷᠪᠠᠨ ᠢᠵᠢ ᠬᠠᠤᠯᠢ᠎ᠶ᠋ᠢᠨ ᠲᠥᠰᠦᠯ᠎ᠦᠨ ᠲᠤᠬᠠᠶ ᠰᠠᠨᠠᠯ ᠰᠠᠨᠠᠭᠤᠯᠭ᠎ᠠ ᠳᠤᠷᠠᠳᠪᠠ᠃ ᠬᠤᠷᠠᠯ᠎ᠠᠴᠠ᠂ ᠲᠥᠯᠥᠭᠡᠯᠡᠭ᠌ᠴᠢᠳ ᠭᠤᠷᠪᠠᠨ ᠢᠵᠢ ᠬᠠᠤᠯᠢ ᠵᠢ ᠲᠣᠭ᠍ᠲᠠᠭᠠᠬᠰᠠᠨ ᠴᠢᠬᠤᠯᠠ ᠠᠴᠢ ᠬᠣᠯᠪᠣᠭ᠍ᠳᠠᠯ᠎ᠢ ᠭᠦᠨᠵᠡᠭᠡᠢ ᠲᠠᠨᠢᠵᠤ᠂ ᠵᠢᠯᠣᠭᠣᠳᠭᠤ ᠦᠵᠡᠯ ᠰᠠᠨᠠᠭ᠎ᠠ᠂ ᠴᠠᠭ ᠦᠶ᠎ᠡ᠎ᠶ᠋ᠢᠨ ᠣᠨᠴᠠᠯᠢᠭ᠂ ᠦᠢᠯᠡᠳᠦᠯᠭᠡ᠎ᠶ᠋ᠢᠨ ᠱᠠᠭᠠᠷᠳᠠᠯᠭ᠎ᠠ ᠵᠡᠷᠭᠡ ᠲᠠᠯ᠎ᠠ᠎ᠪᠠᠷ ᠰᠤᠳᠤᠯᠤᠨ ᠤᠩᠱᠢᠬᠤ ᠭᠣᠣᠯᠳᠠᠯᠭ᠎ᠠ᠎ᠵᠢ ᠣᠨᠣᠪᠴᠢᠲᠠᠢ ᠡᠵᠡᠮᠳᠡᠵᠦ᠍᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠳ᠋ᠤ ᠤᠷᠤᠭ᠍ᠰᠢᠲᠠᠢ ᠬᠢᠨᠠᠨ ᠵᠥᠪᠯᠡᠵᠦ᠍ ᠪᠠᠲᠤᠯᠠᠬᠤ᠎ᠳᠤ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠵᠦ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号