ᠪᠠᠶᠠᠷ ᠳᠤᠷᠠᠰᠬᠠᠯ᠎ᠤᠨ ᠡᠳᠦᠷ᠎ᠦᠨ ᠲᠣᠬᠢᠷᠠᠭᠤᠯᠤᠯᠲᠠ ᠵᠢ ᠰᠢᠯᠢᠳᠡᠭᠵᠢᠭᠦᠯᠤᠨ᠎ᠠ
2026-01-21 11:13:19
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

1 ᠰᠠᠷ᠎ᠠ᠎ᠶᠢᠨ 20 ᠎ᠤ ᠡᠳᠦᠷ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠦ ᠠᠯᠪᠠᠨ ᠬᠡᠷ᠎ᠦᠨ ᠡᠷᠭᠢᠯᠡᠭᠰᠡᠨ 《〈ᠠᠷᠪᠠᠨ ᠲᠠᠪᠤᠳᠤᠭᠠᠷ ᠲᠠᠪᠤᠨ ᠵᠢᠯ〉᠎ᠤᠨ ᠲᠥᠯᠥᠪᠵᠢᠭᠦᠯᠭᠡ᠎ᠶᠢᠨ ᠰᠠᠶ᠋ᠢᠨ ᠰᠠᠶ᠋ᠢᠬᠠᠨ ᠡᠬᠢᠯᠡᠯᠲᠡ᠎ᠶᠢ ᠠᠬᠢᠭᠤᠯᠬᠤ》 ᠰᠣᠨᠢᠨ ᠮᠡᠳᠡᠭᠡ ᠨᠡᠶ᠋ᠢᠲᠡᠯᠡᠬᠦ᠌ ᠬᠤᠷᠠᠯ᠎ᠠᠴᠠ ᠣᠶ᠋ᠢᠯᠠᠭᠠᠭᠰᠠᠨ᠎ᠢᠶᠠᠷ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠪᠠᠶᠠᠷ ᠳᠤᠷᠠᠰᠬᠠᠯ᠎ᠤᠨ ᠡᠳᠦᠷ᠎ᠦᠨ ᠲᠣᠬᠢᠷᠠᠭᠤᠯᠤᠯᠲᠠ᠎ᠶᠢ ᠰᠢᠯᠢᠳᠡᠭᠵᠢᠭᠦᠯᠵᠤ᠂ ᠲᠦᠭ ᠲᠦᠮᠡᠨ ᠠᠶ᠋ᠢᠯ ᠡᠷᠦᠬᠡ᠎ᠳᠦ ᠪᠣᠳᠠᠲᠠᠶ ᠬᠦᠷᠳᠡᠮᠵᠢ ᠵᠢᠨ ᠲᠥᠷᠥᠭᠳᠡᠯ ᠣᠯᠭᠣᠵᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠌᠎ᠪᠡᠷ ᠵᠢᠯᠣᠭᠣᠳᠤᠮᠵᠢ ᠪᠣᠯᠭᠠᠵᠤ᠂ ᠬᠥᠭᠵᠢᠯᠲᠡ᠎ᠶᠢᠨ ᠰᠢᠨ᠎ᠡ ᠣᠷᠣᠨ ᠵᠠᠶ᠎ᠶᠢ ᠨᠡᠭᠡᠭᠡᠬᠦ᠌ ᠪᠣᠯᠤᠨ᠎ᠠ᠃


6b25d94e88c97f5b09843224d5b95d30.jpg


ᠡᠭᠦᠨ᠎ᠡᠴᠡ ᠭᠠᠳᠠᠨ᠎ᠠ᠂ ᠣᠯᠠᠨ ᠲᠦᠮᠡᠨ᠎ᠦ ᠪᠠᠴᠢᠮᠳᠠᠵᠥ ᠳᠦᠪᠡᠭᠳᠡᠵᠥ ᠵᠤᠪᠠᠨᠢᠵᠥ ᠬᠦᠰᠡᠵᠥ ᠪᠠᠢᠭ᠎ᠠ ᠠᠰᠠᠭᠤᠳᠠᠯ᠎ᠢ ᠬᠦᠴᠦᠯᠡᠨ ᠰᠢᠢᠳᠪᠦᠷᠢᠯᠡᠬᠦ᠌ ᠲᠠᠯ᠎ᠠ᠎ᠪᠠᠷ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠳᠡᠳ᠋ ᠡᠷᠬᠢᠯᠡᠭᠴᠢ ᠸᠠᠩ ᠴᠠᠩ ᠯᠢᠨ ᠢᠯᠡᠷᠬᠡᠶ᠋ᠢᠯᠡᠬᠦ᠌᠎ᠳᠡᠭᠡᠨ᠂ ᠠᠷᠠᠳ ᠣᠯᠠᠨ᠎ᠤ ᠰᠢᠨ᠎ᠡ ᠬᠦᠰᠡᠯ ᠡᠷᠡᠮᠡᠯᠵᠡᠯ ᠳ᠋ᠤ ᠬᠠᠨᠳᠤᠭᠤᠯᠤᠨ᠂ ᠲᠦᠭᠡᠮᠡᠯ ᠬᠠᠷᠠᠭᠠᠯᠵᠠᠯ᠎ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠥᠲᠥᠭᠡᠨ ᠪᠠᠶ᠋ᠢᠭᠤᠯᠤᠯᠲᠠ᠎ᠶᠢ ᠤᠯᠠᠮ ᠨᠢᠭᠡ ᠠᠯᠬᠤᠮ ᠴᠢᠩᠭᠠᠳᠬᠠᠵᠤ᠂ ᠴᠢᠨᠠᠷ ᠰᠠᠶ᠋ᠢᠲᠠᠶ ᠭᠦᠢᠴᠡᠳ ᠠᠵᠢᠯ ᠣᠯᠭᠣᠯᠲᠠ᠎ᠶᠢ ᠴᠢᠷᠮᠠᠶ᠋ᠢᠨ ᠠᠬᠢᠭᠤᠯᠵᠤ᠂ ᠬᠡᠦᠬᠡᠳ ᠪᠣᠶ᠋ᠢᠵᠢᠭᠤᠯᠬᠤ ᠨᠥᠬᠥᠪᠥᠷᠢ᠎ᠶᠢᠨ ᠲᠦᠷᠢᠮ᠎ᠢ ᠡᠮᠬᠢ ᠵᠢᠷᠤᠮ᠎ᠲᠠᠶ ᠬᠡᠷᠡᠭᠵᠢᠭᠦᠯᠵᠦ᠍᠂ ᠰᠦᠢᠳᠬᠡᠯ ᠦᠯᠦ ᠬᠤᠷᠢᠶᠠᠬᠤ ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠥᠮᠦᠵᠢᠯ᠎ᠢ ᠠᠯᠬᠤᠮ ᠠᠯᠬᠤᠮ᠎ᠢᠶᠠᠷ ᠬᠡᠷᠡᠭᠵᠢᠭᠦᠯᠦᠨ᠎ᠡ ᠭᠡᠵᠡᠶ᠃

ᠤᠳᠠᠯ ᠥᠬᠡᠶ ᠪᠣᠯᠬᠤ ᠭᠡᠵᠦ᠍ ᠪᠠᠶ᠋ᠢᠭ᠎ᠠ 2026 ᠣᠨ᠎ᠤ ᠴᠠᠭᠠᠨ ᠰᠠᠷ᠎ᠠ᠎ᠶᠢᠨ ᠠᠮᠠᠷᠠᠯᠲᠠ ᠨᠢ 《ᠬᠠᠮᠤᠭ᠎ᠤᠨ ᠣᠷᠳᠣ ᠴᠠᠭᠠᠨ ᠰᠠᠷ᠎ᠠ᠎ᠶᠢᠨ ᠠᠮᠠᠷᠠᠯᠲᠠ》 ᠭᠡᠮᠡᠭᠳᠡᠪᠡ᠂ ᠬᠥᠬᠡᠭᠡ ᠰᠠᠷ᠎ᠠ᠎ᠶᠢᠨ ᠬᠣᠷᠢᠨ ᠨᠢ᠋ᠮᠠᠨ (2026 ᠣᠨ᠎ᠤ 2 ᠰᠠᠷ᠎ᠠ᠎ᠶᠢᠨ 15 ᠎ᠤ ᠡᠳᠦᠷ) ᠡᠴᠠ ᠰᠢᠨ᠎ᠡ᠎ᠶᠢᠨ ᠲᠤᠯᠤᠭᠠᠨ (2026 ᠣᠨ᠎ᠤ 2 ᠰᠠᠷ᠎ᠠ᠎ᠶᠢᠨ 23 ᠎ᠤ ᠡᠳᠦᠷ) ᠪᠣᠯᠲᠠᠯ᠎ᠠ ᠨᠡᠶ᠋ᠢᠲᠡ 9 ᠡᠳᠦᠷ ᠠᠮᠠᠷᠠᠨ᠎ᠠ᠃

2025 ᠣᠨ᠎ᠤ 《ᠬᠣᠶᠠᠷ ᠬᠤᠷᠠᠯ》 ᠳᠠᠭᠤᠰᠤᠮᠠᠬᠴᠠ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠡᠴᠡ 《ᠪᠥᠬᠥ᠌ ᠤᠯᠤᠰ᠎ᠤᠨ ᠠᠷᠠᠳ ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢᠳ᠎ᠲᠡᠶ ᠪᠠᠶ᠋ᠢᠩᠭᠤ ᠨᠡᠪᠲᠡᠷᠡᠯᠴᠡᠬᠦ᠌᠎ᠶᠢ ᠴᠢᠩᠭᠠᠳᠬᠠᠬᠤ ᠲᠥᠰᠦᠯ》᠎ᠢ ᠰᠤᠳᠤᠯᠤᠨ ᠲᠣᠭᠲᠠᠭᠠᠪᠠ᠃ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠡᠷᠬᠢᠯᠡᠭᠴᠢ ᠵᠧᠩ ᠱᠠᠨ ᠵᠢᠶᠧ 2025 ᠣᠨ᠎ᠤ 12 ᠰᠠᠷ᠎ᠠ᠎ᠶᠢᠨ  22 ᠎ᠤ᠋ᠨ ᠡᠳᠦᠷ ᠬᠤᠷᠠᠯᠳᠤᠭᠰᠠᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶᠠᠨ᠎ᠤ ᠠᠷᠪᠠ ᠶᠢᠰᠦᠳᠦᠭᠡᠷ ᠤᠳᠠᠭ᠎ᠠ ᠵᠢᠨ ᠬᠤᠷᠠᠯ ᠳᠡᠭᠡᠷ᠎ᠡ᠄ 《ᠮᠠᠰᠢ ᠣᠯᠠᠨ ᠲᠥᠯᠥᠭᠡᠯᠡᠭᠴᠢ ᠴᠠᠭᠠᠨ ᠰᠠᠷ᠎ᠠ ᠎ᠶᠢᠨ ᠠᠮᠠᠷᠠᠯᠲᠠ ᠎ᠶᠢᠨ ᠬᠤᠭᠤᠴᠠᠭ᠎ᠠ᠎ᠶᠢ ᠤᠷᠲᠤᠳᠬᠠᠬᠤ ᠳᠤᠬᠠᠢ ᠰᠠᠨᠠᠭᠤᠯᠭ᠎ᠠ ᠳᠤᠷᠠᠳᠪᠠ᠂ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠨᠠᠷᠢᠨ ᠬᠢᠨᠠᠮᠠᠭᠠᠶ ᠵᠠᠳᠠᠯᠤᠨ ᠰᠤᠳᠤᠯᠵᠤ᠂ ᠪᠠᠶᠠᠷ ᠳᠤᠷᠠᠰᠬᠠᠯ᠎ᠤᠨ ᠡᠳᠦᠷ᠎ᠦᠨ ᠲᠣᠬᠢᠷᠠᠭᠤᠯᠤᠯᠲᠠ᠎ᠶᠢ ᠰᠢᠯᠢᠳᠡᠭᠵᠢᠬᠦᠯᠬᠦ ᠵᠢ ᠢᠳᠡᠪᠬᠢᠲᠡᠶ ᠠᠬᠢᠭᠤᠯᠵᠤ᠂ 2026 ᠣᠨ᠎ᠤ ᠴᠠᠭᠠᠨ ᠰᠠᠷ᠎ᠠ ᠳ᠋ᠤ 9 ᠡᠳᠦᠷ᠎ᠠᠮᠠᠷᠠᠬᠤ᠎ᠶᠢᠨ ᠬᠠᠮᠲᠤ᠌ ᠲᠣᠬᠢᠷᠠᠭᠤᠯᠤᠨ ᠠᠮᠠᠷᠠᠬᠤ᠎ᠶᠢ ᠪᠠᠭᠠᠰᠬᠠᠵᠤ᠂ ᠨᠡᠶ᠋ᠢᠭᠡᠮ᠎ᠦᠨ ᠬᠦᠰᠡᠯ ᠡᠷᠡᠮᠡᠯᠵᠡᠯ᠎ᠳᠦ ᠬᠠᠷᠢᠭᠤ ᠲᠤᠰᠬᠠᠵᠤ᠂ ᠠᠷᠠᠳ ᠣᠯᠠᠨ᠎ᠤ ᠪᠠᠶᠠᠷ᠎ᠤᠨ ᠡᠳᠦᠷ᠎ᠦᠨ ᠬᠦᠷᠲᠡᠮᠵᠢ᠎ᠶᠢᠨ ᠲᠥᠷᠥᠭᠳᠡᠯ ᠪᠠ ᠵᠣᠯ ᠵᠢᠷᠭᠠᠯᠲᠤ᠌ ᠲᠥᠷᠥᠭᠳᠡᠯ᠎ᠢ ᠨᠡᠮᠡᠭᠳᠡᠭᠦᠯᠵᠡᠢ》 ᠭᠡᠪᠡ᠃


         ᠢᠷᠡᠯᠳᠠ᠄  ᠳᠠᠯ᠎ᠠ ᠨᠤᠳᠤᠭ᠎ᠤᠨ ᠡᠭᠦᠯᠠ ᠰᠢᠯᠵᠢᠶ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号