《ᠭᠠᠬᠠᠶ ᠶ᠋ᠢᠨ ᠠᠵᠤ ᠦᠶ᠋ᠯᠡᠰ +》 ᠲᠦᠷᠦᠯ ᠵᠦᠢᠯ ᠳ᠋ᠤ ᠭᠡᠷ᠎ᠡ ᠲᠤᠭᠲᠠᠪᠠ
2026-01-21 10:59:06
ᠵᠣᠬᠢᠶᠠᠭ᠍ᠴᠢ᠄
​ ᠼᠠᠢ ᠬᠤᠡᠭ
ᠣᠩᠱᠢᠭ᠍ᠰᠠᠨ ᠣᠳᠠᠭ᠎ᠠ᠄
★★★☆☆

ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠡᠴᠡ ᠤᠢᠯᠠᠭᠠᠭᠰᠠᠨ ᠵᠢᠡᠷ᠂ ᠵᠡᠭᠦᠨᠭᠠᠷ ᠬᠣᠱᠢᠭᠤ ᠪᠣᠯᠤᠨ ᠥᠪᠥᠷ ᠮᠣᠩᠭᠣᠯ ᠤ᠋ᠨ ᠵᠧᠩ ᠳ᠋ᠡ ᠬᠢᠵᠠᠭᠠᠷᠲᠤ ᠺᠣᠮᠫᠠᠨᠢ᠂ ᠥᠪᠥᠷ ᠮᠣᠩᠭᠣᠯ ᠤ᠋ᠨ ᠲᠦᠩ ᠹᠸᠩ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠲᠦᠷᠦᠬᠦᠬᠡᠨ ᠬᠥᠬᠡᠬᠣᠲᠠ ᠳ᠋ᠦ ᠭᠤᠷᠪᠠᠨ ᠲᠠᠯ᠎ᠠ ᠪᠠᠷ ᠶ᠋ᠢᠡᠨ ᠬᠠᠮᠲᠤᠷᠠᠯᠴᠠᠭ᠍ᠰᠠᠨ ᠮᠠᠯᠴᠢᠨ ᠲᠠᠷᠢᠶᠠᠴᠢᠨ ᠲᠠᠢ ᠬᠤᠯᠪᠤᠭᠠᠯᠠᠵᠤ ᠮᠠᠯᠴᠢᠨ ᠲᠠᠷᠢᠶᠠᠴᠢᠨ ᠢ᠋ ᠳᠠᠢᠴᠢᠯᠠᠬᠤ  ᠭᠠᠬᠠᠶ ᠶ᠋ᠢᠨ ᠠᠵᠤ ᠦᠶ᠋ᠯᠡᠰ ᠤ᠋ᠨ ᠬᠡᠯᠬᠢᠶ᠎ᠡ + ᠳᠠᠷᠢᠵᠤ ᠲᠡᠵᠢᠭᠡᠬᠦ᠌ ᠵᠢ ᠤᠶᠠᠯᠳᠤᠭᠤᠯᠤᠭ᠍ᠰᠠᠨ ᠲᠥᠷᠥᠯ ᠵᠦᠶ᠋ᠯ ᠳ᠋ᠤ ᠭᠡᠷ᠎ᠡ ᠲᠤᠭᠲᠠᠪᠠ᠃

ᠲᠣᠰ ᠲᠥᠷᠥᠯ ᠵᠦᠶ᠋ᠯ ᠤ᠋ᠨ ᠶᠡᠷᠦᠩᠬᠡᠶ ᠪᠠᠯᠠ ᠣᠷᠣᠭᠤᠯᠤᠯᠲᠠ ᠨᠢ 11 ᠳ᠋ᠦᠩᠱᠢᠭᠤᠷ ᠲᠥᠭᠥᠷᠢᠭ ᠲᠦ᠍ ᠬᠦᠷᠴᠦ᠍᠂ ᠵᠢᠯ ᠳ᠋ᠤ 36 ᠲᠦᠮᠡᠨ ᠭᠠᠬᠠᠶ ᠪᠣᠷᠣᠯᠠᠭᠤᠯᠬᠤ ᠪᠠᠷ ᠲᠦᠯᠦᠪᠯᠡᠨ᠂ ᠲᠡᠵᠢᠭᠡᠨ ᠦᠷᠡᠵᠢᠭᠦᠯᠬᠦ᠌᠂ ᠲᠡᠵᠢᠭᠡᠯ ᠪᠣᠷᠳᠣᠭ᠎ᠠ ᠪᠣᠯᠪᠠᠰᠤᠷᠠᠭᠤᠯᠬᠤ᠂ ᠡᠷᠳᠡᠨᠢ ᠱᠢᠰᠢ ᠨᠥᠭᠡᠴᠡᠯᠡᠬᠦ᠌᠂ ᠣᠷᠭᠠᠨᠢᠭ ᠪᠣᠷᠲᠣᠭᠣᠷ ᠦᠶ᠋ᠯᠡᠳᠪᠦᠷᠢᠯᠡᠬᠦ᠌ ᠵᠡᠷᠭᠡ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠶ᠋ᠢᠨ ᠭᠣᠭ᠍ᠴᠣᠭ᠎ᠠ ᠵᠢ ᠬᠠᠮᠤᠷᠴᠦ᠂ ᠮᠠᠨ ᠤ᠋ ᠣᠷᠣᠨ ᠤ᠋ ᠣᠲᠣ ᠦᠶ᠎ᠡ ᠶ᠋ᠢᠨ ᠭᠠᠬᠠᠶ ᠶ᠋ᠢᠨ ᠠᠵᠤ ᠦᠶ᠋ᠯᠡᠰ ᠢ᠋ ᠴᠣᠭ᠍ᠴᠠᠯᠠᠬᠤ ᠳ᠋ᠦ ᠬᠦᠴᠦᠷᠬᠡᠭ ᠶᠡᠬᠡ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠬᠦ ᠪᠤᠯᠤᠨ᠎ᠠ᠃

ᠲᠤᠰ ᠲᠥᠷᠥᠯ ᠵᠦᠶ᠋ᠯ ᠨᠢ ᠭᠠᠬᠠᠶ ᠶ᠋ᠢᠨ ᠠᠵᠤ ᠦᠶ᠋ᠯᠡᠰ ᠤ᠋ᠨ ᠬᠡᠪᠴᠢᠶᠡᠵᠢᠭ᠌ᠰᠡᠨ᠂ ᠪᠠᠷᠢᠮᠵᠢᠶᠠᠵᠢᠭ᠍ᠰᠠᠨ᠂ ᠪᠣᠬᠢᠷᠲᠤᠯ ᠥᠬᠡᠶ ᠬᠥᠭ᠌ᠵᠢᠯᠲᠡ ᠶ᠋ᠢᠨ ᠭᠤᠤᠯ ᠬᠡᠷᠡᠭ᠌ᠴᠡᠭᠡ ᠱᠠᠭᠠᠷᠳᠠᠯᠭ᠎ᠠ ᠵᠢᠨ ᠲᠤᠭᠤᠷᠢᠨ ᠳ᠋ᠤ 《ᠲᠡᠵᠢᠭᠡᠨ ᠦᠷᠡᠵᠢᠭᠦᠯᠬᠦ᠌ — ᠢᠯᠭᠠᠳᠠᠰᠤ ᠵᠢ ᠰᠢᠢᠳᠪᠦᠷᠢᠯᠡᠬᠦ  —  ᠳᠠᠷᠢᠵᠤ ᠤᠷᠭᠤᠭᠤᠯᠬᠤ — ᠲᠡᠵᠢᠭᠡᠯ ᠪᠣᠷᠳᠣᠭ᠎ᠠ ᠪᠤᠯᠪᠠᠰᠤᠷᠠᠭᠤᠯᠬᠤ — ᠲᠡᠵᠢᠭᠡᠨ ᠦᠷᠡᠵᠢᠭᠦᠯᠬᠦ᠌》 ᠪᠢᠲᠡᠭᠦᠤ ᠬᠡᠯᠬᠢᠶᠡᠳᠤ ᠲᠠᠷᠢᠶᠠᠯᠠᠩ ᠤ᠋ᠨ ᠵᠠᠭ᠍ᠪᠤᠷ ᠢ᠋ ᠱᠢᠨᠡᠴᠢᠯᠡᠨ ᠪᠠᠢᠭᠤᠯᠵᠤ᠂ ᠠᠮᠢ ᠠᠬᠤᠶ  ᠬᠢᠭᠡᠳ ᠠᠵᠤ ᠠᠬᠤᠶ ᠶ᠋ᠢᠨ ᠬᠤᠤᠰ ᠦᠷ᠎ᠡ ᠠᠰᠢᠭ ᠢ᠋ ᠪᠡᠶᠡᠯᠡᠭᠦᠯᠬᠦ ᠪᠤᠯᠤᠨ᠎ᠠ᠃ ᠲᠤᠰ ᠲᠥᠷᠥᠯ ᠵᠦᠶ᠋ᠯ ᠠᠱᠢᠭ᠍ᠯᠠᠯᠲᠠ ᠳ᠋ᠦ ᠤᠷᠤᠭ᠍ᠰᠠᠨ ᠤ᠋ ᠳᠠᠷᠠᠭ᠎ᠠ᠂ ᠵᠠᠬᠢᠶᠠᠯᠠᠭ᠎ᠠ ᠪᠠᠷ ᠲᠡᠵᠢᠭᠡᠨ ᠦᠷᠡᠵᠢᠭᠦᠯᠬᠦ᠌᠂ ᠬᠤᠪᠢ ᠣᠷᠣᠭᠤᠯᠤᠨ ᠠᠱᠢᠭ ᠬᠤᠪᠢᠶᠠᠷᠢᠯᠠᠬᠤ ᠵᠡᠷᠭᠡ ᠣᠯᠠᠨ ᠡᠱᠢᠵᠢᠭ᠌ᠰᠡᠨ ᠬᠠᠮᠲᠤᠷᠠᠯᠴᠠᠭᠠᠨ ᠤ᠋ ᠵᠠᠭ᠍ᠪᠤᠷ ᠶ᠋ᠢᠡᠷ ᠳᠠᠮᠵᠢᠨ ᠲᠠᠷᠢᠶᠠᠯᠠᠬᠤ ᠡᠷᠦᠬᠡ ᠵᠢ ᠬᠥᠲᠥᠯᠥᠨ ᠵᠢᠯᠣᠭᠣᠳᠴᠤ᠌ ᠠᠵᠤ ᠦᠶ᠋ᠯᠡᠰ ᠤ᠋ᠨ ᠬᠥᠭ᠌ᠵᠢᠯᠲᠡ ᠶ᠋ᠢᠨ ᠬᠡᠯᠬᠢᠶ᠎ᠡ ᠳ᠋ᠤ ᠢᠳᠡᠪᠬᠢᠲᠠᠢ ᠤᠷᠤᠯᠴᠠᠭᠤᠯᠵᠤ᠂ ᠡᠷᠬᠢᠨ ᠲᠣᠭᠣᠷᠢᠨ ᠤ᠋ ᠮᠠᠯᠵᠢᠬᠤ ᠲᠠᠷᠢᠶᠠᠯᠠᠬᠤ ᠡᠷᠦᠬᠡ ᠶ᠋ᠢᠨ ᠣᠷᠣᠯᠭ᠎ᠠ ᠪᠠᠨ ᠲᠣᠭ᠍ᠲᠠᠭᠤᠨ ᠶ᠋ᠢᠡᠷ ᠨᠡᠮᠡᠭ᠌ᠳᠡᠭᠦᠯᠬᠦ᠌ ᠵᠢ ᠪᠦᠲᠦᠮᠵᠢᠲᠡᠶ ᠳᠠᠢᠴᠢᠯᠠᠬᠤ ᠪᠤᠯᠤᠨ᠎ᠠ᠃

ᠮᠠᠨ ᠤ᠋ ᠤᠷᠤᠨ ᠤ᠋ ᠮᠠᠯ ᠠᠵᠤ ᠠᠬᠤᠢ ᠲᠠᠷᠢᠶᠠᠯᠠᠩ ᠤ᠋ᠨ ᠠᠷᠠᠯᠵᠢᠶᠠᠴᠢᠨ ᠤᠷᠢᠵᠤ ᠪᠠᠯᠠ ᠮᠦᠡᠭᠬᠦ ᠤᠷᠤᠭᠤᠯᠤᠨ ᠠᠪᠴᠢᠷᠠᠬᠤ ᠠᠵᠢᠯ ᠡᠢᠨ ᠬᠦ᠌ ᠱᠢᠨ᠎ᠡ ᠵᠢᠯ ᠳ᠋ᠤ ᠰᠠᠢᠨ ᠡᠬᠢᠯᠡᠯᠲᠡ ᠲᠠᠢ ᠪᠤᠯᠵᠠᠢ᠃ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠤ᠋ᠨ ᠬᠢᠨ ᠲᠠᠷᠠᠭᠠᠴᠢ ᠪᠡᠷ ᠮᠥᠷᠳᠡᠨ ᠦᠶ᠋ᠯᠡᠴᠢᠯᠡᠬᠦ᠌ ᠪᠡᠨ ᠴᠢᠩᠭᠠᠳᠭᠠᠨ᠂ ᠪᠥᠬᠥ᠌ ᠶᠠᠪᠤᠴᠠ ᠵᠢ ᠤᠷᠢᠳᠴᠢᠯᠠᠨ ᠵᠣᠯᠭᠠᠭᠤᠯᠵᠤ᠂ ᠲᠥᠷᠥᠯ ᠵᠦᠶ᠋ᠯ ᠢ᠋ ᠠᠯᠢ ᠲᠦᠷᠭᠡᠨ ᠵᠢᠡᠷ ᠨᠠᠢᠳᠠᠪᠤᠷᠢᠵᠢᠭᠤᠯᠤᠨ ᠠᠱᠢᠭ᠍ᠯᠠᠯᠲᠠ ᠳ᠋ᠦ ᠣᠷᠣᠭᠤᠯᠬᠤ ᠵᠢ ᠠᠬᠢᠭᠤᠯᠵᠤ᠂ ᠦᠷ᠎ᠡ ᠠᠱᠢᠭ ᠢ᠋ ᠪᠠᠳᠠᠷᠠᠭᠤᠯᠤᠨ᠂ ᠮᠠᠯᠴᠢᠨ ᠲᠠᠷᠢᠶᠠᠴᠢᠨ ᠤ᠋ ᠣᠷᠣᠯᠭ᠎ᠠ ᠵᠢᠨ ᠨᠡᠮᠡᠭᠳᠡᠯ ᠤ᠋ᠨ ᠠᠷᠭ᠎ᠠ ᠵᠠᠮ ᠢ᠋ ᠦᠷᠭᠦᠯᠵᠢᠯᠡᠨ ᠥᠷᠭᠡᠳᠭᠡᠬᠦ ᠪᠡᠷ ᠪᠤᠢ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号