ᠪᠠᠢᠭᠤᠯᠤᠯ᠎ᠤᠨ ᠢᠲᠡᠭᠡᠯ᠎ᠢᠶᠡᠨ ᠪᠠᠲᠤᠳᠭᠠᠵᠤ ᠤᠯᠤᠰ ᠲᠥᠷᠥ᠎ᠶ᠋ᠢᠨ ᠳᠠᠪᠠᠭᠤᠯᠢᠭ᠎ᠢ ᠪᠠᠳᠠᠷᠠᠭᠤᠯᠰᠤᠭᠠᠢ
2026-01-22 10:33:35
ᠵᠣᠬᠢᠶᠠᠭ᠍ᠴᠢ᠄
ᠠᠷᠠᠳ ᠤ᠋ᠨ ᠡᠳᠦᠷ ᠤ᠋ᠨ ᠰᠤᠨᠢᠨ ᠤ᠋ ᠰᠢᠭᠦᠮᠵᠢᠯᠡᠭᠴᠢ
ᠣᠩᠱᠢᠭ᠍ᠰᠠᠨ ᠣᠳᠠᠭ᠎ᠠ᠄
★★★☆☆

— ᠶᠡᠷᠦᠩᠬᠡᠢ ᠱᠦᠵᠢ ᠰᠢ ᠵᠢᠨ ᠫᠢᠩ᠎ᠦᠨ ᠮᠤᠵᠢ ᠶᠠᠮᠤᠨ᠎ᠤ ᠲᠡᠰ᠎ᠤᠨ ᠭᠤᠤᠯ ᠤᠳᠤᠷᠢᠳᠬᠤ ᠺᠡᠳ᠋ᠷ᠎ᠤᠨ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ᠎ᠶ᠋ᠢᠨ ᠰᠤᠷᠤᠯᠭ᠎ᠠ ᠡᠬᠢᠯᠡᠬᠦ᠌ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠵᠢ ᠰᠤᠷᠤᠯᠴᠠᠨ ᠲᠤᠭᠤᠱᠢᠯᠠᠭᠤᠯᠬᠤ ᠲᠤᠬᠠᠢ ᠥᠭᠦᠯᠡᠬᠦ᠌ ᠨᠢ


ᠴᠢᠬᠤᠯᠠ ᠶᠡᠬᠡ ᠲᠡᠦᠬᠡ᠎ᠶ᠋ᠢᠨ ᠵᠠᠩᠭᠢᠯᠠᠭ᠎ᠠ᠎ᠶ᠋ᠢᠨ ᠦᠶ᠎ᠡ ᠪᠣᠯᠬᠤ ᠪᠦᠷᠢ᠂ ᠮᠠᠨ᠎ᠤ ᠨᠠᠮ ᠴᠥᠮ ᠨᠠᠮ᠎ᠤᠨ ᠱᠢᠨ᠎ᠡ᠎ᠡᠭᠦᠳᠦᠯᠳᠡ ᠵᠢᠨ ᠤᠨᠤᠯ᠎ᠢᠶᠠᠷ ᠪᠦᠬᠦ᠌ ᠨᠠᠮ᠎ᠤᠨ ᠦᠵᠡᠯ ᠰᠠᠨᠠᠭ᠎ᠠ᠎ᠶ᠋ᠢ ᠨᠢᠭᠡᠳᠭᠡᠵᠦ᠍᠂ ᠰᠤᠷᠤᠯᠴᠠᠯᠭ᠎ᠠ᠎ᠪᠠᠷ ᠳᠠᠮᠵᠢᠨ ᠨᠠᠮ᠎ᠤᠨ ᠲᠥᠪ ᠬᠣᠷᠢᠶ᠎ᠠ ᠵᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠳᠠᠭ᠃

ᠮᠤᠵᠢ ᠶᠠᠮᠤᠨ᠎ᠤ ᠲᠡᠰ᠎ᠤᠨ ᠭᠣᠣᠯ ᠤᠳᠤᠷᠢᠳᠭᠤ ᠺᠠᠳ᠋ᠷ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ᠎ᠶ᠋ᠢᠨ ᠰᠤᠷᠤᠯᠭ᠎ᠠ ᠡᠬᠢᠯᠡᠬᠦ᠌ ᠶᠣᠰᠣᠯᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠵᠤ ᠬᠡᠷᠡᠭ᠌ᠵᠢᠭᠦᠯᠬᠦ᠌ ᠪᠣᠯ ᠮᠠᠨ᠎ᠤ ᠴᠢᠬᠤᠯᠠ ᠤᠯᠤᠰ ᠲᠦᠷᠦ᠍᠎ᠶ᠋ᠢᠨ ᠳᠠᠪᠠᠭᠤᠯᠢᠭ ᠮᠥᠨ ᠭᠡᠳᠡᠭ᠎ᠢ ᠭᠦᠨᠵᠡᠭᠡᠢ ᠲᠣᠳᠣᠷᠬᠠᠢᠯᠠᠨ ᠥᠭᠦᠯᠡᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠤᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠭᠦᠨᠵᠡᠭᠡᠢ ᠣᠨᠣᠪᠴᠢᠲᠠᠢ ᠣᠢᠯᠠᠭᠠᠬᠤ ᠪᠠ ᠡᠵᠡᠮᠱᠢᠬᠦ᠌᠎ᠶ᠋ᠢᠨ ᠲᠣᠭᠣᠷᠢᠨ᠎ᠳᠤ ᠭᠦᠨᠵᠡᠭᠡᠢ ᠲᠣᠳᠣᠷᠬᠠᠢᠯᠠᠨ ᠥᠭᠦᠯᠡᠵᠤ᠂ ᠨᠠᠮ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠤᠳᠤᠷᠢᠳᠭᠤ ᠴᠢᠳᠠᠪᠤᠷᠢ ᠪᠠ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠬᠦ᠌ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠤ᠂ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠲᠠᠰᠤᠷᠠᠯᠳᠠ ᠦᠭᠡᠢ ᠭᠦᠨᠵᠡᠭᠡᠢᠷᠡᠭᠦᠯᠵᠤ᠂ ᠦᠵᠡᠯ ᠰᠠᠨᠠᠭ᠎ᠠ᠎ᠪᠠᠨ ᠨᠠᠩ ᠰᠠᠢᠲᠤᠷ ᠨᠢᠭᠡᠳᠭᠡᠵᠤ᠂ ᠰᠡᠳᠭᠢᠯ ᠨᠢᠬᠡᠳᠦᠨ ᠬᠦᠴᠦ᠍᠎ᠪᠡᠨ ᠬᠠᠮᠲᠤᠳᠬᠠᠵᠤ᠂ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠡᠯ᠎ᠡ ᠵᠦᠢᠯ᠎ᠦᠨ ᠠᠵᠢᠯ᠎ᠢᠶᠠᠨ ᠯᠠᠪᠳᠠᠭᠤᠨ ᠪᠠᠲᠤᠲᠠᠢ ᠰᠠᠢᠲᠤᠷ ᠬᠢᠵᠤ᠂ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢᠨ ᠰᠠᠢ᠌ᠨ ᠡᠬᠢᠯᠡᠯᠲᠡ᠎ᠶ᠋ᠢ ᠴᠢᠷᠮᠠᠢᠨ ᠪᠡᠶᠡᠯᠡᠭᠦᠯᠬᠦ ᠬᠡᠷᠡᠭᠳᠠᠢ》 ᠭᠡᠵᠤ ᠴᠢᠬᠤᠯᠠᠴᠢᠯᠠᠵᠠᠢ᠃

《ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠵᠤ ᠬᠡᠷᠡᠭ᠌ᠵᠢᠭᠦᠯᠬᠦ᠌ ᠪᠣᠯ ᠮᠠᠨ᠎ᠤ ᠨᠠᠮ᠎ᠤᠨ ᠲᠦᠷᠦ᠍᠎ᠶ᠋ᠢ ᠵᠠᠰᠠᠬᠤ ᠴᠢᠬᠤᠯᠠ ᠲᠤᠷᠱᠢᠯᠭ᠎ᠠ ᠮᠥᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠴᠢᠬᠤᠯᠠ ᠤᠯᠤᠰ ᠲᠦᠷᠦ᠍᠎ᠶ᠋ᠢᠨ ᠳᠠᠪᠠᠭᠤᠯᠢᠭ ᠮᠥᠨ》᠃ ᠶᠡᠷᠦᠩᠬᠡᠶ ᠱᠦᠵᠢ ᠰᠢ ᠵᠢᠨ ᠫᠢᠩ ᠰᠤᠷᠤᠯᠭ᠎ᠠ ᠡᠬᠢᠯᠡᠬᠦ᠌ ᠶᠣᠰᠣᠯᠠᠯ ᠳᠡᠭᠡᠷ᠎ᠡ 《ᠳᠥᠷᠪᠡᠨ ᠠᠱᠢᠭ᠍ᠲᠠᠶ》 ᠪᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠨ ᠬᠡᠷᠡᠭ᠌ᠵᠢᠭᠦᠯᠬᠦ᠌᠎ᠳᠦ ᠢᠯᠡᠷᠡᠭᠦᠯᠦᠭ᠌ᠰᠡᠨ ᠤᠯᠤᠰ ᠲᠥᠷᠥ᠎ᠶ᠋ᠢᠨ ᠳᠠᠪᠠᠭᠤᠯᠢᠭ᠎ᠢ ᠭᠦᠨᠵᠡᠭᠡᠶ ᠳ᠋ᠦᠩᠨᠡᠵᠦ᠍᠂ 《ᠲᠠᠪᠤ᠎ᠶ᠋ᠢ ᠪᠠᠷᠢᠮᠲᠠᠯᠠᠬᠤ》 ᠪᠠᠷ ᠣᠷᠳᠣ ᠬᠤᠭᠤᠴᠠᠭᠠᠨ᠎ᠤ ᠦᠶ᠋ᠯᠡᠳᠦᠯᠭᠡ᠎ᠶ᠋ᠢᠨ ᠳᠤᠮᠳᠠ ᠡᠭᠦᠳᠦᠨ ᠪᠦᠲᠦᠭᠡᠵᠦ᠍ ᠬᠤᠷᠠᠮᠳᠤᠭᠤᠯᠤᠭ᠍ᠰᠠᠨ ᠡᠯᠪᠡᠭ ᠪᠠᠶᠠᠯᠢᠭ ᠲᠤᠷᠱᠢᠯᠭ᠎ᠠ᠎ᠶ᠋ᠢ ᠬᠤᠷᠢᠶᠠᠩᠭᠤᠢᠯᠠᠵᠤ᠂ ᠮᠠᠨ᠎ᠤ ᠨᠠᠮ᠎ᠤᠨ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠨ ᠬᠡᠷᠡᠭ᠌ᠵᠢᠭᠦᠯᠬᠦ᠌ ᠵᠢᠮ᠎ᠡ ᠶᠣᠰᠣᠴᠢ ᠴᠢᠨᠠᠷ᠎ᠤᠨ ᠲᠤᠬᠠᠶ ᠲᠠᠨᠢᠯᠲᠠ᠎ᠶ᠋ᠢᠨ ᠭᠦᠨᠵᠡᠭᠡᠢᠷᠡᠯᠳᠡ᠎ᠵᠢ ᠢᠯᠡᠷᠡᠭᠦᠯᠵᠡᠶ᠃

《ᠮᠠᠨ᠎ᠤ ᠨᠠᠮ ᠢᠮᠠᠭ᠍ᠲᠠ ᠮᠠᠷᠺᠰ᠎ᠤᠨ ᠦᠵᠡᠯ᠎ᠦᠨ ᠦᠨᠳᠦᠰᠦᠨ ᠤᠭ ᠶᠣᠰᠣ᠎ᠪᠠᠷ ᠲᠡᠦᠬᠡ᠎ᠶ᠋ᠢᠨ ᠶᠡᠬᠡ ᠬᠠᠨᠳᠤᠰᠢ᠎ᠶ᠋ᠢ ᠵᠠᠳᠠᠯᠤᠨ ᠡᠵᠡᠮᠳᠡᠵᠦ᠍᠂ ᠳᠤᠮᠳᠠᠳᠤ ᠤᠯᠤᠰ ᠪᠣᠯᠤᠨ ᠳᠡᠯᠡᠬᠡᠢ᠎ᠶ᠋ᠢᠨ ᠬᠠᠷᠢᠯᠴᠠᠭ᠎ᠠ᠎ᠶ᠋ᠢ ᠵᠥᠪ ᠱᠢᠢᠳᠪᠦᠷᠢᠯᠡᠵᠦ᠍᠂ ᠡᠯ᠎ᠡ ᠵᠦᠢᠯ᠎ᠦᠨ ᠲᠡᠦᠬᠡ᠎ᠶ᠋ᠢᠨ ᠠᠵᠠ ᠲᠣᠬᠢᠶᠠᠯ᠎ᠢ ᠴᠢᠳᠠᠮᠠᠭᠠᠢ ᠠᠳᠭᠤᠵᠤ ᠰᠠᠢᠲᠤᠷ ᠠᠱᠢᠭ᠍ᠯᠠᠪᠠ》᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ ᠡᠴᠡ ᠬᠣᠶᠠᠷ ᠶᠡᠬᠡ ᠲᠠᠯ᠎ᠠ᠎ᠶ᠋ᠢ ᠨᠢᠭᠡᠳᠦᠯᠲᠡᠢ ᠲᠥᠯᠥᠪᠵᠢᠭᠦᠯᠬᠦ᠌ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ ᠡᠴᠡ ᠬᠥᠭ᠌ᠵᠢᠯᠲᠡ᠎ᠶ᠋ᠢᠨ ᠶᠡᠬᠡ ᠬᠠᠨᠳᠤᠰᠢ᠎ᠶ᠋ᠢ ᠣᠨᠣᠪᠴᠢᠲᠠᠢ ᠡᠵᠡᠮᠳᠡᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠢ ᠭᠦᠨᠵᠡᠭᠡᠢ ᠵᠠᠳᠠᠯᠵᠤ᠂ ᠢᠷᠡᠭᠡᠳᠦᠢ᠎ᠶ᠋ᠢᠨ 5 ᠵᠢᠯ᠎ᠦᠨ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠦᠵᠦ᠍ ᠲᠥᠯᠥᠪᠯᠡᠭᠡ ᠪᠣᠯᠤᠨ ᠪᠠᠢᠯᠳᠤᠬᠤ ᠪᠤᠳᠤᠯᠭ᠎ᠠ᠎ᠶ᠋ᠢᠨ ᠵᠢᠷᠤᠭ ᠲᠥᠯᠥᠪᠯᠡᠭᠡ ᠬᠢᠪᠡ᠃

ᠬᠣᠶᠠᠷ ᠶᠡᠬᠡ ᠲᠠᠯ᠎ᠠ ᠡᠴᠡ 《ᠠᠷᠪᠠᠨ ᠲᠠᠪᠤᠳᠤᠭᠠᠷ ᠲᠠᠪᠤᠨ ᠵᠢᠯ》 ᠤ᠋ᠨ ᠪᠠᠢᠯᠳᠤᠬᠤ ᠪᠤᠳᠤᠯᠭ᠎ᠠ᠎ᠶ᠋ᠢᠨ ᠲᠥᠯᠥᠪᠵᠢᠭᠦᠯᠭᠡ᠎ᠶ᠋ᠢ ᠦᠵᠡᠪᠡᠯ᠂ ᠪᠢᠳᠡ ᠮᠠᠨ᠎ᠤ ᠨᠠᠮ ᠬᠡᠭᠦᠳᠡᠭ ᠴᠡᠭᠡᠵᠢᠨ᠎ᠳᠡᠬᠢ ᠠᠯᠤᠰ ᠬᠡᠳᠦ᠍᠎ᠶ᠋ᠢᠨ ᠬᠠᠷᠠᠯᠲᠠ᠎ᠶ᠋ᠢ ᠪᠠᠭᠳᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠮᠢᠩᠭᠠᠨ ᠣᠨ᠎ᠤ ᠠᠭᠤᠤ ᠦᠢᠯᠡᠰ᠎ᠢ ᠪᠦᠲᠦᠭᠡᠬᠦ᠌᠎ᠪᠡᠷ ᠵᠣᠷᠢᠭ ᠱᠢᠭᠤᠳᠴᠤ᠌᠂ ᠪᠠᠢᠯᠳᠤᠬᠤ ᠪᠤᠳᠤᠯᠭ᠎ᠠ᠎ᠶ᠋ᠢᠨ ᠠᠰᠠᠭᠤᠳᠠᠯ᠎ᠢ ᠠᠯᠤᠰ ᠬᠡᠳᠦ᠍᠎ᠶ᠋ᠢᠨ ᠴᠢᠨᠠᠷᠲᠠᠢ᠎ᠪᠠᠷ ᠡᠵᠡᠮᠳᠡᠬᠦ᠌ ᠳ᠋ᠤ ᠴᠢᠳᠠᠮᠠᠭᠠᠢ ᠪᠠᠢᠵᠤ᠂ ᠨᠠᠮ ᠡᠴᠡ ᠠᠷᠠᠳ ᠲᠦᠮᠡᠨ᠎ᠢ ᠳᠠᠭᠠᠭᠤᠯᠤᠨ ᠬᠣᠶᠠᠷ ᠶᠡᠬᠡ ᠭᠠᠢᠬᠠᠮᠱᠢᠭᠳᠤ ᠱᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠬᠦ᠌ ᠲᠡᠦᠬᠡᠨ ᠰᠠᠨᠠᠭᠠᠴᠢᠯᠠᠭᠠᠲᠤ ᠴᠢᠨᠠᠷ᠎ᠢ ᠨᠡᠩ ᠰᠠᠢ᠌ᠳᠤᠷ ᠣᠢᠯᠠᠭᠠᠵᠤ ᠴᠢᠳᠠᠨ᠎ᠠ᠃

ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ ᠡᠴᠡ ᠨᠠᠭᠠᠰᠢᠬᠢ ᠲᠡᠮᠡᠴᠡᠯ᠎ᠦᠨ ᠥᠩᠭᠡᠷᠡᠯᠲᠡ᠎ᠶ᠋ᠢ ᠡᠷᠭᠢᠴᠡᠭᠦᠯᠪᠡᠯ᠂ ᠮᠠᠨ᠎ᠤ ᠤᠯᠤᠰ 14 ᠲᠠᠪᠤᠨ ᠵᠢᠯ᠎ᠦᠨ ᠲᠥᠯᠥᠪᠵᠢᠭᠦᠯᠭᠡ (ᠲᠥᠯᠥᠪᠯᠡᠭᠡ) ᠵᠢ ᠲᠣᠭ᠍ᠲᠠᠭᠠᠨ ᠬᠡᠷᠡᠭ᠌ᠵᠢᠭᠦᠯᠵᠦ᠍᠂ ᠶᠠᠳᠠᠭᠤ ᠪᠠᠭᠤᠷᠠᠢ ᠲᠠᠷᠢᠶᠠᠯᠠᠩ᠎ᠤᠨ ᠤᠯᠤᠰ ᠪᠠᠢᠭᠰᠠᠨ ᠡᠴᠡ ᠬᠥᠭ᠌ᠵᠢᠭᠡᠳ ᠳᠡᠯᠡᠬᠡᠢ᠎ᠶ᠋ᠢᠨ ᠬᠣᠶᠠᠳᠤᠭᠠᠷ ᠲᠤᠮᠤ ᠠᠵᠤ ᠠᠬᠤᠢ᠎ᠶ᠋ᠢᠨ ᠴᠣᠭ᠍ᠴᠠ ᠪᠣᠯᠤᠭ᠍ᠰᠠᠨ ᠪᠥᠭᠡᠳ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠬᠠᠷᠠᠯᠲᠠ ᠲᠡᠢᠰᠢ ᠤᠷᠤᠭ᠍ᠰᠢᠯᠠᠭ᠍ᠰᠠᠨ ᠨᠢ ᠬᠡᠴᠢᠨᠡᠨ ᠬᠦᠴᠢᠷ ᠪᠡᠷᠬᠡᠱᠢᠶᠡᠯ᠎ᠲᠡᠶ᠂ ᠬᠡᠴᠢᠨᠡᠨ ᠡᠷᠡᠯᠬᠡᠭ ᠪᠠᠭᠠᠲᠤᠷᠯᠢᠭ ᠠᠵᠢ!

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ ᠤᠷᠢᠳ ᠬᠣᠵᠢᠳ 110 ᠲᠦᠮᠡᠨ ᠳ᠋ᠦᠩᠱᠢᠭᠤᠷ ᠲᠥᠭᠥᠷᠢᠭ᠂ 120 ᠲᠦᠮᠡᠨ ᠳ᠋ᠦᠩᠱᠢᠭᠤᠷ ᠲᠥᠭᠥᠷᠢᠭ᠂ 130 ᠲᠦᠮᠡᠨ ᠳ᠋ᠦᠩᠱᠢᠭᠤᠷ ᠲᠥᠭᠥᠷᠢᠭ᠂ 140 ᠲᠦᠮᠡᠨ ᠳ᠋ᠦᠩᠱᠢᠭᠤᠷ ᠲᠥᠭᠥᠷᠢᠭ᠎ᠢ ᠳᠠᠪᠠᠵᠤ᠂ 《ᠵᠠᠯᠭᠠᠭ᠎ᠠ ᠪᠡᠷ ᠳᠦᠷᠪᠡᠨ ᠦᠰᠦᠷᠦᠯᠳᠡ》 ᠵᠢ ᠪᠡᠶᠡᠯᠡᠭᠦᠯᠵᠤ᠂ ᠵᠢᠯ ᠳᠤᠮᠳᠠᠴᠢ᠎ᠪᠡᠷ 5.4%᠎ᠶ᠋ᠢᠨ ᠨᠡᠮᠡᠭ᠌ᠳᠡᠯ᠎ᠦᠨ ᠬᠤᠷᠳᠤᠴᠠ᠎ᠪᠠᠷ ᠪᠥᠬᠥ᠌ ᠪᠥᠮᠪᠥᠷᠴᠡᠭ᠎ᠦᠨ ᠭᠤᠤᠯ ᠪᠣᠯᠬᠤ ᠠᠵᠤ ᠠᠬᠤᠶ᠎ᠶ᠋ᠢᠨ ᠴᠣᠭ᠍ᠴᠠ ᠵᠢᠨ ᠲᠤᠳᠤᠷ᠎ᠠ ᠦᠷᠭᠦᠯᠵᠢᠯᠡᠨ ᠲᠦᠷᠦᠭᠦᠯᠡᠪᠡ᠃ ᠮᠠᠨ᠎ᠤ ᠤᠯᠤᠰ᠎ᠤᠨ ᠠᠵᠤ ᠠᠬᠤᠢ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠣᠳᠠᠲᠤ ᠬᠦᠴᠦᠨ᠂ ᠤᠯᠤᠰ᠎ᠤᠨ ᠶᠡᠷᠦᠩᠬᠡᠢ ᠬᠦᠴᠦᠨ ᠱᠢᠨ᠎ᠡ ᠳᠡᠭ᠌ᠲᠡᠷ᠎ᠲᠦ ᠭᠠᠷᠴᠤ᠌᠂ ᠱᠢᠨ᠎ᠡ ᠬᠠᠷᠠᠯᠲᠠ ᠲᠡᠢᠰᠢ ᠤᠷᠤᠭ᠍ᠰᠢᠯᠠᠬᠤ᠎ᠳᠤ ᠪᠠᠲᠤ ᠪᠡᠬᠢ ᠰᠠᠭᠤᠷᠢ᠎ᠶ᠋ᠢ ᠬᠠᠩᠭᠠᠪᠠ᠃ ᠲᠡᠦᠬᠡ᠎ᠶ᠋ᠢᠨ ᠴᠢᠬᠤᠯᠠ ᠵᠠᠩᠭᠢᠯᠠᠭ᠎ᠠ᠎ᠶ᠋ᠢᠨ ᠴᠡᠭ ᠳᠡᠭᠡᠷ᠎ᠡ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠬᠦ᠌ ᠲᠠᠯ᠎ᠠ᠎ᠳᠤ ᠬᠣᠯᠪᠣᠭ᠍ᠳᠠᠬᠤ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠎ᠶ᠋ᠢᠨ ᠲᠤᠬᠠᠢ ᠪᠠᠢᠷᠢᠯᠠᠭᠤᠯᠤᠯᠲᠠ ᠬᠢᠪᠠ᠃

ᠬᠥᠭ᠌ᠵᠢᠯᠲᠡ᠎ᠶ᠋ᠢᠨ ᠦᠢᠯᠡᠳᠦᠯᠭᠡ᠎ᠡᠴᠡ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠪᠠᠢᠯᠳᠤᠬᠤ ᠪᠤᠳᠤᠯᠭ᠎ᠠ᠎ᠶ᠋ᠢᠨ ᠲᠥᠯᠥᠪᠵᠢᠭᠦᠯᠭᠡ᠎ᠶ᠋ᠢ ᠦᠵᠡᠪᠡᠯ᠂ ᠪᠢᠳᠡ 《ᠬᠣᠶᠠᠷ᠎ᠢ ᠲᠣᠭ᠍ᠲᠠᠭᠠᠭᠰᠠᠨ》 ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠲᠠᠶ ᠭᠡᠳᠡᠭ᠎ᠢ ᠭᠦᠨᠵᠡᠭᠡᠢ ᠣᠢᠯᠠᠭᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠱᠢᠨ᠎ᠡ᠎ᠡᠭᠦᠳᠦᠯᠲᠡ᠎ᠶᠢᠨ ᠤᠨᠤᠯ᠎ᠤᠨ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠪᠣᠯ ᠪᠢᠳᠡᠨ᠎ᠦ ᠲᠡᠦᠬᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠬᠦ᠌᠎ᠶ᠋ᠢᠨ ᠦᠨᠳᠦᠰᠦ ᠪᠣᠯᠬᠤ᠎ᠶ᠋ᠢ ᠦᠨᠡᠨ ᠬᠦ᠌ ᠮᠡᠳᠡᠷᠡᠪᠡ᠃

ᠲᠡᠦᠬᠡ᠎ᠶ᠋ᠢ ᠡᠷᠭᠢᠴᠡᠭᠦᠯᠬᠦᠶ᠎ᠡ᠂ ᠶᠠᠳᠠᠭᠤ ᠬᠣᠭᠣᠰᠣᠨ ᠰᠠᠭᠤᠷᠢᠨ ᠳᠡᠭᠡᠷ᠎ᠡ ᠪᠡᠶ᠎ᠡ᠎ᠪᠡᠨ ᠳᠠᠭᠠᠭᠠᠭ᠍ᠰᠠᠨ ᠨᠡᠯᠢᠶᠡᠳ ᠪᠦᠷᠢᠨ ᠲᠡᠭᠦᠯᠳᠡᠷ ᠠᠵᠤ ᠦᠢᠯᠡᠳᠪᠦᠷᠢ᠎ᠶ᠋ᠢᠨ ᠱᠢᠰᠲ᠋ᠧᠮ᠎ᠢ ᠪᠠᠢᠭᠤᠯᠤᠭ᠍ᠰᠠᠨ᠎ᠡᠴᠡ ᠠᠪᠤᠭᠠᠳ 《ᠬᠣᠶᠠᠷ ᠪᠥᠮᠪᠥᠭᠡ ᠨᠢᠭᠡ ᠤᠳᠤ》᠂ ᠰᠠᠷᠠᠨ ᠪᠥᠮᠪᠥᠷᠴᠡᠭ᠎ᠢ ᠬᠠᠢᠨ ᠱᠢᠨᠵᠢᠯᠡᠬᠦ᠌ ᠢᠨᠵᠧᠨᠧᠷᠢᠩ ᠵᠡᠷᠭᠡ ᠴᠢᠬᠤᠯᠠ ᠶᠡᠬᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠪᠲᠤᠯᠤᠯᠲᠠ᠎ᠶ᠋ᠢ ᠣᠯᠤᠭ᠍ᠰᠠᠨ ᠬᠦᠷᠲᠡᠯ᠎ᠡ᠂ ᠭᠤᠷᠪᠠᠨ ᠬᠠᠪᠴᠢᠯ᠎ᠤᠨ ᠢᠨᠵᠧᠨᠧᠷᠢᠩ᠂ ᠪᠠᠷᠠᠭᠤᠨᠳᠠᠬᠢ ᠬᠡᠢ᠎ᠶ᠋ᠢ ᠵᠡᠭᠦᠨᠰᠢ ᠳᠠᠮᠵᠢᠭᠤᠯᠬᠤ᠂ ᠡᠮᠦᠨᠡᠲᠦ᠍᠎ᠶ᠋ᠢᠨ ᠤᠰᠤ᠎ᠶ᠋ᠢ ᠤᠮᠠᠷᠠᠰᠢ ᠲᠠᠲᠠᠬᠤ ᠵᠡᠷᠭᠡ ᠴᠢᠬᠤᠯᠠ ᠶᠡᠬᠡ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠪᠡᠶᠡᠯᠡᠭᠦᠯᠦᠭ᠌ᠰᠡᠨ᠎ᠡᠴᠡ ᠠᠪᠤᠭᠠᠳ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ ᠬᠦᠴᠦᠨ᠎ᠢᠶᠡᠨ ᠲᠥᠪᠯᠡᠷᠡᠭᠦᠯᠦᠨ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠲᠠᠮᠠᠴᠠᠨ ᠣᠯᠵᠤ᠂ ᠲᠤᠢᠯ᠎ᠤᠨ ᠶᠠᠳᠠᠭᠤ ᠬᠦᠴᠢᠷᠳᠡᠯᠲᠡᠢ ᠠᠰᠠᠭᠤᠳᠠᠯ᠎ᠢ ᠲᠡᠦᠬᠡᠲᠦ ᠴᠢᠨᠠᠷᠲᠠᠢ᠎ᠪᠠᠷ ᠱᠢᠢᠳᠪᠦᠷᠢᠯᠡᠵᠦ᠍᠂ ᠳᠡᠯᠡᠬᠡᠢ ᠳᠡᠭᠡᠷᠡᠬᠢ ᠬᠡᠪᠴᠢᠶ᠎ᠡ᠎ᠪᠡᠷ ᠬᠠᠮᠤᠭ᠎ᠤᠨ ᠶᠡᠬᠡ ᠰᠤᠷᠭᠠᠨ ᠬᠥᠮᠦᠵᠢᠯ᠎ᠦᠨ ᠱᠢᠰᠲ᠋ᠧᠮ᠂ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠱᠢᠰᠲ᠋ᠧᠮ᠎ᠢ ᠪᠠᠢᠭᠤᠯᠤᠬᠰᠠᠨ ᠬᠦᠷᠳᠡᠯ᠎ᠡ ᠁

ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠨ ᠬᠡᠷᠡᠭ᠌ᠵᠢᠭᠦᠯᠬᠦ᠌᠎ᠪᠡᠷ ᠳᠠᠮᠵᠢᠨ᠂ ᠨᠢᠭᠡ ᠪᠦᠯᠦᠭ ᠴᠢᠬᠤᠯᠠ ᠶᠡᠬᠡ ᠡᠭᠦᠷᠭᠡ᠂ ᠴᠢᠬᠤᠯᠠ ᠶᠡᠬᠡ ᠲᠥᠷᠥᠯ ᠵᠦᠢᠯ᠂ ᠴᠢᠬᠤᠯᠠ ᠶᠡᠬᠡ ᠢᠨᠵᠧᠨᠧᠷᠢᠩ᠎ᠢ ᠱᠠᠲᠤ ᠦᠶ᠎ᠡ ᠬᠤᠪᠢᠶᠠᠨ ᠪᠠᠢᠷᠢᠯᠠᠭᠤᠯᠵᠤ᠂ ᠡᠯ᠎ᠡ ᠲᠠᠯ᠎ᠠ᠎ᠶ᠋ᠢᠨ ᠡᠬᠢ ᠪᠠᠶᠠᠯᠢᠭ ᠪᠣᠯᠤᠨ ᠬᠦᠴᠦᠨ᠎ᠢ ᠳᠠᠢᠴᠢᠯᠠᠨ ᠲᠣᠭ᠍ᠲᠠᠭ᠍ᠰᠠᠨ ᠬᠤᠭᠤᠴᠠᠭᠠᠨ᠎ᠳᠠᠭᠠᠨ ᠪᠡᠶᠡᠯᠡᠭᠦᠯᠵᠦ᠍᠂ ᠠᠵᠤ ᠠᠬᠤᠶ ᠨᠡᠢᠭᠡᠮ᠎ᠦᠨ ᠬᠥᠭ᠌ᠵᠢᠯᠲᠡ ᠪᠣᠯᠤᠨ ᠤᠯᠤᠰ᠎ᠤᠨ ᠡᠯ᠎ᠡ ᠲᠠᠯ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠬᠦᠴᠦᠲᠡᠶ ᠲᠤᠯᠭᠠᠭᠤᠷᠢᠯᠠᠪᠠ᠃

ᠪᠠᠢᠭᠤᠯᠤᠯ᠎ᠤᠨ ᠳᠠᠪᠠᠭᠤᠯᠢᠭ᠎ᠡᠴᠡ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠪᠠᠢᠯᠳᠤᠬᠤ ᠪᠤᠳᠤᠯᠭ᠎ᠠ᠎ᠶ᠋ᠢᠨ ᠲᠥᠯᠥᠪᠵᠢᠭᠦᠯᠭᠡ᠎ᠶ᠋ᠢ ᠦᠵᠡᠪᠡᠯ᠂ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ ᠴᠢᠨᠠᠷ᠎ᠤᠨ ᠨᠢᠭᠡᠨ ᠴᠢᠬᠤᠯᠠ ᠲᠠᠯ᠎ᠠ ᠪᠣᠯ ᠳᠠᠷᠤᠢ ᠬᠦᠴᠦᠨ᠎ᠢᠶᠡᠨ ᠲᠥᠪᠯᠡᠷᠡᠭᠦᠯᠦᠨ ᠶᠡᠬᠡ ᠦᠢᠯᠡᠰ᠎ᠢ ᠪᠦᠲᠦᠭᠡᠬᠦ᠌ ᠶᠠᠪᠤᠳᠠᠯ ᠪᠣᠯᠤᠨ᠎ᠠ᠂ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠨ ᠬᠡᠷᠡᠭ᠌ᠵᠢᠭᠦᠯᠬᠦ᠌ ᠨᠢ ᠡᠨᠡ ᠬᠦ᠌ ᠳᠠᠪᠠᠭᠤᠯᠢᠭ᠎ᠢ ᠨᠡᠩ ᠭᠦᠢᠴᠡᠳ ᠪᠠᠳᠠᠷᠠᠭᠤᠯᠵᠤ᠂ ᠮᠠᠨ᠎ᠤ ᠪᠠᠢᠭᠤᠯᠤᠯ᠎ᠤᠨ ᠢᠲᠡᠭᠡᠯ᠎ᠢᠶᠡᠨ ᠨᠡᠩ ᠪᠠᠲᠤᠳᠭᠠᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ᠎ᠢᠶᠠᠷ ᠡᠷᠡᠮᠡᠬᠡᠢᠯᠡᠨ ᠤᠷᠤᠭ᠍ᠰᠢᠯᠠᠬᠤ᠎ᠶ᠋ᠢᠨ ᠵᠠᠪᠠᠯ ᠢᠯᠠᠬᠤ ᠢᠲᠡᠭᠡᠯ ᠵᠣᠷᠢᠭ᠎ᠢ ᠨᠡᠮᠡᠭ᠌ᠳᠡᠭᠦᠯᠦᠭ᠌ᠰᠡᠨ ᠪᠠᠢᠨ᠎ᠠ᠃

《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠷᠴᠢᠨ ᠨᠥᠬᠥᠴᠡᠯ᠎ᠳᠦ ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ ᠲᠤᠯᠭᠠᠷᠠᠬᠤ ᠪᠤᠯᠤᠨ᠎ᠠ᠃ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠵᠤ᠂ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢᠨ ᠰᠠᠭᠤᠷᠢ᠎ᠶ᠋ᠢ ᠪᠡᠬᠢᠵᠢᠭᠦᠯᠦᠨ ᠪᠤᠵᠠᠭᠠᠢᠷᠠᠭᠤᠯᠬᠤ ᠬᠡᠰᠡᠨ ᠦᠬᠡᠢ᠂ ᠠᠩᠬᠠᠨ᠎ᠤ ᠱᠢᠨ᠎ᠡ᠎ᠶ᠋ᠢ ᠡᠭᠦᠳᠬᠦ᠌ ᠪᠠ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠴᠢᠩᠭᠠᠳᠭᠠᠵᠤ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠬᠦ᠌ ᠲᠤᠬᠠᠢ ᠬᠡᠰᠡᠨ ᠦᠬᠡᠢ ᠁ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶᠢᠨ ᠰᠠᠨᠠᠭᠤᠯᠭ᠎ᠠ᠎ᠳᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠴᠢᠬᠤᠯᠠ ᠶᠡᠬᠡ ᠳᠠᠢᠴᠢᠯᠠᠬᠤ᠂ ᠬᠥᠳᠡᠯᠭᠡᠬᠦ᠌᠂ ᠲᠤᠯᠭᠠᠭᠤᠷᠢᠯᠠᠬᠤ ᠦᠢᠯᠡᠳᠦᠯ᠎ᠲᠡᠶ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠎ᠶ᠋ᠢ ᠪᠠᠢᠷᠢᠯᠠᠭᠤᠯᠪᠠ᠃ ᠱᠢᠨ᠎ᠡ ᠪᠣᠳᠠᠲᠤ ᠪᠠᠢᠳᠠᠯ᠎ᠲᠠᠶ ᠤᠶᠠᠯᠳᠤᠭᠤᠯᠤᠨ ᠤᠯᠤᠰ ᠲᠦᠷᠦ᠍᠎ᠶ᠋ᠢᠨ ᠳᠠᠪᠠᠭᠤᠯᠢᠭ᠎ᠢ ᠪᠠᠳᠠᠷᠠᠭᠤᠯᠤᠨ ᠳᠡᠯᠭᠡᠷᠡᠭᠦᠯᠵᠦ᠍᠂ ᠨᠠᠮ᠎ᠤᠨ ᠲᠥᠪ ᠬᠣᠷᠢᠶ᠎ᠠ᠎ᠶᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠠᠪᠠᠭᠤᠯᠢᠭ᠎ᠢᠶᠠᠨ ᠪᠡᠬᠢᠵᠢᠭᠦᠯᠦᠨ ᠥᠷᠭᠡᠳᠭᠡᠵᠦ᠍᠂ ᠪᠣᠭᠣᠮᠢ ᠬᠢᠵᠠᠭᠠᠷᠯᠠᠯ᠎ᠢ ᠡᠪᠳᠡᠵᠦ᠍᠂ ᠳᠤᠲᠠᠭᠤᠳᠠᠯ ᠪᠠ ᠪᠠᠭᠤᠷᠠᠢ ᠲᠠᠯ᠎ᠠ᠎ᠪᠠᠨ ᠨᠥᠬᠥᠪᠥᠷᠢᠯᠡᠨ ᠴᠢᠩᠭᠠᠳᠭᠠᠪᠠᠯ᠂ ᠪᠢᠳᠡ ᠯᠠᠪᠲᠠᠢ ᠢᠮᠠᠭ᠍ᠲᠠ ᠪᠠᠢᠯᠳᠤᠬᠤ ᠪᠤᠳᠤᠯᠭ᠎ᠠ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠣᠯᠵᠤ᠂ ᠬᠥᠭ᠌ᠵᠢᠯᠲᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠵᠦ᠍ ᠴᠢᠳᠠᠨ᠎ᠠ᠃

ᠵᠠᠭᠤ ᠭᠠᠷᠤᠢ ᠵᠢᠯ᠎ᠦᠨ ᠰᠠᠯᠬᠢ ᠪᠣᠷᠣᠭᠠᠨ᠎ᠢ ᠰᠦᠷᠦᠨ ᠤᠷᠤᠭ᠍ᠰᠢᠯᠠᠵᠤ᠂ ᠥᠨᠥᠳᠦᠷ᠎ᠦᠨ ᠳᠤᠮᠳᠠᠳᠤ ᠤᠯᠤᠰ᠎ᠤᠨ ᠡᠪ ᠬᠠᠮᠲᠤ ᠨᠠᠮ ᠶᠠᠭ ᠲᠦᠭ ᠲᠦᠮᠡᠨ ᠠᠷᠠᠳ ᠲᠦᠮᠡᠨ᠎ᠢ ᠳᠠᠭᠠᠭᠤᠯᠤᠨ ᠱᠢᠨ᠎ᠡ ᠤᠷᠳᠤ ᠵᠠᠮ᠎ᠤᠨ ᠠᠶᠠᠨ ᠲᠠᠢ᠌ᠨ᠎ᠢ ᠬᠢᠵᠦ᠍ ᠪᠠᠢᠨ᠎ᠠ᠃ ᠡᠮᠦᠨ᠎ᠡ ᠹᠷᠣᠨᠲ᠎ᠲᠤ ᠶᠡᠬᠡ ᠰᠠᠯᠬᠢ ᠱᠢᠷᠦᠭᠦᠨ ᠳᠠᠪᠠᠯᠭᠠᠨ ᠴᠢᠨᠠᠭ᠍ᠰᠢᠯᠠᠪᠠᠯ ᠲᠤᠭ᠍ᠰᠢᠨ ᠳᠠᠪᠠᠯᠭᠠᠨ ᠱᠢᠷᠦᠭᠦᠨ ᠤᠷᠤᠰᠬᠠᠯ ᠪᠠᠢᠭ᠍ᠰᠠᠨ ᠴᠤ᠌᠂ ᠪᠢᠳᠡ ᠨᠡᠩ ᠯᠠᠪᠳᠠᠭᠤᠨ ᠪᠠᠲᠤᠲᠠᠢ ᠤᠷᠤᠭ᠍ᠰᠢᠯᠠᠨ᠎ᠠ᠄ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠤᠯᠤᠰ ᠲᠦᠷᠦ᠍᠎ᠶ᠋ᠢᠨ ᠳᠠᠪᠠᠭᠤᠯᠢᠭ᠎ᠢᠶᠠᠨ ᠵᠠᠰᠠᠯᠲᠠ᠎ᠶ᠋ᠢᠨ ᠦᠷ᠎ᠡ ᠪᠦᠲᠦᠮᠵᠢ᠂ ᠬᠥᠭ᠌ᠵᠢᠯᠲᠡ᠎ᠶ᠋ᠢᠨ ᠰᠦᠷ ᠬᠦᠴᠦᠨ ᠪᠣᠯᠭᠠᠨ ᠬᠤᠪᠢᠷᠠᠭᠤᠯᠪᠠᠯ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠬᠦ᠌ ᠲᠠᠯ᠎ᠠ᠎ᠳᠤ ᠬᠣᠯᠪᠣᠭ᠍ᠳᠠᠬᠤ ᠪᠠᠢᠯᠳᠤᠬᠤ ᠪᠤᠳᠤᠯᠭ᠎ᠠ᠎ᠶ᠋ᠢᠨ ᠡᠭᠦᠷᠭᠡ ᠴᠢᠬᠤᠯᠠ ᠶᠡᠬᠡ ᠲᠠᠪᠠᠯᠳᠠ᠎ᠲᠠᠶ ᠪᠤᠯᠵᠤ᠂ ᠪᠢᠳᠡᠨ᠎ᠦ ᠬᠠᠷᠠᠯᠲᠠ ᠯᠠᠪᠲᠠᠢ ᠪᠡᠶᠡᠯᠡᠭ᠌ᠳᠡᠨ᠎ᠡ᠃ ᠡᠨᠡ ᠪᠣᠯ ᠲᠡᠦᠬᠡᠲᠦ ᠡᠭᠦᠷᠭᠡ ᠮᠥᠨ᠂ ᠪᠠᠰᠠ ᠴᠤ᠌ ᠲᠡᠦᠬᠡ᠎ᠶ᠋ᠢᠨ ᠵᠢᠮ᠎ᠡ ᠶᠣᠰᠣ ᠵᠢᠨ ᠢᠯᠡᠷᠡᠯ ᠮᠥᠨ᠃

 (ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 1 ᠰᠠᠷ᠎ᠠ᠎ᠶ᠋ᠢᠨ 20᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号