ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠨ ᠳᠥᠷᠪᠡᠳᠦᠭᠡᠷ ᠬᠤᠷᠠᠯ᠎ᠢ 1 ᠰᠠᠷ᠎ᠠ᠎ᠶ᠋ᠢᠨ 29 ᠤ᠋ ᠡᠳᠦᠷ ᠬᠤᠷᠠᠯᠳᠤᠭᠤᠯᠬᠤ᠎ᠪᠠᠷ ᠲᠣᠭ᠍ᠲᠠᠵᠡᠢ
1 ᠰᠠᠷ᠎ᠠ᠎ᠶ᠋ᠢᠨ 21 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ 78 ᠳ᠋ᠤᠭᠠᠷ ᠤᠳᠠᠭ᠎ᠠ᠎ᠶ᠋ᠢᠨ ᠡᠷᠬᠢᠯᠡᠭ᠌ᠴᠢᠳ᠎ᠦᠨ ᠬᠤᠷᠠᠯ ᠬᠢᠪᠠ᠃ ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠨ ᠳᠥᠷᠪᠡᠳᠦᠭᠡᠷ ᠬᠤᠷᠠᠯ᠎ᠢ 1 ᠰᠠᠷ᠎ᠠ᠎ᠶ᠋ᠢᠨ 29 ᠤ᠋ ᠡᠳᠦᠷ ᠬᠥᠬᠡᠬᠣᠲᠠ᠎ᠳᠤ ᠬᠤᠷᠠᠯᠳᠤᠭᠤᠯᠬᠤ᠎ᠪᠠᠷ ᠲᠣᠭ᠍ᠲᠠᠵᠡᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ᠎ᠦᠨ ᠨᠠᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠳᠡᠳ᠋ ᠡᠷᠬᠢᠯᠡᠭ᠌ᠴᠢ ᠵᠠᠩ ᠱᠤᠤ ᠴᠦᠨ ᠬᠤᠷᠠᠯ᠎ᠢ ᠡᠷᠬᠢᠯᠡᠪᠡ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠨ ᠳᠥᠷᠪᠡᠳᠦᠭᠡᠷ ᠬᠤᠷᠠᠯ᠎ᠤᠨ ᠵᠥᠪᠯᠡᠬᠦ᠌ ᠵᠦᠶ᠋ᠯᠡᠰ᠎ᠦᠨ ᠲᠥᠰᠦᠯ᠎ᠢ ᠬᠢᠨᠠᠨ ᠵᠥᠪᠯᠡᠪᠡ᠃ ᠡᠷᠬᠢᠯᠡᠭ᠌ᠴᠢᠳ᠎ᠦᠨ ᠬᠤᠷᠠᠯ᠎ᠤᠨ ᠰᠠᠨᠠᠭᠤᠯᠭ᠎ᠠ᠎ᠶ᠋ᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠨ ᠳᠥᠷᠪᠡᠳᠦᠭᠡᠷ ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ (ᠨᠤᠤᠷᠠᠭ)᠎ᠶ᠋ᠢ ᠬᠢᠨᠠᠨ ᠵᠥᠪᠯᠡᠨᠠ;ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠵᠥᠪᠯᠡᠬᠦ᠌ ᠵᠦᠶ᠋ᠯᠡᠰ᠂ ᠡᠳᠦᠷ᠎ᠦᠨ ᠳᠠᠷᠠᠭᠠᠯᠠᠯ᠂ ᠲᠡᠷᠢᠭᠦᠯᠡᠭ᠌ᠴᠢᠳ᠎ᠦᠨ ᠪᠦᠯᠬᠦᠮ ᠪᠣᠯᠤᠨ ᠨᠠᠷᠢᠨ ᠪᠢᠴᠢᠭ᠎ᠦᠨ ᠳᠠᠷᠤᠭ᠎ᠠ᠎ᠶ᠋ᠢᠨ ᠨᠡᠷᠡᠰ᠂ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢᠳ᠎ᠦᠨ ᠨᠡᠷᠡᠰ᠂ ᠭᠦᠶ᠋ᠴᠡᠳᠭᠡᠭ᠌ᠴᠢ ᠲᠡᠷᠢᠭᠦᠯᠡᠭ᠌ᠴᠢ ᠵᠢᠨ ᠳᠤᠭᠤᠢᠯᠠᠩ ᠬᠤᠪᠢᠶᠠᠭ᠍ᠰᠠᠨ ᠨᠡᠷᠡᠰ᠂ ᠳᠡᠳ᠋ ᠨᠠᠷᠢᠨ ᠪᠢᠴᠢᠭ᠎ᠦᠨ ᠳᠠᠷᠤᠭ᠎ᠠ᠎ᠶ᠋ᠢᠨ ᠨᠡᠷᠡᠰ᠂ ᠰᠤᠯᠠ ᠣᠷᠣᠯᠴᠠᠬᠤ ᠬᠥᠮᠦᠰ᠎ᠦᠨ ᠨᠡᠷᠡᠰ᠂ ᠲᠡᠷᠢᠭᠦᠯᠡᠭ᠌ᠴᠢᠳ᠎ᠦᠨ ᠪᠦᠯᠬᠦᠮ᠎ᠦᠨ ᠲᠥᠯᠥᠭᠡᠯᠡᠭ᠌ᠴᠢᠳ᠎ᠦᠨ ᠰᠠᠨᠠᠯ ᠵᠥᠪᠯᠡᠯᠭᠡ ᠳᠤᠷᠠᠳᠭᠤ ᠬᠠᠮᠤᠭ ᠤ᠋ᠨ ᠡᠴᠦᠰ ᠤ᠋ᠨ ᠴᠠᠭ᠎ᠤᠨ ᠲᠤᠬᠠᠶ ᠲᠣᠭ᠍ᠲᠠᠭᠠᠯ᠂ ᠰᠠᠨᠠᠯ ᠵᠥᠪᠯᠡᠯᠭᠡ ᠪᠠᠲᠤᠯᠠᠬᠤ ᠠᠷᠭ᠎ᠠ ᠵᠡᠷᠭᠡ ᠲᠥᠰᠦᠯ᠎ᠢ ᠬᠢᠨᠠᠨ ᠵᠥᠪᠯᠡᠨ᠎ᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ 《ᠠᠷᠪᠠᠨ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ》 ᠢ᠋ ᠬᠡᠷᠡᠭ᠌ᠵᠢᠭᠦᠯᠬᠦ᠌ ᠲᠤᠬᠠᠢ ᠲᠣᠭ᠍ᠲᠠᠭᠠᠯ᠎ᠤᠨ ᠲᠥᠰᠦᠯ᠎ᠢ ᠬᠢᠨᠠᠨ ᠵᠥᠪᠯᠡᠨᠠ; ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠲᠥᠯᠥᠭᠡᠯᠡᠭ᠌ᠴᠢ᠎ᠶ᠋ᠢᠨ ᠬᠢᠷᠢ ᠬᠡᠮ᠎ᠢ ᠬᠢᠨᠠᠨ ᠪᠠᠢᠴᠠᠭᠠᠬᠤ ᠵᠥᠪᠯᠡᠯ᠎ᠦᠨ ᠬᠡᠰᠡᠭ ᠲᠥᠯᠥᠭᠡᠯᠡᠭ᠌ᠴᠢ᠎ᠶ᠋ᠢᠨ ᠲᠥᠯᠥᠭᠡᠯᠡᠭ᠌ᠴᠢ᠎ᠶ᠋ᠢᠨ ᠬᠢᠷᠢ ᠬᠡᠮ᠎ᠦᠨ ᠲᠤᠬᠠᠶ ᠮᠡᠳᠡᠭᠦᠯᠦᠯᠲᠡ᠎ᠶ᠋ᠢᠨ ᠲᠥᠰᠦᠯ ᠵᠡᠷᠭᠡ᠎ᠶ᠋ᠢ ᠰᠣᠨᠣᠰᠴᠤ᠌ ᠬᠢᠨᠠᠨ ᠵᠥᠪᠯᠡᠨ᠎ᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠡᠷᠬᠢᠯᠡᠭ᠌ᠴᠢ ᠵᠧᠩ ᠬᠣᠩ ᠹᠠᠨ᠂ ᠳ᠋ᠢᠩ ᠱᠢᠤ ᠹᠸᠩ᠂ ᠠᠶ ᠯᠢ ᠬᠤᠸᠠ᠂ ᠯᠢ ᠪᠢᠩ ᠷᠦᠩ᠂ ᠡᠸ᠋ ᠶᠠᠨ ᠭᠠᠩ᠂ ᠨᠠᠷᠢᠨ ᠪᠢᠴᠢᠭ᠎ᠦᠨ ᠳᠠᠷᠤᠭ᠎ᠠ ᠸᠠᠨ ᠴᠤᠤ ᠴᠢ ᠬᠤᠷᠠᠯ᠎ᠳᠤ ᠣᠷᠣᠯᠴᠠᠵᠠᠶ᠃