400 ᠲᠦᠮᠡᠨ ᠲᠥᠭᠥᠷᠢᠭ ᠦ᠋ᠨ 《ᠰᠢᠨ᠎ᠡ ᠵᠢᠯ ᠤ᠋ᠨ ᠪᠡᠯᠡᠭ》
2026-01-21 10:49:58
ᠵᠣᠬᠢᠶᠠᠭ᠍ᠴᠢ᠄
ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

《ᠴᠡᠪᠡᠷ ᠠᠰᠢᠬ ᠬᠤᠪᠢᠶᠠᠬᠤ ᠭᠡᠵᠤ ᠪᠤᠢ᠂ ᠡᠨᠡ ᠴᠢᠨᠢ ᠮᠠᠨ ᠤ᠋ ᠲᠣᠰᠬᠣᠨ ᠤ᠋ ᠬᠠᠮᠤᠭ ᠤ᠋ᠨ ᠶᠡᠬᠡ ᠪᠠᠶᠠᠷ ᠤ᠋ᠨ ᠶᠠᠪᠤᠳᠠᠯ ᠡ!》 ᠭᠡᠵᠤ ᠲᠤᠰᠬᠤᠨ ᠤ᠋ ᠠᠷᠠᠳ ᠬᠤᠭᠤᠷᠤ ᠬᠤᠭᠤᠷᠤᠨᠳᠤ ᠪᠠᠨ ᠬᠠᠯᠠᠭᠤᠨ ᠵᠤᠭᠤᠬ ᠳᠡᠯᠭᠡᠨ᠎ᠡ᠃

ᠲᠦᠩᠯᠢᠶᠣᠣ ᠬᠣᠲᠠ ᠶ᠋ᠢᠨ ᠵᠠᠷᠤᠳ ᠬᠣᠰᠢᠭᠤᠨ ᠤ᠋ ᠪᠠᠶᠠᠨᠲᠠᠯ᠎ᠠ ᠰᠤᠮᠤ ᠶ᠋ᠢᠨ ᠪᠠᠷᠠᠭᠤᠨ ᠪᠠᠶᠠᠨᠲᠠᠯ᠎ᠠ ᠲᠣᠰᠬᠣᠨ ᠤ᠋ ᠨᠠᠮ ᠤ᠋ᠨ ᠭᠡᠰᠢᠭᠥᠨ ᠪᠠ ᠣᠯᠠᠨ ᠲᠦᠮᠡᠨ ᠤ᠋ ᠦᠢᠯᠡᠴᠢᠯᠡᠭᠡᠨ ᠤ᠋ ᠲᠥᠪ ᠲᠤ᠌ ᠠᠢᠯ ᠤᠯᠠᠨ ᠶ᠋ᠢᠡᠷ ᠵᠢᠡᠨ ᠴᠤᠭᠯᠠᠷᠠᠵᠤ᠂ ᠳ᠋ᠠ ᠵᠢᠶᠥ᠋ᠨ ᠠᠮᠤ ᠪᠤᠳᠠᠭᠠᠨ ᠤ᠋ ᠲᠠᠷᠢᠮᠠᠯ ᠤ᠋ᠨ ᠲᠤᠰᠬᠠᠢ ᠬᠣᠷᠰᠢᠶ᠎ᠠ ᠶ᠋ᠢᠨ 2026 ᠣᠨ ᠤ᠋ ᠴᠡᠪᠡᠷ ᠠᠰᠢᠭ᠋ ᠬᠤᠪᠢᠶᠠᠬᠤ ᠶᠡᠬᠡ ᠬᠤᠷᠠᠯ ᠡᠨᠳᠡ ᠬᠥᠷ ᠬᠥᠭᠵᠢᠶᠠᠨ ᠳᠠᠢ ᠶᠠᠪᠤᠬᠳᠠᠪᠠ᠃ ᠲᠤᠰᠬᠠᠢ ᠬᠤᠷᠰᠢᠶ᠎ᠠ ᠳ᠋ᠤ ᠬᠤᠪᠢ ᠣᠷᠣᠭᠰᠠᠨ 303 ᠬᠡᠰᠢᠬᠦᠨ ᠡᠷᠦᠬᠡ ᠵᠢᠨ ᠬᠢᠨ ᠭᠠᠷ ᠦᠵᠦᠭᠦᠷ ᠤ᠋ᠨ ᠠᠵᠢᠯ ᠶ᠋ᠢᠡᠨ ᠲᠦᠷ ᠬᠠᠶᠠᠵᠤ᠂ ᠵᠦᠭ ᠪᠦᠷᠢ ᠡᠴᠡ ᠨᠢᠭᠡ ᠲᠠᠩᠬᠢᠮ ᠳ᠋ᠤ ᠴᠤᠭᠯᠠᠷᠠᠵᠠᠭᠠᠨ᠂ ᠬᠠᠮᠲᠤ ᠶ᠋ᠢᠨ ᠠᠵᠤ ᠠᠬᠤᠢ ᠶ᠋ᠢᠨ ᠬᠥᠭᠵᠢᠯᠲᠡ ᠶ᠋ᠢᠨ ᠪᠠᠶᠠᠯᠢᠭ ᠦᠷ᠎ᠡ ᠪᠦᠲᠦᠭᠡᠯ ᠢ᠋ ᠬᠠᠮᠲᠤ ᠪᠠᠷ ᠭᠡᠷᠡᠴᠢᠯᠡᠵᠤ᠂ ᠠᠰᠢᠭ᠋ ᠬᠤᠪᠢᠶᠠᠷᠢᠯᠠᠯᠲᠠ ᠶ᠋ᠢᠨ ᠪᠠᠶᠠᠷ ᠪᠠᠬᠠᠳᠤᠯ ᠢ᠋ ᠬᠠᠮᠲᠤ ᠪᠠᠷ ᠡᠳ᠋ᠯᠡᠯ᠎ᠠ᠃


2192bc3a-9c38-4f4b-8551-b62efe7e378b.png


ᠴᠡᠪᠡᠷ ᠠᠰᠢᠭ᠋ ᠬᠤᠪᠢᠶᠠᠬᠤ ᠲᠤᠬᠠᠢ ᠶ᠋ᠢᠨ ᠲᠠᠯᠠᠪᠠᠢ ᠳ᠋ᠤ ᠳᠠᠪᠬᠤᠷᠯᠠᠨ ᠥᠷᠥᠵᠤ ᠲᠠᠯᠪᠢᠭ᠍ᠰᠠᠨ ᠴᠡᠪᠡᠷ ᠠᠰᠢᠬ ᠤ᠋ᠨ ᠪᠡᠯᠡᠨ ᠮᠥᠩᠭᠥ ᠤᠨᠴᠠ ᠶ᠋ᠢᠨ ᠢᠯᠡ ᠲᠠᠢ ᠬᠠᠷᠠᠬᠳᠠᠵᠤ᠂ ᠲᠤᠰᠬᠠᠢ ᠬᠤᠷᠰᠢᠶ᠎ᠠ ᠵᠢᠨ ᠭᠡᠰᠢᠭᠦᠳ ᠡᠮᠬᠢ ᠳᠠᠷᠠᠭ᠎ᠠ ᠲᠠᠢ ᠪᠠᠷ ᠮᠥᠷᠯᠡᠨ᠂ ᠨᠡᠷ᠎ᠡ ᠪᠠ ᠬᠤᠪᠢᠳᠠᠨ ᠤᠯᠤᠭᠰᠠᠨ ᠴᠡᠪᠡᠷ ᠠᠰᠢᠬ ᠤ᠋ᠨ ᠳᠤᠭ᠎ᠠ ᠶ᠋ᠢ ᠨᠠᠷᠢᠨ ᠬᠠᠷᠭᠤᠭᠤᠯᠵᠤ᠂ ᠭᠠᠷ ᠤ᠋ᠨ ᠦᠰᠦᠭ ᠶ᠋ᠢᠡᠨ ᠨᠢᠮᠪᠠᠢ ᠵᠢᠷᠤᠬᠤ ᠶ᠋ᠢᠨ ᠬᠠᠮᠲᠤ ᠬᠤᠷᠤᠭᠤᠨ ᠣᠷᠣᠮ ᠶ᠋ᠢᠡᠨ ᠳᠠᠷᠤᠨ ᠥᠯᠡᠳᠡᠭᠡᠵᠤ ᠪᠠᠢᠪᠠ᠃ ᠴᠡᠪᠡᠷ ᠠᠰᠢᠬ ᠤ᠋ᠨ ᠵᠤᠭᠤᠰ ᠶ᠋ᠢᠡᠨ ᠭᠠᠷᠳᠠᠵᠤ ᠣᠯᠣᠭᠰᠠᠨ ᠭᠡᠰᠢᠭᠦᠳ ᠤ᠋ᠨ ᠴᠢᠷᠠᠢ ᠳ᠋ᠤ ᠪᠠᠶᠠᠷ ᠤ᠋ᠨ ᠮᠦᠰᠢᠶᠡᠳᠦ ᠲᠤᠳᠤᠷᠠᠵᠤ᠂ ᠵᠠᠷᠢᠮ ᠨᠢ ᠤᠯᠤᠭᠰᠠᠨ ᠵᠤᠭᠤᠰ ᠶ᠋ᠢᠡᠨ ᠦᠨᠳᠦᠷ ᠲᠤ᠌ ᠡᠷᠭᠦᠨ ᠪᠠᠶᠠᠷ ᠪᠠᠶᠠᠰᠦᠯ ᠶ᠋ᠢᠡᠨ ᠤᠯᠠᠨ ᠲᠠᠢ ᠬᠤᠪᠢᠶᠠᠯᠴᠠᠨ᠎ᠠ᠃

ᠲᠣᠰᠬᠣᠨ ᠤ᠋ ᠠᠷᠠᠳ ᠸᠠᠩ ᠬᠣᠩ ᠱᠦᠨ 110 ᠭᠠᠷᠤᠢ ᠮᠦ᠍ ᠲᠠᠷᠢᠶᠠᠨ ᠭᠠᠵᠠᠷ ᠵᠢᠨᠷ ᠵᠢᠨᠨ ᠲᠤᠰᠬᠠᠢ ᠬᠤᠷᠰᠢᠶ᠎ᠠ ᠳ᠋ᠤ ᠬᠤᠪᠢ ᠣᠷᠣᠵᠤ᠂ ᠮᠦ᠍ ᠪᠦᠷᠢ ᠳ᠋ᠤ 780 ᠲᠥᠭᠥᠷᠢᠭ ᠤ᠋ᠨ ᠴᠡᠪᠡᠷ ᠠᠰᠢᠭ᠋ ᠬᠤᠪᠢᠶᠠᠨ᠂ ᠨᠡᠢᠳᠡ 8 ᠲᠦᠮᠡ ᠭᠠᠷᠤᠢ ᠲᠥᠭᠥᠷᠢᠭ ᠭᠠᠷᠳᠠᠵᠠᠢ᠃ 《ᠲᠤᠰᠬᠠᠢ ᠬᠤᠷᠰᠢᠶ᠎ᠠ ᠳ᠋ᠤ ᠬᠤᠪᠢ ᠤᠷᠤᠬᠰᠠᠨ ᠨᠢ ᠴᠤᠬᠤᠮ ᠵᠥᠪ ᠵᠠᠮ ᠢ᠋ ᠰᠣᠩᠭᠣᠯ᠎ᠠ᠃ ᠥᠩᠭᠡᠷᠡᠭᠰᠡᠨ ᠳ᠋ᠤ ᠲᠡᠭᠷᠢ ᠶ᠋ᠢᠨ ᠴᠢᠷᠠᠢ ᠶ᠋ᠢ ᠬᠠᠷᠠᠵᠤ ᠲᠠᠷᠢᠶ᠎ᠠ ᠲᠠᠷᠢᠵᠦ ᠪᠠᠢᠭ᠎ᠠ ᠥᠶ᠎ᠡ ᠳ᠋ᠤ ᠬᠥᠮᠥᠨ ᠤ᠋ ᠬᠦᠴᠦᠨ ᠤ᠋ ᠥᠪᠡᠷ ᠤ᠋ᠨ ᠦᠷᠳᠡᠭ ᠥᠨᠳᠥᠷ ᠪᠦᠭᠡᠳ ᠵᠢᠯ ᠲᠤᠵᠢ ᠮᠤᠩᠬᠢᠨᠠᠭᠠᠳ ᠳᠡᠮᠡᠢ ᠬᠡᠳᠥᠨ ᠵᠣᠭᠣᠰ ᠦᠯᠡᠳᠡᠳᠡᠭ ᠥᠭᠡᠢ ᠪᠠᠢᠭᠰᠠᠨ᠂ ᠤᠳᠤ ᠲᠠᠷᠢᠶᠠᠨ ᠳ᠋ᠤ ᠤᠴᠢᠬᠤ ᠬᠡᠷᠡᠭ ᠥᠭᠡᠢ ᠪᠤᠯᠤᠬᠰᠠᠨ ᠮᠥᠷᠳᠡᠭᠡᠨ ᠶᠡᠷᠦ ᠶ᠋ᠢᠨ ᠴᠠᠭ ᠲᠤ᠌ ᠭᠠᠳᠠᠭ᠍ᠰᠢ ᠭᠠᠷᠴᠤ ᠬᠥᠯᠥᠰᠦᠨ ᠠᠵᠢᠯ ᠬᠢᠭᠡᠳ ᠵᠢᠯ ᠤ᠋ᠨ ᠪᠠᠰᠠ 2 — 3 ᠲᠦᠮᠡᠨ ᠲᠥᠭᠥᠷᠢᠭ ᠤ᠋ᠨ ᠵᠣᠭᠣᠰ ᠣᠯᠴᠢᠬᠠᠨ᠎ᠠ᠂ ᠬᠤᠪᠢᠳᠠᠵᠤ ᠤᠯᠤᠭᠰᠠᠨ ᠴᠡᠪᠡᠷ ᠠᠰᠢᠭ ᠶ᠋ᠢᠡᠨ ᠨᠡᠮᠡᠬᠦ ᠪᠡᠷ ᠮᠠᠨᠤᠰ ᠤ᠋ᠨ ᠠᠮᠢᠳᠤᠷᠠᠯ ᠤᠳᠤ ᠶᠠᠪᠤᠬᠤ ᠲᠤᠳᠤᠮ ᠦᠭᠡᠳᠡᠯᠡᠵᠦ ᠪᠠᠢᠨ᠎ᠠ》 ᠭᠡᠵᠦ ᠸᠠᠩ ᠬᠣᠩ ᠱᠦᠨ ᠰᠡᠳᠬᠢᠯ ᠳᠣᠭᠳᠣᠯᠥᠨ ᠬᠡᠯᠡᠯ᠎ᠠ᠃

ᠥᠢᠯᠠᠭᠠᠬᠰᠠᠨ ᠶ᠋ᠢᠡᠷ᠂ ᠵᠠᠷᠤᠳ ᠬᠣᠰᠢᠭᠤᠨ ᠤ᠋ ᠳ᠋ᠠ ᠵᠢᠶᠥ᠋ᠨ ᠠᠮᠤ ᠪᠤᠳᠠᠭᠠᠨ ᠤ᠋ ᠲᠠᠷᠢᠮᠠᠯ ᠤ᠋ᠨ ᠲᠤᠰᠬᠠᠢ ᠬᠣᠷᠰᠢᠶ᠎ᠠ 2018 ᠣᠨ ᠳ᠋ᠤ ᠪᠠᠢᠭᠤᠯᠤᠭᠳᠠᠭᠰᠠᠨ ᠡᠴᠡ ᠨᠠᠭᠠᠰᠢ᠂ ᠠᠮᠤ ᠪᠤᠳᠠᠭᠠᠨ ᠤ᠋ ᠲᠠᠷᠢᠮᠠᠯ ᠳᠠᠷᠢᠬᠤ᠂ ᠲᠠᠷᠢᠶᠠᠯᠠᠩ ᠤ᠋ᠨ ᠪᠦᠲᠦᠭᠡᠭᠳᠡᠬᠦᠨ ᠢ᠋ ᠨᠠᠷᠢᠯᠢᠭ᠋ ᠪᠤᠯᠪᠠᠰᠤᠷᠠᠭᠤᠯᠬᠤ᠂ ᠲᠠᠷᠢᠶᠠᠯᠠᠩ ᠤ᠋ᠨ ᠮᠠᠰᠢᠨ ᠤ᠋ ᠦᠢᠯᠡᠴᠢᠯᠡᠭᠡ ᠬᠠᠩᠭᠠᠬᠤ ᠵᠡᠷᠭᠡ ᠬᠦᠷᠢᠶ᠎ᠡ ᠴᠠᠷᠠᠭᠠᠨ ᠳ᠋ᠤ ᠬᠥᠴᠥ ᠲᠠᠯᠪᠢᠨ᠂ ᠮᠠᠯᠵᠢᠬᠤ ᠲᠠᠷᠢᠶᠠᠯᠠᠬᠤ ᠡᠷᠦᠬᠡ ᠶ᠋ᠢᠨ ᠬᠤᠪᠢ ᠪᠡᠷ ᠶ᠋ᠢᠡᠨ ᠲᠠᠷᠢᠶᠠᠯᠠᠵᠤ ᠪᠠᠢᠭᠰᠠᠨ 《ᠵᠢᠵᠢᠭ ᠲᠠᠷᠢᠶ᠎ᠠ》 ᠶ᠋ᠢ ᠨᠡᠢᠯᠡᠭᠦᠯᠦᠭᠡᠳ 《ᠶᠡᠬᠡ ᠲᠠᠷᠢᠶ᠎ᠠ》 ᠪᠣᠯᠭᠠᠵᠤ᠂ ᠬᠡᠪᠴᠢᠶᠡᠵᠢᠭᠦᠯᠵᠤ ᠪᠠᠷᠢᠮᠵᠢᠶᠠᠵᠢᠭᠤᠯᠤᠨ ᠲᠠᠷᠢᠬᠤ ᠶ᠋ᠢ ᠪᠡᠶᠡᠯᠡᠭᠦᠯᠤᠨ᠂ 《ᠨᠠᠮ ᠤ᠋ᠨ ᠡᠭᠦᠷ ᠡᠴᠡ ᠳᠠᠭᠠᠭᠤᠯᠤᠨ ᠬᠢᠬᠦ  + ᠲᠤᠰᠬᠠᠢ ᠬᠣᠷᠰᠢᠶ᠎ᠡ ᠡᠴᠡ ᠡᠵᠡᠩᠨᠡᠬᠦ  +  ᠮᠠᠯᠵᠢᠬᠤ ᠲᠠᠷᠢᠶᠠᠯᠠᠬᠤ ᠡᠷᠦᠬᠡ ᠣᠷᠣᠯᠴᠠᠬᠤ》 ᠬᠡᠯᠪᠡᠷᠢ ᠶ᠋ᠢᠨ ᠬᠠᠮᠲᠤ ᠪᠠᠷ ᠠᠰᠢᠭ᠋ ᠭᠥᠷᠳᠡᠨ ᠬᠥᠭᠵᠢᠬᠦ ᠵᠠᠮ ᠢ᠋ ᠠᠮᠵᠢᠯᠲᠠ ᠲᠠᠢ ᠰᠦᠪᠡᠭᠴᠢᠯᠡᠨ ᠨᠡᠭᠡᠭᠡᠭᠰᠡᠨ ᠪᠠᠢᠨ᠎ᠠ᠃ ᠳ᠋ᠠ ᠵᠢᠶᠥ᠋ᠨ ᠠᠮᠤ ᠪᠤᠳᠠᠭᠠᠨ ᠤ᠋ ᠲᠠᠷᠢᠮᠠᠯ ᠤ᠋ᠨ ᠲᠤᠰᠬᠠᠢ ᠬᠣᠷᠰᠢᠶ᠎ᠠ ᠨᠢ ᠬᠣᠰᠢᠭᠤᠨ ᠤ᠋ ᠪᠠᠨ 《ᠨᠢᠭᠡ ᠭᠠᠴᠠᠭ᠎ᠠ ᠲᠣᠰᠭᠤᠨ ᠳ᠋ᠤ ᠨᠢᠭᠡ ᠪᠦᠲᠦᠭᠡᠭ᠌ᠳᠡᠬᠦᠨ ᠲᠠᠢ᠂ ᠨᠢᠭᠡ ᠰᠤᠮᠤ ᠪᠠᠯᠭᠠᠰᠤᠨ ᠳ᠋ᠤ ᠨᠢᠭᠡ ᠠᠵᠤ ᠦᠢᠯᠡᠰ ᠲᠠᠢ》 ᠪᠠᠢᠯᠭᠠᠬᠤ ᠬᠥᠭᠵᠢᠯᠲᠡ ᠶ᠋ᠢᠨ ᠪᠠᠢᠷᠢᠰᠢᠭᠤᠯᠤᠯᠲᠠ ᠳ᠋ᠤ ᠲᠦᠰᠢᠭᠯᠡᠨ᠂ ᠤᠷᠤᠨ ᠨᠤᠳᠤᠭ ᠤ᠋ᠨ ᠪᠤᠳᠠᠳᠤ ᠪᠠᠢᠳᠠᠯ ᠳ᠋ᠠᠭᠠᠨ ᠵᠤᠬᠢᠴᠠᠭᠤᠯᠤᠨ 《ᠡᠷᠳᠡᠨᠢ ᠰᠢᠰᠢ ︱ ᠨᠠᠷᠢᠮᠤ ︱ ᠪᠤᠷᠴᠠᠭ ᠤ᠋ᠨ ᠲᠥᠷᠥᠯ》 ᠢ᠋ ᠰᠡᠯᠬᠦᠨ ᠳᠠᠷᠢᠬᠤ ᠵᠠᠭᠪᠤᠷ ᠢ᠋ ᠬᠡᠷᠡᠭᠵᠢᠭᠦᠯᠵᠦ᠂ ᠰᠦᠯᠢᠶᠤᠤ ᠪᠦᠷᠬᠦᠪᠴᠢ ᠶ᠋ᠢᠨ ᠳᠤᠤᠭᠤᠷ ᠳᠤᠰᠤᠯᠠᠭᠠᠨ ᠤᠰᠤᠯᠠᠵᠤ ᠤᠰᠤ ᠪᠣᠷᠳᠣᠭᠤᠷ ᠢ᠋ ᠨᠢᠭᠡ ᠴᠣᠭᠴᠠᠵᠢᠭᠤᠯᠬᠤ᠂ ᠡᠪᠡᠳᠴᠢᠨ ᠬᠤᠷᠤᠬᠠᠢ ᠶ᠋ᠢᠨ ᠬᠦᠨᠦᠭᠡᠯ ᠢ᠋ ᠪᠣᠬᠢᠷᠲᠤᠯ ᠦᠭᠡᠢ ᠪᠡᠷ ᠰᠡᠷᠭᠡᠢᠯᠡᠨ ᠡᠵᠡᠮᠳᠡᠬᠦ ᠵᠡᠷᠭᠡ ᠲᠡᠷᠢᠭᠦᠨ ᠤ᠋ ᠲᠸᠭᠨᠢᠭ ᠮᠡᠷᠭᠡᠵᠢᠯ ᠢ᠋ ᠢᠳᠡᠪᠬᠢᠲᠡᠢ ᠳᠡᠯᠭᠡᠷᠡᠭᠦᠯᠵᠤ᠂ 5300 ᠮᠦ᠍ ᠠᠮᠤ ᠪᠤᠳᠠᠭᠠᠨ ᠤ᠋ ᠲᠠᠷᠢᠮᠠᠯ ᠤ᠋ᠨ ᠰᠠᠭᠤᠷᠢᠨ ᠢ᠋ ᠲᠣᠭᠲᠠᠭᠤᠨ ᠪᠥᠭᠡᠳ ᠥᠨᠳᠥᠷ ᠤᠨᠠᠯᠲᠠ ᠲᠠᠢ ᠪᠣᠯᠭᠠᠪᠠ᠃ ᠡᠭᠦᠨ ᠤ᠋ ᠬᠠᠮᠲᠤ᠂ ᠲᠤᠰᠬᠠᠢ ᠬᠤᠷᠰᠢᠶ᠎ᠠ ᠡᠴᠡ ᠪᠠᠰᠠ ᠠᠮᠤ ᠪᠤᠳᠠᠭ᠎ᠠ ᠶ᠋ᠢ ᠡᠳ᠋ᠰᠢᠭᠥᠯᠤᠨ ᠪᠤᠯᠪᠠᠰᠤᠷᠠᠭᠤᠯᠬᠤ ᠦᠢᠯᠡᠳᠪᠦᠷᠢ ᠶ᠋ᠢ ᠢᠵᠢ ᠪᠦᠷᠢᠳᠦᠭᠦᠯᠦᠨ ᠪᠠᠢᠭᠤᠯᠵᠤ᠂ ᠠᠮᠤ ᠪᠤᠳᠠᠭᠠᠨ ᠤ᠋ ᠲᠠᠷᠢᠮᠠᠯ ᠲᠠᠷᠢᠬᠤ ᠡᠴᠡ ᠡᠳ᠋ᠰᠢᠭᠥᠯᠤᠨ ᠪᠣᠷᠣᠯᠠᠭᠤᠯᠬᠤ ᠬᠦᠷᠳᠡᠯᠡᠬᠢ ᠪᠦᠬᠦ ᠠᠵᠤ ᠦᠢᠯᠡᠰ ᠤ᠋ᠨ ᠬᠡᠯᠬᠢᠶ᠎ᠡ ᠶ᠋ᠢᠨ ᠬᠦᠭᠵᠢᠯᠳᠡ ᠶ᠋ᠢᠨ ᠪᠠᠢᠷᠢᠰᠢᠯ ᠢ᠋ ᠪᠥᠷᠢᠯᠳᠥᠭᠥᠯᠥᠨ᠂ ᠦᠢᠯᠡᠳᠪᠦᠷᠢᠯᠡᠯ ᠤ᠋ᠨ ᠥᠪᠡᠷ ᠤ᠋ᠨ ᠦᠷᠳᠡᠭ ᠢ᠋ ᠪᠦᠲᠦᠮᠵᠢᠲᠡᠢ ᠪᠠᠭᠤᠷᠠᠭᠤᠯᠬᠤ ᠶ᠋ᠢᠨ ᠵᠡᠷᠭᠡ ᠪᠡᠷ ᠲᠠᠷᠢᠶᠠᠯᠠᠩ ᠤ᠋ᠨ ᠪᠦᠲᠦᠭᠡᠭᠳᠡᠬᠦᠨ ᠤ᠋ ᠨᠡᠮᠡᠯᠲᠡ ᠦᠷᠳᠡᠭ ᠢ᠋ ᠳᠡᠭᠡᠭᠰᠢᠯᠡᠭᠦᠯᠵᠤ᠂ ᠲᠠᠷᠢᠶᠠᠯᠠᠩ ᠤ᠋ᠨ ᠪᠦᠲᠦᠭᠡᠭᠳᠡᠬᠦᠨ ᠢ᠋ ᠲᠠᠷᠢᠶᠠᠨ ᠭᠠᠵᠠᠷ ᠡᠴᠡ ᠰᠢᠭᠤᠳ ᠬᠡᠷᠡᠭᠯᠡᠭᠡᠨ ᠤ᠋ ᠵᠠᠬ᠎ᠠ ᠳᠡᠯᠭᠡᠭᠦᠷ ᠲᠤ᠌ ᠣᠷᠣᠭᠤᠯᠵᠠᠢ᠃

《ᠲᠤᠰᠬᠠᠢ ᠬᠤᠷᠰᠢᠶ᠎ᠠ ᠡᠴᠡ ᠭᠠᠵᠠᠷ ᠰᠢᠷᠤᠢ ᠵᠢᠨ ᠡᠵᠡᠩᠨᠡᠯᠳᠡ ᠵᠢᠨ ᠡᠷᠬᠡ ᠵᠢ ᠭᠦᠢᠯᠭᠡᠭᠡᠨ ᠳ᠋ᠤ ᠤᠷᠤᠭᠤᠯᠵᠤ ᠲᠥᠪᠯᠡᠷᠡᠭᠦᠯᠦᠨ ᠡᠵᠡᠩᠨᠡᠬᠥ ᠪᠡᠷ ᠳᠡᠮᠵᠢᠨ ᠣᠯᠠᠨ ᠲᠥᠮᠡᠨ ᠤ᠋ ᠣᠷᠣᠯᠭ᠎ᠠ ᠵᠢ ᠦᠨᠡᠨ ᠬᠦ᠌ ᠪᠠᠲᠤᠯᠠᠭ᠎ᠠ ᠲᠠᠢ ᠪᠣᠯᠭᠠᠪᠠ᠃ ᠨᠢᠭᠡ ᠲᠠᠯ᠎ᠠ ᠪᠠᠷ ᠵᠢᠯ ᠪᠦᠷᠢ ᠮᠸ᠋ ᠨᠢᠭᠡᠴᠢ ᠵᠢᠨ ᠠᠰᠢᠭ᠋ ᠬᠤᠪᠢᠶᠠᠷᠢᠯᠠᠯᠲᠠ ᠶ᠋ᠢ 700 — 800 ᠲᠥᠭᠥᠷᠢᠭ ᠣᠷᠴᠢᠮ ᠳ᠋ᠤ ᠲᠣᠭᠲᠠᠪᠤᠷᠢᠵᠢᠭᠤᠯᠵᠤ᠂ ᠨᠥᠭᠥᠭᠡ ᠲᠠᠯ᠎ᠠ ᠪᠠᠷ ᠮᠠᠯᠴᠢᠨ ᠲᠠᠷᠢᠶᠠᠴᠢᠳ ᠥᠪᠡᠰᠦᠪᠡᠨ ᠭᠠᠳᠠᠭ᠍ᠰᠢ ᠭᠠᠷᠴᠥ ᠬᠦᠯᠦᠰᠤᠨ ᠠᠵᠢᠯ ᠬᠢᠬᠦ ᠪᠡᠷ ᠳᠠᠮᠵᠢᠨ ᠡᠳᠦᠷ ᠪᠥᠷᠢ ᠳᠤᠮᠳᠠᠴᠢ ᠪᠡᠷ ᠪᠠᠷᠤᠭ 200 ᠲᠥᠭᠥᠷᠢᠭ ᠤᠯᠵᠤ᠂ ᠰᠠᠷ᠎ᠠ ᠶ᠋ᠢᠨ ᠣᠷᠣᠯᠭ᠎ᠠ ᠨᠢ 5000 — 6000 ᠲᠥᠭᠥᠷᠢᠭ ᠲᠤ᠌ ᠬᠦᠷᠴᠤ ᠪᠤᠢ᠃ ᠢᠩᠬᠢᠵᠤ ᠪᠤᠳᠤᠪᠠᠯ ᠨᠢᠭᠡ ᠵᠢᠯ ᠤ᠋ᠨ ᠬᠥᠮᠥᠨ ᠳᠤᠮᠳᠠᠴᠢ ᠶ᠋ᠢᠨ ᠣᠷᠣᠯᠭ᠎ᠠ ᠶ᠋ᠢᠨ ᠨᠡᠮᠡᠭᠳᠡᠯ ᠨᠢ ᠲᠦᠮᠡᠨ ᠲᠥᠭᠥᠷᠢᠭ ᠢ᠋ ᠳᠠᠪᠠᠵᠤ ᠪᠠᠢᠨ᠎ᠠ》 ᠭᠡᠵᠦ ᠪᠠᠷᠠᠭᠤᠨ ᠪᠠᠶᠠᠨᠲᠠᠯ᠎ᠠ ᠲᠣᠰᠬᠣᠨ ᠤ᠋ ᠨᠠᠮ ᠤ᠋ᠨ ᠡᠭᠦᠷ ᠤ᠋ᠨ ᠱᠦᠵᠢ ᠾᠧ ᠱᠧᠩ ᠵᠢᠶᠦ᠋ᠨ ᠳᠠᠨᠢᠯᠴᠠᠭᠤᠯᠤᠨ᠎ᠠ᠃ 2018 ᠤᠨ ᠡᠴᠡ ᠨᠠᠭᠠᠰᠢ᠂ ᠳᠠ ᠵᠢᠶᠦ᠋ᠨ ᠠᠮᠤ ᠪᠤᠳᠠᠭᠠᠨ ᠤ᠋ ᠲᠠᠷᠢᠮᠠᠯ ᠤ᠋ᠨ ᠲᠤᠰᠬᠠᠢ ᠬᠤᠷᠰᠢᠶ᠎ᠠ ᠵᠢᠨ ᠬᠢᠨ ᠴᠤᠴᠠᠯᠳᠠ ᠦᠭᠡᠢ ᠴᠢᠷᠮᠠᠢᠯᠭ᠎ᠠ ᠪᠡᠷ ᠳᠠᠮᠵᠢᠨ ᠲᠤᠰᠬᠠᠢ ᠬᠤᠷᠰᠢᠶ᠎ᠠ ᠵᠢᠨ ᠭᠡᠰᠢᠭᠦᠳ ᠲᠡᠭᠡᠨ ᠨᠡᠢ᠍ᠢᠳᠡ 2400 ᠲᠦᠮᠡᠨ ᠲᠥᠭᠥᠷᠢᠭ ᠤ᠋ᠨ ᠴᠡᠪᠡᠷ ᠠᠰᠢᠭ᠋ ᠬᠤᠪᠢᠶᠠᠵᠤ᠂ ᠲᠣᠰᠬᠣᠨ ᠤ᠋ ᠬᠠᠮᠲᠤ ᠶ᠋ᠢᠨ ᠠᠵᠤ ᠠᠬᠤᠢ ᠵᠢᠨ ᠣᠷᠣᠯᠭ᠎ᠠ ᠶ᠋ᠢ ᠲᠠᠢ᠍ᠢᠴᠢᠯᠠᠨ ᠵᠢᠯ ᠤ᠋ᠨ 40 ᠲᠦᠮᠡᠨ ᠲᠥᠭᠥᠷᠢᠭ ᠲᠦ᠍ ᠬᠦᠷᠭᠡᠪᠡ᠃

ᠲᠣᠰ ᠤᠳᠠᠭ᠎ᠠ ᠵᠢᠨ ᠴᠡᠪᠡᠷ ᠠᠰᠢᠭ᠋ ᠬᠤᠪᠢᠶᠠᠬᠤ ᠶᠡᠬᠡ ᠬᠤᠷᠠᠯ ᠨᠢ ᠲᠤᠬᠠᠢ ᠶ᠋ᠢᠨ ᠭᠠᠵᠠᠷ ᠤ᠋ᠨ ᠮᠠᠯᠴᠢᠨ ᠲᠠᠷᠢᠶᠠᠴᠢᠨ ᠤ᠋ ᠣᠷᠣᠯᠭ᠎ᠠ ᠶ᠋ᠢᠨ ᠨᠡᠮᠡᠭᠳᠡᠯ ᠳ᠋ᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠦᠭᠡᠳ ᠨᠠᠩ ᠴᠤ᠌ ᠵᠠᠷᠤᠳ ᠬᠣᠰᠢᠭᠤᠨ ᠤ᠋ ᠣᠲᠣ᠌ ᠦᠶ᠎ᠡ ᠶ᠋ᠢᠨ ᠲᠠᠷᠢᠶᠠᠯᠠᠩ ᠤ᠋ᠨ ᠬᠥᠭᠵᠢᠯᠲᠡ ᠶ᠋ᠢᠨ ᠠᠷᠭ᠎ᠠ ᠵᠠᠮ ᠢ᠋ ᠬᠠᠢᠨ ᠰᠦᠪᠡᠭᠴᠢᠯᠡᠬᠦ᠂ ᠬᠥᠳᠡᠭᠡ ᠲᠣᠰᠬᠣᠨ ᠢ᠋ ᠪᠦᠬᠦ ᠲᠠᠯ᠎ᠠ ᠪᠡᠷ ᠬᠥᠭᠵᠢᠭᠦᠯᠦᠨ ᠮᠠᠨᠳᠤᠭᠤᠯᠬᠤ ᠳ᠋ᠤ ᠬᠦᠴᠦᠨ ᠨᠡᠮᠡᠷᠢᠯᠡᠬᠦ ᠠᠮᠢᠳᠤᠯᠢᠭ᠋ ᠥᠯᠢᠭᠡᠷ ᠵᠢᠱ᠌ᠢᠶ᠎ᠡ ᠪᠤᠯᠵᠠᠢ᠃ ᠢᠷᠡᠭᠡᠳᠦᠢ ᠶ᠋ᠢᠨ ᠲᠥᠯᠥᠪᠯᠡᠭᠡ ᠶ᠋ᠢᠨ ᠲᠤᠬᠠᠢ ᠾᠧ ᠱᠧᠩ ᠵᠢᠶᠦ᠋ᠨ᠄ 《ᠲᠠᠷᠠᠭᠠᠴᠢ ᠶ᠋ᠢᠨ ᠠᠯᠬᠤᠮ ᠳ᠋ᠤ ᠪᠢᠳᠡ ᠲᠤᠰᠬᠠᠢ ᠬᠤᠷᠰᠢᠶ᠎ᠠ ᠶ᠋ᠢᠨ ᠬᠠᠮᠢᠶᠠᠷᠤᠯᠲᠠ ᠶ᠋ᠢᠨ ᠲᠦᠪᠰᠢᠨ ᠢ᠋ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠵᠠᠷ ᠰᠢᠷᠣᠢ ᠶ᠋ᠢᠨ ᠡᠵᠡᠩᠨᠡᠯᠳᠡ ᠵᠢᠨ ᠡᠷᠬᠡ ᠵᠢ ᠭᠦᠢᠯᠭᠡᠭᠡᠨ ᠳ᠋ᠤ ᠤᠷᠤᠭᠤᠯᠵᠤ ᠨᠡᠢᠳᠭᠡᠬᠦ ᠠᠵᠢᠯ ᠢ᠋ ᠦᠷᠭᠦᠯᠵᠢᠯᠡᠨ ᠢᠳᠡᠪᠬᠢᠳᠠᠢ ᠠᠬᠢᠭᠤᠯᠤᠨ᠎ᠠ᠃ ᠨᠢᠳᠤᠨᠤᠨ ᠪᠢᠳᠡ ᠨᠢᠭᠡᠨᠲᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠳᠦᠬᠡᠨ ᠪᠠᠢᠭᠤᠯᠤᠯᠳᠠ ᠵᠢᠨ ᠲᠥᠷᠥᠯ ᠵᠦᠢᠯ ᠢ᠋ ᠠᠮᠵᠢᠯᠲᠠ ᠲᠠᠢ ᠪᠠᠷ ᠭᠤᠶᠤᠴᠢᠯᠠᠨ ᠤᠯᠵᠠᠢ᠃ ᠵᠠᠯᠭᠠᠭᠠᠳ ᠲᠠᠷᠢᠶᠠᠨ ᠭᠠᠵᠠᠷ ᠤ᠋ᠨ ᠤᠰᠤᠯᠠᠯᠲᠠ ᠵᠢᠨ ᠰᠢᠰᠲᠧᠮ᠂ ᠭᠠᠵᠠᠷ ᠲᠠᠷᠢᠶᠠᠨ ᠤ᠋ ᠬᠠᠯᠬᠠᠪᠴᠢ ᠣᠶ ᠶ᠋ᠢᠨ ᠬᠣᠭᠣᠷᠣᠨᠳᠣᠬᠢ ᠵᠠᠮ᠂ ᠤᠰᠤᠯᠠᠯᠲᠠ ᠶ᠋ᠢᠨ ᠬᠣᠭᠣᠯᠠᠢ ᠲᠣᠣᠷ ᠵᠡᠷᠭᠡ ᠰᠠᠭᠤᠷᠢ ᠲᠥᠬᠦᠭᠡᠷᠦᠮᠵᠢ ᠶ᠋ᠢ ᠪᠥᠬᠥ ᠲᠠᠯ᠎ᠠ ᠪᠠᠷ ᠰᠠᠢᠵᠢᠷᠠᠭᠤᠯᠤᠨ ᠲᠠᠰ ᠳᠡᠪᠰᠢᠭᠦᠯᠵᠦ᠂ ᠠᠮᠤ ᠪᠤᠳᠠᠭᠠᠨ ᠤ᠋ ᠤᠨᠠᠯᠲᠠ ᠶ᠋ᠢ ᠪᠥᠬᠥ ᠬᠦᠴᠦᠨ ᠶ᠋ᠢᠡᠷ ᠨᠡᠮᠡᠭᠳᠡᠭᠦᠯᠦᠨ᠎ᠠ᠃ ᠡᠭᠦᠨ ᠤ᠋ ᠬᠠᠮᠲᠤ ᠲᠤᠰᠬᠠᠢ ᠬᠤᠷᠰᠢᠶ᠎ᠠ ᠶ᠋ᠢᠨ ᠡᠵᠡᠩᠨᠡᠯᠲᠡ ᠬᠠᠮᠢᠶᠠᠷᠤᠯᠲᠠ ᠶ᠋ᠢ ᠴᠢᠨᠠᠭᠰᠢᠳᠠ ᠵᠢᠷᠤᠮᠵᠢᠭᠤᠯᠵᠤ᠂ ᠲᠠᠷᠢᠮᠠᠯ ᠤ᠋ᠨ ᠪᠦᠲᠦᠴᠡ ᠶ᠋ᠢ ᠰᠢᠯᠢᠳᠡᠭᠵᠢᠭᠦᠯᠥᠨ᠂ ᠲᠸᠭᠨᠢᠭ ᠮᠡᠷᠭᠡᠵᠢᠯ ᠤ᠋ᠨ ᠳᠡᠮᠵᠢᠯᠭᠡ᠎ᠶᠢ ᠴᠢᠩᠭᠠᠳᠬᠠᠵᠤ᠂ ᠪᠣᠷᠤᠯᠠᠭᠤᠯᠭ᠎ᠠ ᠶ᠋ᠢᠨ ᠠᠷᠭ᠎ᠠ ᠵᠠᠮ ᠢ᠋ ᠥᠷᠭᠡᠳᠬᠡᠨ᠂ ᠬᠠᠮᠲᠤ ᠶ᠋ᠢᠨ ᠠᠵᠤ ᠠᠬᠤᠢ ᠶ᠋ᠢᠨ ᠪᠣᠳᠠᠲᠤ ᠬᠦᠴᠦᠨ ᠢ᠋ ᠲᠠᠰᠤᠷᠠᠯᠲᠠ ᠦᠭᠡᠢ ᠴᠢᠩᠭᠠᠳᠬᠠᠵᠤ᠂ ᠲᠤᠰᠬᠠᠢ ᠬᠤᠷᠰᠢᠶ᠎ᠠ ᠶ᠋ᠢᠨ ᠭᠡᠰᠢᠭᠦᠳ ᠲᠡᠭᠡᠨ ᠠᠵᠤ ᠦᠢᠯᠡᠰ ᠤ᠋ᠨ ᠬᠥᠭᠵᠢᠯᠲᠡ ᠶ᠋ᠢᠨ ᠤᠯᠵᠠ ᠠᠰᠢᠭ ᠢ᠋ ᠨᠡᠩ ᠢᠯᠡᠭᠦᠦ ᠡᠳ᠋ᠯᠡᠭᠦᠯᠥᠨ᠂ ᠪᠠᠷᠠᠭᠤᠨ ᠪᠠᠶᠠᠨᠲᠠᠯ᠎ᠠ ᠲᠣᠰᠬᠣᠨ ᠵᠢᠡᠨ ᠪᠦᠬᠦ ᠲᠠᠯ᠎ᠠ ᠪᠡᠷ ᠬᠥᠭᠵᠢᠭᠦᠯᠦᠨ ᠮᠠᠨᠳᠤᠭᠤᠯᠬᠤ ᠪᠡᠷ ᠬᠦᠴᠦᠯᠡᠨ ᠴᠢᠷᠮᠠᠢᠨ᠎ᠠ》 ᠭᠡᠵᠤ ᠬᠡᠯᠡᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号