ᠵᠠᠷᠤᠳ ᠬᠤᠱᠢᠭᠤ ᠡᠨᠡ ᠡᠪᠦᠯ ᠲᠥᠯ ᠮᠠᠯ᠎ᠤᠨ ᠣᠨᠳᠣᠷᠣᠯᠳᠠ᠎ᠶ᠋ᠢᠨ ᠨᠤᠷᠮ᠎ᠠ᠎ᠶ᠋ᠢ ᠲᠡᠭᠡᠭ᠌ᠰᠢᠯᠡᠬᠦᠯᠬᠦ᠌᠎ᠶ᠋ᠢ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌ ᠭᠤᠤᠯᠳᠠᠯᠭ᠎ᠠ ᠪᠣᠯᠭᠠᠵᠤ᠂ 《ᠰᠠᠢᠨ ᠡᠭᠦᠯᠳᠡᠷ᠂ ᠰᠠᠢᠨ ᠬᠠᠱᠢᠶ᠎ᠠ ᠰᠠᠷᠠᠪᠴᠢ᠂ ᠰᠠᠢᠨ ᠮᠡᠷᠭᠡᠵᠢᠯ》 ᠭᠡᠬᠦ ᠭᠤᠷᠪᠠᠨ ᠵᠠᠩᠭᠢᠯᠠᠭ᠎ᠠ᠎ᠶ᠋ᠢ ᠴᠢᠩᠭ᠎ᠠ ᠠᠳᠭᠤᠵᠤ᠂ ᠮᠠᠯ᠎ᠤᠨ ᠡᠭᠦᠯᠳᠡᠷ᠎ᠢ ᠰᠠᠢᠵᠢᠷᠠᠭᠤᠯᠤᠨ᠂ ᠬᠠᠱᠢᠶ᠎ᠠ ᠰᠠᠷᠠᠪᠴᠢ᠎ᠶ᠋ᠢ ᠲᠠᠰ ᠲᠡᠪᠱᠢᠬᠦᠯᠬᠦ᠌᠎ᠶ᠋ᠢ ᠠᠬᠢᠭᠤᠯᠵᠤ᠂ ᠪᠥᠬᠦ᠌ ᠶᠠᠪᠤᠴᠠ ᠳ᠋ᠡᠬᠢ ᠮᠡᠷᠭᠡᠵᠢᠯ᠎ᠤᠨ ᠦᠶ᠋ᠯᠡᠴᠢᠯᠡᠭᠡ᠎ᠶ᠋ᠢ ᠰᠠᠢᠲᠤᠷ ᠬᠢᠵᠦ᠍᠂ ᠲᠦᠯ᠎ᠤᠨ ᠣᠨᠳᠣᠷᠣᠯᠳᠠ᠎ᠶ᠋ᠢ ᠲᠣᠭ᠍ᠲᠠᠪᠤᠷᠢᠵᠢᠭᠤᠯᠵᠤ᠂ ᠮᠠᠯᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠪᠥᠬᠦ᠌ ᠬᠦᠴᠦᠨ᠎ᠢᠶᠠᠷ ᠪᠠᠲᠤᠯᠠᠵᠤ ᠪᠤᠢ᠃
ᠲᠦᠷᠦᠭᠦᠬᠡᠨ ᠴᠢᠪᠠᠭᠠᠳᠣ ᠰᠤᠮᠤᠨ᠎ᠤ ᠨᠠᠷᠢᠨ ᠭᠠᠴᠠᠭᠠᠨ᠎ᠤ ᠮᠠᠯᠴᠢᠨ ᠪᠤᠤ ᠰᠣᠶᠣᠯᠳᠣ᠎ᠶ᠋ᠢᠨ ᠬᠢᠨ᠎ᠳᠤ ᠬᠦᠷᠬᠦ᠎ᠳᠤ ᠬᠤᠨᠢᠨ ᠬᠠᠱᠢᠶᠠᠨ᠎ᠳᠤᠨᠢ ᠬᠤᠷᠠᠭ᠎ᠠ ᠢᠱᠢᠭᠡ ᠮᠠᠢᠯᠠᠨ ᠲᠤᠭᠯᠠᠯᠳᠤᠨᠠ᠃ ᠪᠤᠤ ᠰᠤᠶᠤᠯᠳᠣ ᠬᠤᠨᠢᠨ᠎ᠳᠠᠭᠠᠨ ᠡᠪᠡᠰᠦ ᠪᠣᠷᠳᠤᠭ᠎ᠠ ᠨᠡᠮᠡᠵᠦ᠍᠂ ᠬᠤᠷᠠᠭ᠎ᠠ ᠢᠱᠢᠬᠡᠨᠤᠪᠠᠨ ᠦᠰᠦᠯᠳᠡ᠎ᠶ᠋ᠢᠨ ᠪᠠᠢᠳᠠᠯ᠎ᠢ ᠠᠵᠢᠬᠯᠠᠵᠤ ᠪᠠᠢᠯ᠎ᠠ᠃ ᠡᠨᠡ ᠵᠢᠯ ᠲᠡᠷᠡ ᠡᠭᠦᠯᠳᠡᠷ ᠰᠠᠢᠵᠢᠷᠠᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠲᠣᠬᠢᠶᠠᠯ᠎ᠢ ᠵᠠᠪᠳᠤᠨ᠂ ᠨᠤᠲᠤᠭ᠎ᠤᠨ ᠬᠤᠨᠢ᠎ᠪᠠᠨ ᠠᠯᠬᠤᠮ ᠠᠯᠬᠤᠮ᠎ᠢᠶᠠᠷ ᠡᠭᠦᠯᠳᠡᠷ ᠰᠠᠢᠵᠢᠷᠠᠭᠤᠯᠤᠭᠠᠳ᠂ ᠠᠦ᠋ᠰᠲᠷᠠᠯᠢᠶ᠎ᠠ᠎ᠶ᠋ᠢᠨ ᠴᠠᠭᠠᠨ ᠬᠤᠨᠢᠨ᠎ᠤ ᠡᠭᠦᠯᠳᠡᠷ᠎ᠢᠶᠠᠷ ᠰᠣᠯᠢᠵᠤ᠂ ᠲᠡᠵᠢᠭᠡᠪᠦᠷᠢ ᠵᠢᠨ ᠦᠷ᠎ᠡ ᠠᠱᠢᠭ᠎ᠢᠶᠠᠨ ᠳᠡᠭᠡᠭ᠌ᠰᠢᠯᠡᠭᠦᠯᠪᠡ᠃
《ᠠᠦ᠋ᠰᠲᠷᠠᠯᠢᠶ᠎ᠠ᠎ᠶ᠋ᠢᠨ ᠴᠠᠭᠠᠨ ᠬᠤᠨᠢᠨ᠎ᠤ ᠤᠨᠳᠤᠷᠤᠯᠲᠠ᠎ᠶ᠋ᠢᠨ ᠨᠣᠷᠮ᠎ᠠ ᠥᠨᠳᠥᠷ᠂ ᠲᠠᠷᠭᠤ ᠰᠠᠢᠲᠠᠶ᠂ ᠭᠡᠮ ᠬᠢᠵᠢᠭ᠎ᠢ ᠡᠰᠡᠷᠭᠦᠴᠡᠬᠦ᠌ ᠴᠢᠳᠠᠪᠤᠷᠢ᠎ᠨᠢ ᠰᠠᠢᠨ᠂ ᠤᠨᠳᠤᠷᠤᠯᠲᠠ᠎ᠶ᠋ᠢᠨ ᠨᠣᠷᠮ᠎ᠠ᠎ᠨᠢ 130% ᠳ᠋ᠤ ᠬᠦᠷᠦᠨ᠎ᠡ᠃ ᠣᠳᠣ ᠬᠤᠨᠢᠨ᠎ᠤ ᠭᠤᠷᠪᠠᠨ᠎ᠤ ᠨᠢᠭᠡ᠎ᠨᠢ ᠬᠤᠷᠠᠭᠠᠯᠠᠭᠠᠳ ᠪᠠᠢᠨ᠎ᠠ᠂ ᠦᠯᠡᠳᠡᠭᠰᠡᠨ᠎ᠨᠢ ᠢᠷᠡᠬᠦ᠌ ᠵᠢᠯ᠎ᠤᠨ 3 ᠰᠠᠷ᠎ᠠ᠎ᠶ᠋ᠢᠨ 1 ᠤ᠋ ᠡᠳᠦᠷ᠎ᠠᠴᠠ ᠡᠬᠢᠯᠡᠨ᠎ᠡ᠃ 480 ᠡᠮ᠎ᠡ ᠬᠤᠨᠢ᠎ᠠᠴᠠ ᠪᠢ 600 ᠭᠠᠷᠤᠶ ᠬᠤᠷᠠᠭ᠎ᠠ ᠲᠣᠰᠴᠤ᠌ ᠲᠠᠢᠯᠤᠨ᠎ᠠ᠂ ᠣᠳᠣ 200 ᠱᠢᠬᠠᠮ ᠬᠤᠷᠠᠭ᠎ᠠ ᠲᠤᠰᠤᠭᠠᠳ ᠪᠠᠢᠨ᠎ᠠ》 ᠭᠡᠵᠦ ᠮᠠᠯᠴᠢᠨ ᠪᠤᠤ ᠰᠣᠶᠣᠯᠳᠣ ᠲᠠᠨᠢᠯᠴᠠᠭᠤᠯᠤᠯ᠎ᠠ᠃
ᠡᠪᠦᠯ ᠤᠷᠤᠬᠤ᠎ᠠᠴᠠ ᠡᠮᠦᠨ᠎ᠡ᠂ ᠪᠤᠤ ᠰᠣᠶᠤᠯᠳᠣ ᠬᠠᠱᠢᠶ᠎ᠠ ᠰᠠᠷᠠᠪᠴᠢ ᠪᠠᠨ ᠪᠠᠷᠢᠮᠵᠢᠶ᠎ᠠ ᠶᠤᠰᠤᠭᠠᠷ ᠪᠦᠳᠦᠬᠡᠨ ᠪᠠᠢᠭᠤᠯᠵᠦ᠍᠂ 11 ᠰᠠᠷ᠎ᠠ᠎ᠠᠴᠠ ᠡᠪᠦᠯ᠎ᠤᠨ ᠲᠦᠯ ᠲᠤᠰᠴᠦ᠍ ᠡᠬᠢᠯᠡᠨ᠂ ᠲᠦᠯ᠎ᠤᠨ ᠤᠨᠳᠤᠷᠤᠯᠲᠠ᠎ᠶ᠋ᠢᠨ ᠨᠤᠷᠮ᠎ᠠ᠎ᠨᠢ ᠥᠩᠭᠡᠷᠡᠭ᠌ᠰᠡᠨ ᠵᠢᠯ᠎ᠤᠨ᠎ᠬᠢ᠎ᠠᠴᠠ ᠮᠡᠳᠡᠭ᠌ᠳᠡᠮ᠎ᠡ ᠳᠡᠭᠡᠭ᠌ᠰᠢᠯᠡᠵᠡᠢ᠃
《ᠡᠨᠡ ᠬᠤᠨᠢᠨ᠎ᠤ ᠥᠰᠥᠯᠲᠡ᠎ᠨᠢ ᠨᠤᠲᠤᠭ᠎ᠤᠨ ᠬᠤᠨᠢᠨ᠎ᠠᠴᠠ ᠬᠤᠷᠳᠤᠨ᠂ ᠢᠳᠡᠬᠦ᠌᠎ᠨᠢ ᠪᠠᠭ᠎ᠠ᠂ ᠥᠪᠡᠷ᠎ᠤᠨ ᠦᠷᠳᠡᠭ᠎ᠨᠢ ᠳᠣᠣᠷ᠎ᠠ᠂ ᠬᠤᠳᠠᠯᠳᠤᠬᠤ᠎ᠳᠤ ᠠᠮᠠᠷᠬᠠᠨ ᠪᠠᠢᠳᠠᠭ᠃ ᠤᠷᠴᠢᠮ ᠨᠢᠬᠡ ᠬᠦᠮᠦᠨ ᠮᠢᠨᠤ ᠬᠤᠨᠢᠨ᠎ᠤ ᠡᠬᠦᠯᠳᠡᠷ᠎ᠢ ᠲᠤᠭᠤᠭᠠᠳ ᠨᠢᠭᠡ ᠬᠤᠷᠠᠭᠠᠨ ᠬᠤᠴᠠ᠎ᠶ᠋ᠢ 6000 ᠲᠥᠭᠦᠷᠢᠭ᠎ᠢᠶᠠᠷ ᠵᠠᠬᠢᠶᠠᠯᠠᠭ᠍ᠰᠠᠨ᠂ ᠡᠪᠦᠯ᠎ᠤᠨ ᠬᠤᠷᠠᠭ᠎ᠠ᠎ᠶ᠋ᠢᠨ ᠤᠨᠳᠣᠷᠣᠯᠳᠠᠶ᠋ᠢᠨ ᠨᠤᠷᠮ᠎ᠠ᠎ᠨᠢ ᠴᠦ᠍ ᠣᠨᠴᠠᠭᠠᠶ ᠥᠨᠳᠥᠷ》 ᠬᠡᠵᠦ᠍ ᠮᠠᠯᠴᠢᠨ ᠪᠤᠤ ᠰᠣᠶᠣᠯᠳᠣ ᠶᠠᠷᠢᠯ᠎ᠠ᠃
ᠡᠨᠡ ᠵᠢᠯ ᠴᠢᠪᠠᠭᠠᠳᠣ ᠰᠤᠮᠤ ᠵᠠᠷᠤᠳ ᠬᠤᠱᠢᠭᠤᠨ᠎ᠤ ᠡᠭᠦᠯᠳᠡᠷ ᠰᠠᠢᠵᠢᠷᠠᠭᠤᠯᠬᠤ ᠨᠥᠬᠦᠪᠥᠷᠢ᠎ᠶ᠋ᠢᠨ ᠲᠥᠷᠥ᠎ᠶ᠋ᠢᠨ ᠪᠣᠳᠣᠯᠭ᠎ᠠ᠎ᠳᠤ ᠲᠦᠱᠢᠭ᠌ᠯᠡᠨ᠂ ᠣᠯᠠᠨ ᠬᠦᠪᠦᠷᠡᠯ᠎ᠳᠦ ᠬᠤᠴᠠ ᠣᠷᠣᠭᠤᠯᠤᠨ ᠠᠪᠴᠢᠷᠠᠵᠠᠢ᠃ ᠭᠠᠷ ᠬᠡᠬᠡᠯᠳᠦᠭᠦᠯᠭᠡ ᠵᠢᠨ ᠮᠡᠷᠭᠡᠵᠢᠯ᠎ᠢ ᠲᠡᠯᠬᠡᠷᠡᠬᠦᠯᠬᠦ᠌᠎ᠶ᠋ᠢᠨ ᠲᠦᠯᠦᠬᠡ᠂ 50 ᠭᠠᠷᠤᠶ ᠪᠠᠷᠢᠮᠵᠢᠶᠠᠵᠢᠭ᠍ᠰᠠᠨ ᠳᠤᠯᠠᠭᠠᠨ ᠰᠠᠷᠠᠪᠴᠢ ᠪᠠᠢᠭᠤᠯᠵᠤ᠂ ᠡᠪᠡᠰᠦ ᠪᠣᠷᠳᠤᠭ᠎ᠠ ᠨᠥᠭᠡᠴᠡᠯᠡᠬᠦ᠌ ᠬᠥᠮᠥᠷᠭᠡ᠂ ᠭᠡᠮ ᠬᠢᠵᠢᠭ᠎ᠢ ᠰᠡᠷᠭᠡᠢᠯᠡᠨ ᠡᠵᠡᠮᠳᠡᠬᠦ᠌ ᠴᠡᠭ ᠵᠡᠷᠭᠡ ᠲᠥᠬᠦᠭᠡᠷᠦᠮᠵᠢ᠎ᠶ᠋ᠢ ᠢᠵᠢ ᠪᠥᠷᠢᠳᠦᠭᠦᠯᠦᠨ ᠲᠡᠬᠦᠯᠳᠡᠷᠵᠢᠬᠦᠯᠬᠦ᠌᠎ᠶ᠋ᠢᠨ ᠬᠠᠮᠳᠣ ᠱᠢᠨᠵᠢᠯᠡᠬᠦ᠌ ᠤᠬᠠᠭᠠᠨᠴᠢ ᠪᠡᠷ ᠲᠡᠵᠢᠬᠡᠨ ᠦᠷᠡᠵᠢᠬᠦᠯᠦᠭᠰᠡᠨ᠎ᠠᠴᠠ ᠪᠦᠬᠦ᠌ ᠰᠣᠮᠣᠨ᠎ᠤ ᠬᠤᠷᠠᠭ᠎ᠠ᠎ᠶ᠋ᠢᠨ ᠤᠨᠳᠤᠷᠤᠯᠲᠠ᠎ᠶ᠋ᠢᠨ ᠨᠣᠷᠮ᠎ᠠ᠎ᠨᠢ 95% ᠶ᠋ᠢ ᠳᠠᠪᠠᠵᠠᠶ᠃ ᠣᠲᠣ ᠴᠢᠪᠠᠭᠠᠳᠣ ᠰᠤᠮᠤ 10 ᠲᠦᠮᠡ ᠭᠠᠷᠤᠶ ᠡᠪᠦᠯ᠎ᠤᠨ ᠬᠤᠷᠠᠭ᠎ᠠ ᠲᠣᠰᠤᠭᠠᠳ ᠪᠠᠢᠨ᠎ᠠ᠃
ᠲᠤᠯᠤᠳᠤ ᠰᠤᠮᠤᠨ᠎ᠤ ᠬᠤᠢᠨ᠎ᠠ ᠪᠤᠯᠠᠬ᠍ᠳᠣ ᠭᠠᠴᠠᠭᠠᠨ᠎ᠤ ᠮᠠᠯᠴᠢᠨ ᠳ᠋ᠦᠩ ᠱᠧᠩ᠎ᠤᠨ ᠬᠢᠨ᠎ᠤ ᠪᠠᠷᠢᠮᠵᠢᠶᠠᠵᠢᠬ᠍ᠰᠠᠨ ᠦᠬᠡᠷ᠎ᠤᠨ ᠬᠠᠱᠢᠶ᠎ᠠ ᠰᠠᠷᠠᠪᠴᠢᠨ᠎ᠳᠤ ᠭᠧᠷᠮᠠᠨ ᠡᠭᠦᠯᠳᠡᠷ᠎ᠤᠨ ᠲᠠᠷᠭᠤ ᠰᠠᠢᠳᠠᠢ ᠲᠤᠭᠤᠯ᠎ᠤᠳ ᠲᠠᠪᠠᠳᠠᠢ ᠢᠳᠡᠱᠢᠯᠡᠨᠡ᠃
《ᠡᠳᠡᠭᠡᠷ ᠲᠤᠭᠤᠯ᠎ᠤᠳ 6 ᠰᠠᠷ᠎ᠠ ᠭᠠᠷᠤᠢ᠎ᠶ᠋ᠢᠨ ᠳᠠᠷᠠᠭ᠎ᠠ ᠦᠰᠦᠭᠡᠳ 600 ᠵᠢᠩ᠎ᠠᠴᠠ ᠳᠡᠭᠡᠭ᠌ᠰᠢ ᠪᠤᠯᠤᠨ᠎ᠠ᠂ ᠨᠤᠲᠤᠭ᠎ᠤᠨ ᠦᠬᠡᠷ᠎ᠠᠴᠠ ᠨᠠᠭᠠᠳᠤ ᠵᠠᠬ᠎ᠠ᠎ᠳᠠᠭᠠᠨ 2000 ᠲᠥᠭᠦᠷᠢᠭ᠎ᠠᠴᠠ ᠳᠡᠭᠡᠭᠰᠢ ᠦᠨᠳᠦᠷ ᠦᠨ᠎ᠡ᠎ᠪᠡᠷ ᠬᠤᠳᠠᠯᠳᠤᠨ᠎ᠠ》 ᠭᠡᠵᠦ ᠮᠠᠯᠴᠢᠨ ᠳ᠋ᠦᠩ ᠱᠧᠩ ᠶᠠᠷᠢᠵᠦ ᠪᠠᠢᠪᠠ᠃
ᠣᠢᠷ᠎ᠠ᠎ᠶ᠋ᠢᠨ ᠵᠢᠯ᠎ᠤᠳ᠎ᠲᠤ᠌᠂ ᠵᠠᠷᠤᠳ ᠬᠤᠱᠢᠭᠤ ᠮᠠᠯ ᠠᠵᠤ ᠠᠬᠤᠶ᠎ᠲᠠᠷᠢᠶᠠᠯᠠᠩ᠎ᠤᠨ ᠣᠳᠣᠬᠢᠴᠢᠯᠠᠭ᠍ᠰᠠᠨ ᠬᠥᠭ᠌ᠵᠢᠯᠲᠡ᠎ᠶ᠋ᠢᠨ ᠴᠢᠭ᠌ᠯᠡᠯ᠎ᠢ ᠲᠣᠭ᠍ᠲᠠᠭᠠᠵᠤ᠂ ᠮᠠᠯ ᠠᠵᠤ ᠠᠬᠤᠶ᠎ᠶ᠋ᠢ ᠳᠡᠮᠵᠢᠬᠦ ᠡᠷᠴᠢᠮ᠎ᠢᠶᠠᠨ ᠦᠷᠭᠦᠯᠵᠢᠯᠡᠨ ᠴᠢᠩᠭᠠᠳᠬᠠᠵᠤ᠂ ᠲᠤᠰᠭᠠᠶ ᠪᠠᠯᠠ ᠮᠥᠩᠭᠦ᠌ ᠣᠷᠣᠭᠤᠯᠤᠨ᠂ ᠨᠤᠲᠤᠭ ᠪᠡᠯᠴᠢᠭᠡᠷ᠎ᠤᠨ ᠠᠮᠢ ᠠᠬᠤᠶ᠎ᠶ᠋ᠢ ᠬᠠᠮᠠᠭᠠᠯᠠᠬᠤ ᠨᠥᠬᠦᠪᠥᠷᠢ ᠱᠠᠩᠨᠠᠯ᠂ ᠮᠠᠯ ᠵᠢᠭᠦᠷᠲᠡᠨ᠎ᠤ ᠰᠠᠢᠨ ᠡᠭᠦᠯᠳᠡᠷ᠎ᠤᠨ ᠨᠥᠬᠦᠪᠥᠷᠢ᠂ ᠪᠠᠷᠢᠮᠵᠢᠶᠠᠵᠢᠭ᠍ᠰᠠᠨ ᠬᠠᠱᠢᠶ᠎ᠠ ᠰᠠᠷᠠᠪᠴᠢ᠎ᠶ᠋ᠢᠨ ᠪᠥᠲᠥᠭᠡᠨ ᠪᠠᠢᠭᠤᠯᠤᠯᠲᠠ ᠵᠢᠴᠢ ᠤᠶᠤᠨᠴᠢ ᠲᠡᠵᠢᠭᠡᠪᠦᠷᠢ ᠵᠢᠨ ᠰᠠᠭᠤᠷᠢᠨ᠎ᠤ ᠪᠥᠲᠥᠭᠡᠨ ᠪᠠᠢᠭᠤᠯᠤᠯᠲᠠ ᠵᠡᠷᠭᠡ ᠠᠷᠠᠳ᠎ᠲᠤ ᠠᠱᠢᠭ ᠬᠦᠷᠲᠡᠭᠡᠬᠦ᠌ ᠣᠯᠠᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂《ᠡᠭᠦᠯᠳᠡᠷ ᠰᠠᠢᠵᠢᠷᠠᠭᠤᠯᠬᠤ + ᠲᠥᠬᠦᠭᠡᠷᠦᠮᠵᠢ᠎ᠶ᠋ᠢᠨ ᠪᠠᠲᠤᠯᠠᠭ᠎ᠠ + ᠮᠡᠷᠭᠡᠵᠢᠯ᠎ᠤᠨ ᠦᠶ᠋ᠯᠡᠴᠢᠯᠡᠭᠡ + ᠠᠵᠤ ᠦᠶ᠋ᠯᠡᠰ᠎ᠤᠨ ᠬᠡᠯᠬᠢᠶ᠎ᠡ᠎ᠶ᠋ᠢ ᠤᠷᠲᠤᠳᠭᠠᠬᠤ》ᠬᠥᠭ᠌ᠵᠢᠯᠲᠡ᠎ᠶ᠋ᠢᠨ ᠱᠢᠰᠲ᠋ᠧᠮ᠎ᠢ ᠪᠠᠢᠭᠤᠯᠪᠠ᠃ ᠡᠭᠦᠯᠳᠡᠷ ᠰᠠᠢᠵᠢᠷᠠᠭᠤᠯᠬᠤ᠂ ᠪᠠᠷᠢᠮᠵᠢᠶᠠᠵᠢᠭ᠍ᠰᠠᠨ ᠬᠠᠱᠢᠶ᠎ᠠ ᠰᠠᠷᠠᠪᠴᠢ ᠵᠢᠴᠢ ᠡᠪᠡᠰᠦᠨ ᠬᠥᠮᠥᠷᠭᠡ ᠪᠥᠲᠥᠭᠡᠨ ᠪᠠᠢᠭᠤᠯᠬᠤ᠂ ᠨᠠᠷᠢᠯᠢᠭ ᠣᠨᠣᠴᠠᠲᠠᠶᠲᠡᠵᠢᠭᠡᠨ ᠠᠷᠠᠴᠢᠯᠠᠬᠤ᠂ ᠭᠡᠮ ᠬᠢᠵᠢᠭ᠎ᠢ ᠰᠡᠷᠭᠡᠢᠯᠡᠨ ᠡᠵᠡᠮᠳᠡᠬᠦ᠌ ᠵᠡᠷᠭᠡ ᠲᠡᠷᠢᠭᠦᠨ᠎ᠤ ᠮᠡᠷᠭᠡᠵᠢᠯ᠎ᠢ ᠳᠡᠯᠭᠡᠷᠡᠭᠦᠯᠬᠦ᠌᠎ᠪᠠᠷ ᠳᠡᠮᠵᠢᠨ᠂ ᠪᠥᠬᠦ᠌ ᠬᠤᠱᠢᠭᠤ᠎ᠪᠠᠷ᠎ᠢᠶᠠᠨ 《ᠲᠥᠷᠥ᠎ᠶ᠋ᠢᠨ ᠪᠣᠳᠣᠯᠭ᠎ᠠ᠎ᠪᠠᠷ ᠬᠥᠲᠥᠯᠦᠨ ᠵᠢᠯᠣᠭᠤᠳᠭᠤ + ᠮᠡᠷᠭᠡᠵᠢᠯ᠎ᠢᠶᠠᠷ ᠲᠤᠯᠭᠠᠭᠤᠷᠢᠯᠠᠭᠤᠯᠬᠤ + ᠠᠵᠤ ᠦᠶ᠋ᠯᠡᠰ᠎ᠢᠶᠠᠷ ᠳᠠᠢᠴᠢᠯᠠᠬᠤ》 ᠮᠠᠯ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠦᠷᠢᠯᠳᠦᠭᠦᠯᠦᠨ᠂ ᠡᠪᠦᠯ᠎ᠤᠨ ᠬᠤᠷᠠᠭ᠎ᠠ᠎ᠶ᠋ᠢᠨ ᠤᠨᠳᠣᠷᠣᠯᠳᠠᠶ᠋ᠢ ᠪᠠᠳᠣᠯᠠᠬᠤ᠎ᠶ᠋ᠢ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢᠨ ᠨᠡᠮᠡᠭ᠌ᠳᠡᠯ᠎ᠤᠨ 《ᠠᠯᠲᠠᠨ ᠲᠦᠯᠬᠢᠭᠦᠷ》 ᠪᠣᠯᠭᠠᠵᠤ᠂ ᠪᠥᠬᠦ᠌ ᠬᠤᠱᠢᠭᠤᠨ᠎ᠤ ᠮᠠᠯ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠪᠡ᠃