ᠥᠪᠥᠷ ᠮᠣᠩᠭᠣᠯ 《ᠠᠭᠠᠷ᠎ᠤᠨ ᠠᠶᠠᠯᠠᠯ + ᠡᠮᠴᠢᠯᠡᠭᠡ》 ᠪᠡᠷ ᠮᠣᠩᠭᠣᠯ ᠤᠯᠤᠰ᠎ᠤᠨ ᠡᠪᠡᠳᠴᠢᠲᠡᠨ᠎ᠢ ᠠᠪᠤᠷᠠᠨ ᠡᠮᠨᠡᠪᠡ
2026-01-21 11:20:24
ᠵᠣᠬᠢᠶᠠᠭ᠍ᠴᠢ᠄
ᠪᠠᠶᠠᠰᠬᠤᠯᠠᠩ ᠯᠢᠶᠠᠩ ᠰᠢᠶᠣᠣ ᠬᠣᠩ
ᠣᠩᠱᠢᠭ᠍ᠰᠠᠨ ᠣᠳᠠᠭ᠎ᠠ᠄
★★★☆☆

1 ᠰᠠᠷ᠎ᠠ᠎ᠶᠢᠨ 16᠎ᠤ ᠡᠳᠦᠷ᠂ ᠮᠣᠩᠭᠣᠯ ᠤᠯᠤᠰ᠎ᠤᠨ ᠡᠪᠡᠳᠴᠢᠲᠡᠨ ᠤᠶᠤᠨᠴᠡᠴᠡᠭ 《ᠤᠯᠠᠭᠠᠨᠪᠠᠭᠠᠲᠤᠷ — ᠡᠷᠢᠶᠡᠨ ᠬᠣᠲᠠ — ᠤᠯᠠᠭᠠᠨᠬᠠᠳᠠ》ᠬᠦᠷᠬᠦ ᠨᠢᠰᠭᠡᠯ᠎ᠳᠦ ᠰᠠᠭᠤᠵᠤ ᠮᠠᠨ᠎ᠤ ᠤᠯᠤᠰ᠎ᠲᠤ ᠢᠷᠡᠵᠦ ᠮᠠᠰᠡ ᠵᠠᠰᠠᠯ ᠬᠢᠯᠭᠡᠭᠰᠡᠨ ᠶᠤᠮ᠃ ᠲᠡᠷᠡ ᠬᠢᠯᠢ᠎ᠳᠦ ᠣᠷᠣᠵᠤ ᠢᠷᠡᠭᠰᠡᠨ᠎ᠡᠴᠡ ᠡᠬᠢᠯᠡᠭᠡᠳ ᠨᠢᠷᠤᠭᠤᠨ᠎ᠤ ᠶᠠᠰᠤ ᠪᠡᠷᠲᠡᠭᠰᠡᠨ ᠮᠡᠰᠡ ᠵᠠᠰᠠᠯ ᠵᠢᠡᠨ ᠬᠢᠯᠭᠡᠵᠦ᠎ᠲᠠᠭᠤᠰᠬᠠᠳᠠᠯ᠎ᠠ ᠵᠥᠪᠬᠡᠨ 24 ᠴᠠᠭ ᠬᠡᠷᠡᠭᠰᠡᠪᠠ᠃

ᠡᠷᠢᠶᠡᠨ ᠬᠣᠲᠠ᠎ᠶᠢᠨ ᠰᠠᠶ᠋ᠢᠠᠠᠤᠰᠤ ᠣᠯᠠᠨ ᠤᠯᠤᠰ᠎ᠤᠨ ᠨᠢᠰᠬᠡᠯ᠎ᠦᠨ ᠪᠠᠭᠤᠳᠠᠯ ᠡᠪᠡᠳᠴᠢᠲᠡᠨ᠎ᠦ ᠨᠢᠷᠤᠭᠤᠨ᠎ᠤ ᠶᠠᠰᠤ ᠪᠡᠷᠲᠡᠭᠰᠡᠨ ᠲᠤᠰᠠᠯᠠᠮᠵᠢ ᠵᠢᠨ ᠭᠤᠶᠤᠴᠢᠯᠠᠯ᠎ᠢ ᠭᠥᠯᠢᠶᠡᠨ ᠠᠪᠤᠭᠰᠠᠨ ᠲᠡᠷᠡ ᠳᠠᠷᠤᠢ ᠳ᠋ᠤᠨᠢ ᠬᠢᠯᠢ ᠠᠯᠤᠰᠯᠠᠭᠰᠠᠨ 《ᠠᠭᠠᠷ᠎ᠤᠨ ᠠᠶᠠᠯᠠᠯ + ᠡᠮᠴᠢᠯᠡᠭᠡ》᠎ᠶᠢᠨ ᠲᠣᠭᠲᠠᠴᠠ᠎ᠶᠢ ᠡᠬᠢᠯᠡᠭᠦᠯᠵᠦ᠂ ᠨᠡᠢᠰᠯᠡᠯ᠎ᠦᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠰᠢᠤᠸᠠᠨ ᠦ᠋ ᠡᠮᠨᠡᠯᠭᠡ᠎ᠶᠢᠨ ᠬᠣᠷᠢᠶᠠᠨ᠎ᠤ ᠥᠪᠥᠷ ᠮᠣᠩᠭᠣᠯ᠎ᠳᠡᠬᠢ ᠡᠮᠨᠡᠯᠭᠡ᠎ᠶᠢᠨ ᠬᠣᠷᠢᠶ᠎ᠠ(ᠤᠯᠠᠭᠠᠨᠬᠠᠳᠠ ᠬᠣᠲᠠ᠎ᠶᠢᠨ ᠡᠮᠨᠡᠯᠭᠡ᠎ᠶᠢᠨ ᠬᠣᠷᠢᠶ᠎ᠠ)᠎ᠲᠠᠢ ᠬᠣᠯᠪᠤᠭᠠᠯᠠᠨ ᠠᠯᠤᠰ᠎ᠠᠴᠠ ᠬᠠᠮᠲᠤᠷᠠᠨ ᠣᠨᠣᠰᠢᠯᠠᠵᠤ ᠡᠮᠨᠡᠨ ᠵᠠᠰᠠᠬᠤ ᠲᠥᠰᠥᠯ ᠲᠣᠭᠲᠠᠭᠠᠨ᠂ ᠬᠠᠮᠲᠤᠷᠠᠨ ᠪᠠᠢᠴᠠᠭᠠᠬᠤ ᠨᠢᠭᠡᠴᠢ᠂ ᠠᠭᠠᠷ᠎ᠤᠨ ᠠᠶᠠᠯᠠᠯ᠎ᠤᠨ ᠺᠣᠮᠫᠠᠨᠢ ᠵᠡᠷᠭᠡ᠎ᠶᠢ ᠵᠣᠬᠢᠴᠠᠭᠤᠯᠵᠤ ᠪᠠᠢᠭᠠᠳ ᠰᠠᠭᠠᠳ ᠦᠭᠡᠢ ᠨᠡᠪᠲᠡᠷᠡᠬᠦ ᠵᠠᠮ᠎ᠢ ᠨᠡᠪᠲᠡᠷᠡᠭᠦᠯᠦᠨ᠂ ᠲᠤᠰᠬᠠᠢ ᠬᠥᠮᠥᠨ ᠪᠠᠷ᠎ᠠ ᠪᠣᠯᠬᠤ᠂ ᠡᠮᠨᠡᠯᠭᠡ ᠵᠢᠨ ᠬᠤᠷᠢᠶ᠎ᠠ ᠰᠢᠯᠵᠢᠭᠦᠯᠬᠦ ᠪᠠᠲᠤᠯᠠᠭ᠎ᠠ ᠬᠠᠨᠭᠭᠠᠬᠤ ᠵᠡᠷᠭᠡ ᠲᠤᠰᠬᠠᠢ ᠦᠢᠯᠡᠴᠢᠯᠡᠭᠡ ᠬᠠᠩᠭᠠᠵᠤ᠂ ᠴᠠᠰᠤ ᠣᠷᠣᠭᠰᠠᠨ ᠴᠠᠭ ᠠᠭᠤᠷ᠎ᠤᠨ ᠨᠥᠯᠥᠭᠡ᠎ᠶᠢ ᠢᠯᠡᠨ ᠳᠠᠪᠠᠵᠤ ᠡᠭᠡᠯᠵᠢ᠎ᠶᠢᠨ ᠨᠢᠰᠬᠡᠯ᠎ᠦᠨ ᠤᠷᠤᠭᠰᠢᠲᠠᠢ ᠨᠢᠰᠬᠦ᠎ᠶᠢ ᠪᠠᠲᠤᠯᠠᠪᠠ᠃ ᠡᠪᠡᠳᠴᠢᠲᠡᠨ 16 ᠎ᠤ ᠡᠳᠦᠷ ᠡᠷᠢᠶᠡᠨ ᠬᠣᠲᠠ᠎ᠳᠤ ᠬᠦᠷᠴᠦ᠂ ᠲᠠᠬᠢᠨ ᠤᠯᠠᠭᠠᠨᠬᠠᠳᠠ᠎ᠳᠤ ᠬᠦᠷᠦᠮᠡᠭᠴᠡ ᠰᠢᠭᠤᠳ ᠡᠮᠨᠡᠯᠭᠡ᠎ᠳᠦ ᠬᠦᠷᠴᠦ ᠮᠡᠰᠡ ᠵᠠᠰᠠᠯ ᠬᠢᠯᠭᠡᠬᠦ᠎ᠡᠴᠡ ᠡᠮᠦᠨᠡᠬᠢ ᠪᠠᠢᠴᠠᠭᠠᠯᠲᠠ ᠬᠢᠯᠭᠡᠵᠦ᠂ 17 ᠎ᠤ ᠡᠳᠦᠷ᠎ᠦᠨ ᠦᠳᠡ᠎ᠶᠢᠨ ᠡᠮᠦᠨ᠎ᠡ ᠮᠡᠰᠡ ᠵᠠᠰᠠᠯ ᠵᠢᠡᠨ ᠠᠮᠵᠢᠯᠲᠠᠲᠠᠢ ᠬᠢᠯᠭᠡᠪᠡ᠃

 ᠬᠢᠯᠢ ᠠᠯᠤᠰᠯᠠᠭᠰᠠᠨ 《ᠠᠭᠠᠷ᠎ᠤᠨ ᠠᠶᠠᠯᠠᠯ + ᠡᠮᠴᠢᠯᠡᠭᠡ》᠎ᠶᠢᠨ ᠠᠩᠬᠠᠳᠠᠭ᠍ᠴᠢ ᠡᠪᠡᠳᠴᠢᠲᠡᠨ᠎ᠢ ᠠᠮᠵᠢᠯᠲᠠ᠎ᠲᠠᠢ ᠰᠢᠯᠵᠢᠭᠦᠯᠦᠨ ᠡᠮᠨᠡᠭᠦᠯᠦᠭᠰᠡᠨ ᠨᠢ ᠡᠷᠢᠶᠡᠨ ᠬᠣᠲᠠ᠎ᠶᠢᠨ ᠠᠭᠠᠷ᠎ᠤᠨ ᠠᠶᠠᠯᠠᠯ᠎ᠤᠨ ᠪᠣᠭᠣᠮᠲᠠ᠎ᠶᠢᠨ ᠬᠢᠯᠢ ᠠᠯᠤᠰᠯᠠᠭᠰᠠᠨ ᠡᠬᠢ ᠪᠠᠶᠠᠯᠢᠭ᠋᠎ᠢ ᠨᠡᠢᠳᠭᠡᠬᠦ᠂ ᠥᠨᠳᠥᠷ ᠪᠦᠲᠦᠮᠵᠢᠲᠡᠶ ᠦᠢᠯᠡᠴᠢᠯᠡᠭᠡ᠎ᠶᠢᠨ ᠪᠢᠲᠡᠭᠦᠦ ᠴᠠᠭᠠᠷᠢᠭ᠋᠎ᠢ ᠪᠠᠶ᠋ᠢᠭᠤᠯᠬᠤ ᠲᠠᠯ᠎ᠠ᠎ᠪᠠᠷ ᠬᠢ ᠴᠢᠳᠠᠪᠤᠷᠢ᠎ᠶᠢ ᠭᠦᠢᠴᠡᠳ ᠢᠯᠡᠷᠡᠭᠦᠯᠪᠡ᠃ ᠡᠷᠢᠶᠡᠨ ᠬᠣᠲᠠ᠎ᠶᠢᠨ ᠰᠠᠶ᠋ᠢᠠᠠᠤᠰᠤ ᠣᠯᠠᠨ ᠤᠯᠤᠰ᠎ᠤᠨ ᠨᠢᠰᠬᠡᠯ᠎ᠦᠨ ᠪᠠᠭᠤᠳᠠᠯ ᠣᠷᠣᠨ ᠪᠠᠢᠷᠢ᠎ᠶᠢᠨ ᠳᠠᠪᠠᠭᠤᠯᠢᠭ᠋ ᠪᠠ ᠪᠣᠭᠣᠮᠲᠠ᠎ᠶᠢᠨ ᠴᠢᠳᠠᠮᠵᠢ᠎ᠳᠠᠭᠠᠨ ᠲᠦᠰᠢᠭᠯᠡᠨ᠂ ᠤᠯᠤᠰ᠎ᠤᠨ ᠣᠷᠣᠨ ᠪᠦᠰᠡ᠎ᠶᠢᠨ ᠡᠮᠴᠢᠯᠡᠭᠡᠨ᠎ᠦ ᠲᠥᠪ᠎ᠢᠶᠡᠷ ᠲᠤᠯᠭᠠᠭᠤᠷᠢᠯᠠᠯ ᠪᠣᠯᠭᠠᠵᠤ᠂ 《ᠤᠯᠠᠭᠠᠨᠪᠠᠭᠠᠲᠤᠷ — ᠡᠷᠢᠶᠡᠨ ᠬᠣᠲᠠ — ᠤᠯᠠᠭᠠᠨᠬᠠᠳᠠ》 ᠣᠯᠠᠨ ᠤᠯᠤᠰ + ᠤᠯᠤᠰ᠎ᠤᠨ ᠳᠣᠲᠣᠭᠠᠳᠤ᠎ᠶᠢᠨ ᠰᠠᠯᠪᠤᠷᠢ ᠱᠤᠭᠤᠮ᠎ᠤᠨ ᠬᠠᠮᠲᠤᠷᠠᠭᠰᠠᠨ ᠵᠦᠭᠡᠭᠡᠪᠦᠷᠢ᠎ᠶᠢᠨ ᠠᠶᠠᠯᠠᠯ᠎ᠤᠨ ᠱᠤᠭᠤᠮ᠎ᠳᠤ ᠲᠦᠰᠢᠭᠯᠡᠨ᠂ ᠠᠭᠠᠷ᠎ᠤᠨ ᠵᠦᠭᠡᠭᠡᠪᠦᠷᠢ᠂ ᠡᠮᠨᠡᠯᠭᠡ ᠵᠢᠨ ᠣᠨᠣᠰᠢᠯᠠᠯᠲᠠ᠂ ᠣᠷᠴᠢᠭᠤᠯᠭ᠎ᠠ ᠵᠢᠨ ᠬᠠᠮᠵᠢᠯᠴᠠᠭ᠎ᠠ᠂ ᠪᠣᠭᠣᠮᠲᠠ᠎ᠪᠠᠷ ᠥᠩᠭᠡᠷᠡᠬᠦ᠎ᠶᠢ ᠪᠠᠲᠤᠯᠠᠬᠤ ᠵᠡᠷᠭᠡ ᠣᠯᠠᠨ ᠲᠠᠯ᠎ᠠ᠎ᠶᠢᠨ ᠡᠬᠢ ᠪᠠᠶᠠᠯᠢᠭ᠋᠎ᠢ ᠰᠢᠰᠲᠧᠮ᠎ᠲᠠᠢ ᠨᠡᠢᠳᠭᠡᠵᠦ᠂ 《ᠬᠢᠯᠢ ᠪᠡᠷ ᠣᠷᠣᠭᠤᠯᠵᠤ ᠪᠣᠭᠣᠮᠲᠠ ᠪᠠᠷ ᠥᠩᠭᠡᠷᠡᠭᠦᠯᠬᠦ᠂ ᠡᠮᠴᠢᠯᠡᠭᠡᠨ᠎ᠦ ᠰᠢᠯᠵᠢᠭᠦᠯᠦᠨ ᠵᠦᠭᠡᠭᠡᠪᠦᠷᠢᠯᠡᠬᠦ᠂ ᠣᠨᠣᠰᠢᠯᠠᠨ ᠡᠮᠨᠡᠬᠦ ᠦᠢᠯᠡᠴᠢᠯᠡᠭᠡ》 ᠡᠴᠡ 《ᠡᠷᠡᠭᠦᠯᠵᠢᠨ ᠪᠤᠴᠠᠬᠤ》 ᠬᠦᠷᠲᠡᠯᠡᠬᠢ ᠪᠥᠬᠥ ᠶᠠᠪᠤᠴᠠ᠎ᠶᠢᠨ ᠦᠢᠯᠡᠴᠢᠯᠡᠭᠡᠨ᠎ᠦ ᠪᠢᠲᠡᠭᠦᠦ ᠴᠠᠭᠠᠷᠢᠭ᠋᠎ᠢ ᠪᠠᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号