ᠪᠤᠭᠤᠳᠤ ᠬᠤᠳᠠ ᠶ᠋ᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠤᠪᠴᠢᠶ᠎ᠠ ᠡᠴᠡ ᠤᠢᠯᠠᠭᠠᠭᠰᠠᠨ ᠶ᠋ᠢᠡᠷ᠂ ᠪᠤᠭᠤᠳᠤ ᠬᠤᠳᠠ ᠶ᠋ᠢᠨ 2025 ᠤᠨ ᠤ᠋ ᠰᠢᠷ᠎ᠠ ᠪᠤᠷᠴᠠᠭ ᠪᠠ ᠰᠢᠯᠢᠮᠳᠡᠭ ᠤ᠋ᠨ ᠦᠨᠳᠦᠷ ᠤᠨᠠᠯᠳᠠ ᠶ᠋ᠢᠨ ᠲᠡᠦᠬᠡᠨ ᠲᠡᠮᠳᠡᠭᠯᠡᠯ ᠢ᠋ ᠰᠢᠨᠡᠳᠭᠡᠭᠰᠡᠨ ᠵᠢᠤᠶᠤᠸᠠᠨ ᠲᠤᠭᠤᠷᠢᠭ ᠤ᠋ᠨ ᠬᠤᠶᠠᠷᠬᠤᠳᠳᠤᠭ ᠪᠠᠯᠭᠠᠰᠦ ᠶ᠋ᠢᠨ ᠬᠤᠶᠠᠷᠬᠤᠳᠳᠤᠭ ᠳᠠᠪᠤᠳᠤᠭᠠᠷ ᠲᠤᠰᠬᠤᠨ ᠤ᠋ ᠮᠢᠩᠭᠠᠨ ᠮᠤ᠌ ᠶ᠋ᠢᠨ ᠰᠢᠷ᠎ᠠ ᠪᠤᠷᠴᠠᠭ ᠤ᠋ᠨ ᠵᠢᠱ᠌ᠢᠶᠠ ᠦᠵᠡᠭᠦᠯᠬᠦ ᠲᠠᠷᠢᠶ᠎ᠠ ᠪᠤᠯᠤᠨ ᠬᠦᠶᠠᠩ ᠰᠢᠶᠠᠨ ᠤ᠋ ᠬᠤᠸᠠᠢ ᠱᠦᠧᠧ ᠪᠠᠯᠭᠠᠰᠦ ᠶ᠋ᠢᠨ ᠮᠢᠶᠤᠤ ᠬᠤᠤ ᠲᠤᠰᠬᠤᠨ ᠤ᠋ ᠵᠤᠷᠬ᠎ᠠ ᠭᠠᠷᠭᠠᠨ ᠦᠷᠭᠡᠨ ᠪᠦᠰᠡᠳᠤ ᠰᠦᠯᠢᠶᠤᠤ ᠪᠦᠷᠬᠦᠪᠴᠢ ᠳᠠᠷᠤᠵᠤ ᠰᠢᠯᠢᠮᠳᠡᠭ ᠲᠠᠷᠢᠬᠤ ᠮᠡᠷᠭᠡᠵᠢᠯ ᠤ᠋ᠨ ᠵᠠᠭᠪᠤᠷ ᠨᠢ ᠤᠢᠷ᠎ᠠ ᠳ᠋ᠤ ᠪᠦᠬᠦ ᠤᠯᠤᠰ ᠤ᠋ᠨ 《2025 ᠤᠨ ᠤ᠋ ᠶᠡᠬᠡ ᠬᠡᠪᠴᠢᠶ᠎ᠠ ᠪᠡᠷ ᠲᠠᠷᠢᠭᠰᠠᠨ ᠰᠢᠷ᠎ᠠ ᠪᠤᠷᠴᠠᠭ ᠰᠢᠯᠢᠮᠳᠡᠭ ᠯᠤᠬᠠᠱᠧᠩ ᠤ᠋ᠨ ᠦᠨᠳᠦᠷ ᠤᠨᠠᠯᠳᠠ ᠶ᠋ᠢᠨ ᠨᠡᠢᠳᠡᠯᠢᠭ ᠵᠢᠱ᠌ᠢᠶᠠ》 ᠪᠡᠷ ᠰᠤᠩᠭᠤᠭᠳᠠᠪᠠ᠃
ᠵᠢᠤᠶᠤᠸᠠᠨ ᠲᠤᠭᠤᠷᠢᠭ ᠤ᠋ᠨ ᠮᠢᠩᠭᠠᠨ ᠮᠤ᠌ ᠶ᠋ᠢᠨ ᠰᠢᠷ᠎ᠠ ᠪᠤᠷᠴᠠᠭ ᠤ᠋ᠨ ᠵᠢᠱ᠌ᠢᠶᠠ ᠦᠵᠡᠭᠦᠯᠬᠦ ᠲᠠᠷᠢᠶ᠎ᠠ ᠪᠤᠯ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠲᠠᠷᠢᠶᠠᠯᠠᠩ ᠮᠠᠯ ᠠᠵᠤ ᠠᠬᠤᠢ ᠶ᠋ᠢᠨ ᠴᠢᠬᠤᠯᠠ ᠶᠡᠬᠡ ᠮᠡᠷᠭᠡᠵᠢᠯ ᠢ᠋ ᠬᠠᠮᠵᠢᠯᠴᠠᠭᠤᠯᠤᠨ ᠳᠡᠯᠭᠡᠷᠡᠭᠦᠯᠬᠦ ᠲᠦᠯᠦᠪᠯᠡᠭᠡ — 2025 ᠤᠨ ᠤ᠋ ᠪᠤᠭᠤᠳᠤ ᠬᠤᠳᠠ ᠶ᠋ᠢᠨ ᠰᠢᠷ᠎ᠠ ᠪᠤᠷᠴᠠᠭ ᠤ᠋ᠨ ᠦᠨᠳᠦᠷ ᠤᠨᠠᠯᠳᠠᠳᠤ ᠦᠨᠳᠦᠷ ᠦᠷ᠎ᠠ ᠠᠰᠢᠭᠳᠤ ᠲᠠᠷᠢᠵᠤ ᠤᠷᠭᠤᠭᠤᠯᠬᠤ ᠮᠡᠷᠭᠡᠵᠢᠯ ᠤ᠋ᠨ ᠬᠤᠷᠠᠮᠠᠯ ᠬᠢᠭᠡᠳ ᠵᠢᠱ᠌ᠢᠶᠠ ᠦᠵᠡᠭᠦᠯᠵᠤ ᠳᠡᠯᠭᠡᠷᠡᠭᠦᠯᠬᠦ ᠲᠦᠷᠦᠯ ᠵᠦᠢᠯ》 ᠤ᠋ᠨ ᠭᠤᠤᠯᠯᠠᠬᠤ ᠵᠢᠱ᠌ᠢᠶᠠ ᠦᠵᠡᠭᠦᠯᠬᠦ ᠰᠠᠭᠤᠷᠢᠨ ᠪᠠᠢᠵᠤ᠂ 《ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠪᠠᠢᠭᠤᠯᠭ᠎ᠠ ᠨᠢᠭᠡᠴᠢ + ᠲᠠᠷᠢᠶᠠᠯᠠᠩ ᠤ᠋ᠨ ᠮᠡᠷᠭᠡᠵᠢᠯ ᠢ᠋ ᠳᠡᠯᠭᠡᠷᠡᠭᠦᠯᠬᠦ ᠰᠠᠯᠠᠭ᠎ᠠ ᠮᠦᠴᠢᠷ + ᠲᠤᠰᠬᠠᠢ ᠬᠤᠷᠰᠢᠶ᠎ᠠ》 ᠶ᠋ᠢᠨ ᠨᠢᠭᠡ ᠴᠤᠭᠴᠠᠵᠢᠭᠤᠯᠤᠨ ᠠᠬᠢᠭᠤᠯᠬᠤ ᠬᠡᠯᠬᠢᠶ᠎ᠠ ᠶ᠋ᠢ ᠪᠠᠢᠭᠤᠯᠤᠨ᠂ 《ᠮᠧᠩ ᠺᠧ ᠳ᠋ᠧᠤ 17》 ᠰᠢᠯᠢᠳᠡᠭ ᠡᠭᠦᠯᠳᠡᠷ ᠢ᠋ ᠰᠤᠩᠭᠤᠨ ᠲᠠᠷᠢᠬᠤ ᠶ᠋ᠢᠨ ᠵᠡᠷᠭᠡ ᠪᠡᠷ ᠪᠦᠷᠬᠦᠪᠴᠢ ᠶ᠋ᠢᠨ ᠲᠤᠤᠭᠤᠷ ᠲᠤᠰᠤᠯᠠᠭᠠᠨ ᠤᠰᠤᠯᠠᠵᠤ ᠨᠢᠭᠳᠠ ᠲᠠᠷᠢᠬᠤ ᠮᠡᠷᠭᠡᠵᠢᠯ ᠢ᠋ ᠢᠵᠢ ᠪᠦᠷᠢᠳᠦᠭᠦᠯᠦᠨ ᠳᠡᠯᠭᠡᠷᠡᠭᠦᠯᠬᠦ ᠪᠡᠷ ᠳᠠᠮᠵᠢᠨ 376.03 ᠺᠢᠯᠦᠭᠷᠠᠮ ᠤ᠋ᠨ ᠮᠤ᠌ ᠨᠢᠭᠡᠴᠢ ᠶ᠋ᠢᠨ ᠦᠨᠳᠤᠷ ᠤᠨᠠᠯᠳᠠ ᠶ᠋ᠢ ᠤᠯᠵᠤ᠂ ᠲᠤᠬᠠᠢ ᠶ᠋ᠢᠨ ᠭᠠᠵᠠᠷ ᠤ᠋ᠨ ᠳᠤᠮᠳᠠᠴᠢ ᠲᠦᠪᠰᠢᠨ ᠡᠴᠡ ᠶᠡᠬᠡ ᠪᠡᠷ ᠳᠠᠪᠠᠵᠤ᠂ 《ᠰᠠᠢᠨ ᠦᠷ᠎ᠠ + ᠰᠠᠢᠨ ᠮᠡᠷᠭᠡᠵᠢᠯ》 ᠤ᠋ᠨ ᠤᠨᠠᠯᠳᠠ ᠶ᠋ᠢ ᠨᠡᠮᠡᠭᠳᠡᠭᠦᠯᠬᠦ ᠦᠷ᠎ᠠ ᠪᠦᠲᠦᠮᠵᠢ ᠶ᠋ᠢ ᠭᠦᠢᠴᠡᠳ ᠢᠯᠡᠷᠡᠭᠦᠯᠵᠠᠢ᠃
ᠬᠦᠶᠠᠩ ᠰᠢᠶᠠᠨ ᠤ᠋ ᠬᠤᠸᠠᠢ ᠱᠦᠧᠧ ᠪᠠᠯᠭᠠᠰᠦ ᠶ᠋ᠢᠨ ᠮᠢᠶᠤᠤ ᠬᠤᠤ ᠲᠤᠰᠬᠤᠨ ᠤ᠋ ᠵᠤᠷᠬ᠎ᠠ ᠭᠠᠷᠭᠠᠨ ᠦᠷᠭᠡᠨ ᠪᠦᠰᠡᠳᠤ ᠰᠦᠯᠢᠶᠤᠤ ᠪᠦᠷᠬᠦᠪᠴᠢ ᠳᠠᠷᠤᠵᠤ ᠰᠢᠯᠢᠮᠳᠡᠭ ᠲᠠᠷᠢᠬᠤ ᠮᠡᠷᠭᠡᠵᠢᠯ ᠤ᠋ᠨ ᠵᠠᠭᠪᠤᠷ ᠨᠢ ᠮᠤᠨᠢ ᠠᠭᠤᠯᠠ ᠶ᠋ᠢᠨ ᠠᠷᠤ ᠬᠤᠷᠮᠤᠢ ᠶ᠋ᠢᠨ ᠭᠠᠵᠠᠷ ᠤᠷᠤᠨ ᠤ᠋ 《ᠬᠤᠷ᠎ᠠ ᠳᠤᠨᠳᠠᠰᠤ ᠪᠠᠭ᠎ᠠ᠂ ᠬᠦᠷᠦᠰᠤ ᠰᠢᠷᠤᠢ ᠶ᠋ᠢᠨ ᠳᠤᠯᠠᠭᠠᠨ ᠤ᠋ ᠬᠡᠮᠵᠢᠶ᠎ᠠ ᠳᠤᠤᠷ᠎ᠠ》 ᠪᠠᠢᠳᠠᠭ ᠪᠠᠢᠭᠠᠯᠢ ᠶ᠋ᠢᠨ ᠬᠢᠵᠠᠭᠠᠷᠯᠠᠯ ᠵᠢᠴᠢ ᠤᠯᠠᠮᠵᠢᠯᠠᠯᠳᠤ ᠲᠠᠷᠢᠬᠤ ᠠᠷᠭ᠎ᠠ ᠶ᠋ᠢᠨ ᠤᠨᠠᠯᠳᠠ ᠲᠤᠤᠷ᠎ᠠ᠂ ᠶᠠᠰᠤ ᠴᠢᠨᠠᠷ ᠠᠨᠠᠢ ᠪᠠᠢᠬᠤ ᠬᠦᠴᠢᠷ ᠠᠰᠠᠭᠤᠳᠠᠯ ᠢ᠋ ᠰᠢᠢᠳᠪᠤᠷᠢᠯᠡᠵᠦ᠂ 《ᠦᠷᠭᠡᠨ ᠪᠦᠰᠡ ᠶ᠋ᠢᠨ ᠰᠦᠯᠢᠶᠤᠤ ᠪᠦᠷᠬᠦᠪᠴᠢ ᠳᠠᠷᠤᠬᠤ + ᠵᠤᠷᠬ᠎ᠠ ᠭᠠᠷᠭᠠᠵᠤ ᠪᠤᠷᠤᠭᠠᠨ ᠤ᠋ ᠤᠰᠤ ᠶ᠋ᠢ ᠴᠤᠭᠯᠠᠭᠤᠯᠬᠤ》 ᠶ᠋ᠢ ᠤᠶᠠᠯᠳᠤᠭᠤᠯᠬᠤ ᠠᠷᠭ᠎ᠠ ᠪᠡᠷ ᠤᠰᠤ ᠠᠷᠪᠢᠯᠠᠬᠤ᠂ ᠪᠤᠷᠳᠤᠭᠤᠷ ᠠᠷᠪᠢᠯᠠᠬᠤ᠂ ᠲᠠᠷᠢᠶᠠᠨ ᠡᠮ ᠢ᠋ ᠠᠷᠪᠢᠯᠠᠬᠤ ᠶ᠋ᠢ ᠨᠢᠭᠡ ᠴᠤᠭᠴᠠᠵᠢᠭᠤᠯᠤᠭᠰᠠᠨ ᠬᠠᠮ ᠦᠷ᠎ᠠ ᠠᠰᠢᠭ ᠢ᠋ ᠡᠭᠦᠳᠴᠤ᠂ 211.85 ᠺᠢᠯᠦᠭᠷᠠᠮ ᠤ᠋ᠨ ᠮᠤ᠌ ᠨᠢᠭᠡᠴᠢ ᠶ᠋ᠢᠨ ᠦᠨᠳᠤᠷ ᠤᠨᠠᠯᠳᠠ ᠶ᠋ᠢ ᠤᠯᠵᠤ᠂ ᠤᠨᠠᠯᠳᠠ ᠶ᠋ᠢᠨ ᠬᠡᠮᠵᠢᠶ᠎ᠠ ᠪᠡᠷ ᠪᠦᠬᠦ ᠤᠯᠤᠰ ᠤ᠋ᠨ ᠬᠠᠪᠤᠷ ᠤ᠋ᠨ ᠰᠢᠯᠢᠮᠳᠡᠭ ᠤ᠋ᠨ ᠲᠠᠷᠢᠶ᠎ᠠ ᠲᠤᠳᠤᠷ᠎ᠠ ᠨᠠᠶ᠋ᠮᠠᠳᠤᠭᠠᠷ ᠲᠤ᠌ ᠵᠢᠭᠰᠠᠭᠰᠠᠨ ᠪᠠᠢᠨ᠎ᠠ᠃