2025 ᠤᠨ ᠪᠤᠯ ᠶᠠᠳᠠᠭᠤ ᠡᠴᠡ ᠠᠩᠬᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠠ ᠪᠦᠲᠦᠭᠡᠯ ᠢ᠋ ᠪᠡᠬᠢᠵᠢᠭᠦᠯᠦᠨ ᠦᠷᠭᠡᠳᠭᠡᠬᠦ ᠬᠢᠭᠡᠳ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠶ᠋ᠢ ᠪᠦᠲᠦᠮᠵᠢᠳᠠᠢ ᠵᠤᠯᠭᠠᠭᠤᠯᠬᠤ ᠰᠢᠯᠵᠢᠯᠳᠡ ᠶ᠋ᠢᠨ ᠬᠤᠭᠤᠴᠠᠭᠠᠨ ᠤ᠋ ᠡᠴᠤᠰ ᠤ᠋ᠨ ᠨᠢᠭᠡ ᠵᠢᠯ ᠪᠠᠢᠵᠤ᠂ 2026 ᠤᠨ ᠡᠴᠡ ᠡᠬᠢᠯᠡᠵᠦ ᠪᠠᠢᠩᠭᠤᠵᠢᠭᠰᠠᠨ ᠬᠠᠪᠰᠤᠷᠤᠨ ᠳᠡᠳᠬᠦᠬᠦ ᠱᠠᠳᠤᠨ ᠳ᠋ᠤ ᠤᠷᠤᠵᠠᠢ᠃ ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠡᠴᠡ᠂ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ ᠢ᠋ ᠦᠷᠭᠦᠯᠵᠢᠯᠡᠨ ᠪᠡᠬᠢᠵᠢᠭᠦᠯᠦᠨ ᠥᠷᠭᠡᠳᠭᠡᠵᠦ᠍᠂ ᠪᠠᠢᠩᠭᠤᠵᠢᠭᠰᠠᠨ ᠬᠠᠪᠰᠤᠷᠤᠨ ᠲᠡᠳᠬᠦᠬᠦ᠌ ᠶ᠋ᠢ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ ᠳ᠋ᠤ ᠤᠷᠤᠭᠤᠯᠤᠨ ᠨᠢᠭᠡᠳᠦᠯᠲᠡᠶ ᠲᠥᠯᠥᠪᠵᠢᠭᠦᠯᠦᠨ ᠬᠡᠷᠡᠭ᠌ᠵᠢᠭᠦᠯᠵᠤ᠂ ᠬᠡᠪᠴᠢᠶᠡᠵᠢᠯ ᠦ᠋ᠨ ᠴᠢᠨᠠᠷᠲᠠᠶ ᠳᠠᠬᠢᠨ ᠶᠠᠳᠠᠭᠤᠷᠠᠬᠤ ᠪᠠ ᠶᠠᠳᠠᠭᠤᠷᠠᠬᠤ ᠪᠤᠯᠤᠮᠵᠢ ᠡᠭᠦᠰᠬᠦ ᠦᠭᠡᠢ ᠪᠠᠢᠬᠤ ᠬᠣᠷᠢᠭ᠎ᠠ ᠱᠤᠭᠤᠮ ᠢ᠋ ᠪᠠᠲᠤ ᠰᠠᠬᠢᠬᠤ ᠬᠡᠷᠡᠭ᠌ᠲᠡᠶ ᠭᠡᠵᠦ ᠱᠠᠭᠠᠷᠳᠠᠪᠠ᠃
ᠳᠤᠮᠳᠠᠳᠤ ᠤᠯᠤᠰ ᠤ᠋ᠨ ᠠᠷᠠᠳ ᠤ᠋ᠨ ᠶᠡᠬᠡ ᠰᠤᠷᠭᠠᠭᠤᠯᠢ ᠶ᠋ᠢᠨ ᠫᠷᠤᠹᠧᠰᠰᠤᠷ᠂ ᠤᠯᠤᠰ ᠤ᠋ᠨ ᠠᠮᠤ ᠪᠤᠳᠠᠭᠠᠨ ᠤ᠋ ᠠᠮᠦᠷ ᠲᠦᠪᠰᠢᠨ ᠤ᠋ ᠪᠠᠢᠯᠳᠤᠬᠤ ᠪᠤᠳᠤᠯᠭ᠎ᠠ ᠶ᠋ᠢᠨ ᠰᠤᠳᠤᠯᠤᠯ ᠤ᠋ᠨ ᠬᠦᠷᠢᠶᠡᠯᠡᠩ ᠤ᠋ᠨ ᠳᠠᠷᠤᠭ᠎ᠠ ᠴᠧᠩ ᠭᠦᠧᠧ ᠴᠢᠶᠠᠩ᠄ ᠪᠠᠢᠩᠭᠤᠵᠢᠭᠰᠠᠨ ᠬᠠᠪᠰᠤᠷᠤᠨ ᠲᠡᠳᠬᠦᠬᠦ᠌ ᠶ᠋ᠢ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ ᠳ᠋ᠤ ᠤᠷᠤᠭᠤᠯᠵᠤ ᠨᠢᠭᠡᠳᠦᠯᠲᠡᠶ ᠲᠥᠯᠥᠪᠵᠢᠭᠦᠯᠦᠨ ᠬᠡᠷᠡᠭ᠌ᠵᠢᠭᠦᠯᠬᠦ ᠨᠢ ᠳᠦᠷᠢᠮ ᠤ᠋ᠨ ᠴᠢᠨᠠᠷᠳᠠᠢ ᠪᠠᠢᠷᠢᠯᠠᠭᠤᠯᠤᠯᠳᠠ ᠪᠡᠷ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ ᠢ᠋ ᠪᠡᠬᠢᠵᠢᠭᠦᠯᠦᠨ ᠥᠷᠭᠡᠳᠭᠡᠵᠦ᠂ ᠬᠡᠪᠴᠢᠶᠡᠵᠢᠯ ᠦ᠋ᠨ ᠴᠢᠨᠠᠷᠲᠠᠶ ᠳᠠᠬᠢᠨ ᠶᠠᠳᠠᠭᠤᠷᠠᠬᠤ ᠪᠠ ᠶᠠᠳᠠᠭᠤᠷᠠᠬᠤ ᠪᠤᠯᠤᠮᠵᠢ ᠡᠭᠦᠰᠬᠦ ᠶ᠋ᠢ ᠰᠡᠷᠭᠡᠢᠯᠡᠬᠦ ᠶ᠋ᠢᠨ ᠬᠠᠮᠳᠤ ᠬᠦᠳᠡᠭᠡ ᠲᠤᠰᠬᠤᠨ ᠤ᠋ ᠠᠵᠤ ᠦᠢᠯᠡᠰ᠂ ᠴᠢᠳᠠᠪᠤᠷᠢᠳᠠᠨ᠂ ᠰᠤᠶᠤᠯ᠂ ᠠᠮᠢ ᠠᠬᠤᠢ᠂ ᠵᠤᠬᠢᠶᠠᠨ ᠪᠠᠢᠭᠤᠯᠤᠯᠳᠠ ᠶ᠋ᠢᠨ ᠬᠦᠭᠵᠢᠯ ᠮᠠᠨᠳᠤᠯ ᠲᠠᠢ ᠨᠢᠭᠡ ᠴᠤᠭᠴᠠᠵᠢᠭᠤᠯᠤᠨ ᠠᠬᠢᠭᠤᠯᠬᠤ ᠪᠡᠷ ᠪᠠᠢᠭ᠎ᠠ ᠶ᠋ᠢ ᠬᠠᠷᠠᠭᠤᠯᠵᠤ ᠪᠠᠢᠨ᠎ᠠ᠃ ᠡᠢᠨ ᠬᠦ᠌ ᠳᠦᠷᠢᠮ ᠤ᠋ᠨ ᠲᠦᠰᠦᠪᠯᠡᠯ ᠢ᠋ ᠪᠤᠯ ᠳᠤᠮᠳᠠᠳᠤ ᠤᠯᠤᠰ ᠤ᠋ᠨ ᠮᠠᠶᠢᠭ ᠤ᠋ᠨ ᠤᠳᠤᠬᠢᠴᠢᠯᠠᠯᠳᠠ ᠶ᠋ᠢᠨ ᠪᠦᠲᠦᠭᠡᠨ ᠪᠠᠢᠭᠤᠯᠤᠯᠳᠠ ᠶ᠋ᠢᠨ ᠪᠦᠬᠦ ᠲᠠᠯ᠎ᠠ ᠳ᠋ᠤ ᠠᠩᠬᠠᠷᠤᠯ ᠶ᠋ᠢᠡᠨ ᠲᠦᠪᠯᠡᠷᠡᠭᠦᠯᠵᠤ ᠭᠠᠷᠭᠠᠭᠰᠠᠨ ᠶᠤᠮ᠃
ᠬᠦᠭᠵᠢᠭᠡᠳᠦᠢ ᠭᠠᠵᠠᠷ ᠤᠷᠤᠨ ᠪᠤᠯ ᠳᠠᠬᠢᠨ ᠶᠠᠳᠠᠭᠤᠷᠠᠬᠤ ᠪᠠ ᠶᠠᠳᠠᠭᠤᠷᠠᠬᠤ ᠪᠤᠯᠤᠮᠵᠢ ᠡᠭᠦᠰᠬᠦ ᠶ᠋ᠢ ᠰᠡᠷᠭᠡᠢᠯᠡᠬᠦ ᠭᠤᠤᠯ ᠹᠷᠤᠨᠲ ᠮᠦᠨ᠃ ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠳ᠋ᠤ 《ᠳᠠᠬᠢᠨ ᠶᠠᠳᠠᠭᠤᠷᠠᠬᠤ ᠪᠠ ᠶᠠᠳᠠᠭᠤᠷᠠᠬᠤ ᠶ᠋ᠢ ᠰᠡᠷᠭᠡᠢᠯᠡᠬᠦ᠌ ᠪᠠᠢᠩᠭᠤᠵᠢᠭ᠍ᠰᠠᠨ ᠲᠣᠭ᠍ᠲᠠᠴᠠ ᠶ᠋ᠢ ᠨᠢᠭᠡᠳᠦᠯᠲᠡᠶ ᠲᠥᠯᠥᠪᠵᠢᠭᠦᠯᠦᠨ ᠪᠠᠢᠭᠤᠯᠵᠤ᠂ ᠪᠠᠢᠩᠭᠤᠵᠢᠭ᠍ᠰᠠᠨ ᠬᠠᠪᠰᠤᠷᠤᠨ ᠲᠡᠳᠬᠦᠬᠦ᠌ ᠲᠥᠷᠥ ᠶ᠋ᠢᠨ ᠪᠣᠳᠣᠯᠭ᠎ᠠ ᠶ᠋ᠢᠨ ᠱᠢᠰᠲ᠋ᠧᠮ ᠢ᠋ ᠪᠦᠷᠢᠨᠱᠢᠬᠦᠯᠤᠨ᠂ ᠬᠥᠭ᠌ᠵᠢᠭᠡᠳᠦᠶ ᠭᠠᠵᠠᠷ ᠣᠷᠣᠨ ᠤ᠋ ᠬᠥᠭ᠌ᠵᠢᠯᠲᠡ ᠶ᠋ᠢ ᠦᠷᠭᠦᠯᠵᠢᠯᠡᠨ ᠳᠡᠮᠵᠢᠵᠦ᠍᠂ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ ᠢ᠋ ᠦᠷᠭᠦᠯᠵᠢᠯᠡᠨ ᠪᠡᠬᠢᠵᠢᠭᠦᠯᠦᠨ ᠥᠷᠭᠡᠳᠭᠡᠬᠦ᠌ ᠬᠡᠷᠡᠭ᠌ᠲᠡᠶ》 ᠭᠡᠵᠦ ᠳᠤᠷᠠᠳᠴᠠᠢ᠃
ᠬᠦᠳᠡᠭᠡ ᠠᠵᠤ ᠠᠬᠤᠢ ᠬᠦᠳᠡᠭᠡ ᠲᠤᠰᠬᠤᠨ ᠤ᠋ ᠶᠠᠮᠤᠨ ᠤ᠋ ᠬᠠᠪᠰᠤᠷᠤᠨ ᠳᠡᠳᠬᠦᠬᠦ ᠵᠤᠷᠭᠠᠨ ᠤ᠋ ᠳᠠᠷᠤᠭ᠎ᠠ ᠰᠢᠤᠢ ᠵᠢᠶᠠᠨ ᠮᠢᠨ᠄ ᠳᠠᠷᠠᠭᠠᠴᠢ ᠶ᠋ᠢᠨ ᠠᠯᠬᠤᠮ ᠳ᠋ᠤ ᠬᠦᠭᠵᠢᠭᠡᠳᠦᠢ ᠭᠠᠵᠠᠷ ᠤᠷᠤᠨ ᠢ᠋ ᠦᠷᠭᠦᠯᠵᠢᠯᠡᠨ ᠤᠷᠳᠤ ᠬᠤᠭᠤᠴᠠᠭ᠎ᠠ ᠪᠡᠷ ᠬᠠᠪᠰᠤᠷᠤᠨ ᠳᠡᠳᠬᠦᠵᠤ᠂ ᠲᠦᠪ ᠪᠠ ᠡᠯ᠎ᠠ ᠮᠤᠵᠢ ᠤᠷᠤᠨ ᠤ᠋ ᠬᠢᠨ ᠱᠠᠳᠤ ᠬᠤᠪᠢᠶᠠᠨ ᠬᠠᠷᠢᠭᠤᠴᠠᠵᠤ᠂ ᠳᠡᠰ ᠳᠠᠪᠬᠤᠷᠭ᠎ᠠ ᠬᠤᠪᠢᠶᠠᠨ ᠲᠦᠷᠦᠯ ᠬᠤᠪᠢᠶᠠᠨ ᠬᠦᠭᠵᠢᠭᠡᠳᠦᠢ ᠭᠠᠵᠠᠷ ᠤᠷᠤᠨ ᠢ᠋ ᠬᠠᠪᠰᠤᠷᠤᠨ ᠳᠡᠳᠬᠦᠬᠦ ᠶ᠋ᠢᠨ ᠬᠠᠮᠳᠤ ᠪᠦᠷᠢᠳᠭᠡᠵᠤ ᠬᠢᠨᠠᠨ ᠰᠢᠯᠭᠠᠬᠤ᠂ ᠳᠤᠭᠳᠠᠮᠠᠯ ᠬᠤᠭᠤᠴᠠᠭ᠎ᠠ ᠲᠠᠢ ᠪᠡᠷ ᠦᠨᠡᠯᠡᠨ ᠵᠢᠱ᠌ᠢᠬᠦ ᠪᠠ ᠬᠦᠳᠡᠯᠦᠩᠭᠦᠢ ᠪᠡᠷ ᠳᠤᠬᠢᠷᠠᠭᠤᠯᠤᠯᠳᠠ ᠬᠢᠬᠦ ᠳᠤᠭᠳᠠᠴᠠ ᠶ᠋ᠢ ᠲᠡᠭᠦᠯᠳᠡᠷᠵᠢᠭᠦᠯᠬᠦ ᠪᠤᠯᠤᠨ᠎ᠠ᠃
ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ ᠢ᠋ ᠦᠷᠭᠦᠯᠵᠢᠯᠡᠨ ᠪᠡᠬᠢᠵᠢᠭᠦᠯᠦᠨ ᠥᠷᠭᠡᠳᠭᠡᠬᠦ᠌ ᠳ᠋ᠤ᠂ ᠠᠷᠭ᠎ᠠ ᠪᠦᠬᠦᠨ ᠢ᠋ ᠰᠦᠪᠡᠭᠴᠢᠯᠡᠨ ᠲᠠᠷᠢᠶᠠᠴᠢᠳ ᠤ᠋ᠨ ᠤᠷᠤᠯᠭ᠎ᠠ ᠶ᠋ᠢᠨ ᠨᠡᠮᠡᠭᠳᠡᠯ ᠢ᠋ ᠳᠤᠭᠳᠠᠪᠤᠷᠢᠵᠢᠭᠤᠯᠬᠤ ᠶ᠋ᠢ ᠠᠬᠢᠭᠤᠯᠵᠤ᠂ ᠠᠵᠢᠯ ᠤᠯᠭᠤᠯᠳᠠ ᠶ᠋ᠢ ᠳᠤᠭᠳᠠᠪᠤᠷᠢᠵᠢᠭᠤᠯᠤᠨ᠂ ᠠᠵᠤ ᠦᠢᠯᠡᠰ ᠢ᠋ ᠬᠦᠭᠵᠢᠭᠦᠯᠬᠦ ᠨᠢ ᠮᠠᠰᠢ ᠴᠢᠬᠤᠯᠠ ᠪᠠᠢᠳᠠᠭ᠃ ᠤᠳᠤᠬᠠᠨ ᠳ᠋ᠤ ᠪᠦᠬᠦ ᠤᠯᠤᠰ ᠤ᠋ᠨ ᠶᠠᠳᠠᠭᠤ ᠡᠴᠡ ᠠᠩᠬᠢᠵᠢᠷᠠᠭᠰᠠᠨ 832 ᠰᠢᠶᠠᠨ ᠳ᠋ᠤ ᠴᠦᠮ 2 — 3 ᠳᠠᠪᠠᠭᠤᠯᠢᠭ ᠪᠠ ᠤᠨᠴᠠᠯᠢᠭ ᠨᠢ ᠳᠤᠪᠤᠢᠮ᠎ᠠ᠂ ᠳᠠᠢᠴᠢᠯᠠᠬᠤ ᠬᠦᠴᠦᠨ ᠶ᠋ᠢᠡᠷ ᠴᠢᠩᠭ᠎ᠠ ᠭᠤᠤᠯᠯᠠᠬᠤ ᠠᠵᠤ ᠦᠢᠯᠡᠰ ᠲᠠᠢ ᠪᠤᠯᠵᠤ᠂ ᠶᠠᠳᠠᠭᠤ ᠡᠴᠡ ᠠᠩᠬᠢᠵᠢᠷᠠᠭᠰᠠᠨ ᠭᠠᠵᠠᠷ ᠤᠷᠤᠨ ᠤ᠋ ᠠᠵᠤ ᠠᠬᠤᠢ ᠶ᠋ᠢᠨ ᠠᠮᠢᠵᠢᠷᠠᠯ ᠤ᠋ᠨ ᠬᠦᠴᠦᠨ ᠪᠠ ᠬᠦᠭᠵᠢᠯᠳᠡ ᠶ᠋ᠢᠨ ᠨᠦᠭᠡᠴᠡ ᠬᠦᠴᠦᠨ ᠴᠢᠩᠭᠠᠷᠠᠭᠰᠠᠨ ᠪᠠᠢᠨ᠎ᠠ᠃
《ᠭᠠᠳᠠᠭ᠍ᠰᠢ ᠭᠠᠷᠴᠤ᠌ ᠬᠥᠯᠥᠰᠥᠨ ᠠᠵᠢᠯ ᠬᠢᠬᠦ᠌ ᠦᠢᠯᠡᠴᠢᠯᠡᠭᠡᠨ ᠤ᠋ ᠪᠠᠲᠤᠯᠠᠭ᠎ᠠ ᠪᠠ ᠨᠤᠲᠤᠭ ᠲᠠᠭᠠᠨ ᠪᠤᠴᠠᠵᠤ ᠠᠵᠢᠯ ᠤᠯᠬᠤ ᠦᠢᠯᠡᠰ ᠪᠤᠰᠭᠠᠬᠤ ᠳᠡᠮᠵᠢᠯᠭᠡ ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠍᠂ ᠬᠥᠯᠥᠰᠥᠨ ᠲᠠᠷᠢᠶᠠᠴᠢᠨ ᠤ᠋ ᠠᠵᠢᠯ ᠤ᠋ᠨ ᠪᠠᠢᠷᠢ ᠵᠢ ᠲᠣᠭ᠍ᠲᠠᠪᠤᠷᠢᠵᠢᠭᠤᠯᠤᠨ ᠠᠵᠢᠯ ᠤᠯᠬᠤ ᠶ᠋ᠢ ᠠᠬᠢᠭᠤᠯᠬᠤ ᠬᠡᠷᠡᠭᠳᠡᠢ》᠂ 《ᠱᠢᠶᠠᠨ ᠤ᠋ ᠬᠡᠪᠴᠢᠶᠡᠨ ᠤ᠋ ᠠᠷᠠᠳ ᠢ᠋ ᠪᠠᠶᠠᠵᠢᠭᠤᠯᠬᠤ ᠠᠵᠤ ᠦᠢᠯᠡᠰ ᠢ᠋ ᠪᠣᠢᠵᠢᠭᠤᠯᠤᠨ ᠪᠤᠵᠠᠭᠠᠢᠷᠠᠭᠤᠯᠬᠤ ᠬᠡᠷᠡᠭᠳᠠᠢ》᠂ 《 ᠲᠠᠷᠢᠶᠠᠴᠢᠳ ᠤ᠋ᠨ ᠠᠵᠤ ᠦᠢᠯᠡᠰ ᠤ᠋ᠨ ᠬᠥᠭ᠌ᠵᠢᠯᠲᠡ ᠳ᠋ᠤ ᠣᠷᠣᠯᠴᠠᠬᠤ ᠠᠷᠭ᠎ᠠ ᠵᠠᠮ ᠪᠣᠯᠤᠨ ᠠᠷᠭ᠎ᠠ ᠬᠡᠯᠪᠡᠷᠢ ᠵᠢ ᠥᠷᠭᠡᠳᠭᠡᠨ᠂ ᠲᠠᠷᠢᠶᠠᠯᠠᠬᠤ ᠡᠷᠦᠬᠡ ᠲᠠᠢ ᠬᠤᠯᠪᠤᠭᠠᠯᠠᠨ ᠲᠠᠷᠢᠶᠠᠴᠢᠳ ᠢ᠋ ᠲᠠᠢᠴᠢᠯᠠᠬᠤ ᠲᠤᠭᠳᠠᠴᠠ ᠶ᠋ᠢ ᠪᠦᠷᠢᠨᠱᠢᠭᠦᠯᠬᠦ ᠬᠡᠷᠡᠭᠳᠡᠢ》 ᠁ ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠡᠴᠡ ᠰᠢᠷᠢᠰ ᠠᠷᠭ᠎ᠠ ᠬᠡᠮᠵᠢᠶ᠎ᠠ ᠳᠤᠷᠠᠳᠴᠠᠢ᠃
ᠠᠨᠾᠦ᠋ᠢ ᠮᠤᠵᠢ ᠶ᠋ᠢᠨ ᠲᠠᠷᠢᠶᠠᠯᠠᠩ ᠤ᠋ᠨ ᠰᠢᠨᠵᠢᠯᠡᠬᠦ ᠤᠬᠠᠭᠠᠨ ᠤ᠋ ᠬᠦᠷᠢᠶᠡᠯᠡᠩ ᠤ᠋ᠨ ᠳᠡᠳ᠋ ᠳᠠᠷᠤᠭ᠎ᠠ ᠵᠤᠤ ᠸᠠᠨ ᠫᠢᠩ᠄ ᠶᠠᠳᠠᠭᠤ ᠡᠴᠡ ᠠᠩᠬᠢᠵᠢᠷᠠᠭᠰᠠᠨ ᠭᠠᠵᠠᠷ ᠤᠷᠤᠨ ᠢ᠋ ᠬᠠᠪᠰᠤᠷᠴᠤ ᠤᠷᠤᠨ ᠨᠤᠳᠤᠭ ᠤ᠋ᠨ ᠤᠨᠴᠠᠯᠢᠭ ᠲᠠᠢ᠂ ᠪᠦᠷᠢᠨ ᠬᠡᠯᠬᠢᠶᠡᠳᠤ ᠴᠢᠰᠦ ᠪᠦᠲᠦᠭᠡᠬᠦ ᠬᠡᠯᠪᠡᠷᠢ ᠶ᠋ᠢᠨ ᠠᠵᠤ ᠦᠢᠯᠡᠰ ᠤ᠋ᠨ ᠰᠢᠰᠲ᠋ᠧᠮ ᠢ᠋ ᠬᠦᠭᠵᠢᠭᠦᠯᠵᠦ᠂ ᠭᠠᠳᠠᠭᠰᠢ ᠪᠡᠨ ᠬᠦᠳᠡᠯᠮᠦᠷᠢ ᠬᠦᠴᠦᠨ ᠤ᠋ ᠬᠠᠮᠵᠢᠯᠴᠠᠭ᠎ᠠ ᠶ᠋ᠢ ᠭᠦᠨᠵᠡᠭᠡᠢᠷᠡᠭᠦᠯᠦᠨ᠂ ᠲᠤᠳᠤᠷ᠎ᠠ ᠪᠡᠨ ᠠᠵᠢᠯ ᠤ᠋ᠨ ᠪᠠᠢᠷᠢ ᠶ᠋ᠢ ᠳᠤᠭᠳᠠᠪᠤᠷᠢᠵᠢᠭᠤᠯᠬᠤ ᠶ᠋ᠢ ᠳᠡᠮᠵᠢᠬᠦ ᠡᠷᠴᠢᠮ ᠢ᠋ ᠴᠢᠩᠭᠠᠷᠠᠭᠤᠯᠵᠤ᠂ ᠠᠷᠭ᠎ᠠ ᠪᠦᠬᠦᠨ ᠢ᠋ ᠰᠦᠪᠡᠭᠴᠢᠯᠡᠨ ᠶᠠᠳᠠᠭᠤ ᠡᠴᠡ ᠠᠩᠬᠢᠵᠢᠷᠠᠭᠰᠠᠨ ᠤᠯᠠᠨ ᠲᠦᠮᠡᠨ ᠢ᠋ ᠬᠠᠪᠰᠤᠷᠴᠤ ᠳᠤᠭᠳᠠᠪᠤᠷᠢᠳᠠᠢ ᠠᠵᠢᠯ ᠤᠯᠭᠤᠨ᠂ ᠲᠦᠷᠦ ᠶ᠋ᠢᠨ ᠪᠤᠳᠤᠯᠭ᠎ᠠ ᠶ᠋ᠢ ᠪᠤᠳᠠᠳᠠᠢ ᠳ᠋ᠤ ᠨᠠᠢᠳᠠᠪᠤᠷᠢᠵᠢᠭᠤᠯᠬᠤ ᠬᠡᠷᠡᠭᠳᠠᠢ᠃
(ᠰᠢᠨᠬᠤᠸᠠ ᠰᠦᠯᠵᠢᠶ᠎ᠠ ᠡᠴᠡ ᠨᠠᠢᠷᠠᠭᠤᠯᠤᠨ ᠤᠷᠴᠢᠭᠤᠯᠵᠤ ᠠᠪᠤᠪᠠ)