ᠲᠦᠩᠯᠢᠶᠣᠤ ᠬᠣᠲᠠ᠎ᠶ᠋ᠢᠨ ᠵᠠᠷᠤᠳ ᠬᠣᠱᠢᠭᠤᠨ᠎ᠤ ᠶᠡᠷᠦᠩᠬᠡᠢᠯᠡᠨ ᠵᠠᠰᠠᠬᠤ ᠲᠥᠪ᠎ᠦᠨ ᠡᠶᠡᠳᠡᠭᠦᠯᠬᠦ᠌ ᠲᠠᠰᠤᠭ᠎ᠤᠨ ᠱᠢᠷᠡᠭᠡᠨ ᠳᠡᠭᠡᠷ᠎ᠡ ᠵᠣᠪ ᠵᠤᠵᠠᠭᠠᠨ ᠭᠠᠵᠠᠷ ᠱᠢᠷᠣᠶ᠎ᠶ᠋ᠢᠨ ᠦᠨᠡᠮᠯᠡᠯ᠎ᠦᠨ ᠬᠠᠭᠤᠯᠪᠤᠷᠢ ᠮᠠᠲ᠋ᠸᠷᠢᠶᠠᠯ ᠪᠠ ᠦᠩᠭᠡᠷᠡᠭᠰᠡᠨ ᠤ ᠬᠡᠮᠵᠢᠯᠲᠡ᠎ᠶ᠋ᠢᠨ ᠲᠡᠮᠳᠡᠭ᠌ᠯᠡᠯ ᠲᠠᠯᠪᠢᠭᠠᠰᠤᠲᠠᠢ ᠪᠠᠢᠯ᠎ᠠ᠃ ᠭᠠᠴᠠᠭᠠᠨ᠎ᠤ ᠠᠷᠠᠳ ᠸᠠᠩ ᠣᠪᠣᠭ᠍ᠲᠤ ᠪᠣᠯᠤᠨ ᠯᠢ ᠣᠪᠣᠭ᠍ᠲᠤ ᠰᠢᠷᠠᠭᠡ ᠬᠠᠪᠴᠢᠨ ᠰᠠᠭᠤᠵᠤ᠂ ᠡᠶᠡᠳᠡᠭᠦᠯᠦᠭ᠌ᠴᠢ᠎ᠡᠴᠡ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠮᠡᠷᠭᠡᠵᠢᠯᠲᠡᠨ᠎ᠢ ᠤᠷᠢᠵᠤ ᠲᠤᠬᠠᠶ᠎ᠶ᠋ᠢᠨ ᠲᠠᠯᠠᠪᠠᠶ᠎ᠳᠤ ᠳᠠᠭᠠᠭᠤᠯᠢ ᠣᠳᠣᠨ᠎ᠤ ᠵᠢᠷᠤᠭ ᠳᠦᠷᠰᠦ᠎ᠶ᠋ᠢ ᠱᠢᠯᠵᠢᠭᠦᠯᠦᠨ ᠠᠪᠴᠤ᠌᠂ ᠬᠣᠶᠠᠷ ᠡᠷᠦᠭᠡ ᠵᠢᠨ ᠭᠠᠵᠠᠷ ᠱᠢᠷᠣᠶ᠎ᠶ᠋ᠢᠨ ᠬᠤᠪᠢᠷᠠᠯᠲᠠ᠎ᠶ᠋ᠢ ᠦᠵᠡᠭᠦᠯᠵᠦ᠂ ᠬᠠᠤᠯᠢ ᠴᠠᠭᠠᠵᠠ᠎ᠶ᠋ᠢᠨ ᠲᠣᠪᠴᠢᠶ᠎ᠠ᠎ᠶ᠋ᠢᠨ ᠠᠵᠢᠯᠲᠠᠨ ᠭᠠᠵᠠᠷ ᠱᠢᠷᠣᠶ᠎ᠶ᠋ᠢᠨ ᠬᠠᠮᠢᠶᠠᠷᠤᠯᠲᠠ᠎ᠶ᠋ᠢᠨ ᠬᠠᠤᠯᠢ᠎ᠲᠠᠶ ᠬᠠᠷᠢᠴᠠᠭᠤᠯᠵᠤ᠂ ᠬᠠᠮᠢᠶ᠎ᠠ ᠪᠦᠬᠦᠢ ᠲᠥᠷᠥ᠎ᠶ᠋ᠢᠨ ᠪᠣᠳᠣᠯᠭ᠎ᠠ᠎ᠶ᠋ᠢ ᠨᠠᠷᠢᠨ ᠲᠠᠢᠯᠪᠤᠷᠢᠯᠠᠵᠤ᠂ ᠱᠢᠭᠦᠬᠦ᠌ ᠬᠣᠷᠢᠶᠠᠨ᠎ᠤ ᠣᠨᠴᠠ ᠤᠷᠢᠭ᠍ᠰᠠᠨ ᠡᠶᠡᠳᠡᠭᠦᠯᠦᠭ᠌ᠴᠢ ᠬᠣᠶᠠᠷ ᠡᠳᠡᠭᠡᠳ᠎ᠤᠨ ᠬᠢᠨᠢ ᠬᠦᠯᠢᠴᠡᠩᠭᠦᠢ᠎ᠪᠡᠷ ᠬᠦᠲᠦᠯᠦᠨ ᠵᠢᠯᠣᠭᠣᠳᠴᠤ᠌ 30 ᠭᠠᠷᠤᠢ ᠵᠢᠯ᠎ᠦᠨ ᠡᠮᠦᠨᠡᠬᠢ ᠭᠠᠵᠠᠷ ᠱᠢᠷᠣᠢᠬᠤᠪᠢᠶᠠᠷᠢᠯᠠᠬᠤ ᠦᠶ᠎ᠡ᠎ᠶ᠋ᠢᠨ ᠪᠣᠳᠠᠲᠠᠢ ᠪᠠᠢᠳᠠᠯ᠎ᠢ ᠡᠷᠭᠢᠴᠡᠭᠦᠯᠦᠨ᠎ᠡ᠃ ᠤᠯᠠᠨ ᠲᠠᠯ᠎ᠠ᠎ᠶ᠋ᠢᠨ ᠲᠤᠰᠭᠠᠢ ᠮᠡᠷᠭᠡᠵᠢᠯ᠎ᠦᠨ ᠬᠦᠴᠦᠨ᠎ᠦ ᠬᠠᠮᠲᠤ᠎ᠶ᠋ᠢᠨ ᠤᠷᠤᠯᠴᠠᠯᠭ᠎ᠠ ᠪᠡᠷ᠂ ᠦᠪᠡᠷ ᠦᠪᠡᠰᠤᠪᠠᠨᠤ ᠪᠠᠨ ᠪᠠᠷᠢᠮᠲᠠᠯᠠᠵᠤ ᠪᠠᠢᠭᠰᠠᠨ ᠬᠣᠶᠠᠷ ᠡᠲᠡᠭᠡᠳ᠎ᠢᠶᠡᠷ᠎ᠢᠶᠡᠨ ᠪᠣᠳᠠᠲᠤ ᠬᠡᠷᠡᠭ᠎ᠦᠨ ᠪᠠᠢᠳᠠᠯ᠎ᠢ ᠨᠠᠷᠢᠨ ᠤᠢᠯᠠᠭᠠᠵᠤ᠂ ᠡᠴᠦᠰ᠎ᠲᠡᠬᠡᠨ ᠡᠶᠡᠳᠡᠭᠦᠯᠭᠡ᠎ᠶ᠋ᠢᠨ ᠬᠡᠯᠡᠯᠴᠡᠭᠡᠷ ᠲᠤᠬᠢᠷᠠᠪᠠ᠃
《ᠥᠩᠭᠡᠷᠡᠭ᠌ᠰᠡᠨ᠎ᠳᠦ ᠭᠠᠵᠠᠷ ᠱᠢᠷᠣᠢ᠎ᠶ᠋ᠢᠨ ᠵᠠᠭᠤᠷᠠᠯᠳᠤᠭᠠᠨ᠎ᠢ ᠱᠢᠢᠳᠪᠦᠷᠢᠯᠡᠬᠦ᠌᠎ᠳᠦ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠢ᠎ᠠ᠂ ᠤᠢ ᠱᠢᠭᠤᠢ ᠪᠠ ᠨᠤᠲᠤᠭ ᠪᠡᠯᠴᠢᠭᠡᠷ᠎ᠦᠨ ᠲᠣᠪᠴᠢᠢ᠎ᠠ᠂ ᠱᠢᠭᠦᠬᠦ᠌ ᠬᠣᠷᠢᠢ᠎ᠠ ᠵᠡᠷᠭᠡ ᠬᠡᠳᠦᠨ ᠪᠠᠢᠭᠤᠯᠭ᠎ᠠ ᠪᠠᠷ ᠶᠠᠪᠤᠬᠤ ᠴᠢᠬᠤᠯᠠ ᠲᠠᠢ ᠪᠠᠢᠵᠠᠢ᠃ ᠣᠲᠣ ᠰᠠᠢᠨ ᠪᠤᠯᠤᠨ᠎ᠠ᠂ ᠶᠡᠷᠦᠩᠬᠡᠢᠯᠡᠨ ᠵᠠᠰᠠᠬᠤ ᠲᠥᠪ᠎ᠲᠦ ᠨᠢᠭᠡ ᠬᠤᠪᠢ ᠮᠠᠲ᠋ᠧᠷᠢᠶᠠᠯ ᠵᠢᠡᠨ ᠲᠤᠱᠢᠶᠠᠬᠰᠠᠭᠠᠷ ᠲᠤᠬᠠᠶ᠎ᠶ᠋ᠢᠨ ᠲᠠᠯᠠᠪᠠᠶ᠎ᠳᠤ ᠣᠯᠠᠨ ᠰᠠᠯᠠᠭ᠎ᠠ ᠮᠥᠴᠢᠷ ᠬᠠᠪᠰᠤᠷᠤᠨ ᠱᠢᠶ᠋ᠳᠪᠦᠷᠢᠯᠡᠨ ᠥᠭ᠌ᠬᠦ᠎ᠪᠡᠷ ᠪᠠᠷᠠᠬᠤ ᠥᠬᠡᠶ᠂ ᠪᠠᠰᠠ ᠲᠤᠰᠭᠠᠶ ᠮᠡᠷᠭᠡᠵᠢᠯ᠎ᠦᠨ ᠠᠵᠢᠯᠲᠠᠨ ᠴᠤ᠌ ᠬᠠᠪᠰᠤᠷᠤᠨ ᠭᠡᠷᠡᠴᠢ ᠪᠠᠷᠢᠮᠲᠠ᠎ᠶ᠋ᠢ ᠡᠮᠬᠢᠯᠡᠵᠦ᠍᠂ ᠬᠠᠮᠢᠶ᠎ᠠ ᠪᠥᠬᠥᠶ ᠲᠣᠭ᠍ᠲᠠᠭᠠᠯ᠎ᠢ ᠲᠠᠢᠯᠪᠤᠷᠢᠯᠠᠵᠤ ᠦᠭᠬᠦᠨ᠎ᠡ᠃ ᠡᠨᠡ ᠨᠢ ᠴᠠᠭ ᠲᠦ᠍ ᠠᠷᠪᠢᠳᠠᠢ ᠮᠥᠷᠲᠡᠭᠡᠨ ᠰᠠᠨᠠᠭ᠎ᠠ ᠠᠮᠤᠷ ᠪᠤᠯᠭᠠᠵᠠᠢ》 ᠭᠡᠵᠦ᠍ ᠸᠠᠩ ᠠᠪᠤᠭᠠᠢ ᠬᠡᠯᠡᠨ᠎ᠠ᠃
ᠡᠢᠮᠦᠷᠬᠦᠦ ᠪᠠᠢᠳᠠᠯ᠎ᠨᠢ ᠣᠲᠣ ᠵᠠᠷᠤᠳ ᠬᠣᠱᠢᠭᠤᠨ᠎ᠳᠤ ᠨᠢᠭᠡᠨᠲᠡ ᠬᠡᠪ᠎ᠦᠨ ᠪᠠᠢᠳᠠᠯ ᠪᠣᠯᠵᠣ᠂ 《ᠵᠦᠷᠢᠴᠡᠯ ᠵᠠᠭᠤᠷᠠᠯᠳᠤᠭᠠᠨ ᠡᠬᠦᠰᠦᠮᠡᠭᠴᠡ ᠶᠡᠷᠦᠩᠬᠡᠢᠯᠡᠨ ᠵᠠᠰᠠᠬᠤ ᠲᠥᠪ ᠢ᠋ ᠡᠷᠢᠬᠦ᠌》 ᠨᠢ ᠲᠤᠬᠠᠶ᠎ᠶ᠋ᠢᠨ ᠭᠠᠵᠠᠷ᠎ᠤᠨ ᠣᠯᠠᠨ ᠲᠦᠮᠡᠨ᠎ᠦ ᠬᠠᠮᠲᠤ᠎ᠶ᠋ᠢᠨ ᠲᠠᠨᠢᠯᠲᠠ ᠪᠣᠯᠵᠠᠶ᠃
ᠵᠠᠷᠤᠳ ᠬᠣᠱᠢᠭᠤ᠎ᠵᠢᠨ ᠬᠢᠨ ᠫᠠᠢᠰᠠ ᠲᠡᠮᠳᠡᠭ᠎ᠲᠡᠶ᠂ ᠲᠠᠯᠠᠪᠤᠷ ᠭᠠᠵᠠᠷ᠎ᠲᠠᠶ᠂ ᠬᠦᠴᠦᠨ᠎ᠲᠡᠶ᠂ ᠲᠣᠭ᠍ᠲᠠᠴᠠ᠎ᠲᠠᠶ᠂ ᠦᠷ᠎ᠡ ᠪᠦᠲᠦᠮᠵᠢ ᠲᠡᠶ 《ᠲᠠᠪᠤ ᠪᠠᠢᠬᠤ》 ᠬᠠᠷᠠᠯᠲᠠ ᠵᠢ ᠲᠤᠬᠳᠠᠭᠠᠵᠤ᠂ ᠲᠠᠯᠠᠪᠤᠷ ᠭᠠᠵᠠᠷ᠎ᠤᠨ ᠲᠣᠬᠢᠷᠠᠭᠤᠯᠤᠯᠲᠠ᠂ ᠰᠠᠯᠠᠭ᠎ᠠ ᠮᠥᠴᠢᠷ ᠣᠷᠣᠵᠤ ᠰᠠᠭᠤᠬᠤ᠂ ᠠᠵᠢᠯᠯᠠᠭᠠᠨ᠎ᠤ ᠲᠣᠭ᠍ᠲᠠᠴᠠ᠂ ᠱᠠᠯᠠᠪᠳᠠᠭᠤᠯᠤᠨ ᠭᠦᠶ᠋ᠴᠡᠳᠭᠡᠨ ᠨᠠᠢᠳᠠᠪᠤᠷᠢᠵᠢᠭᠤᠯᠬᠤ᠂ ᠮᠡᠳᠡᠭᠡ ᠵᠠᠩᠭᠢᠵᠢᠯᠲᠠ᠎ᠶ᠋ᠢᠨ ᠪᠠᠢᠭᠤᠯᠤᠯᠲᠠ ᠵᠡᠷᠭᠡ ᠲᠠᠪᠤᠨ ᠲᠠᠯ᠎ᠠ᠎ᠪᠠᠷ ᠵᠢᠷᠤᠮᠵᠢᠭᠤᠯᠬᠤ ᠳ᠋ᠦ ᠠᠩᠬᠠᠷᠤᠯ ᠵᠢᠡᠨ ᠲᠦᠪᠯᠡᠷᠡᠭᠦᠯᠵᠦ᠂ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭᠤᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠪᠠ᠃
ᠵᠠᠷᠤᠳ ᠬᠣᠱᠢᠭᠤᠨ᠎ᠤ ᠶᠡᠷᠦᠩᠬᠡᠢᠯᠡᠨ ᠵᠠᠰᠠᠬᠤ ᠲᠥᠪ᠎ᠦᠨ ᠶᠡᠬᠡ ᠲᠢᠩᠬᠢᠮ᠎ᠳᠦ ᠣᠷᠣᠬᠤᠯᠠᠷ 《ᠶᠡᠷᠦᠩᠬᠡᠢᠯᠡᠨ ᠭᠥᠯᠢᠶᠡᠨ ᠠᠪᠴᠤ᠌ ᠱᠢᠶ᠋ᠳᠪᠦᠷᠢᠯᠡᠬᠦ᠌ ᠴᠣᠩᠬᠣᠪᠴᠢ》 ᠭᠡᠬᠦ ᠢᠯᠡᠷᠭᠡᠢᠯᠡᠯ ᠣᠨᠴᠠ᠎ᠶ᠋ᠢᠨ ᠢᠯᠡ ᠬᠠᠷᠠᠭ᠍ᠳᠠᠨ᠎ᠠ᠃ ᠴᠣᠩᠬᠣᠪᠴᠢ ᠳ᠋ᠤ᠂ ᠱᠢᠭᠦᠬᠦ᠌ ᠬᠣᠷᠢᠶ᠎ᠡ ᠵᠢᠨ ᠵᠠᠭᠠᠯᠳᠤᠯᠭ᠎ᠠ ᠪᠣᠯᠤᠨ ᠡᠶᠡᠳᠡᠭᠦᠯᠭᠡ᠎ᠶ᠋ᠢ ᠵᠣᠯᠭᠠᠭᠤᠯᠬᠤ᠂ ᠬᠠᠤᠯᠢ ᠴᠠᠭᠠᠵᠠ᠎ᠶ᠋ᠢᠨ ᠰᠠᠯᠠᠭ᠎ᠠ ᠮᠦᠴᠢᠷ᠎ᠤᠨ ᠤᠯᠠᠨ ᠨᠡᠢᠳᠡ ᠵᠢᠨ ᠬᠠᠤᠯᠢ ᠴᠠᠭᠠᠵᠠ ᠵᠢᠨ ᠦᠶ᠋ᠯᠡᠴᠢᠯᠡᠭᠡ᠂ ᠵᠠᠬᠢᠳᠠᠯ ᠰᠤᠷᠪᠤᠯᠵᠢᠯᠠᠯ᠎ᠢ ᠭᠥᠯᠢᠶᠡᠨ ᠠᠪᠬᠤ ᠵᠡᠷᠭᠡ ᠲᠤᠬᠠᠢᠯᠠᠭᠰᠠᠨ ᠠᠵᠢᠯ᠎ᠤᠨ ᠰᠠᠯᠠᠭ᠎ᠠ ᠮᠥᠴᠢᠷ ᠪᠠᠢᠩᠭᠤ ᠰᠠᠭᠤᠵᠤ ᠬᠠᠮᠵᠢᠯᠴᠠᠨ ᠠᠵᠢᠯᠯᠠᠵᠤ ᠪᠠᠢᠭ᠎ᠠ ᠪᠡᠷ ᠪᠠᠷᠠᠬᠤ ᠦᠭᠡᠢ᠂ ᠪᠠᠰᠠ ᠣᠶ ᠱᠢᠭᠤᠶ ᠪᠠ ᠨᠤᠲᠤᠭ ᠪᠡᠯᠴᠢᠭᠡᠷ᠂ ᠪᠠᠢᠭᠠᠯᠢ᠎ᠶ᠋ᠢᠨ ᠡᠬᠢ ᠪᠠᠶᠠᠯᠢᠭ ᠵᠡᠷᠭᠡ 26 ᠭᠤᠤᠯᠳᠠᠯᠭ᠎ᠠ᠎ᠲᠠᠶ ᠰᠠᠯᠠᠭ᠎ᠠ ᠮᠥᠴᠢᠷ ᠡᠭᠡᠯᠵᠢᠯᠡᠨ ᠰᠠᠭᠤᠵᠦ᠂ 《ᠪᠠᠢᠩᠭᠤ ᠰᠠᠭᠤᠬᠤ᠎ᠪᠠᠷ ᠭᠤᠤᠯ ᠪᠣᠯᠭᠠᠬᠤ᠂ ᠡᠭᠡᠯᠵᠢᠯᠡᠨ ᠰᠠᠭᠤᠬᠤ᠎ᠪᠠᠷ ᠲᠤᠯᠭᠠᠭᠤᠷᠢᠯᠠᠯ ᠪᠣᠯᠭᠠᠬᠤ᠂ ᠴᠢᠬᠤᠯᠠ ᠲᠠᠢ ᠪᠤᠯ ᠰᠠᠭᠤᠬᠤ᠎ᠪᠠᠷ ᠨᠥᠬᠥᠪᠥᠷᠢ ᠪᠣᠯᠭᠠᠬᠤ》 ᠦᠶ᠋ᠯᠡᠴᠢᠯᠡᠭᠡᠨ᠎ᠦ ᠪᠦᠲᠦᠴᠡ᠎ᠶ᠋ᠢ ᠪᠦᠷᠢᠯᠳᠦᠭᠦᠯᠵᠡᠶ᠃ ᠣᠯᠠᠨ ᠲᠦᠮᠡᠨ ᠬᠦᠰᠡᠯ ᠱᠠᠭᠠᠷᠳᠠᠯᠭ᠎ᠠ᠎ᠪᠠᠨ ᠵᠥᠪᠬᠡᠨ ᠴᠣᠩᠬᠣᠪᠴᠢᠲᠡᠭᠡᠷᠡ ᠬᠦᠷᠴᠦ᠍ ᠳᠠᠩᠰᠠᠯᠠᠭᠤᠯᠪᠠᠯ ᠳᠠᠷᠤᠶ ᠱᠢᠰᠲ᠋ᠧᠮ᠎ᠢᠶᠡᠷ ᠳᠠᠮᠵᠢᠭᠤᠯᠤᠨ ᠤᠨᠤᠴᠠᠳᠠᠢ ᠱᠢᠯᠵᠢᠭᠦᠯᠦᠨ ᠥᠭ᠌ᠴᠦ ᠪᠣᠯᠤᠨ᠎ᠠ᠃ 2025 ᠣᠨ᠎ᠠᠴᠠ ᠨᠠᠭᠠᠰᠢ᠂ ᠡᠯ᠎ᠡ ᠲᠥᠷᠥᠯ᠎ᠦᠨ ᠬᠡᠷᠡᠭ ᠶᠠᠪᠤᠳᠠᠯ᠎ᠢ ᠨᠡᠢᠲᠡ 1560 ᠭᠠᠷᠤᠶ ᠬᠤᠪᠢ ᠭᠥᠯᠢᠶᠡᠨ ᠠᠪᠴᠤ᠌ ᠱᠢᠶ᠋ᠳᠪᠦᠷᠢᠯᠡᠨ᠂ ᠣᠯᠠᠨ ᠲᠦᠮᠡᠨ᠎ᠦ ᠡᠯ᠎ᠡ ᠲᠥᠷᠥᠯ᠎ᠦᠨ ᠬᠦᠰᠡᠯ ᠱᠠᠭᠠᠷᠳᠠᠯᠭ᠎ᠠ᠎ᠶ᠋ᠢ 《ᠨᠢᠭᠡ ᠥᠷᠲᠡᠭᠡᠴᠢᠯᠡᠭᠰᠡᠨ ᠮᠠᠶᠢᠭᠵᠢᠡᠷ ᠭᠥᠯᠢᠶᠡᠨ ᠠᠪᠴᠤ᠌ ᠱᠢᠶ᠋ᠳᠪᠦᠷᠢᠯᠡᠬᠦ᠂ ᠪᠦᠬᠦᠨ᠎ᠢ ᠵᠣᠬᠢᠴᠠᠭᠤᠯᠤᠨ ᠱᠢᠶ᠋ᠳᠪᠦᠷᠢᠯᠡᠬᠦ᠂ ᠪᠥᠬᠥ᠌ ᠬᠡᠯᠬᠢᠶ᠎ᠡ᠎ᠪᠡᠷ ᠱᠢᠶ᠋ᠳᠪᠦᠷᠢᠯᠡᠬᠦ᠌᠎ᠶ᠋ᠢ ᠪᠡᠶᠡᠯᠡᠭᠦᠯᠪᠡ》᠃
ᠱᠠᠲᠤ ᠱᠠᠲᠤ᠎ᠪᠠᠷ ᠬᠠᠷᠰᠢᠯᠠᠬᠤ᠂ ᠬᠠᠷᠢᠭᠤᠴᠠᠯᠭ᠎ᠠ᠎ᠶ᠋ᠢ ᠬᠡᠢᠰᠪᠦᠷᠢᠵᠢᠬᠦᠯᠬᠦ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠲᠥᠯᠥᠭᠡ᠂ ᠵᠠᠷᠤᠳ ᠬᠣᠱᠢᠭᠤᠨ᠎ᠤ ᠶᠡᠷᠦᠩᠬᠡᠢᠯᠡᠨ ᠵᠠᠰᠠᠬᠤ ᠲᠥᠪ᠎ᠤᠨ ᠬᠢᠨ 《ᠬᠣᠱᠢᠭᠤ — ᠰᠤᠮᠤ ᠪᠠᠯᠭᠠᠰᠤ (ᠵᠡᠭᠡᠯᠢ ᠭᠤᠳᠤᠮᠵᠢ) — ᠭᠠᠴᠠᠭ᠎ᠠ ᠲᠣᠰᠭᠣᠨ (ᠨᠡᠢᠭᠡᠮ ᠲᠣᠭᠣᠷᠢᠭ)— ᠲᠤᠤᠷᠵᠢᠯ — ᠡᠷᠦᠬᠡ ᠬᠣᠯᠪᠣᠭᠠᠯᠠᠬᠤ》 ᠲᠠᠪᠤᠨ ᠱᠠᠲᠤᠨ᠎ᠤ ᠬᠠᠮᠢᠶᠠᠷᠤᠯᠲᠠ᠎ᠶ᠋ᠢᠨ ᠱᠢᠰᠲ᠋ᠧᠮ᠎ᠢ ᠪᠠᠢᠭᠤᠯᠪᠠ᠃ ᠵᠠᠷᠤᠳ ᠬᠣᠱᠢᠭᠤᠨ᠎ᠤ ᠶᠡᠷᠦᠩᠬᠡᠢᠯᠡᠨ ᠵᠠᠰᠠᠬᠤ ᠲᠥᠪ᠎ᠤᠨ ᠬᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠨᠢᠭᠡᠴᠢ᠎ᠶ᠋ᠢᠨ ᠤᠳᠤᠷᠢᠳᠭᠤ ᠪᠠᠭ᠎ᠤᠨ ᠪᠦᠷᠢᠯᠳᠦᠬᠦᠨ᠎ᠢ ᠵᠣᠬᠢᠴᠠᠭᠤᠯᠤᠨ ᠲᠣᠰ ᠬᠣᠱᠢᠭᠤᠨ᠎ᠤ 15 ᠰᠤᠮᠤ ᠪᠠᠯᠭᠠᠰᠤ ᠶ᠋ᠢ ᠬᠡᠰᠡᠭ ᠬᠤᠪᠢᠶᠠᠨ ᠳᠠᠭᠠᠭᠠᠴᠢᠯᠠᠨ ᠬᠠᠷᠢᠯᠴᠠᠵᠤ᠂ 2025 ᠣᠨ᠎ᠳᠤ 4 ᠤᠳᠠᠭ᠎ᠠ ᠭᠦᠨᠵᠡᠭᠡᠢᠷᠡᠨ ᠵᠢᠭᠠᠨ ᠵᠢᠯᠣᠭᠣᠳᠪᠠ; ᠬᠠᠮᠲᠤᠷᠠᠭ᠍ᠰᠠᠨ ᠬᠤᠷᠠᠯ᠂ ᠲᠤᠰᠭᠠᠶ ᠰᠡᠳᠦᠪ᠎ᠢᠶᠡᠷ ᠲᠣᠬᠢᠷᠠᠭᠤᠯᠬᠤ᠂ ᠲᠤᠱᠢᠶᠠᠨ ᠱᠢᠶ᠋ᠳᠪᠦᠷᠢᠯᠡᠭᠦᠯᠬᠦ᠌ ᠵᠡᠷᠭᠡ ᠠᠷᠭ᠎ᠠ ᠮᠠᠶᠢᠭ ᠢᠶᠠᠷ ᠳᠠᠮᠵᠢᠭᠤᠯᠤᠨ᠂ ᠭᠠᠵᠠᠷ ᠱᠢᠷᠣᠶ᠎ᠶ᠋ᠢᠨ ᠵᠠᠭᠤᠷᠠᠯᠳᠤᠭᠠᠨ ᠵᠡᠷᠭᠡ 55 ᠭᠤᠤᠯᠳᠠᠯᠭ᠎ᠠ᠎ᠲᠠᠶ ᠬᠡᠷᠡᠭ᠎ᠢ ᠱᠢᠶ᠋ᠳᠪᠦᠷᠢᠯᠡᠵᠦ᠍ ᠳᠠᠭᠤᠰᠭᠠᠬᠤ ᠨᠣᠷᠮ᠎ᠠ᠎ᠶ᠋ᠢ 100% ᠳ᠋ᠤ ᠬᠦᠷᠦᠭᠦᠯᠬᠦ ᠪᠡᠷ ᠬᠦᠴᠦᠯᠡᠨ ᠴᠢᠷᠮᠠᠢᠪᠠ᠃
《ᠡᠭᠦᠷᠭᠡ᠎ᠶ᠋ᠢ ᠴᠠᠭ ᠲᠤᠬᠠᠶ᠎ᠳᠤᠨᠢ ᠭᠥᠯᠢᠶᠡᠨ ᠠᠪᠴᠤ᠌᠂ ᠠᠬᠢᠴᠠ᠎ᠶ᠋ᠢ ᠴᠠᠭ ᠲᠤᠬᠠᠶ᠎ᠳᠤᠨᠢ ᠳᠡᠭᠡᠭ᠌ᠰᠢ ᠮᠡᠳᠡᠭᠦᠯᠦᠨ᠎ᠡ᠂ ᠬᠣᠱᠢᠭᠤᠨ᠎ᠠᠴᠠ ᠪᠠᠰᠠ ᠰᠦᠯᠵᠢᠶᠡᠨ ᠳᠡᠭᠡᠷ᠎ᠡ ᠪᠣᠯᠪᠠᠰᠤᠷᠠᠯ ᠦᠷᠨᠢᠬᠦᠯᠵᠦ ᠪᠣᠯᠤᠨ᠎ᠠ》 ᠭᠡᠵᠦ᠍ ᠰᠦᠯᠵᠢᠶᠡᠨ᠎ᠦ ᠠᠵᠢᠯᠲᠠᠨ ᠡᠴᠡ ᠭᠠᠷ ᠤᠲᠠᠰᠤᠨ ᠳᠡᠭᠡᠷᠡᠬᠢ 《ᠥᠪᠥᠷ ᠮᠣᠩᠭᠣᠯ᠎ᠤᠨ ᠵᠠᠰᠠᠭ᠎ᠤᠨ ᠶᠠᠪᠤᠳᠠᠯ᠎ᠤᠨ ᠲᠠᠪᠴᠠᠩ》 ᠭᠡᠬᠦ APP ᠵᠢ ᠵᠢᠭᠠᠵᠤ ᠬᠡᠯᠡᠨ᠎ᠠ᠃ 2025 ᠣᠨ᠎ᠳᠤ᠂ ᠲᠤᠰᠭᠠᠶ ᠰᠡᠳᠦᠪᠲᠦ ᠪᠣᠯᠪᠠᠰᠤᠷᠠᠯ᠎ᠢ ᠨᠡᠢᠲᠡ 4 ᠬᠤᠭᠤᠴᠠᠭ᠎ᠠ ᠥᠷᠨᠢᠭᠦᠯᠵᠦ᠍᠂ ᠦᠨᠳᠦᠰᠦᠨ ᠱᠠᠲᠤᠨ ᠤ ᠭᠤᠤᠯᠯᠠᠭ᠍ᠴᠢ ᠬᠦᠴᠦᠨ᠎ᠢ 200 ᠭᠠᠷᠤᠶ ᠬᠥᠮᠦᠨ ᠤᠳᠠᠭ᠎ᠠ ᠬᠠᠮᠤᠷᠴᠤ᠌᠂ 800 ᠭᠠᠷᠤᠶ ᠭᠠᠷ ᠠᠪᠤᠯᠭ᠎ᠠ᠎ᠵᠢ ᠳᠠᠷᠤᠮᠠᠯᠯᠠᠨ ᠲᠠᠷᠬᠠᠭᠠᠪᠠ᠃ ᠱᠢᠰᠲ᠋ᠧᠮ᠎ᠦᠨ ᠠᠬᠢᠭᠤᠯᠤᠯ ᠳᠤᠤᠷ᠎ᠠ᠂ 2025 ᠣᠨ᠎ᠳᠤ ᠵᠥᠷᠢᠴᠡᠯ ᠵᠠᠭᠤᠷᠠᠯᠳᠤᠭᠠᠨ᠎ᠢ ᠨᠡᠢᠲᠡ 935 ᠬᠤᠪᠢ ᠵᠢᠭ᠍ᠰᠠᠭᠠᠨ ᠪᠠᠢᠴᠠᠭᠠᠵᠤ᠂ 933 ᠬᠤᠪᠢ᠎ᠶ᠋ᠢ ᠠᠮᠵᠢᠯᠲᠠ᠎ᠲᠠᠶ᠎ᠪᠠᠷ ᠡᠶᠡᠳᠡᠭᠦᠯᠦᠨ ᠱᠢᠶ᠋ᠳᠪᠦᠷᠢᠯᠡᠵᠦ᠍᠂ ᠡᠶᠡᠳᠡᠭᠦᠯᠭᠡ ᠵᠢᠨ ᠨᠣᠷᠮ᠎ᠠ 99.8 % ᠳ᠋ᠤ ᠬᠦᠷᠴᠡᠶ᠃
ᠮᠡᠳᠡᠭᠡ ᠵᠠᠩᠭᠢᠵᠢᠯᠲᠠ ᠪᠣᠯ ᠵᠥᠷᠢᠴᠡᠯ ᠵᠠᠭᠤᠷᠠᠯᠳᠤᠭᠠᠨ᠎ᠢ ᠱᠢᠢᠳᠪᠦᠷᠢᠯᠡᠬᠦ᠌ ᠪᠠ ᠬᠠᠤᠯᠢ᠎ᠪᠠᠷ ᠵᠠᠰᠠᠬᠤ᠎ᠶ᠋ᠢ ᠠᠬᠢᠭᠤᠯᠬᠤ᠎ᠶ᠋ᠢᠨ ᠴᠢᠬᠤᠯᠠ ᠲᠦᠱᠢᠭ ᠲᠤᠯᠭᠠᠭᠤᠷᠢ ᠮᠥᠨ᠃ ᠵᠠᠷᠤᠳ ᠬᠣᠱᠢᠭᠤᠨ᠎ᠤ ᠶᠡᠷᠦᠩᠬᠡᠢᠯᠡᠨ ᠵᠠᠰᠠᠬᠤ ᠲᠥᠪ᠎ᠦᠨ ᠵᠢᠯᠣᠭᠣᠳᠤᠨ ᠲᠣᠬᠢᠷᠠᠭᠤᠯᠬᠤ ᠲᠢᠩᠬᠢᠮ᠎ᠤᠨ ᠲᠤᠮᠤ ᠳᠡᠯᠭᠡᠴᠡ ᠳᠡᠭᠡᠷ᠎ᠡ ᠪᠦᠬᠦ᠌ ᠬᠣᠱᠢᠭᠤᠨ᠎ᠤ 14.6 ᠲᠦᠮᠡᠨ ᠬᠥᠮᠦᠨ ᠠᠮᠠ᠎ᠶ᠋ᠢᠨ ᠦᠨᠳᠦᠰᠦᠨ ᠮᠡᠳᠡᠭᠡ ᠵᠠᠩᠭᠢ᠂ 800 ᠭᠠᠷᠤᠢ ᠵᠤᠷᠪᠤᠰ ᠲᠣᠭ᠎ᠠ ᠪᠠᠷᠢᠮᠲᠠ ᠢᠯᠡᠷᠡᠵᠦ᠍ ᠪᠤᠢ᠃ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢᠯᠡᠨ ᠵᠠᠰᠠᠬᠤ ᠪᠠ ᠲᠤᠤᠷᠴᠢᠯᠠᠭ᠍ᠰᠠᠨ ᠮᠡᠳᠡᠭᠡ ᠵᠠᠩᠭᠢ᠎ᠶ᠋ᠢᠨ ᠲᠠᠪᠴᠠᠩ᠎ᠢᠶᠠᠷ ᠳᠠᠮᠵᠢᠭᠤᠯᠤᠨ ᠵᠠᠷᠤᠳ ᠬᠣᠱᠢᠭᠤ ᠲᠣᠭ᠎ᠠ ᠪᠠᠷᠢᠮᠲᠠ ᠶ᠋ᠢ ᠬᠠᠷᠢᠯᠴᠠᠨ ᠨᠡᠪᠲᠡᠷᠡᠭᠦᠯᠵᠦ᠍᠂ ᠬᠠᠮᠲᠤ᠎ᠪᠠᠷ ᠡᠳ᠋ᠯᠡᠬᠦ ᠵᠢ ᠪᠡᠶᠡᠯᠡᠬᠦᠯᠵᠤ᠂ ᠲᠤᠤᠷᠵᠢᠯ᠎ᠦᠨ ᠠᠵᠢᠯᠲᠠᠨ᠎ᠢ 100% ᠪᠡᠷ ᠰᠦᠯᠵᠢᠶᠡᠨ ᠳᠡᠭᠡᠷ᠎ᠡ ᠪᠠᠢᠯᠭᠠᠵᠤ᠂ 《ᠮᠡᠳᠡᠭᠡ ᠵᠠᠩᠭᠢ᠎ᠶ᠋ᠢ ᠰᠦᠯᠵᠢᠶᠡᠨ ᠳᠡᠭᠡᠷ᠎ᠡ ᠡᠮᠬᠢᠳᠭᠡᠬᠦ᠂ ᠡᠭᠦᠷᠭᠡ᠎ᠶ᠋ᠢ ᠣᠶᠤᠨᠴᠢ᠎ᠪᠠᠷ ᠬᠤᠪᠢᠶᠠᠷᠢᠯᠠᠬᠤ᠂ ᠠᠬᠢᠴᠠ᠎ᠶ᠋ᠢ ᠪᠥᠬᠥ᠌ ᠶᠠᠪᠤᠴᠠ᠎ᠳᠤ ᠮᠦᠷᠳᠡᠨ ᠳᠠᠭᠠᠬᠤ᠂ ᠦᠷ᠎ᠡ ᠳ᠋ᠦᠩ᠎ᠢ ᠴᠠᠭ ᠲᠤᠬᠠᠶ᠎ᠳᠤᠨᠢ ᠦᠨᠡᠯᠡᠬᠦ᠌》 ᠲᠣᠭᠠᠴᠢᠯᠠᠭ᠍ᠰᠠᠨ ᠪᠢᠲᠡᠭᠦᠦ ᠴᠠᠭᠠᠷᠢᠭ᠎ᠢ ᠪᠦᠷᠢᠯᠳᠦᠭᠦᠯᠪᠡ᠃
《ᠨᠢᠭᠡ ᠶᠠᠪᠤᠳᠠᠯ᠎ᠢ ᠬᠦᠢᠴᠡᠳᠭᠡᠬᠦ ᠳ᠋ᠤ ᠨᠠᠭᠠᠰᠢ ᠴᠠᠭᠠᠰᠢ ᠬᠦᠶᠦᠬᠦ》 ᠡᠴᠡ 《ᠲᠤᠭ᠎ᠠ ᠪᠠᠷᠢᠮᠳᠠ ᠵᠢ ᠢᠯᠡᠬᠦᠭᠡᠨ ᠬᠦᠶᠦᠯᠭᠡᠬᠦ》᠂ 《ᠰᠠᠨᠠᠭᠠᠴᠢᠯᠠᠯᠳᠤ ᠪᠤᠰᠤ ᠪᠡᠷ ᠴᠤᠤᠷᠢᠶᠠᠳᠤᠨ ᠲᠠᠭᠠᠬᠤ》 ᠡᠴᠡ 《ᠰᠠᠨᠠᠭᠠᠴᠢᠯᠠᠭ᠎ᠠ᠎ᠠᠴᠠ᠎ᠪᠠᠨ ᠠᠰᠠᠭᠤᠳᠠᠯ᠎ᠢ ᠱᠢᠶ᠋ᠳᠪᠦᠷᠢᠯᠡᠬᠦ᠌》 ᠪᠤᠯᠭᠠᠨ ᠬᠤᠪᠢᠷᠠᠭᠤᠯᠵᠤ᠂ ᠵᠠᠷᠤᠳ ᠬᠣᠱᠢᠭᠤ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠵᠢᠡᠷ ᠬᠦᠴᠦᠨ ᠣᠯᠭᠣᠬᠤ᠎ᠪᠠᠷ ᠳᠠᠮᠵᠢᠭᠤᠯᠤᠨ᠂ ᠵᠥᠷᠢᠴᠡᠯ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠳᠤᠮᠳᠠᠬᠢ ᠶᠡᠷᠦᠩᠬᠡᠢᠯᠡᠨ ᠵᠠᠰᠠᠬᠤ ᠲᠥᠪ᠎ᠦᠨ ᠦᠶ᠋ᠯᠡᠳᠦᠯ᠎ᠢ ᠲᠠᠰᠤᠷᠠᠯᠲᠠ ᠥᠬᠡᠶ ᠢᠯᠡᠷᠡᠭᠦᠯᠵᠦ᠍᠂ ᠨᠡᠢᠭᠡᠮ᠎ᠦᠨ ᠠᠮᠤᠷ ᠲᠦᠪᠱᠢᠨ᠎ᠢ ᠶᠡᠷᠦᠩᠬᠡᠢᠯᠡᠨ ᠵᠠᠰᠠᠬᠤ ᠲᠦᠪᠱᠢᠨ᠎ᠢ ᠦᠷᠭᠦᠯᠵᠢᠯᠡᠨ ᠳᠡᠭᠡᠭ᠌ᠰᠢᠯᠡᠭᠦᠯᠵᠤ ᠪᠠᠢᠨ᠎ᠠ᠃