ᠬᠦᠢᠳᠡᠨ ᠤᠷᠤᠰᠬᠠᠯ ᠬᠡᠴᠡᠬᠦᠤ ᠴᠦ᠍ ᠬᠦᠳᠡᠬᠡ ᠵᠢᠨ ᠦᠢᠯᠡᠳᠪᠤᠷᠢᠯᠡᠯ ᠲᠤᠭᠳᠠᠭᠤᠨ
2026-01-21 10:42:06
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

1 ᠰᠠᠷ᠎ᠠ ᠵᠢᠨ 17 ᠤ᠋ ᠡᠳᠤᠷ ᠡᠴᠡ ᠡᠬᠢᠯᠡᠨ ᠰᠢᠨ᠎ᠡ ᠨᠢᠭᠡᠨ ᠡᠭᠡᠯᠵᠢ ᠶ᠋ᠢᠨ ᠬᠦᠢᠲᠡᠨ ᠤᠷᠤᠰᠬᠠᠯ ᠪᠠᠷᠠᠭᠤᠨ ᠡᠴᠡ ᠵᠡᠬᠦᠨᠰᠢ ᠮᠠᠨ ᠤ᠋ ᠤᠷᠤᠨ ᠳ᠋ᠤ ᠲᠦᠷᠢᠨ ᠤᠷᠤᠵᠤ᠂ ᠪᠦᠬᠦ ᠤᠷᠤᠨ ᠤ᠋ ᠶᠡᠬᠡᠡᠭᠬᠢ ᠭᠠᠵᠠᠷ ᠤ᠋ᠨ ᠠᠭᠠᠷ ᠤ᠋ᠨ ᠳᠤᠯᠠᠭᠠᠨ ᠶᠡᠬᠡ ᠬᠡᠮᠵᠢᠶ᠎ᠡ ᠪᠡᠷ ᠪᠠᠭᠤᠷᠠᠪᠠ᠃ ᠢᠯᠠᠩᠭᠤᠶ᠎ᠠ ᠬᠦᠬᠡᠬᠤᠳᠠ᠂ ᠪᠤᠭᠤᠳᠤ ᠬᠤᠳᠠ᠂ ᠪᠠᠶᠠᠠᠨᠠᠭᠤᠷ ᠬᠤᠳᠠ᠂ ᠤᠯᠠᠭᠠᠨᠴᠠᠪ ᠤ᠋ᠨ ᠬᠤᠢᠳᠤ ᠪᠠᠶ᠎ᠠ ᠵᠡᠷᠬᠡ ᠭᠠᠵᠠᠷ ᠤᠷᠤᠨ ᠤ᠋ ᠬᠠᠮᠤᠭ ᠤ᠋ᠨ ᠲᠤᠤᠷ᠎ᠠ ᠠᠭᠠᠷ ᠤ᠋ᠨ ᠲᠤᠯᠠᠭᠠᠨ ᠲᠡᠭ ᠡᠴᠡ ᠲᠤᠷᠤᠭᠰᠢ 25 ᠭᠷᠠᠳᠦ᠋ᠰ ᠬᠦᠷᠳᠡᠯ᠎ᠠ ᠪᠠᠭᠤᠷᠠᠨ᠂ ᠰᠢᠯᠢ ᠵᠢᠨ ᠭᠤᠤᠯ ᠠᠢᠮᠠᠭ ᠤ᠋ᠨ ᠵᠡᠬᠦᠨ ᠡᠮᠤᠨ᠎ᠠ ᠪᠠᠶ᠎ᠠ᠂ ᠤᠯᠠᠭᠠᠨᠬᠠᠳᠠ ᠬᠤᠳᠠ ᠵᠢᠴᠢ ᠬᠦᠯᠦᠨ ᠪᠤᠢᠷ ᠬᠤᠳᠠ ᠵᠢᠨ ᠠᠭᠤᠯᠠᠷᠬᠠᠭ ᠤᠷᠤᠨ ᠤ᠋ ᠬᠠᠮᠤᠭ ᠤ᠋ᠨ ᠲᠤᠤᠷ᠎ᠠ ᠠᠭᠠᠷ ᠤ᠋ᠨ ᠲᠤᠯᠠᠭᠠᠨ ᠲᠡᠭ ᠡᠴᠡ ᠲᠤᠷᠤᠭᠰᠢ 40 ᠭᠷᠠᠳᠦ᠋ᠰ ᠢ᠋ ᠲᠠᠪᠠᠵᠤ᠂ ᠬᠦᠳᠡᠬᠡ ᠨᠤᠳᠤᠭ ᠤ᠋ᠨ ᠮᠠᠯ ᠠᠵᠤ ᠠᠬᠤᠢ ᠲᠠᠷᠢᠶᠠᠯᠠᠡᠭ ᠤ᠋ᠨ ᠦᠢᠯᠡᠳᠪᠦᠷᠢᠯᠡᠯ ᠳ᠋ᠤ ᠬᠦᠨᠳᠤ ᠬᠡᠴᠡᠭᠦᠦ ᠰᠢᠯᠭᠠᠯᠲᠠ ᠵᠢ ᠠᠪᠴᠢᠷᠠᠪᠠ᠃

ᠦᠪᠤᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠲᠠᠷᠢᠶᠠᠯᠠᠩ ᠮᠠᠯ ᠠᠵᠤ ᠠᠬᠤᠢ ᠪᠠ ᠬᠦᠳᠡᠬᠡ ᠲᠤᠰᠬᠤᠨ ᠮᠠᠯᠵᠢᠬᠤ ᠤᠷᠤᠨ ᠤ᠋ ᠲᠢᠩᠬᠢᠮ ᠡᠴᠡ ᠤᠢᠯᠠᠭᠠᠭᠰᠠᠨ ᠵᠢᠡᠷ᠂ ᠪᠦᠬᠦ ᠤᠷᠤᠨ ᠤ᠋ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤ᠋ᠨ ᠬᠢᠨ ᠬᠦᠢᠳᠡᠨ ᠤᠷᠤᠰᠬᠠᠯ ᠢ᠋ ᠠᠷᠭᠠᠴᠠᠭᠠᠬᠤ ᠬᠦᠴᠤᠨ ᠪᠦᠬᠦᠢ ᠠᠷᠭ᠎ᠠ ᠬᠡᠮᠵᠢᠶ᠎ᠠ ᠠᠪᠴᠦ᠂ ᠲᠤᠢᠯ ᠤ᠋ᠨ ᠭᠦᠢᠲᠡᠨ ᠠᠭᠤᠷ ᠠᠮᠢᠰᠬᠤᠯ ᠢ᠋ ᠠᠷᠭᠠᠴᠠᠭᠠᠨ ᠰᠡᠷᠭᠡᠢᠯᠡᠬᠦ ᠠᠵᠢᠯ ᠢ᠋ ᠡᠷᠴᠢᠮᠲᠡᠢ ᠠᠬᠢᠭᠤᠯᠤᠨ᠂ ᠮᠠᠯ ᠠᠵᠤ ᠠᠬᠤᠢ ᠲᠠᠷᠢᠶᠠᠯᠠᠡᠭ ᠤ᠋ᠨ ᠦᠢᠯᠡᠳᠪᠦᠷᠢᠯᠡᠯ ᠤ᠋ᠨ ᠡᠷᠡᠬᠦᠯ ᠲᠤᠭᠲᠠᠭᠤᠨ ᠪᠦᠭᠡᠳ ᠡᠮᠬᠢ ᠵᠢᠷᠤᠮ ᠲᠠᠢ ᠶᠠᠪᠤᠭᠳᠠᠵᠤ ᠪᠠᠢᠬᠤ ᠵᠢ ᠪᠠᠳᠤᠯᠠᠵᠤ ᠪᠠᠢᠨ᠎ᠠ᠃

ᠤᠢᠷ᠎ᠡ ᠶ᠋ᠢᠨ ᠬᠤᠭᠤᠴᠠᠭᠠᠨ ᠳ᠋ᠦ ᠴᠦᠬᠡᠨ ᠪᠤᠰᠤ ᠭᠠᠵᠠᠷ ᠤ᠋ᠨ ᠬᠢᠨ ᠨᠢᠬᠡᠨᠳᠡ ᠲᠦᠯ ᠲᠤᠰᠬᠤ ᠵᠠᠡᠭᠬᠢᠯᠠᠭ᠎ᠠ ᠶ᠋ᠢᠨ ᠬᠤᠭᠤᠴᠠᠭ᠎ᠠ ᠳ᠋ᠤ ᠤᠷᠤᠵᠤ᠂ ᠬᠠᠬᠢᠷ ᠬᠦᠢᠲᠡᠨ ᠢ᠋ ᠰᠡᠷᠭᠡᠢᠯᠡᠨ ᠲᠦᠯ ᠮᠠᠯ ᠵᠢᠡᠨ ᠮᠡᠨᠳᠤ ᠪᠤᠢᠵᠢᠭᠤᠯᠵᠤ ᠡᠬᠡ ᠮᠠᠯ ᠵᠢᠡᠨ ᠮᠡᠨᠳᠦ ᠤᠨᠳᠤᠷᠤᠭᠤᠯᠬᠤ ᠨᠢ ᠪᠦᠬᠦ ᠤᠷᠤᠨ ᠤ᠋ ᠭᠤᠤᠯᠳᠠᠯᠭ᠎ᠠ ᠲᠠᠢ ᠠᠵᠢᠯ ᠤ᠋ᠨ ᠨᠢᠬᠡ ᠪᠤᠯᠵᠠᠢ᠃

ᠤᠷᠳᠤᠰ ᠬᠤᠲᠠ ᠶ᠋ᠢᠨ ᠦᠦᠱᠢᠨ ᠬᠣᠱᠢᠭᠤᠨ ᠤ᠋ 60 ᠲᠦᠮᠡ ᠱᠢᠬᠠᠮ ᠤᠷᠳᠤᠰ ᠤ᠋ᠨ ᠨᠠᠷᠢᠨ ᠨᠤᠤᠰᠤᠳᠤ ᠬᠣᠨᠢ 1 ᠰᠠᠷ᠎ᠠ ᠡᠴᠡ ᠡᠬᠢᠯᠡᠨ ᠵᠠᠯᠭᠠᠭ᠎ᠠ ᠪᠠᠷ ᠲᠦᠯᠯᠡᠵᠦ᠂ ᠤᠢᠷ᠎ᠠ ᠵᠢᠨ ᠬᠤᠶᠠᠷ ᠡᠳᠤᠷ ᠠᠭᠠᠷ ᠤ᠋ᠨ ᠳᠤᠯᠠᠭᠠᠨ ᠶᠡᠬᠡ ᠬᠡᠮᠵᠢᠶ᠎ᠡ ᠪᠡᠷ ᠪᠠᠭᠤᠷᠠᠭᠰᠠᠨ ᠪᠣᠯᠪᠠᠴᠤ᠌ ᠮᠠᠯᠴᠢᠳ ᠤ᠋ᠨ ᠲᠥᠯ ᠲᠣᠰᠭᠣ ᠠᠵᠢᠯ ᠬᠠᠷᠢᠨ ᠶᠠᠭᠠᠷᠠᠦ ᠪᠥᠭᠡᠳ ᠡᠮᠬᠢ ᠵᠢᠷᠤᠮ ᠲᠠᠶ ᠶᠠᠪᠤᠭ᠍ᠳᠠᠵᠤ ᠪᠤᠢ᠃ ᠰᠦᠯᠳᠡ ᠰᠤᠮᠤ ᠶ᠋ᠢᠨ ᠲᠤᠭᠤᠷᠢᠮ ᠤ᠋ᠨ ᠰᠦᠮ᠎ᠡ ᠭᠠᠴᠠᠭᠠᠨ ᠤ᠋ ᠮᠠᠯᠴᠢᠨ ᠬᠠᠰᠳᠠᠯᠠᠢ ᠶ᠋ᠢᠨ ᠬᠢᠨ ᠵᠠᠯᠭᠠᠭ᠎ᠠ ᠪᠡᠷ ᠢᠬᠡᠷ᠎ᠡ ᠬᠤᠷᠠᠭ᠎ᠠ ᠲᠤᠰᠴᠤ᠂ ᠲᠡᠷᠡ ᠪᠦᠰᠡᠬᠦᠢ ᠲᠠᠢ ᠪᠠᠨ ᠬᠤᠶᠠᠭᠤᠯᠠ ᠨᠢᠯᠬ᠎ᠠ ᠬᠤᠷᠠᠭ᠎ᠠ ᠳ᠋ᠠᠭᠠᠨ 《ᠬᠦᠪᠦᠡᠭ ᠬᠤᠪᠴᠠᠰᠤ》 ᠡᠮᠦᠰᠭᠡᠬᠦ ᠡᠴᠡ ᠭᠠᠳᠠᠨ᠎ᠠ ᠰᠠᠶᠢᠬᠠᠨ ᠲᠤᠰᠤᠭᠰᠠᠨ ᠬᠤᠷᠠᠭ᠎ᠠ ᠳ᠋ᠠᠭᠠᠨ ᠳᠤᠯᠠᠭᠠᠨ ᠲᠠᠪᠠᠳᠠᠢ 《ᠵᠢᠵᠢᠭ ᠲᠠᠰᠤᠯᠭ᠎ᠠ》 ᠭᠠᠷᠭᠠᠨ ᠦᠭᠴᠠᠢ᠃ 《ᠪᠢᠳᠡ 10 ᠳᠤᠨ ᠭᠠᠷᠤᠢ ᠡᠪᠡᠰᠦ ᠪᠤᠷᠳᠤᠭ᠎ᠠ ᠨᠦᠬᠡᠴᠡᠯᠡᠭᠰᠡᠨ ᠪᠦᠭᠡᠳ ᠡᠩ ᠤ᠋ᠨ ᠦᠶ᠎ᠠ ᠳ᠋ᠤ ᠴᠦ᠍ ᠲᠠᠷᠢᠶᠠᠯᠠᠡᠭ ᠮᠠᠯ ᠠᠵᠤ ᠠᠬᠤᠢ ᠶ᠋ᠢᠨ ᠰᠠᠯᠠᠭ᠎ᠠ ᠮᠦᠴᠢᠷ ᠡᠴᠡ ᠦᠭᠭᠦᠭᠰᠡᠨ ᠲᠤᠰᠬᠠᠢ ᠨᠠᠢᠷᠠᠯᠭ᠎ᠠ ᠲᠠᠢ ᠪᠤᠷᠳᠤᠭ᠎ᠠ ᠵᠢ ᠬᠤᠯᠢᠵᠤ ᠦᠭᠳᠡᠭ ᠡᠴᠡ ᠬᠤᠨᠢᠨ ᠤ᠋ ᠲᠠᠷᠭᠤ ᠬᠦᠴᠦ ᠰᠠᠢᠨ ᠪᠠᠢᠵᠤ᠂ ᠢᠬᠡᠷᠡᠯᠡᠬᠦ ᠨᠤᠷᠮ᠎ᠠ ᠨᠢ ᠠᠶᠠᠨᠳᠠᠭᠠᠨ ᠦᠨᠳᠦᠷ ᠪᠤᠯᠪᠠ》 ᠭᠡᠵᠦ ᠬᠠᠰᠳᠠᠯᠠᠢ ᠬᠡᠯᠡᠵᠦ ᠪᠠᠢᠯ᠎ᠠ᠃

ᠦᠤᠰᠢᠨ ᠬᠤᠰᠢᠭᠤᠨ ᠤ᠋ ᠤᠷᠳᠤᠰ ᠤ᠋ᠨ ᠨᠠᠷᠢᠨ ᠨᠤᠤᠰᠤᠳᠤ ᠬᠤᠨᠢ ᠵᠢᠨ ᠢᠬᠡᠷᠡᠯᠡᠬᠦ ᠨᠤᠷᠮ᠎ᠠ ᠦᠨᠳᠤᠷ ᠪᠤᠯᠤᠭᠰᠠᠨ ᠨᠢ ᠲᠤᠰ ᠬᠤᠰᠢᠭᠤᠨ ᠤ᠋ ᠡᠷᠲᠡ ᠡᠴᠡ ᠬᠠᠰᠢᠶ᠎ᠠ ᠰᠠᠷᠠᠪᠴᠢ ᠵᠢ ᠦᠭᠡᠷᠡᠴᠢᠯᠡᠨ ᠰᠠᠢᠵᠢᠷᠠᠭᠤᠯᠤᠭᠰᠠᠨ ᠂ ᠲᠤᠰᠬᠠᠢ ᠨᠠᠢᠷᠠᠯᠭ᠎ᠠ ᠲᠠᠢ ᠪᠤᠷᠳᠤᠭ᠎ᠠ ᠦᠭᠴᠦ ᠰᠠᠭᠤᠷᠢ ᠡᠬᠡ ᠮᠠᠯ ᠤ᠋ᠨ ᠦᠷᠡᠵᠢᠯ ᠤ᠋ᠨ ᠨᠤᠷᠮ᠎ᠠ ᠵᠢ ᠳᠡᠭᠡᠭᠰᠢᠯᠡᠭᠦᠯᠦᠭᠰᠡᠨ᠂ ᠮᠠᠯ ᠡᠮᠨᠡᠯᠭᠡ ᠶ᠋ᠢᠨ ᠲᠤᠰᠬᠠᠢ ᠦᠢᠯᠡᠴᠢᠯᠡᠭᠡᠨ ᠤ᠋ ᠠᠡᠭᠬᠢ ᠵᠢ ᠮᠠᠯᠵᠢᠬᠤ ᠡᠷᠤᠬᠡ ᠳ᠋ᠦ ᠭᠦᠨᠵᠡᠭᠡᠢᠷᠡᠬᠦᠯᠦᠨ ᠵᠢᠭᠠᠨ ᠵᠢᠯᠤᠭᠤᠳᠤᠯᠭ᠎ᠠ ᠦᠷᠨᠢᠭᠦᠯᠦᠭᠰᠡᠨ ᠲᠠᠢ ᠨᠢᠭᠲᠠ ᠬᠤᠯᠪᠤᠭ᠎ᠠ ᠲᠠᠢ ᠶᠤᠮ᠃ ᠤᠳᠤᠬᠠᠨ ᠳ᠋ᠦ ᠲᠤᠰ ᠬᠤᠰᠢᠭᠤᠨ ᠤ᠋ ᠲᠦᠯ ᠲᠤᠰᠤᠭᠰᠠᠨ ᠨᠤᠷᠮ᠎ᠠ ᠨᠢᠭᠡᠨᠲᠡ 20% ᠵᠢ ᠳᠠᠪᠠᠵᠤ᠂ ᠵᠢᠱ᠌ᠢᠯᠲᠡ ᠪᠡᠷ ᠪᠦᠬᠦ ᠵᠢᠯ ᠳ᠋ᠦ 700 ᠲᠦᠮᠡᠨ ᠲᠦᠯ ᠲᠤᠰᠴᠤ᠂ 4 ᠰᠠᠷ᠎ᠠ ᠶ᠋ᠢᠨ ᠰᠡᠭᠦᠯᠴᠢ ᠪᠡᠷ ᠲᠦᠯ ᠲᠤᠰᠬᠤ ᠠᠵᠢᠯ ᠨᠢ ᠲᠠᠭᠤᠰᠬᠤ ᠪᠤᠯᠤᠨ᠎ᠠ᠃

ᠲᠤᠰ ᠤᠳᠠᠭ᠎ᠠ ᠵᠢᠨ ᠬᠦᠢᠳᠡᠨ ᠤᠷᠤᠰᠬᠠᠯ ᠤ᠋ᠨ ᠨᠦᠯᠦᠬᠡ ᠪᠡᠷ ᠤᠯᠠᠭᠠᠬᠠᠨᠳᠠ ᠬᠤᠲᠠ ᠶ᠋ᠢᠨ ᠤᠯᠠᠨ ᠭᠠᠵᠠᠷ ᠲᠦ᠍ ᠲᠦᠢᠯ ᠤ᠋ᠨ ᠭᠦᠢᠲᠡᠨ ᠠᠭᠤᠷ ᠠᠮᠢᠰᠬᠤᠯ ᠢᠯᠡᠷᠡᠪᠡ᠃ ᠡᠬᠦᠨ ᠳ᠋ᠤ ᠬᠡᠰᠢᠭᠲᠡᠨ ᠬᠤᠰᠢᠭᠤᠨ ᠤ᠋ ᠳᠠᠯᠠᠢᠨᠠᠭᠤᠷ ᠪᠠᠯᠭᠠᠰᠤ ᠪᠠᠴᠢᠮ ᠪᠠᠢᠳᠠᠯ ᠢ᠋ ᠠᠷᠭᠠᠴᠠᠭᠠᠬᠤ ᠡᠪᠡᠰᠦ ᠪᠤᠷᠳᠤᠭ᠎ᠠ ᠨᠦᠭᠡᠴᠡᠯᠡᠬᠦ ᠠᠷᠠᠯᠵᠢᠶᠠᠨ ᠤ᠋ ᠲᠦᠪ ᠶ᠋ᠢᠡᠷ ᠳᠠᠮᠵᠢᠨ ᠡᠪᠡᠰᠦ ᠪᠣᠷᠳᠣᠭᠠᠨ ᠤ᠋ ᠦᠨ᠎ᠡ ᠬᠠᠩᠰᠢ ᠵᠢ ᠲᠣᠭ᠍ᠲᠠᠪᠤᠷᠢᠵᠢᠭᠤᠯᠤᠨ ᠬᠠᠩᠭᠠᠯᠭ᠎ᠠ ᠵᠢ ᠪᠠᠲᠤᠯᠠᠬᠰᠠᠨ ᠵᠢᠡᠷ ᠪᠠᠷᠠᠬᠤ ᠥᠬᠡᠶ ᠪᠠᠰᠠ ᠲᠡᠵᠢᠭᠡᠨ ᠦᠷᠡᠵᠢᠭᠦᠯᠬᠦ᠌ ᠡᠷᠦᠬᠡ ᠶ᠋ᠢᠨ ᠥᠪᠡᠷ ᠤ᠋ᠨ ᠥᠷᠲᠡᠭ ᠢ᠋ ᠪᠠᠭᠤᠷᠠᠭᠤᠯᠤᠨ ᠳᠠᠷᠤᠭᠠᠰᠤ ᠵᠢ ᠬᠥᠩᠭᠡᠷᠡᠭᠦᠯᠵᠦ᠍᠂ ᠮᠠᠯ ᠤᠨᠤᠭ᠎ᠠ ᠪᠠᠨ ᠮᠡᠨᠳᠤ ᠡᠪᠤᠯᠵᠢᠬᠦᠯᠬᠦ ᠵᠢ ᠪᠠᠲᠤᠯᠠᠵᠤ ᠪᠠᠢᠨ᠎ᠠ; ᠠᠸ᠋ᠬᠠᠨ ᠬᠣᠱᠢᠭᠤᠨ ᠤ᠋ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠣᠪᠴᠢᠶ᠎ᠠ ᠶ᠋ᠢᠨ ᠬᠢᠨ ᠲᠡᠵᠢᠭᠡᠨ ᠦᠷᠡᠵᠢᠭᠦᠯᠬᠦ᠌ ᠲᠤᠰᠬᠠᠢ ᠬᠣᠷᠱᠢᠶ᠎ᠠ ᠳ᠋ᠦ ᠭᠦᠨᠵᠡᠭᠡᠢᠷᠡᠨ᠂ ᠲᠥᠯ ᠮᠠᠯ ᠢ᠋ ᠳᠤᠯᠠᠭᠠᠨ ᠲᠠᠪᠠᠳᠠᠢ ᠡᠪᠦᠯᠵᠢᠭᠦᠯᠬᠦ ᠮᠡᠷᠭᠡᠵᠢᠯ ᠢ᠋ ᠵᠢᠭᠠᠨ ᠦᠭᠴᠦ᠂ ᠲᠡᠵᠢᠭᠡᠪᠤᠷᠢ ᠵᠢᠨ ᠡᠷᠦᠬᠡ ᠵᠢ ᠱᠠᠯᠠᠪᠳᠠᠭᠤᠯᠤᠨ ᠡᠪᠡᠰᠦ ᠪᠣᠷᠳᠣᠭ᠎ᠠ ᠪᠠ ᠬᠡᠮ ᠬᠢᠵᠢᠭ ᠢ᠋ ᠰᠡᠷᠭᠡᠢᠯᠡᠬᠦ᠌ ᠡᠮ ᠤ᠋ᠨ ᠵᠦᠶ᠋ᠯᠡᠰ ᠢ᠋ ᠭᠦᠶ᠋ᠴᠡᠳ ᠪᠡᠯᠡᠳᠭᠡᠭᠦᠯᠵᠦ᠍᠂ ᠮᠠᠯ ᠠᠵᠤ ᠠᠬᠤᠶ ᠶ᠋ᠢᠨ ᠬᠠᠬᠢᠷ ᠬᠦᠶ᠋ᠲᠡᠨ ᠡᠴᠡ ᠰᠡᠷᠭᠡᠢᠯᠡᠬᠦ᠌ ᠱᠢᠰᠲ᠋ᠧᠮ ᠢ᠋ ᠪᠥᠬᠥ᠌ ᠲᠠᠯ᠎ᠠ ᠪᠡᠷ ᠪᠠᠢᠭᠤᠯᠪᠠ᠃

ᠲᠥᠬᠦᠭᠡᠷᠦᠮᠵᠢᠲᠦ ᠲᠠᠷᠢᠶᠠᠯᠠᠩ ᠡᠪᠤᠯ ᠤ᠋ᠨ ᠬᠦᠢᠳᠡᠨ ᠳ᠋ᠤ ᠠᠮᠠᠷᠬᠠᠨ ᠰᠤᠢᠳᠤᠯ ᠭᠠᠷᠳᠠᠭ᠃ ᠮᠠᠨ ᠤ᠋ ᠤᠷᠤᠨ ᠤ᠋ ᠡᠯ᠎ᠡ ᠭᠠᠵᠠᠷ ᠤ᠋ᠨ᠎ᠬᠢᠨ 《ᠬᠦᠯᠡᠮᠵᠢ ᠵᠢ ᠪᠡᠬᠢᠯᠡᠬᠦ + ᠳᠤᠯᠠᠭᠠᠨ ᠢ᠋ ᠨᠡᠮᠡᠭ᠌ᠳᠡᠭᠦᠯᠬᠦ᠌》 ᠠᠷᠭ᠎ᠠ ᠬᠡᠮᠵᠢᠶ᠎ᠡ ᠶ᠋ᠢᠨ ᠰᠢᠨ᠎ᠡ ᠵᠢ ᠡᠭᠦᠳᠴᠦ᠍᠂ ᠡᠪᠦᠯ ᠤ᠋ᠨ ᠤᠯᠠᠷᠢᠯ ᠤ᠋ᠨ ᠲᠦᠬᠦᠬᠡᠷᠤᠮᠵᠢᠳᠤ ᠲᠠᠷᠢᠶᠠᠯᠠᠩ ᠤ᠋ᠨ ᠦᠶ᠋ᠯᠡᠳᠪᠦᠷᠢᠯᠡᠯ ᠤ᠋ᠨ ᠲᠣᠭ᠍ᠲᠠᠭᠤᠨ ᠡᠷᠬᠢᠯᠳᠡ ᠵᠢ ᠪᠠᠳᠤᠯᠠᠵᠤ ᠪᠠᠢᠨ᠎ᠠ᠃

ᠤᠯᠠᠭᠠᠬᠠᠳᠠ ᠬᠤᠲᠠ ᠶ᠋ᠢᠨ ᠯᠢᠨᠰᠢ ᠱᠢᠶᠠᠨ ᠤ᠋ ᠳ᠋ᠠ ᠹᠠ ᠲᠣᠰᠭᠣᠨ ᠤ᠋ ᠲᠠᠷᠢᠮᠠᠯ ᠤ᠋ᠨ ᠡᠷᠦᠬᠡ ᠢᠳᠡᠱᠢᠨ ᠨᠣᠭᠣᠭ᠎ᠠ ᠶ᠋ᠢᠨ ᠬᠦᠯᠡᠮᠵᠢ ᠶ᠋ᠢᠨ ᠭᠠᠳᠠᠭᠤᠷ ᠵᠤᠵᠠᠭᠠᠨ ᠬᠥᠪᠥᠩ ᠬᠥᠨᠵᠢᠯᠡ ᠪᠦᠷᠬᠦᠨ᠂ ᠬᠦᠯᠡᠮᠵᠢ ᠶ᠋ᠢᠨ ᠳᠣᠲᠣᠷ᠎ᠠ ᠳᠤᠯᠠᠭᠠᠯᠠᠯᠭ᠎ᠠ ᠶ᠋ᠢᠨ ᠲᠤᠨᠤᠭᠯᠠᠯ ᠤᠭᠰᠠᠷᠴᠤ᠂ ᠭᠠᠳᠠᠨᠠᠬᠢ ᠵᠢ ᠪᠡᠬᠢᠵᠢᠭᠦᠯᠵᠦ ᠳᠤᠲᠤᠨᠠᠬᠢ ᠵᠢ ᠳᠤᠯᠠᠭᠠᠯᠠᠬᠤ ᠠᠷᠭ᠎ᠠ ᠪᠡᠷ ᠳᠠᠮᠵᠢᠨ ᠲᠤᠰ ᠤᠳᠠᠭ᠎ᠠ ᠵᠢᠨ ᠬᠦᠢᠲᠡᠨ ᠤᠷᠤᠰᠬᠠᠯ ᠢ᠋ ᠰᠡᠷᠭᠡᠢᠯᠡᠵᠦ ᠪᠠᠢᠨ᠎ᠠ᠃ ᠲᠤᠰ ᠰᠢᠶᠠᠨ ᠤ᠋ ᠱᠠᠭᠡᠷᠲᠦ ᠰᠢᠶᠠᠡᠭ ᠤ᠋ᠨ ᠳ᠋ᠠ ᠺᠠᠩ ᠠᠵᠤ ᠦᠢᠯᠡᠰ ᠤ᠋ᠨ ᠬᠦᠷᠢᠶᠡᠯᠡᠩ ᠲᠣᠭᠣᠷᠢᠭ ᠤ᠋ᠨ ᠬᠢᠨ ᠬᠦᠯᠡᠮᠵᠢ ᠳ᠋ᠡᠭᠡᠨ ᠲᠦᠯᠡᠰᠢ ᠪᠡᠷ ᠳᠤᠯᠠᠭᠠᠯᠠᠬᠤ ᠮᠠᠱᠢᠨ᠂ ᠤᠬᠢᠶᠠᠯᠭ᠎ᠠ ᠶ᠋ᠢᠨ ᠳ᠋ᠧᠩ᠂ ᠸᠣᠯᠹᠷᠠᠮ ᠳ᠋ᠧᠩ ᠵᠡᠷᠭᠡ ᠤᠯᠠᠨ ᠵᠦᠢᠯ ᠤ᠋ᠨ ᠳᠤᠯᠠᠭᠠᠨ ᠢ᠋ ᠨᠡᠮᠡᠭ᠌ᠳᠡᠭᠦᠯᠬᠦ᠌ ᠲᠥᠬᠥᠭᠡᠷᠦᠮᠵᠢ ᠵᠢ ᠵᠡᠷᠭᠡ ᠪᠡᠷ ᠠᠵᠢᠯᠯᠠᠭᠤᠯᠵᠤ᠂ ᠤᠯᠠᠭᠠᠨ ᠭᠤᠤ ᠲᠣᠰᠭᠣᠨ ᠵᠡᠷᠭᠡ ᠢᠳᠡᠭᠡᠨ ᠤ᠋ ᠮᠦᠬᠦ᠌ ᠶ᠋ᠢᠨ ᠰᠠᠭᠤᠷᠢᠨ ᠤ᠋ ᠬᠢᠨ ᠲᠤᠯᠠᠭᠠᠯᠠᠮᠵᠢ ᠵᠢᠨ ᠵᠤᠤᠬ᠎ᠠ ᠪᠠᠷ ᠳᠤᠯᠠᠭᠠᠯᠠᠭ᠎ᠠ ᠬᠠᠡᠭᠭᠠᠬᠤ ᠶ᠋ᠢᠨ ᠬᠠᠮᠲᠤ 300 ᠲᠣᠨ ᠨᠡᠭᠦᠷᠡᠰᠦ ᠨᠥᠭᠡᠴᠡᠯᠡᠵᠦ᠍᠂ ᠬᠦᠢᠳᠡᠨ ᠤᠷᠤᠰᠬᠠᠯ ᠢ᠋ ᠠᠷᠭᠠᠴᠠᠭᠠᠨ ᠢᠳᠡᠰᠢᠨ ᠨᠤᠭᠤᠭ᠎ᠠ ᠵᠢᠨ ᠤᠷᠭᠤᠴᠠ ᠵᠢ ᠪᠦᠬᠦ ᠬᠦᠴᠦᠨ ᠶ᠋ᠢᠡᠷ ᠶ᠋ᠢᠡᠨ ᠪᠠᠲᠤᠯᠠᠵᠤ ᠪᠠᠢᠨ᠎ᠠ᠃

ᠮᠠᠯᠵᠢᠬᠤ ᠤᠷᠤᠨ ᠡᠴᠡ ᠲᠠᠷᠢᠶᠠᠯᠠᠬᠤ ᠤᠷᠤᠨ ᠬᠦᠷᠲᠡᠯ᠎ᠡ᠂ ᠫᠧᠩ ᠰᠠᠷᠠᠪᠴᠢ ᠡᠴᠡ ᠲᠤᠯᠠᠭᠠᠨ ᠬᠦᠯᠡᠮᠵᠢ ᠬᠦᠷᠲᠡᠯ᠎ᠡ᠂ ᠮᠠᠨ ᠤ᠋ ᠤᠷᠤᠨ ᠤ᠋ ᠡᠯ᠎ᠡ ᠭᠠᠵᠠᠷ ᠤ᠋ᠨ ᠬᠢᠨ ᠡᠷᠲᠡ ᠪᠠᠢᠷᠢᠯᠠᠭᠤᠯᠵᠤ ᠪᠤᠳᠠᠲᠠᠢ ᠠᠵᠢᠯᠯᠠᠬᠤ ᠵᠢ ᠪᠠᠷᠢᠮᠳᠠᠯᠠᠨ᠂ ᠲᠥᠷᠥ ᠶ᠋ᠢᠨ ᠪᠣᠳᠣᠯᠭ᠎ᠠ ᠪᠠᠷ ᠲᠦᠰᠢᠭ ᠪᠤᠯᠭᠠᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠶ᠋ᠢᠡᠷ᠎ᠬᠦᠴᠦᠨ ᠣᠯᠭᠣᠬᠤ᠂ ᠵᠠᠰᠠᠭ ᠤ᠋ᠨ ᠤᠷᠳᠤᠨ ᠮᠠᠯᠵᠢᠬᠤ ᠲᠠᠷᠢᠶᠠᠯᠠᠬᠤ ᠡᠷᠦᠬᠡ ᠵᠢᠴᠢ ᠠᠵᠤ ᠠᠬᠤᠢᠯᠠᠯ ᠬᠠᠮᠲᠤᠷᠠᠨ ᠠᠵᠢᠯᠯᠠᠬᠤ ᠮᠡᠳᠤ ᠵᠢᠨ ᠣᠯᠠᠨ ᠵᠦᠶ᠋ᠯ ᠤ᠋ᠨ ᠠᠷᠭ᠎ᠠ ᠬᠡᠮᠵᠢᠶ᠎ᠡ ᠪᠡᠷ ᠲᠤᠢᠯ ᠤ᠋ᠨ ᠬᠦᠶ᠋ᠲᠡᠨ ᠠᠭᠤᠷ ᠠᠮᠢᠰᠭᠤᠯ ᠤ᠋ᠨ ᠲᠠᠭᠠᠷᠢᠯᠲᠠ ᠵᠢ ᠠᠷᠭᠠᠴᠠᠭᠠᠨ ᠰᠡᠷᠭᠡᠢᠯᠡᠵᠦ᠂ ᠱᠢᠨ᠎ᠡ ᠨᠢᠭᠡ ᠵᠢᠯ ᠤ᠋ᠨ ᠮᠠᠯ ᠠᠵᠤ ᠠᠬᠤᠢ ᠲᠠᠷᠢᠶᠠᠯᠠᠩ ᠤ᠋ᠨ ᠴᠢᠨᠠᠷ ᠰᠠᠢᠲᠠᠢ ᠬᠥᠭ᠌ᠵᠢᠯᠲᠡ ᠶ᠋ᠢᠨ ᠰᠠᠭᠤᠷᠢ ᠵᠢ ᠪᠡᠬᠢᠵᠢᠭᠦᠯᠦᠭᠰᠡᠬᠡᠷ ᠁

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号