ᠲᠦᠩᠯᠢᠶᠣᠣ ᠬᠣᠲᠠ 《ᠪᠠᠺᠲ᠋ᠧᠷᠢ ᠡᠰᠡᠷᠭᠦᠴᠡᠬᠦ ᠡᠮ᠎ᠦ᠋ᠨ ᠬᠡᠮᠵᠢᠶ᠎ᠡ ᠵᠢ ᠪᠠᠭᠠᠰᠬᠠᠬᠤ ᠠᠵᠢᠯᠯᠠᠭ᠎ᠠ》 ᠦᠷᠨᠢᠭᠦᠯᠵᠤ ᠮᠠᠯ ᠠᠵᠤ ᠠᠬᠤᠢ᠎ᠶᠢᠨ ᠪᠣᠬᠢᠷᠲᠤᠯ ᠦᠭᠡᠢ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ ᠪᠤᠢ
2026-01-21 10:53:40
ᠵᠣᠬᠢᠶᠠᠭ᠍ᠴᠢ᠄
ᠪᠦᠦ ᠴᠢᠩ ᠱᠧᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠤᠢᠷ᠎ᠠ᠎ᠳᠤ ᠣᠲᠣ᠌ ᠦᠶ᠎ᠡ᠎ᠶᠢᠨ ᠮᠠᠯ ᠠᠵᠤ ᠠᠬᠤᠢ (ᠲᠦᠩᠯᠢᠶᠣᠣ) ᠵᠢᠨ ᠬᠢᠵᠠᠭᠠᠷᠲᠤ ᠺᠣᠮᠫᠠᠨᠢ᠎ᠶᠢᠨ ᠣᠶᠤᠨᠴᠢ ᠲᠡᠵᠢᠭᠡᠪᠦᠷᠢ ᠵᠢᠨ ᠲᠠᠯᠠᠪᠠᠶ᠎ᠶᠢᠨ ᠦᠢᠯᠡᠳᠪᠦᠷᠢᠯᠡᠯ᠎ᠤᠨ ᠲᠠᠰᠤᠭ᠎ᠲᠤ ᠬᠥᠷᠬᠥ ᠳ᠋ᠤ᠂ ᠮᠡᠷᠭᠡᠵᠢᠯ᠎ᠦᠨ ᠠᠵᠢᠯᠲᠠᠳ ᠶᠠᠬ ᠰᠢᠯᠭᠠᠨ ᠬᠡᠮᠵᠢᠭᠰᠡᠨ ᠲᠣᠭ᠎ᠠ ᠪᠠᠷᠢᠮᠲᠠ᠎ᠶᠢ ᠥᠨᠳᠥᠰᠥᠯᠡᠨ᠂ ᠰᠠᠭᠠᠯᠢ᠎ᠶᠢᠨ ᠦᠨᠢᠶᠡᠨ᠎ᠦ ᠡᠷᠡᠭᠦᠯ ᠮᠡᠨᠳᠦ᠎ᠶᠢᠨ ᠭᠦᠢᠴᠡᠳᠬᠡᠯ ᠲᠣᠭ᠎ᠠ ᠪᠣᠯᠣᠨ ᠡᠮ ᠬᠡᠷᠡᠭᠯᠡᠭᠰᠡᠨ ᠲᠡᠮᠳᠡᠭᠯᠡᠯ᠎ᠢ ᠪᠠᠢᠴᠠᠭᠠᠨ ᠦᠵᠡᠵᠦ ᠪᠠᠢᠪᠠ᠃ 《ᠥᠩᠭᠡᠷᠡᠭᠰᠡᠨ᠎ᠳᠦ ᠲᠡᠵᠢᠭᠡᠪᠥᠷᠢ ᠵᠢᠨ ᠡᠷᠦᠬᠡ ᠡᠮ᠎ᠦᠨ ᠬᠠᠷᠰᠢᠬᠤ ᠲᠤᠷᠰᠢᠯᠲᠠ ᠬᠢᠬᠦ᠎ᠶᠢ ᠮᠡᠳᠡᠬᠦ ᠦᠭᠡᠢ᠂ ᠮᠠᠯ ᠤᠨᠤᠭ᠎ᠠ ᠭᠡᠮᠲᠦᠪᠡᠯ ᠰᠣᠬᠣᠷ ᠪᠠᠯᠠᠢ᠎ᠪᠠᠷ ᠡᠮ᠎ᠵᠠᠷᠤᠵᠤ ᠪᠠᠢᠵᠠᠢ᠂ ᠣᠳᠣ ᠮᠠᠨᠤᠰ ᠤᠷᠢᠳᠠᠪᠠᠷ ᠡᠪᠡᠳᠴᠢᠨ ᠭᠡᠮ᠎ᠤᠨ ᠪᠠᠺᠲᠧᠷᠢ᠎ᠶᠢ ᠰᠢᠯᠭᠠᠨ ᠬᠡᠮᠵᠢᠵᠤ᠂ ᠨᠠᠷᠢᠯᠢᠭ᠋ ᠣᠨᠣᠴᠠᠲᠠᠢ᠎ᠡᠮ ᠬᠡᠷᠡᠭᠯᠡᠨ᠂ ᠡᠳᠡᠭᠡᠷᠡᠯᠲᠡ᠎ᠶᠢᠨ ᠨᠣᠷᠮ᠎ᠠ᠎ᠶᠢ ᠶᠡᠬᠡ᠎ᠪᠡᠷ ᠳᠡᠭᠡᠭᠰᠢᠯᠡᠭᠦᠯᠦᠭᠰᠡᠨ᠎ᠢᠶᠡᠷ ᠪᠠᠷᠠᠬᠤ ᠦᠭᠡᠢ᠂ ᠮᠠᠯ᠎ᠤᠨ ᠡᠮ᠎ᠢ ᠬᠡᠷᠡᠭᠯᠡᠬᠦ ᠬᠠᠮᠢᠶᠠᠷᠤᠯᠲᠠ᠎ᠶᠢᠨ ᠰᠢᠰᠲᠧᠮ᠎ᠢ ᠴᠦ᠍ ᠲᠡᠭᠦᠯᠳᠡᠷᠵᠢᠭᠦᠯᠦᠯ᠎ᠡ》 ᠭᠡᠵᠤ ᠲᠦᠩᠯᠢᠶᠣᠣ ᠬᠤᠳᠠ᠎ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠣᠪᠴᠢᠶ᠎ᠠ᠎ᠶᠢᠨ ᠳᠡᠵᠢᠭᠡᠪᠥᠷᠢ ᠵᠢᠨ ᠲᠠᠯᠠᠪᠠᠢ᠎ᠳᠤ ᠰᠠᠭᠤᠭ᠎ᠠ ᠮᠡᠷᠭᠡᠵᠢᠯᠲᠠᠨ ᠸᠠᠩ ᠳ᠋ᠦᠩ ᠰᠢᠦᠧᠠᠢ ᠬᠡᠯᠡᠨ᠎ᠡ᠃ ᠡᠨᠡ ᠨᠢ ᠳᠠᠷᠤᠢ ᠲᠦᠩᠯᠢᠶᠣᠣ ᠬᠤᠳᠠ᠎ᠶᠢᠨ 《ᠪᠠᠺᠲ᠋ᠧᠷᠢ ᠡᠰᠡᠷᠭᠦᠴᠡᠬᠦ ᠡᠮ᠎ᠦ᠋ᠨ ᠬᠡᠮᠵᠢᠶ᠎ᠡ ᠵᠢ ᠪᠠᠭᠠᠰᠬᠠᠬᠤ ᠠᠵᠢᠯᠯᠠᠭ᠎ᠠ》 ᠵᠢᠨ ᠪᠣᠳᠠᠲᠤ ᠦᠷ᠎ᠡ ᠪᠦᠲᠦᠮᠵᠢ ᠵᠢᠨ ᠳᠤᠰᠬᠠᠯ ᠪᠤᠯᠬᠤ ᠶᠤᠮ᠃

ᠪᠠᠺᠲ᠋ᠧᠷᠢ ᠡᠰᠡᠷᠭᠦᠴᠡᠬᠦ ᠡᠮ᠎ᠦ᠋ᠨ ᠬᠡᠮᠵᠢᠶ᠎ᠡ ᠵᠢ ᠪᠠᠭᠠᠰᠬᠠᠬᠤ ᠭᠡᠳᠡᠭ ᠨᠢ ᠪᠠᠺᠲ᠋ᠧᠷᠢ ᠡᠰᠡᠷᠭᠦᠴᠡᠬᠦ ᠡᠮ᠎ᠢ ᠬᠡᠷᠡᠭᠯᠡᠬᠥ ᠥᠭᠡᠢ ᠭᠡᠰᠡᠨ ᠶᠠᠪᠤᠳᠠᠯ ᠪᠢᠰᠢ᠂ ᠬᠠᠷᠢᠨ ᠰᠢᠨᠵᠢᠯᠡᠬᠦ ᠤᠬᠠᠭᠠᠨᠴᠢ᠎ᠪᠠᠷ ᠪᠠᠭᠠᠰᠬᠠᠵᠤ᠂ ᠵᠣᠬᠢᠰᠲᠠᠢ᠎ᠪᠠᠷ ᠳᠡᠭᠥᠨ᠎ᠢ ᠪᠤᠰᠤᠳ ᠡᠮ ᠵᠢᠨᠷ ᠣᠷᠣᠯᠠᠭᠤᠯᠬᠤ᠎ᠶᠢ ᠬᠡᠯᠡᠨ᠎ᠡ᠃ ᠲᠦᠩᠯᠢᠶᠣᠣ ᠬᠤᠲᠠ ᠮᠠᠯ ᠠᠵᠤ ᠠᠬᠤᠢ᠎ᠶᠢᠨ ᠲᠣᠮᠣ᠌ ᠬᠤᠳᠠ ᠪᠣᠯᠤᠭᠰᠠᠨ᠎ᠤ ᠬᠤᠪᠢ᠎ᠳᠤ 2021 ᠣᠨ᠎ᠠᠴᠠ ᠡᠬᠢᠯᠡᠨ ᠮᠠᠯ᠎ᠳᠤ ᠬᠡᠷᠡᠭᠯᠡᠬᠦ ᠪᠠᠺᠲᠧᠷᠢ ᠡᠰᠡᠷᠭᠦᠴᠡᠬᠦ ᠡᠮ᠎ᠦᠨ ᠬᠡᠷᠡᠭᠯᠡᠭᠡᠨ᠎ᠦ ᠬᠡᠮᠵᠢᠶ᠎ᠡ᠎ᠶᠢ ᠪᠠᠭᠠᠰᠬᠠᠬᠤ ᠠᠵᠢᠯᠯᠠᠭ᠎ᠠ᠎ᠶᠢ ᠡᠬᠢᠯᠡᠭᠦᠯᠥᠨ᠂ ᠮᠢᠬᠠᠨ᠎ᠤ ᠬᠣᠨᠢ᠂ ᠮᠢᠬᠠᠨ᠎ᠤ ᠦᠬᠡᠷ᠂ ᠭᠠᠬᠠᠢ ᠵᠡᠷᠭᠡ ᠭᠣᠣᠯᠳᠠᠯᠭ᠎ᠠ᠎ᠲᠠᠢ ᠳᠡᠵᠢᠭᠡᠪᠤᠷᠢ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠳᠦᠷᠢᠮ᠎ᠦᠨ ᠪᠠᠲᠤᠯᠠᠭ᠎ᠠ ᠪᠣᠯᠣᠨ ᠮᠡᠷᠭᠡᠵᠢᠯ᠎ᠦᠨ ᠰᠢᠨ᠎ᠡ᠎ᠶᠢ ᠡᠭᠦᠳᠬᠦ ᠵᠢᠨ ᠲᠦᠯᠦᠭᠡ  《ᠲᠡᠵᠢᠭᠡᠨ ᠦᠷᠡᠵᠢᠭᠦᠯᠬᠦ᠂ ᠢᠳᠡᠭᠡᠨ᠎ᠤ ᠵᠥᠢᠯ᠂ ᠤᠯᠠᠨ ᠨᠡᠶ᠋ᠢᠲᠡ᠎ᠶᠢᠨ ᠡᠷᠡᠭᠦᠯ ᠬᠠᠮᠠᠭᠠᠯᠠᠯ᠂ ᠠᠮᠢ ᠠᠬᠤᠢ》ᠲᠦᠷᠪᠡ ᠵᠢᠨ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠪᠡᠬᠢᠵᠢᠭᠦᠯᠵᠡᠢ᠃ ᠣᠲᠣ᠌ ᠪᠣᠯᠲᠠᠯ᠎ᠠ᠂ ᠪᠥᠬᠥ ᠬᠣᠲᠠ᠎ᠶᠢᠨ 49 ᠲᠡᠵᠢᠭᠡᠪᠦᠷᠢ ᠵᠢᠨ ᠲᠠᠯᠠᠪᠠᠶ (ᠡᠷᠦᠬᠡ) ᠲᠤᠰ ᠠᠵᠢᠯᠯᠠᠭ᠎ᠠ  ᠳ᠋ᠤ ᠢᠳᠡᠪᠬᠢᠲᠡᠢ ᠣᠷᠣᠯᠴᠠᠭᠠᠳ᠂ 31 ᠲᠠᠯᠠᠪᠠᠢ (ᠡᠷᠦᠬᠡ) ᠨᠢ ᠬᠣᠲᠠ᠎ᠶᠢᠨ ᠲᠣᠰ ᠱᠠᠲᠤᠨ᠎ᠤ ᠪᠠᠷᠢᠮᠵᠢᠶ᠎ᠠ᠎ᠳᠤ ᠬᠦᠷᠬᠦ ᠰᠢᠯᠭᠠᠨ ᠪᠠᠢᠴᠠᠭᠠᠯᠲᠠ᠎ᠳᠤ ᠬᠢᠷᠢ ᠲᠡᠩᠴᠡᠵᠦ᠂ 22 ᠲᠠᠯᠠᠪᠠᠢ (ᠡᠷᠦᠬᠡ)ᠨᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠭᠡᠷᠡᠴᠢᠯᠡᠯ᠎ᠢ ᠭᠥᠷᠳᠡᠨ᠂ ᠲᠠᠪᠤᠨ ᠵᠢᠯ᠎ᠦᠨ ᠬᠤᠭᠤᠴᠠᠭ᠎ᠠ᠎ᠲᠠᠢ ᠪᠠᠺᠲ᠋ᠧᠷᠢ ᠡᠰᠡᠷᠭᠦᠴᠡᠬᠦ ᠡᠮ᠎ᠦ᠋ᠨ ᠬᠡᠮᠵᠢᠶ᠎ᠡ ᠵᠢ ᠪᠠᠭᠠᠰᠬᠠᠬᠤ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠤᠬᠰᠠᠨ ᠪᠠᠢᠨ᠎ᠠ᠃

ᠲᠤᠰ ᠠᠵᠢᠯᠯᠠᠭ᠎ᠠ᠎ᠶᠢ ᠠᠬᠢᠭᠤᠯᠬᠤ᠎ᠶᠢᠨ ᠲᠥᠯᠥᠭᠡ᠂ ᠲᠦᠩᠯᠢᠶᠣᠣ ᠬᠣᠲᠠ 《ᠨᠢᠭᠡ ᠲᠠᠯᠠᠪᠠᠢ (ᠡᠷᠥᠭᠡ) ᠳ᠋ᠤ ᠨᠢᠭᠡ ᠠᠷᠭ᠎ᠠ ᠪᠣᠳᠣᠯᠭ᠎ᠠ》 ᠵᠢᠨ ᠨᠠᠷᠢᠨ ᠲᠠᠩᠰᠠᠳᠥ ᠬᠠᠮᠢᠶᠠᠷᠤᠯᠲᠠ᠎ᠶᠢ ᠬᠡᠷᠡᠭᠵᠢᠭᠦᠯᠵᠦ᠂ ᠲᠡᠵᠢᠭᠡᠪᠥᠷᠢ ᠵᠢᠨ ᠲᠠᠯᠠᠪᠠᠶ᠎ᠶᠢᠨ ᠪᠠᠺᠲ᠋ᠧᠷᠢ ᠡᠰᠡᠷᠭᠦᠴᠡᠬᠦ ᠡᠮ᠎ᠦ᠋ᠨ ᠬᠡᠮᠵᠢᠶ᠎ᠡ ᠵᠢ ᠪᠠᠭᠠᠰᠬᠠᠬᠤ ᠲᠥᠰᠥᠯ᠎ᠢ ᠪᠡᠢᠳᠠᠯ ᠳ᠋ᠦ᠍ᠨᠢ ᠲᠣᠬᠢᠷᠠᠭᠤᠯᠤᠨ ᠲᠣᠭᠲᠠᠭᠠᠵᠦ᠂ ᠲᠠᠪᠤᠨ ᠵᠦᠢᠯ᠎ᠦᠨ ᠬᠠᠮᠢᠶᠠᠷᠤᠯᠲᠠ᠎ᠶᠢᠨ ᠳᠦᠷᠢᠮ᠎ᠲᠤᠭᠲᠠᠭᠠᠬᠤ᠎ᠪᠠᠷ ᠳᠠᠮᠵᠢᠭᠤᠯᠤᠨ᠂ ᠲᠡᠵᠢᠭᠡᠨ ᠦᠷᠡᠵᠢᠭᠦᠯᠬᠦ ᠵᠠᠩᠭᠢᠯᠠᠭ᠎ᠠ᠎ᠶᠢᠨ ᠪᠢᠲᠡᠭᠦᠦ ᠬᠠᠮᠢᠶᠠᠷᠤᠯᠲᠠ᠎ᠶᠢ ᠬᠡᠷᠡᠭᠵᠢᠭᠦᠯᠵᠠᠢ᠃ 26 ᠮᠡᠷᠭᠡᠵᠢᠯᠳᠠᠨ ᠳᠡᠵᠢᠭᠡᠪᠥᠷᠢ ᠵᠢᠨ ᠲᠠᠯᠠᠪᠠᠶ᠎ᠳᠤ ᠰᠠᠭᠤᠭᠠᠳ᠂ ᠨᠠᠷᠢᠯᠢᠭ᠋ ᠣᠨᠣᠪᠴᠢᠲᠠᠢ ᠣᠨᠣᠰᠢᠯᠠᠬᠤ ᠮᠡᠷᠭᠡᠵᠢᠯ᠎ᠢ ᠳᠡᠯᠭᠡᠷᠡᠭᠦᠯᠵᠦ ᠂ 60 ᠲᠦᠮᠡᠨ ᠲᠡᠭᠰᠢ ᠳᠥᠷᠪᠡᠯᠵᠢᠨ ᠮᠧᠲᠷ᠎ᠦᠨ ᠲᠡᠵᠢᠭᠡᠪᠦᠷᠢ ᠵᠢᠨ ᠲᠠᠯᠠᠪᠠᠶ᠎ᠶᠢ ᠪᠥᠬᠥ ᠲᠠᠯ᠎ᠠ᠎ᠪᠠᠷ ᠠᠷᠢᠭᠤᠳᠬᠠᠨ᠂ 150 ᠪᠦᠯᠦᠭ ᠤᠳᠠᠭᠠᠨ᠎ᠤ ᠲᠡᠵᠢᠭᠡᠯ ᠪᠣᠷᠳᠣᠭ᠎ᠠ᠎ᠶᠢ ᠰᠤᠭᠤᠴᠢᠨ ᠪᠠᠢᠴᠠᠭᠠᠬᠤ᠎ᠶᠢ ᠨᠡᠢᠳᠡᠮ ᠪᠦᠷᠬᠦᠭᠦᠯᠪᠡ; 《ᠨᠢᠭᠡ᠎ᠳᠦ ᠨᠢᠭᠡ》 ᠵᠢᠨ ᠥᠢᠯᠡᠴᠢᠯᠡᠭᠡ ᠨᠢ ᠲᠡᠷᠢᠭᠦᠨ᠎ᠦ ᠮᠡᠷᠭᠡᠵᠢᠯ᠎ᠢ ᠦᠨᠡᠨ ᠬᠦ᠌ ᠦᠢᠯᠡᠳᠪᠦᠷᠢᠯᠡᠯ᠎ᠦᠨ ᠡᠮᠥᠨ᠎ᠡ ᠹᠷᠣᠨᠲ᠎ᠲᠤ ᠦᠨᠳᠦᠰᠦᠯᠡᠭᠥᠯᠵᠠᠢ᠂ ᠡᠢᠮᠦᠷᠬᠦᠦ ᠮᠡᠷᠭᠡᠵᠢᠯ᠎ᠢᠶᠡᠷ ᠬᠠᠪᠰᠤᠷᠤᠨ ᠲᠡᠳᠬᠦᠬᠥ ᠠᠷᠭ᠎ᠠ ᠪᠤᠳᠤᠯᠭ᠎ᠠ ᠨᠢ ᠴᠥᠭᠡᠨ ᠪᠤᠰᠤ ᠲᠡᠵᠢᠭᠡᠪᠦᠷᠢ ᠵᠢᠨ ᠡᠷᠦᠬᠡ᠎ᠳᠦ ᠥᠨᠡᠨ ᠬᠥ᠌ ᠠᠰᠢᠭ᠋ ᠬᠦᠷᠲᠡᠭᠡᠭᠰᠡᠨ ᠪᠠᠢᠨ᠎ᠠ᠃ ᠲᠦᠩᠯᠢᠶᠣᠣ ᠬᠣᠲᠠ᠎ᠶᠢᠨ ᠬᠦᠷᠢᠶ᠎ᠡ ᠬᠣᠰᠢᠭᠤᠨ᠎ᠤ ᠰᠢᠶᠠᠨᠵᠢᠨ ᠰᠤᠮᠤᠨ᠎ᠤ ᠦᠬᠡᠷ ᠲᠡᠵᠢᠭᠡᠵᠤ ᠪᠠᠢᠭ᠎ᠠ ᠵᠣᠣ ᠪᠢᠨ᠄ 《ᠥᠩᠭᠡᠷᠡᠭᠰᠡᠨ᠎ᠳᠦ ᠲᠤᠷᠰᠢᠯᠭ᠎ᠠ ᠪᠠᠨ ᠥᠨᠳᠥᠰᠥᠯᠡᠨ᠂ ᠪᠠᠷᠤᠬᠯᠠᠵᠤ ᠪᠠᠢᠭᠠᠳ ᠡᠮ ᠬᠡᠷᠡᠭᠯᠡᠵᠦ ᠪᠠᠢᠭᠰᠠᠨ᠂ ᠳᠡᠭᠡᠬᠥ ᠨᠢ ᠡᠮ᠎ᠦᠨ ᠵᠠᠷᠤᠳᠠᠯ ᠥᠨᠳᠥᠷ ᠮᠥᠷᠳᠡᠭᠡᠨ ᠭᠡᠮ᠎ᠢ ᠵᠠᠰᠠᠬᠤ ᠵᠢ᠎ᠴᠦ ᠰᠠᠭᠠᠲᠠᠭᠠᠵᠤ ᠪᠠᠢᠵᠠᠢ᠂ ᠣᠲᠣ᠌ ᠬᠠᠷᠢᠨ ᠮᠡᠷᠭᠡᠵᠢᠯᠳᠠᠨ ᠭᠡᠷ ᠲᠦ᠍ ᠢᠷᠡᠭᠡᠳ ᠵᠢᠭᠠᠨ ᠵᠢᠯᠣᠭᠣᠳᠬᠤ ᠪᠤᠯᠤᠬᠰᠠᠨ ᠡᠴᠡ ᠡᠮ᠎ᠦᠨ ᠵᠠᠷᠤᠳᠠᠯ ᠪᠠᠭᠤᠷᠠᠵᠤ᠂ ᠦᠬᠡᠷ᠎ᠦᠨ ᠪᠤᠷᠤᠯᠠᠭᠤᠯᠭ᠎ᠠ᠎ᠶᠢᠨ ᠦᠨ᠎ᠡ ᠴᠦ᠍ ᠥᠰᠴᠢᠭᠡᠯ᠎ᠡ》 ᠭᠡᠵᠦ ᠪᠤᠳᠤᠯ ᠵᠢᠨᠨ ᠶᠠᠷᠢᠨ᠎ᠠ᠃

ᠲᠦᠩᠯᠢᠶᠣᠣ ᠬᠣᠲᠠ ᠪᠠᠰᠠ ᠤᠬᠠᠭᠤᠯᠭ᠎ᠠ ᠬᠢᠵᠦ ᠪᠤᠯᠪᠠᠰᠤᠷᠠᠯ ᠬᠥᠷᠳᠡᠭᠡᠬᠥ ᠪᠠ ᠨᠡᠢᠲᠡᠯᠢᠭ ᠵᠢᠱ᠌ᠢᠶ᠎ᠡ ᠦᠵᠡᠭᠦᠯᠬᠦ᠎ᠶᠢ ᠴᠢᠬᠤᠯᠠᠴᠢᠯᠠᠵᠤ᠂ ᠪᠠᠺᠲ᠋ᠧᠷᠢ ᠡᠰᠡᠷᠭᠦᠴᠡᠬᠦ ᠡᠮ᠎ᠦ᠋ᠨ ᠬᠡᠮᠵᠢᠶ᠎ᠡ ᠵᠢ ᠪᠠᠭᠠᠰᠬᠠᠬᠤ ᠠᠵᠢᠯᠯᠠᠭ᠎ᠠ᠎ᠶᠢᠨ ᠨᠠᠢᠳᠠᠪᠤᠷᠢᠵᠢᠭᠤᠯᠤᠯᠲᠠ᠎ᠶᠢ ᠪᠥᠬᠥ ᠲᠠᠯ᠎ᠠ᠎ᠪᠠᠷ ᠠᠬᠢᠭᠤᠯᠪᠠ᠃ ᠪᠥᠬᠥ ᠬᠣᠲᠠ ᠵᠢᠨ ᠡᠯ᠎ᠡ ᠵᠥᠢᠯ᠎ᠤᠨ ᠤᠬᠠᠭᠤᠯᠭ᠎ᠠ᠎ᠶᠢᠨ ᠮᠠᠲᠧᠷᠢᠶᠠᠯ᠂ ᠬᠡᠷᠡᠭᠯᠡᠬᠦ᠎ᠶᠢ ᠴᠠᠭᠠᠵᠠᠯᠠᠭᠰᠠᠨ ᠪᠠ ᠬᠢᠵᠠᠭᠠᠷᠯᠠᠭᠰᠠᠨ ᠡᠮ᠎ᠤᠨ ᠲᠣᠳᠣᠷᠬᠠᠢ ᠬᠠᠭᠤᠳᠠᠰᠤ ᠵᠢ 900 ᠭᠠᠷᠤᠢ ᠬᠤᠪᠢ ᠲᠦᠭᠡᠭᠡᠵᠦ᠂ ᠨᠢᠭᠡᠳᠦᠯᠲᠡᠢ ᠮᠠᠯ᠎ᠤᠨ ᠡᠮ᠎ᠤᠨ ᠬᠡᠷᠡᠭᠯᠡᠭᠡᠨ᠎ᠤ ᠲᠡᠮᠳᠡᠭᠯᠡᠯ᠎ᠦᠨ ᠳᠡᠪᠲᠡᠷ᠎ᠢ 1200 ᠬᠤᠪᠢ ᠲᠦᠭᠡᠭᠡᠪᠡ᠃ ᠡᠲᠡᠭᠡᠷ ᠮᠠᠲᠧᠷᠢᠶᠠᠯ ᠪᠠ ᠲᠡᠮᠳᠡᠭᠯᠡᠯ᠎ᠦᠨ ᠳᠡᠪᠲᠡᠷ ᠨᠢ ᠲᠡᠵᠢᠭᠡᠨ ᠦᠷᠡᠵᠢᠭᠦᠯᠬᠦ᠎ᠶᠢ ᠵᠢᠷᠤᠮᠵᠢᠭᠤᠯᠵᠤ᠂ ᠲᠡᠵᠢᠭᠡᠪᠥᠷᠢ ᠵᠢᠨ ᠡᠷᠦᠬᠡ᠎ᠶᠢ ᠵᠢᠷᠤᠮᠯᠠᠬᠤ ᠡᠴᠡ ᠳᠦᠷᠢᠮ᠎ᠲᠠᠢ ᠪᠣᠯᠭᠠᠪᠠ᠃ ᠡᠭᠦᠨ᠎ᠦ ᠬᠠᠮᠲᠤ 3 ᠬᠤᠭᠤᠴᠠᠭᠠᠨ᠎ᠤ ᠣᠬᠣᠷ ᠸᠢᠳᠢᠤ᠋᠎ᠶᠢ ᠰᠦᠯᠵᠢᠶᠡᠨ ᠳᠡᠭᠡᠷ᠎ᠡ ᠳᠠᠮᠵᠢᠭᠤᠯᠵᠤ᠂ ᠰᠥᠯᠵᠢᠶᠠᠨ ᠭᠠᠳᠠᠨ᠎ᠠ 1600 ᠬᠥᠮᠥᠨ ᠤᠳᠠᠭᠠᠨ᠎ᠤ ᠠᠵᠢᠯ ᠡᠷᠬᠢᠯᠡᠭᠰᠡᠳ᠎ᠦᠨ ᠪᠣᠯᠪᠠᠰᠤᠷᠠᠯ ᠥᠷᠨᠢᠭᠦᠯᠥᠨ᠂ ᠪᠠᠺᠲ᠋ᠧᠷᠢ ᠡᠰᠡᠷᠭᠦᠴᠡᠬᠦ ᠡᠮ᠎ᠦ᠋ᠨ ᠬᠡᠮᠵᠢᠶ᠎ᠡ ᠵᠢ ᠪᠠᠭᠠᠰᠬᠠᠬᠤ ᠣᠢᠯᠠᠭᠠᠭᠳᠠᠬᠤᠨ᠎ᠢ ᠡᠮᠥᠨ᠎ᠡ ᠹᠷᠣᠨᠲ᠎ᠲᠤ ᠭᠦᠨᠵᠡᠭᠡᠢᠷᠡᠭᠦᠯᠵᠠᠢ᠃ ᠣᠲᠣ᠌ ᠦᠶ᠎ᠡ᠎ᠶᠢᠨ ᠮᠠᠯ ᠠᠵᠤ ᠠᠬᠤᠢ (ᠲᠦᠩᠯᠢᠶᠣᠣ) ᠵᠢᠨ ᠬᠢᠵᠠᠭᠠᠷᠲᠤ ᠺᠣᠮᠫᠠᠨᠢ ᠪᠤᠯ ᠠᠰᠢᠭ᠋ ᠬᠦᠷᠲᠡᠭᠴᠢ ᠵᠢᠨ ᠨᠢᠭᠡ ᠨᠢ ᠪᠤᠯᠤᠨ᠎ᠠ᠃ ᠬᠠᠷᠢᠭᠤᠴᠠᠯᠭᠠᠲᠠᠨ ᠵᠠᠩ ᠳ᠋ᠦᠩ ᠳ᠋ᠦᠩ᠄ 《ᠣᠲᠣ᠌ ᠡᠪᠡᠳᠴᠢᠨ ᠳ᠋ᠤ ᠨᠡᠷᠪᠡᠭᠳᠡᠭᠰᠡᠨ ᠰᠠᠭᠠᠯᠢ᠎ᠶᠢᠨ ᠦᠨᠢᠶᠡᠨ᠎ᠳᠦ ᠤᠷᠢᠳ ᠵᠢᠡᠷ ᠡᠮ᠎ᠳᠦ ᠬᠠᠷᠰᠢᠬᠤ ᠲᠤᠷᠰᠢᠯᠲᠠ ᠬᠢᠵᠦ᠂ ᠲᠣᠭ᠎ᠠ ᠪᠠᠷᠢᠮᠲᠠ᠎ᠳᠤ ᠲᠦᠰᠢᠭᠯᠡᠨ᠂ ᠨᠠᠷᠢᠯᠢᠭ᠋ ᠣᠨᠣᠴᠠᠲᠠᠢ ᠡᠮ ᠰᠣᠩᠭᠣᠨ ᠬᠡᠷᠡᠭᠯᠡᠵᠤ ᠪᠠᠢᠨ᠎ᠠ》 ᠭᠡᠵᠥ ᠰᠤᠷᠪᠤᠯᠵᠢᠯᠠᠭᠴᠢ᠎ᠳᠤ ᠲᠠᠨᠢᠯᠴᠠᠭᠤᠯᠤᠯ᠎ᠠ᠃ 2024 ᠣᠨ᠎ᠳᠤ ᠲᠣᠰ ᠺᠣᠮᠫᠠᠨᠢ 95521.02 ᠲᠣᠨ ᠦᠨᠢᠶᠡᠨ ᠰᠦ᠎ᠦᠢᠯᠡᠳᠪᠦᠷᠢᠯᠡᠨ᠂ ᠪᠠᠺᠲ᠋ᠧᠷᠢ ᠡᠰᠡᠷᠭᠦᠴᠡᠬᠦ ᠡᠮ ᠬᠡᠷᠡᠭᠯᠡᠭᠰᠡᠨ ᠬᠡᠮᠵᠢᠶ᠎ᠡ ᠨᠢ ᠲᠣᠨ ᠪᠦᠷᠢ ᠳ᠋ᠤ ᠵᠥᠪᠬᠡᠨ 1.12 ᠭᠷᠡᠮ ᠨᠤᠬᠳᠠᠵᠤ᠂ 2023 ᠣᠨ᠎ᠤ ᠬᠢ᠎ᠡᠴᠡ 26.84% ᠪᠡᠷ ᠪᠠᠭᠤᠷᠠᠨ᠂ 2022 ᠣᠨ᠎ᠤ ᠬᠢ᠎ᠡᠴᠡ 43.32% ᠵᠢᠡᠷ ᠪᠠᠭᠤᠷᠠᠪᠠ᠃ ᠡᠨᠡ ᠬᠦ᠌ ᠢᠯᠡᠷᠬᠡᠢ ᠪᠠᠭᠤᠷᠠᠯᠲᠠ ᠨᠢ ᠠᠵᠤ ᠠᠬᠤᠢᠯᠠᠯ᠎ᠤᠨ ᠪᠠᠺᠲ᠋ᠧᠷᠢ ᠡᠰᠡᠷᠭᠦᠴᠡᠬᠦ ᠡᠮ᠎ᠦ᠋ᠨ ᠬᠡᠮᠵᠢᠶ᠎ᠡ ᠵᠢ ᠪᠠᠭᠠᠰᠬᠠᠬᠤ ᠲᠠᠯ᠎ᠠ᠎ᠪᠠᠷ ᠬᠢ ᠴᠢᠷᠮᠠᠢᠯᠭ᠎ᠠ ᠪᠠ ᠦᠷ᠎ᠡ ᠪᠦᠲᠦᠮᠵᠢ᠎ᠶᠢ ᠬᠠᠷᠠᠭᠤᠯᠤᠭᠰᠠᠨ᠎ᠢᠶᠡᠷ ᠪᠠᠷᠠᠬᠤ ᠦᠭᠡᠢ᠂ ᠪᠠᠰᠠ ᠮᠠᠯ᠎ᠤᠨ ᠠᠰᠢᠭ᠋ ᠰᠢᠮ᠎ᠡ᠎ᠶᠢᠨ ᠶᠠᠰᠤ ᠴᠢᠨᠠᠷ᠎ᠤᠨ ᠠᠮᠤᠷ ᠲᠦᠪᠰᠢᠨ᠎ᠢ ᠪᠠᠲᠤᠯᠠᠬᠤ᠎ᠳᠤ ᠴᠢᠬᠤᠯᠠ ᠬᠤᠪᠢ ᠨᠡᠮᠡᠷᠢ ᠦᠵᠡᠭᠦᠯᠵᠦ᠂ ᠮᠡᠷᠭᠡᠵᠢᠯ᠎ᠦᠨ ᠰᠢᠨ᠎ᠡ᠎ᠶᠢ ᠡᠭᠦᠳᠴᠤ᠂ ᠲᠠᠷᠢᠶᠠᠯᠠᠩ᠎ᠤᠨ ᠰᠢᠨ᠎ᠡ ᠴᠢᠨᠠᠷ ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠥᠯᠬᠥ ᠦᠢᠯᠡᠳᠦᠯᠭᠡ᠎ᠶᠢᠨ ᠠᠴᠢ ᠬᠤᠯᠪᠤᠭᠳᠠᠯ᠎ᠢ ᠲᠠᠢᠯᠪᠤᠷᠢᠯᠠᠬᠰᠠᠨ ᠪᠠᠢᠨ᠎ᠠ᠃

ᠲᠦᠩᠯᠢᠶᠣᠣ ᠬᠤᠳᠠ ᠪᠠᠰᠠ ᠮᠠᠯ᠎ᠤᠨ ᠠᠰᠢᠭ᠋ ᠰᠢᠮ᠎ᠡ᠎ᠶᠢ ᠰᠤᠭᠤᠴᠢᠨ ᠪᠠᠢᠴᠠᠭᠠᠬᠤ ᠡᠷᠴᠢᠮ᠎ᠢᠶᠡᠨ ᠴᠢᠩᠭᠠᠳᠬᠠᠵᠤ᠂ ᠰᠢᠯᠭᠠᠨ ᠬᠡᠮᠵᠢᠵᠤ ᠡᠬᠢ ᠡᠭᠦᠰᠦᠯ᠎ᠢ ᠨᠢ ᠡᠷᠢᠬᠦ ᠲᠣᠭᠲᠠᠴᠠ᠎ᠶᠢ ᠪᠠᠢᠭᠤᠯᠤᠨ᠂ ᠬᠠᠮᠢᠶ᠎ᠠ ᠪᠥᠬᠥᠢ ᠰᠠᠯᠠᠭ᠎ᠠ ᠮᠥᠴᠢᠷ ᠬᠠᠮᠲᠤᠷᠠᠨ ᠬᠠᠤᠯᠢ ᠬᠡᠷᠡᠭᠵᠢᠭᠦᠯᠵᠦ᠂ ᠪᠠᠺᠲ᠋ᠧᠷᠢ ᠡᠰᠡᠷᠭᠦᠴᠡᠬᠦ ᠡᠮ᠎ᠢ ᠳᠤᠷ᠎ᠠ᠎ᠪᠠᠷ ᠵᠢᠡᠨ ᠬᠡᠷᠡᠭᠯᠡᠬᠦ ᠵᠡᠷᠭᠡ ᠬᠠᠤᠯᠢ᠎ᠠᠴᠠ ᠵᠥᠷᠢᠴᠡᠭᠰᠡᠨ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠪᠡ᠃ ᠲᠣᠰ ᠬᠣᠲᠠ᠎ᠶᠢᠨ ᠠᠮᠢᠲᠠᠨ᠎ᠤ ᠭᠡᠮ ᠬᠢᠵᠢᠭ᠎ᠢ ᠪᠠᠢᠴᠠᠭᠠᠬᠤ ᠮᠡᠷᠭᠡᠵᠢᠯ᠎ᠦᠨ ᠦᠢᠯᠡᠴᠢᠯᠡᠭᠡᠨ᠎ᠦ ᠲᠥᠪ᠎ᠦᠨ ᠲᠤᠭᠤᠷᠪᠢᠭ᠍ᠰᠠᠨ 《ᠬᠡᠪᠴᠢᠶᠡᠵᠢᠭᠰᠡᠨ ᠲᠡᠵᠢᠭᠡᠪᠥᠷᠢ ᠵᠢᠨ ᠲᠠᠯᠠᠪᠠᠶ᠎ᠶᠢᠨ ᠮᠠᠯ᠎ᠳᠤ ᠬᠡᠷᠡᠭᠯᠡᠬᠦ ᠪᠠᠺᠲᠧᠷᠢ ᠡᠰᠡᠷᠭᠦᠴᠡᠬᠦ ᠡᠮ᠎ᠦᠨ ᠬᠡᠷᠡᠭᠯᠡᠬᠦ ᠬᠡᠮᠵᠢᠶ᠎ᠡ᠎ᠶᠢ ᠪᠠᠭᠠᠰᠬᠠᠬᠤ ᠬᠠᠮᠢᠶᠠᠷᠤᠯᠲᠠ᠎ᠶᠢᠨ ᠵᠢᠷᠤᠮᠵᠢᠯ》 ᠢ᠋ ᠲᠤᠰᠬᠠᠢ ᠮᠡᠷᠭᠡᠵᠢᠯᠲᠡᠨ᠎ᠦ ᠬᠢᠨᠠᠨ ᠪᠠᠲᠤᠯᠠᠬᠤ᠎ᠪᠠᠷ ᠳᠡᠮᠵᠢᠨ ᠤᠳᠠᠯ ᠦᠭᠡᠢ ᠨᠡᠢᠲᠡᠯᠡᠬᠦ ᠪᠡᠷ ᠪᠣᠶ ᠃ ᠥᠷᠭᠡᠨ ᠬᠡᠪᠴᠢᠶ᠎ᠡ ᠪᠡᠷ ᠳᠡᠯᠭᠡᠷᠡᠭᠥᠯᠵᠤ ᠪᠠᠢᠭ᠎ᠠ 6 ᠲᠣᠨ ᠠᠷᠢᠭᠤᠳᠬᠠᠬᠤ ᠡᠮ᠎ᠢ ᠦᠷ᠎ᠡ ᠪᠦᠲᠦᠮᠵᠢ᠎ᠪᠡᠷ ᠲᠣᠪᠣᠢᠮ᠎ᠠ ᠳᠡᠵᠢᠭᠡᠪᠥᠷᠢ ᠵᠢᠨ ᠲᠠᠯᠠᠪᠠᠢ᠎ᠳᠤ ᠱᠠᠩᠨᠠᠵᠤ᠂ ᠵᠢᠱ᠌ᠢᠶ᠎ᠡ ᠦᠵᠡᠭᠦᠯᠬᠦ ᠦᠢᠯᠡᠳᠦᠯ᠎ᠢ ᠦᠷᠭᠦᠯᠵᠢᠯᠡᠨ ᠥᠷᠭᠡᠳᠬᠡᠵᠦ᠂ ᠪᠠᠷᠢᠮᠵᠢᠶᠠᠵᠢᠭ᠍ᠰᠠᠨ ᠪᠦᠲᠦᠭᠡᠨ ᠪᠠᠢᠭᠤᠯᠤᠯᠲᠠ᠎ᠪᠠᠷ ᠠᠵᠤ ᠦᠢᠯᠡᠰ᠎ᠦᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠥᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠠᠵᠤ ᠦᠢᠯᠡᠰ᠎ᠦᠨ ᠬᠥᠭᠵᠢᠯ ᠮᠠᠨᠳᠤᠯ᠎ᠤᠨ ᠬᠦᠴᠦᠷᠬᠡᠭ ᠶᠡᠬᠡ ᠬᠥᠳᠡᠯᠭᠡᠬᠦ ᠬᠦᠴᠦᠨ᠎ᠢ ᠨᠡᠮᠡᠷᠢᠯᠡᠵᠤ ᠪᠠᠢᠨ᠎ᠠ᠃

ᠣᠳᠣᠬᠠᠨ᠎ᠳᠤ᠂ ᠲᠦᠩᠯᠢᠶᠣᠣ ᠬᠤᠲᠠ ᠰᠢᠨᠵᠢᠯᠡᠬᠦ ᠤᠬᠠᠭᠠᠨᠴᠢ᠎ᠪᠠᠷ ᠪᠠᠺᠲ᠋ᠧᠷᠢ ᠡᠰᠡᠷᠭᠦᠴᠡᠬᠦ ᠡᠮ᠎ᠦ᠋ᠨ ᠬᠡᠮᠵᠢᠶ᠎ᠡ ᠵᠢ ᠪᠠᠭᠠᠰᠬᠠᠬᠤ᠎ᠪᠠᠷ ᠳᠠᠮᠵᠢᠨ᠂ ᠤᠯᠠᠨ ᠲᠠᠯ᠎ᠠ᠎ᠪᠠᠷ ᠬᠠᠮᠲᠤ ᠪᠠᠷ ᠠᠰᠢᠭ᠋ ᠬᠦᠷᠳᠡᠬᠦ᠎ᠶᠢ ᠪᠡᠶᠡᠯᠡᠭᠦᠯᠵᠡᠢ᠄ ᠲᠡᠵᠢᠭᠡᠨ ᠦᠷᠡᠵᠢᠭᠦᠯᠬᠦ ᠥᠪᠡᠷ᠎ᠦᠨ ᠦᠷᠳᠡᠭ᠎ᠢ ᠪᠠᠭᠤᠷᠠᠭᠤᠯᠵᠤ᠂ ᠠᠮᠢᠳᠠᠨ᠎ᠤ ᠭᠡᠮ ᠬᠢᠵᠢᠭ ᠡᠭᠦᠰᠬᠦ ᠨᠤᠷᠮ᠎ᠠ᠎ᠶᠢ ᠪᠠᠭᠠᠰᠬᠠᠨ᠂ ᠪᠣᠬᠢᠷᠲᠤᠯ ᠦᠭᠡᠢ ᠮᠠᠯ᠎ᠤᠨ ᠠᠰᠢᠭ᠋ ᠰᠢᠮ᠎ᠡ᠎ᠶᠢᠨ ᠥᠷᠢᠰᠦᠯᠳᠦᠭᠡᠨ᠎ᠦ ᠬᠦᠴᠦᠨ᠎ᠢ ᠳᠡᠭᠡᠭᠰᠢᠯᠡᠭᠦᠯᠵᠦ᠂ ᠤᠯᠠᠨ ᠲᠦᠮᠡᠨ᠎ᠦ 《ᠢᠳᠡᠭᠡᠨ ᠤᠮᠳᠠᠭᠠᠨ᠎ᠤ ᠠᠮᠤᠷ ᠲᠦᠪᠰᠢᠨ》 ᠢ᠋ ᠪᠠᠲᠤᠯᠠᠵᠤ ᠪᠠᠢᠭ᠎ᠠ ᠮᠥᠷᠳᠡᠭᠡᠨ ᠲᠡᠵᠢᠭᠡᠪᠥᠷᠢ ᠵᠢᠨ ᠦᠢᠯᠡᠰ᠎ᠢ ᠴᠢᠨᠠᠷ ᠰᠠᠢᠲᠠᠢ ᠪᠣᠬᠢᠷᠲᠤᠯ ᠦᠭᠡᠢ ᠬᠡᠯᠪᠡᠷᠢ ᠲᠡᠢᠰᠢ ᠬᠤᠪᠢᠷᠠᠭᠤᠯᠬᠤ᠎ᠶᠢ ᠠᠬᠢᠭᠤᠯᠥᠨ᠂ ᠲᠠᠷᠢᠶᠠᠯᠠᠩ᠎ᠤᠨ ᠰᠢᠨ᠎ᠡ ᠴᠢᠨᠠᠷ ᠎ᠤᠨ ᠦᠢᠯᠡᠳᠪᠦᠷᠢᠯᠡᠯ᠎ᠦᠨ ᠬᠦᠴᠦᠨ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号