1 ᠰᠠᠷ᠎ᠠ ᠵᠢᠨ 17 ᠤ᠋ ᠡᠳᠤᠷ ᠡᠴᠡ ᠡᠬᠢᠯᠡᠨ ᠰᠢᠨ᠎ᠡ ᠨᠢᠭᠡᠨ ᠡᠭᠡᠯᠵᠢ ᠶ᠋ᠢᠨ ᠬᠦᠢᠲᠡᠨ ᠤᠷᠤᠰᠬᠠᠯ ᠪᠠᠷᠠᠭᠤᠨ ᠡᠴᠡ ᠵᠡᠬᠦᠨᠰᠢ ᠮᠠᠨ ᠤ᠋ ᠤᠷᠤᠨ ᠳ᠋ᠤ ᠲᠦᠷᠢᠨ ᠤᠷᠤᠵᠤ᠂ ᠪᠦᠬᠦ ᠤᠷᠤᠨ ᠤ᠋ ᠶᠡᠬᠡᠡᠭᠬᠢ ᠭᠠᠵᠠᠷ ᠤ᠋ᠨ ᠠᠭᠠᠷ ᠤ᠋ᠨ ᠳᠤᠯᠠᠭᠠᠨ ᠶᠡᠬᠡ ᠬᠡᠮᠵᠢᠶ᠎ᠡ ᠪᠡᠷ ᠪᠠᠭᠤᠷᠠᠵᠤ᠂ ᠴᠦᠬᠡᠨ ᠪᠤᠰᠤ ᠭᠠᠵᠠᠷ ᠲᠦ᠍ ᠬᠠᠮᠤᠭ ᠤ᠋ᠨ ᠳᠤᠤᠷ᠎ᠠ ᠠᠭᠠᠷ ᠤ᠋ᠨ ᠳᠤᠯᠠᠭᠠᠨ ᠲᠡᠭ ᠡᠴᠡ ᠳᠤᠷᠤᠬᠰᠢ 30 ᠭ᠌ᠷᠠᠳ᠋ᠦ᠋ᠰ ᠪᠤᠯᠵᠤ᠂ ᠴᠢᠨᠠᠬᠰᠢᠯᠠᠨ ᠲᠡᠭ ᠡᠴᠡ ᠳᠤᠷᠤᠬᠰᠢ 40 ᠭ᠌ᠷᠠᠳ᠋ᠦ᠋ᠰ ᠲᠤ᠌ ᠬᠥᠷᠪᠡ᠃ ᠳᠤᠯᠠᠭᠠᠯᠠᠭ᠎ᠠ ᠪᠤᠯ ᠬᠠᠬᠢᠷ ᠡᠪᠤᠯ ᠳ᠋ᠡᠬᠢ ᠠᠷᠠᠳ ᠤ᠋ᠨ ᠠᠮᠢᠳᠤᠷᠠᠯ ᠤ᠋ᠨ 《ᠠᠮᠢᠨ ᠰᠤᠳᠠᠰᠤ》 ᠶᠤᠮ᠂ ᠦᠪᠦᠷ ᠮᠤᠨᠭᠭᠤᠯ ᠤ᠋ᠨ ᠡᠯ᠎ᠡ ᠭᠠᠵᠠᠷ ᠤᠷᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠤ᠋ᠨ ᠬᠢᠨ ᠬᠦᠢᠳᠡᠨ ᠤᠷᠤᠰᠬᠠᠯ ᠢ᠋ ᠪᠠᠴᠢᠮ ᠠᠷᠭᠠᠴᠠᠭᠠᠬᠤ ᠠᠵᠢᠯ ᠢ᠋ ᠳᠡᠷᠡ ᠳᠠᠷᠤᠢ ᠳ᠋ᠤᠨᠢ ᠡᠬᠢᠯᠡᠭᠦᠯᠵᠤ᠂ ᠬᠦᠴᠦᠨ ᠪᠦᠬᠦᠢ ᠠᠷᠭ᠎ᠠ ᠬᠡᠮᠵᠢᠶ᠎ᠡ ᠪᠡᠷ ᠳᠤᠯᠠᠭᠠᠯᠠᠭ᠎ᠠ ᠵᠢᠨ ᠬᠠᠨᠭᠭᠠᠯᠭ᠎ᠠ ᠵᠢ ᠪᠠᠳᠤᠯᠠᠨ᠂ ᠤᠯᠠᠨ ᠲᠦᠮᠠᠨ ᠤ᠋ ᠲᠤᠯᠠᠭᠠᠨ ᠲᠠᠪᠠᠳᠠᠢ ᠡᠪᠤᠯᠵᠢᠬᠦ ᠵᠢ ᠪᠠᠳᠤᠯᠠᠵᠤ ᠪᠠᠢᠨ᠎ᠠ᠃
ᠲᠤᠢᠯ ᠤ᠋ᠨ ᠬᠦᠢᠲᠡᠨ ᠠᠭᠤᠷ ᠠᠮᠢᠰᠬᠤᠯ ᠢ᠋ ᠠᠷᠭᠠᠴᠠᠭᠠᠬᠤ ᠶ᠋ᠢᠨ ᠲᠦᠯᠦᠭᠡ᠂ ᠪᠦᠬᠦ ᠤᠷᠤᠨ ᠤ᠋ ᠡᠯ᠎ᠡ ᠭᠠᠵᠠᠷ ᠤ᠋ᠨ ᠬᠠᠮᠢᠶ᠎ᠠ ᠪᠦᠬᠦᠢ ᠠᠵᠤ ᠠᠬᠤᠢᠯᠠᠯᠤᠨ ᠬᠢᠨ ᠬᠠᠩᠭᠠᠯᠭ᠎ᠠ ᠵᠢᠨ ᠢᠯᠴᠢ ᠶ᠋ᠢᠨ ᠬᠡᠮᠵᠢᠶ᠎ᠡ ᠳ᠋ᠤ ᠤᠷᠢᠳᠴᠢᠯᠡᠨ ᠲᠤᠬᠢᠷᠠᠭᠤᠯᠤᠯᠲᠠ ᠬᠢᠪᠡ᠃ ᠬᠥᠯᠥᠨ ᠪᠣᠢᠷ ᠬᠣᠲᠠ ᠶ᠋ᠢᠨ ᠡᠯ᠎ᠡ ᠳᠤᠯᠠᠭᠠᠯᠠᠭ᠎ᠠ ᠬᠠᠩᠭᠠᠬᠤ ᠠᠵᠤ ᠠᠬᠤᠢᠯᠠᠯ ᠴᠠᠭ ᠲᠠᠷᠤᠢ ᠳ᠋ᠤᠨᠢ ᠪᠠᠴᠢᠮ ᠪᠠᠢᠳᠠᠯ ᠢ᠋ ᠠᠷᠭᠠᠴᠠᠭᠠᠬᠤ ᠲᠣᠭ᠍ᠲᠠᠴᠠ ᠵᠢ ᠡᠬᠢᠯᠡᠭᠦᠯᠦᠨ ᠬᠠᠩᠭᠠᠯᠭ᠎ᠠ ᠵᠢᠨ ᠢᠯᠴᠢ ᠶ᠋ᠢᠨ ᠬᠡᠮᠵᠢᠶ᠎ᠡ ᠵᠢ ᠳᠡᠭᠡᠭ᠌ᠰᠢᠯᠡᠭᠦᠯᠬᠦ ᠢᠯᠴᠢ ᠬᠠᠳᠠᠭᠠᠯᠠᠬᠤ ᠵᠠᠭ᠍ᠪᠤᠷ ᠢ᠋ ᠤᠷᠢᠳᠴᠢᠯᠠᠨ ᠬᠡᠷᠡᠭᠵᠢᠭᠦᠯᠵᠦ᠂ ᠭᠡᠭᠡᠨ ᠭᠤᠤᠯ ᠤ᠋ᠨ ᠭᠤᠸᠠᠩ ᠮᠢᠩ ᠢᠯᠴᠢ ᠵᠢᠨ ᠴᠠᠬᠢᠯᠭᠠᠨ ᠤ᠋ ᠬᠢᠵᠠᠭᠠᠷᠲᠤ ᠺᠣᠮᠫᠠᠨᠢ ᠬᠤᠤᠰ ᠮᠠᠱᠢᠨ᠂ ᠬᠤᠤᠰ ᠭᠦᠸᠸᠯᠦ ᠶ᠋ᠢᠨ ᠲᠤᠬᠲᠠᠭᠤᠨ ᠡᠷᠬᠢᠯᠳᠡ ᠵᠢ ᠪᠠᠲᠤᠯᠠᠨ᠂ ᠳᠤᠯᠠᠭᠠᠯᠠᠭ᠎ᠠ ᠬᠠᠨᠭᠭᠠᠬᠤ ᠬᠤᠭᠤᠯᠠᠢ ᠲᠤᠤᠷ ᠤ᠋ᠨ ᠤᠰᠤᠨ ᠤ᠋ ᠢᠯᠴᠢ ᠵᠢᠨ ᠬᠡᠮᠵᠢᠶ᠎ᠡ ᠵᠢ 71°C ᠪᠣᠯᠲᠠᠯ᠎ᠠ ᠳᠡᠭᠡᠭ᠌ᠰᠢᠯᠡᠭᠦᠯᠵᠦ᠍᠂ ᠰᠠᠭᠤᠭᠠᠯᠢ ᠠᠷᠠᠳ ᠤ᠋ᠨ ᠦᠷᠦᠬᠡᠨ ᠳᠣᠲᠣᠷᠠᠬᠢ ᠳᠤᠯᠠᠭᠠᠨ ᠤ᠋ ᠬᠡᠮᠵᠢᠶ᠎ᠡ ᠵᠢ ᠪᠠᠷᠢᠮᠵᠢᠶ᠎ᠠ ᠳ᠋ᠤ ᠬᠦᠷᠭᠡᠬᠦ᠌ ᠵᠢ ᠪᠠᠳᠤᠯᠠᠵᠠᠢ᠃ ᠬᠢᠩᠭᠠᠨ ᠠᠢᠮᠠᠭ ᠤ᠋ᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ᠋ ᠵᠥᠩ ᠶᠤᠸᠠᠨ ᠢᠯᠴᠢ ᠶ᠋ᠢᠨ ᠬᠦᠴᠦᠨ ᠤ᠋ ᠬᠢᠵᠠᠭᠠᠷᠲᠤ ᠺᠤᠮᠫᠠᠨᠢ ᠳᠤᠯᠠᠭᠠᠯᠠᠭ᠎ᠠ ᠬᠠᠩᠭᠠᠬᠤ ᠬᠤᠭᠤᠯᠠᠢ ᠲᠤᠤᠷ ᠤ᠋ᠨ ᠤᠰᠤᠨ ᠤ᠋ ᠢᠯᠴᠢ ᠵᠢᠨ ᠬᠡᠮᠵᠢᠶ᠎ᠡ ᠵᠢ ᠬᠥᠳᠡᠯᠦᠩᠭᠦᠶ ᠪᠡᠷ ᠳᠡᠭᠡᠭ᠌ᠰᠢᠯᠡᠭᠦᠯᠦᠨ᠂ ᠠᠵᠢᠯᠯᠠᠭᠠᠨ ᠤ᠋ ᠪᠣᠯᠵᠣᠯᠲᠤ ᠲᠣᠭ᠎ᠠ ᠵᠢ ᠱᠢᠯᠢᠳᠡᠭ᠌ᠵᠢᠭᠦᠯᠵᠦ᠍᠂ ᠢᠯᠴᠢ ᠵᠢᠨ ᠲᠦᠬᠦᠭᠡᠷᠦᠮᠵᠢ ᠵᠢ ᠲᠣᠭᠣᠷᠢᠨ ᠪᠠᠢᠴᠠᠭᠠᠬᠤ ᠤᠳᠠᠭ᠎ᠠ ᠳᠠᠪᠲᠠᠮᠵᠢ ᠵᠢ ᠨᠡᠮᠡᠭᠳᠡᠭᠦᠯᠦᠨ᠂ ᠳᠤᠯᠠᠭᠠᠯᠠᠭ᠎ᠠ ᠵᠢᠨ ᠬᠠᠨᠭᠭᠠᠯᠭ᠎ᠠ ᠵᠢ ᠪᠠᠷᠢᠮᠵᠢᠶ᠎ᠠ ᠳ᠋ᠤ ᠬᠦᠷᠬᠡᠬᠦ᠌᠂ ᠱᠢᠰᠲ᠋ᠧᠮ ᠢ᠋ ᠲᠣᠭ᠍ᠲᠠᠭᠤᠨ ᠪᠠᠢᠯᠭᠠᠬᠤ ᠵᠢ ᠪᠠᠲᠤᠯᠠᠪᠠ᠃ ᠰᠢᠯᠢ ᠵᠢᠨ ᠭᠤᠤᠯ ᠠᠢᠮᠠᠭ ᠤ᠋ᠨ ᠤᠯᠠᠭᠠᠶ ᠬᠠᠮᠢᠶᠠᠷᠤᠯᠲᠠ ᠶ᠋ᠢᠨ ᠣᠷᠣᠨ ᠤ᠋ ᠳᠤᠯᠠᠭᠠᠯᠠᠭ᠎ᠠ ᠬᠠᠩᠭᠠᠬᠤ ᠨᠢᠭᠡᠴᠢ ᠵᠢᠨ ᠬᠢᠨ ᠪᠣᠶ ᠪᠥᠬᠥᠶ ᠭᠦᠸᠧᠯᠦ᠍ ᠵᠢ ᠪᠦᠬᠦᠨ ᠢ᠋ ᠠᠵᠢᠯᠯᠠᠭᠤᠯᠵᠤ᠂ ᠢᠯᠴᠢ ᠬᠠᠩᠭᠠᠬᠤ ᠴᠢᠳᠠᠪᠤᠷᠢ ᠵᠢ ᠬᠠᠮᠤᠭ ᠤ᠋ᠨ ᠶᠡᠬᠡ ᠪᠡᠷ ᠳᠡᠭᠡᠭ᠌ᠰᠢᠯᠡᠭᠦᠯᠦᠨ᠂ ᠳᠤᠯᠠᠭᠠᠯᠠᠭ᠎ᠠ ᠬᠠᠨᠭᠭᠠᠬᠤ ᠬᠤᠭᠤᠯᠠᠢ ᠲᠤᠤᠷ ᠤ᠋ᠨ ᠤᠰᠤᠨ ᠤ᠋ ᠢᠯᠴᠢ ᠵᠢᠨ ᠬᠡᠮᠵᠢᠶ᠎ᠡ ᠵᠢ ᠢᠵᠢᠯ ᠠᠯᠬᠤᠮ ᠢ᠋ᠶ᠋ᠡᠷ ᠳᠡᠭᠡᠭ᠌ᠰᠢᠯᠡᠭᠦᠯᠵᠦ᠍᠂ ᠢᠯᠴᠢ ᠬᠠᠩᠭᠠᠬᠤ ᠦᠷ᠎ᠡ ᠪᠦᠲᠦᠮᠵᠢ ᠵᠢ ᠦᠨᠡᠨ ᠬᠦ᠌ ᠨᠡᠮᠡᠭ᠌ᠳᠡᠭᠦᠯᠪᠡ᠃
ᠡᠨ᠋ᠸᠷᠬᠢ ᠶ᠋ᠢᠨ ᠪᠠᠲᠤᠯᠠᠭ᠎ᠠ ᠪᠤᠯ ᠳᠤᠯᠠᠭᠠᠯᠠᠭ᠎ᠠ ᠬᠠᠨᠭᠭᠠᠬᠤ ᠰᠠᠭᠤᠷᠢ ᠲᠤᠯᠭᠠᠭᠤᠷᠢᠯᠠᠯ ᠪᠤᠯᠤᠨ᠎ᠠ᠃ ᠣᠷᠳᠣᠰ ᠬᠣᠲᠠ ᠨᠡᠭᠦᠷᠡᠰᠦᠨ ᠤ᠋ ᠡᠬᠢ ᠪᠠᠶᠠᠯᠢᠭ ᠢ᠋ ᠨᠢᠭᠡᠲᠦᠯᠲᠡᠢ ᠲᠦᠯᠦᠪᠵᠢᠭᠦᠯᠦᠨ ᠲᠤᠬᠢᠷᠠᠭᠤᠯᠵᠤ᠂ ᠣᠷᠣᠨ ᠪᠦᠰᠡ ᠶ᠋ᠢᠨ ᠳᠣᠲᠣᠷᠠᠬᠢ ᠪᠠ ᠡᠷᠬᠢᠨ ᠲᠣᠭᠣᠷᠢᠨ ᠤ᠋ ᠠᠢᠮᠠᠭ ᠬᠣᠲᠠ ᠶ᠋ᠢᠨ ᠮᠠᠯᠴᠢᠨ ᠲᠠᠷᠢᠶᠠᠴᠢᠨ ᠤ᠋ ᠬᠡᠷᠡᠭ᠌ᠯᠡᠬᠦ᠌ ᠨᠡᠭᠦᠷᠡᠰᠦ ᠵᠢ 139.4 ᠲᠦᠮᠡᠨ ᠲᠣᠨ᠂ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠳ᠋ᠤ ᠬᠡᠷᠡᠭᠯᠡᠬᠦ ᠨᠡᠭᠦᠷᠡᠰᠦ ᠵᠢ 578.1 ᠲᠦᠮᠡᠨ ᠲᠣᠨ ᠬᠠᠨᠭᠭᠠᠵᠤ᠂ ᠪᠥᠬᠥ ᠬᠣᠲᠠ ᠶ᠋ᠢᠨ ᠬᠦᠴᠢᠷᠳᠡᠯᠲᠡᠢ ᠤᠯᠠᠨ ᠲᠦᠮᠡᠨ ᠳ᠋ᠤ 29.9 ᠲᠦᠮᠡᠨ ᠲᠣᠨ ᠨᠡᠭᠦᠷᠡᠰᠦ ᠲᠠᠷᠬᠠᠭᠠᠵᠤ᠂ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠭᠠᠵᠠᠷ ᠲᠦ᠍ 168 ᠲᠦᠮᠡᠨ ᠲᠣᠨ ᠨᠡᠭᠦᠷᠡᠰᠦ ᠬᠠᠨᠭᠭᠠᠪᠠ᠃ ᠤᠯᠠᠭᠠᠨᠴᠠᠪ ᠬᠣᠲᠠ ᠶ᠋ᠢᠨ ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤᠨ ᠤ᠋ ᠢᠯᠴᠢ ᠶ᠋ᠢᠨ ᠬᠦᠴᠦᠨ ᠤ᠋ ᠬᠢᠵᠠᠭᠠᠷᠳᠤ ᠺᠣᠮᠫᠠᠨᠢ ᠡᠬᠢ ᠪᠠᠶᠠᠯᠢᠭ ᠢ᠋ ᠱᠢᠨᠵᠢᠯᠡᠬᠦ᠌ ᠤᠬᠠᠭᠠᠨᠴᠢ ᠪᠡᠷ ᠲᠤᠬᠢᠷᠠᠭᠤᠯᠤᠨ᠂ ᠨᠡᠭᠦᠷᠡᠰᠦ ᠬᠠᠳᠠᠭᠠᠯᠠᠬᠤ ᠲᠥᠰᠦᠯ ᠢ᠋ ᠨᠠᠷᠢᠯᠢᠭ᠍ᠵᠢᠭᠤᠯᠵᠤ᠂ ᠵᠡᠭᠦᠨ ᠪᠠᠷᠠᠭᠤᠨ ᠬᠣᠶᠠᠷ ᠦᠶ᠋ᠯᠡᠳᠪᠦᠷᠢ ᠶ᠋ᠢᠨ ᠨᠡᠭᠦᠷᠡᠰᠦ ᠵᠢ ᠭᠦᠢᠴᠡᠳ ᠪᠠᠢᠯᠭᠠᠬᠤ ᠵᠢ ᠪᠠᠲᠤᠯᠠᠨ᠂ ᠢᠯᠴᠢ ᠵᠢᠨ ᠬᠠᠩᠭᠠᠯᠭ᠎ᠠ ᠵᠢ ᠪᠦᠬᠦ ᠬᠦᠴᠦᠨ ᠢ᠋ᠶ᠋ᠡᠷ ᠢ᠋ᠶ᠋ᠡᠨ ᠪᠠᠲᠤᠯᠠᠵᠤ ᠪᠤᠢ᠃
ᠬᠦᠢᠲᠡᠨ ᠤᠷᠤᠰᠬᠠᠯ ᠡᠴᠡ ᠪᠤᠯᠤᠭᠰᠠᠨ ᠳᠤᠯᠠᠭᠠᠯᠠᠭ᠎ᠠ ᠬᠠᠨᠭᠭᠠᠬᠤ ᠳᠠᠷᠤᠭᠠᠰᠤ ᠵᠢ ᠪᠦᠲᠦᠮᠵᠢᠲᠡᠢ ᠠᠷᠭᠠᠴᠠᠭᠠᠬᠤ ᠶ᠋ᠢᠨ ᠲᠦᠯᠦᠭᠡ᠂ ᠬᠦᠬᠡᠬᠤᠲᠠ ᠬᠠᠷᠢᠶ᠎ᠠ ᠤᠷᠤᠨ ᠤ᠋ ᠪᠠᠨ ᠡᠯ᠎ᠡ ᠭᠠᠵᠠᠷ᠂ ᠢᠯᠴᠢ ᠵᠢᠨ ᠬᠦᠴᠦᠨ ᠤ᠋ ᠠᠵᠤ ᠠᠬᠤᠢᠯᠠᠯ ᠂ ᠳᠤᠯᠠᠭᠠᠯᠠᠭ᠎ᠠ ᠬᠠᠩᠭᠠᠬᠤ ᠠᠵᠤ ᠠᠬᠤᠢᠯᠠᠯ ᠢ᠋ ᠤᠷᠢᠳᠴᠢᠯᠠᠨ ᠵᠣᠬᠢᠶᠠᠨ ᠪᠠᠢᠭᠤᠯᠵᠤ ᠲᠣᠬᠢᠷᠠᠭᠤᠯᠤᠯᠲᠠ ᠶ᠋ᠢᠨ ᠬᠤᠷᠠᠯ ᠬᠢᠵᠦ᠍᠂ ᠡᠯ᠎ᠡ ᠢᠯᠴᠢ ᠵᠢᠨ ᠴᠠᠬᠢᠯᠭᠠᠨ ᠤ᠋ ᠦᠶ᠋ᠯᠡᠳᠪᠦᠷᠢ ᠶ᠋ᠢᠨ ᠮᠠᠱᠢᠨ ᠴᠣᠭ᠍ᠴᠠᠯᠠᠪᠤᠷᠢ ᠶ᠋ᠢ ᠪᠦᠬᠦ ᠬᠦᠴᠦᠨ ᠢ᠋ᠶ᠋ᠡᠷ ᠠᠵᠢᠯᠯᠠᠭᠤᠯᠬᠤ ᠵᠢ ᠪᠠᠲᠤᠯᠠᠬᠤ ᠶ᠋ᠢᠨ ᠬᠠᠮᠲᠤ ᠰᠠᠨ ᠾᠧ ᠲᠣᠰᠭᠣᠨ᠂ ᠬᠠᠭᠤᠴᠢᠨ ᠠᠢᠯ᠂ ᠱᠢᠨ ᠵᠢᠶᠠ ᠠᠢᠯ ᠵᠡᠷᠭᠡ ᠢᠯᠴᠢ ᠵᠢᠨ ᠬᠦᠴᠦᠨ ᠤ᠋ ᠦᠶ᠋ᠯᠡᠳᠪᠦᠷᠢ ᠶ᠋ᠢᠨ ᠪᠠᠴᠢᠮ ᠪᠠᠢᠳᠠᠯ ᠢ᠋ ᠠᠷᠭᠠᠴᠠᠭᠠᠬᠤ ᠲᠣᠬᠢᠷᠠᠭᠤᠯᠤᠯᠲᠠ ᠶ᠋ᠢᠨ ᠭᠦᠸᠧᠯᠦ᠍ ᠵᠢᠨ ᠠᠵᠢᠯᠯᠠᠭᠠᠨ ᠢ᠋ ᠤᠷᠢᠳᠴᠢᠯᠠᠨ ᠡᠬᠢᠯᠡᠭᠦᠯᠵᠦ᠍᠂ ᠪᠥᠬᠥ᠌ ᠬᠣᠲᠠ ᠶ᠋ᠢᠨ ᠳᠤᠯᠠᠭᠠᠯᠠᠭ᠎ᠠ ᠬᠠᠨᠭᠭᠠᠬᠤ ᠱᠢᠰᠲ᠋ᠧᠮ ᠤ᠋ᠨ ᠢᠯᠴᠢ ᠶ᠋ᠢᠨ ᠢᠷᠡᠯᠳᠡ ᠭᠦᠶ᠋ᠴᠡᠳ ᠮᠦᠷᠳᠡᠬᠡᠨ ᠲᠣᠭ᠍ᠲᠠᠭᠤᠨ ᠪᠠᠢᠬᠤ ᠵᠢ ᠪᠠᠲᠤᠯᠠᠬᠤ ᠬᠡᠷᠡᠭ᠌ᠲᠡᠶ ᠭᠡᠵᠦ᠍ ᠱᠠᠭᠠᠷᠳᠠᠵᠠᠢ᠃ ᠬᠦᠬᠡᠬᠤᠲᠠ ᠶ᠋ᠢᠨ ᠣᠷᠣᠨ ᠰᠠᠭᠤᠴᠠ ᠪᠠ ᠬᠣᠲᠠ ᠬᠥᠳᠡᠭᠡ ᠶ᠋ᠢᠨ ᠪᠥᠲᠥᠭᠡᠨ ᠪᠠᠢᠭᠤᠯᠤᠯᠲᠠ ᠶ᠋ᠢᠨ ᠰᠠᠯᠠᠭ᠎ᠠ ᠮᠥᠴᠢᠷ ᠲᠤᠰᠭᠠᠶ ᠬᠥᠮᠦᠨ ᠲᠣᠬᠢᠷᠠᠭᠤᠯᠤᠨ ᠳᠤᠯᠠᠭᠠᠯᠠᠭ᠎ᠠ ᠬᠠᠩᠭᠠᠬᠤ ᠠᠵᠤ ᠠᠬᠤᠢᠯᠠᠯ ᠳ᠋ᠤ ᠰᠠᠭᠤᠯᠭᠠᠨ ᠬᠢᠨᠠᠨ ᠵᠢᠯᠣᠭᠣᠳᠴᠤ᠌᠂ ᠳᠤᠯᠠᠭᠠᠯᠠᠭ᠎ᠠ ᠬᠠᠩᠭᠠᠬᠤ ᠱᠢᠰᠲ᠋ᠧᠮ ᠤ᠋ᠨ ᠬᠡᠪ ᠤ᠋ᠨ ᠶᠣᠰᠣᠭᠠᠷ ᠠᠵᠢᠯᠯᠠᠬᠤ ᠵᠢ ᠦᠨᠡᠨ ᠬᠦ᠌ ᠪᠠᠲᠤᠯᠠᠵᠤ ᠪᠠᠢᠨ᠎ᠠ᠃
ᠲᠥᠬᠥᠭᠡᠷᠦᠮᠵᠢ ᠵᠢ ᠲᠣᠭ᠍ᠲᠠᠭᠤᠨ ᠢ᠋ᠶ᠋ᠡᠷ ᠠᠵᠢᠯᠯᠠᠭᠤᠯᠬᠤ ᠪᠣᠯ ᠳᠤᠯᠠᠭᠠᠯᠠᠭ᠎ᠠ ᠬᠠᠩᠭᠠᠬᠤ ᠪᠠᠲᠤᠯᠠᠭ᠎ᠠ ᠶ᠋ᠢᠨ ᠨᠢᠭᠡᠳᠦᠭᠡᠷ ᠰᠡᠷᠭᠡᠢᠯᠡᠯᠲᠡ ᠶ᠋ᠢᠨ ᠱᠤᠭᠤᠮ ᠪᠤᠯᠤᠨ᠎ᠠ᠃ ᠪᠦᠬᠦ ᠤᠷᠤᠨ ᠤ᠋ ᠡᠯ᠎ᠡ ᠭᠠᠵᠠᠷ ᠤ᠋ᠨ ᠣᠷᠣᠨ ᠰᠠᠭᠤᠴᠠ ᠪᠠ ᠬᠤᠲᠠ ᠬᠦᠳᠡᠭᠡ ᠶ᠋ᠢᠨ ᠪᠥᠲᠥᠭᠡᠨ ᠪᠠᠢᠭᠤᠯᠤᠯᠲᠠ ᠶ᠋ᠢᠨ ᠰᠠᠯᠠᠭ᠎ᠠ ᠮᠥᠴᠢᠷ ᠪᠤᠯᠤᠨ ᠳᠤᠯᠠᠭᠠᠯᠠᠭ᠎ᠠ ᠬᠠᠩᠭᠠᠬᠤ ᠠᠵᠤ ᠠᠬᠤᠢᠯᠠᠯ ᠬᠣᠯᠪᠣᠭᠠᠯᠠᠨ ᠬᠥᠳᠡᠯᠦᠯᠴᠡᠵᠦ᠍᠂ ᠳᠤᠯᠠᠭᠠᠯᠠᠭ᠎ᠠ ᠬᠠᠨᠭᠭᠠᠬᠤ ᠲᠦᠬᠦᠭᠡᠷᠦᠮᠵᠢ ᠳᠤᠯᠠᠭᠠᠯᠠᠭ᠎ᠠ ᠬᠠᠨᠭᠭᠠᠬᠤ ᠬᠣᠭᠣᠯᠠᠶ ᠲᠤᠤᠷ ᠢ᠋ ᠵᠢᠭ᠍ᠰᠠᠭᠠᠨ ᠪᠠᠢᠴᠠᠭᠠᠵᠤ᠂ ᠲᠥᠬᠥᠭᠡᠷᠦᠮᠵᠢ ᠵᠢ ᠲᠣᠭ᠍ᠲᠠᠭᠤᠨ ᠢ᠋ᠶ᠋ᠡᠷ ᠠᠵᠢᠯᠯᠠᠭᠤᠯᠬᠤ ᠵᠢ ᠪᠠᠲᠤᠯᠠᠵᠤ ᠪᠠᠢᠨ᠎ᠠ᠃ ᠬᠤᠸᠠ ᠨᠸᠩ ᠵᠠᠯᠠᠨ ᠠᠢᠯ ᠤ᠋ᠨ ᠢᠯᠴᠢ ᠵᠢᠨ ᠴᠠᠬᠢᠯᠭᠠᠨ ᠤ᠋ ᠦᠶ᠋ᠯᠡᠳᠪᠦᠷᠢ ᠶ᠋ᠢᠨ ᠮᠣᠷᠢᠨᠳᠠᠪᠠᠭ᠎ᠠ ᠶ᠋ᠢᠨ ᠳᠠᠭᠤᠷ ᠦᠨᠳᠦᠰᠦᠲᠡᠨ ᠤ᠋ ᠥᠪᠡᠷᠲᠡᠭᠡᠨ ᠵᠠᠰᠠᠬᠤ ᠬᠣᠱᠢᠭᠤᠨ ᠤ᠋ ᠳᠤᠯᠠᠭᠠᠯᠠᠭ᠎ᠠ ᠬᠠᠩᠭᠠᠬᠤ ᠲᠥᠷᠥᠯ ᠵᠦᠶ᠋ᠯ ᠤ᠋ᠨ ᠭᠠᠵᠠᠷ 24 ᠴᠠᠭ ᠢ᠋ᠶ᠋ᠡᠷ ᠲᠠᠰᠤᠯᠳᠠᠯ ᠥᠬᠡᠶ ᠲᠣᠭᠣᠷᠢᠨ ᠪᠠᠢᠴᠠᠭᠠᠬᠤ ᠲᠣᠭ᠍ᠲᠠᠴᠠ ᠵᠢ ᠬᠡᠷᠡᠭᠵᠢᠭᠦᠯᠵᠦ᠂ ᠣᠯᠠᠨ ᠰᠠᠯᠠᠭ᠎ᠠ ᠲᠤᠰᠭᠠᠶ ᠲᠣᠭᠣᠷᠢᠨ ᠪᠠᠢᠴᠠᠭᠠᠬᠤ ᠡᠩᠨᠡᠭᠡ ᠵᠢ ᠵᠣᠬᠢᠶᠠᠨ ᠪᠠᠢᠭᠤᠯᠤᠨ ᠦᠶ᠋ᠯᠡᠳᠪᠦᠷᠢ ᠶ᠋ᠢᠨ ᠲᠣᠭᠣᠷᠢᠭ ᠤ᠋ᠨ ᠨᠡᠭᠦᠷᠡᠰᠦᠨ ᠭᠦᠸᠸᠯᠦ᠂ ᠪᠥᠬᠥ᠌ ᠤᠷᠤᠨ ᠪᠦᠰᠡ ᠶ᠋ᠢᠨ ᠳᠤᠯᠠᠭᠠᠯᠠᠭ᠎ᠠ ᠬᠠᠩᠭᠠᠬᠤ ᠬᠣᠭᠣᠯᠠᠶ ᠲᠤᠤᠷ ᠵᠢᠴᠢ ᠢᠯᠴᠢ ᠰᠣᠯᠢᠬᠤ ᠥᠷᠲᠡᠭᠡ ᠳ᠋ᠤ ᠪᠦᠬᠦ ᠲᠠᠯ᠎ᠠ ᠶ᠋ᠢᠨ ᠵᠢᠬᠰᠠᠭᠠᠨ ᠪᠠᠢᠴᠠᠭᠠᠯᠲᠠ ᠥᠷᠨᠢᠭᠦᠯᠵᠦ᠂ ᠭᠡᠮ ᠰᠤᠭᠤᠭ ᠢ᠋ ᠡᠷᠲᠡ ᠢᠯᠡᠷᠡᠭᠦᠯᠦᠨ ᠡᠷᠲᠡ ᠰᠢᠢᠳᠪᠦᠷᠢᠯᠡᠵᠦ᠂ ᠳᠤᠯᠠᠭᠠᠯᠠᠭ᠎ᠠ ᠬᠠᠨᠭᠭᠠᠬᠤ ᠰᠢᠰᠲᠸᠮ ᠢ᠋ ᠲᠤᠬᠲᠠᠭᠤᠨ ᠢ᠋ᠶ᠋ᠡᠷ ᠠᠵᠢᠯᠯᠠᠭᠤᠯᠬᠤ ᠰᠠᠭᠤᠷᠢ ᠵᠢ ᠪᠡᠬᠢᠵᠢᠭᠦᠯᠪᠡ᠃ ᠬᠢᠩᠭᠠᠨ ᠠᠢᠮᠠᠭ ᠤ᠋ᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ ᠤ᠋ ᠣᠷᠣᠨ ᠰᠠᠭᠤᠴᠠ ᠪᠠ ᠬᠣᠲᠠ ᠬᠥᠳᠡᠭᠡ ᠶ᠋ᠢᠨ ᠪᠥᠲᠥᠭᠡᠨ ᠪᠠᠢᠭᠤᠯᠤᠯᠲᠠ ᠶ᠋ᠢᠨ ᠲᠣᠪᠴᠢᠶ᠎ᠠ ᠶ᠋ᠢᠨ ᠬᠢᠨ ᠳᠤᠯᠠᠭᠠᠯᠠᠭ᠎ᠠ ᠬᠠᠩᠭᠠᠬᠤ ᠵᠢ ᠪᠠᠲᠤᠯᠠᠬᠤ᠂ ᠬᠣᠲᠠ ᠶ᠋ᠢᠨ ᠶᠠᠪᠤᠳᠠᠯ ᠤ᠋ᠨ ᠲᠤᠨᠤᠭ ᠲᠦᠬᠦᠭᠡᠷᠦᠮᠵᠢ ᠶ᠋ᠢᠨ ᠲᠣᠭ᠍ᠲᠠᠭᠤᠨ ᠢ᠋ᠶ᠋ᠡᠷ ᠠᠵᠢᠯᠯᠠᠬᠤ ᠵᠢ ᠬᠠᠮᠠᠭᠠᠯᠠᠬᠤ ᠪᠡᠷ ᠭᠤᠤᠯ ᠡᠭᠦᠷᠭᠡ ᠪᠣᠯᠭᠠᠨ᠂ ᠢᠯᠴᠢ ᠶ᠋ᠢᠨ ᠬᠦᠴᠦᠨ ᠤ᠋ ᠬᠣᠭᠣᠯᠠᠶ ᠲᠣᠣᠷ ᠢ᠋ ᠲᠣᠭᠣᠷᠢᠨ ᠪᠠᠢᠴᠠᠭᠠᠵᠤ ᠰᠡᠯᠪᠢᠨ ᠵᠠᠰᠠᠬᠤ ᠵᠢ ᠴᠢᠩᠭᠠᠳᠭᠠᠵᠤ᠂ ᠰᠠᠭᠤᠭᠠᠯᠢ ᠠᠷᠠᠳ ᠤ᠋ᠨ ᠦᠷᠦᠬᠡᠨ ᠤ᠋ ᠳᠤᠯᠠᠭᠠᠨᠦ ᠬᠡᠮᠵᠢᠶ᠎ᠠ ᠪᠠᠷᠢᠮᠵᠢᠶ᠎ᠠ ᠳ᠋ᠤ ᠬᠦᠷᠬᠦ᠌ ᠵᠢ ᠪᠠᠲᠤᠯᠠᠵᠤ ᠪᠠᠢᠨ᠎ᠠ᠃ ᠤᠯᠤᠰ ᠤ᠋ᠨ ᠴᠠᠬᠢᠯᠭᠠᠨ ᠲᠤᠤᠷ ᠤ᠋ᠨ ᠠᠸ᠋ᠬᠠᠨ ᠬᠣᠱᠢᠭᠤᠨ ᠤ᠋ ᠴᠠᠬᠢᠯᠭᠠᠨ ᠬᠠᠩᠭᠠᠬᠤ ᠺᠣᠮᠫᠠᠨᠢ ᠬᠦᠨᠳᠦ ᠳᠠᠭᠠᠭᠠᠴᠠ ᠲᠠᠢ ᠴᠠᠬᠢᠯᠭᠠᠨ ᠬᠠᠨᠭᠭᠠᠬᠤ ᠤᠷᠤᠨ ᠤ᠋ ᠲᠣᠨᠣᠭ ᠲᠥᠬᠥᠭᠡᠷᠦᠮᠵᠢ ᠶ᠋ᠢᠨ ᠬᠡᠮ ᠰᠣᠭᠣᠭ ᠢ᠋ ᠵᠢᠭ᠍ᠰᠠᠭᠠᠨ ᠪᠠᠢᠴᠠᠭᠠᠵᠤ᠂ ᠬᠡᠷ ᠲᠦ᠍ᠨᠢ ᠬᠦᠷᠴᠦ᠍ ᠴᠠᠬᠢᠯᠭᠠᠨ ᠢ᠋ᠶ᠋ᠡᠷ ᠳᠤᠯᠠᠭᠠᠯᠠᠬᠤ ᠲᠥᠬᠥᠭᠡᠷᠦᠮᠵᠢ ᠵᠢ ᠪᠠᠢᠴᠠᠭᠠᠨ ᠵᠠᠰᠠᠵᠤ᠂ 24 ᠴᠠᠭ ᠤ᠋ᠨ ᠵᠠᠪᠳᠤᠨ ᠵᠠᠰᠠᠬᠤ ᠤᠲᠠᠰᠤ ᠲᠤᠬᠢᠷᠠᠭᠤᠯᠤᠨ᠂ ᠭᠡᠮ ᠰᠠᠭᠠᠳ ᠢ᠋ ᠴᠠᠭ ᠲᠤᠬᠠᠢ ᠳ᠋ᠤᠨᠢ ᠰᠢᠢᠳᠪᠦᠷᠢᠯᠡᠬᠦ ᠵᠢ ᠪᠠᠳᠤᠯᠠᠵᠤ ᠪᠤᠢ᠃
ᠭᠠᠬᠴᠠᠭᠠᠷ ᠰᠠᠭᠤᠭ᠎ᠠ ᠨᠠᠰᠤᠲᠠᠨ᠂ ᠬᠦᠴᠢᠷᠳᠡᠯᠲᠡᠢ ᠭᠡᠷ ᠪᠦᠯᠢ ᠵᠡᠷᠭᠡ ᠤᠨᠴᠠᠭᠠᠢ ᠬᠦᠮᠦᠰ ᠲᠦ᠍ ᠴᠢᠭᠯᠡᠭᠦᠯᠦᠨ ᠪᠦᠬᠦ ᠤᠷᠤᠨ ᠤ᠋ ᠡᠯ᠎ᠡ ᠭᠠᠵᠠᠷ ᠤ᠋ᠨ ᠬᠢᠨ ᠤᠨᠤᠴᠠᠲᠠᠢ ᠬᠠᠪᠰᠤᠷᠤᠨ ᠲᠡᠳᠭᠦᠬᠦ ᠠᠵᠢᠯᠯᠠᠭ᠎ᠠ ᠦᠷᠨᠢᠭᠦᠯᠪᠡ᠃ ᠲᠦᠩᠯᠢᠶᠣᠤ ᠬᠣᠲᠠ ᠬᠦᠴᠢᠷᠳᠡᠯᠲᠡᠶ ᠬᠥᠮᠦᠰ᠂ ᠭᠠᠭ᠍ᠴᠠᠭᠠᠷ ᠰᠠᠭᠤᠭ᠎ᠠ ᠨᠠᠰᠤᠲᠠᠢᠴᠤᠳ᠂ ᠬᠦᠨᠳᠦ ᠬᠡᠮᠵᠢᠶᠡᠨ ᠤ᠋ ᠵᠡᠮᠳᠡᠭ᠌ᠴᠦᠳ ᠵᠡᠷᠭᠡ ᠣᠨᠴᠠᠭᠠᠶ ᠬᠥᠮᠦᠰ ᠲᠦ᠍ ᠠᠩᠬᠠᠷᠤᠯ ᠢ᠋ᠶ᠋ᠡᠨ ᠲᠥᠪᠯᠡᠷᠡᠭᠦᠯᠵᠦ᠍᠂ 《ᠨᠢᠭᠡ ᠬᠥᠮᠦᠨ ᠳ᠋ᠤ ᠨᠢᠭᠡ ᠲᠠᠩᠰᠠ ᠡᠪᠬᠡᠮᠡᠯ ᠪᠠᠢᠭᠤᠯᠵᠤ᠂ ᠨᠢᠭᠡ ᠡᠷᠦᠬᠡ ᠳ᠋ᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ》 ᠬᠥᠳᠡᠯᠦᠩᠭᠦᠶ ᠡᠬᠡ ᠲᠠᠩᠰᠠ ᠵᠢ ᠪᠠᠢᠭᠤᠯᠤᠨ ᠬᠠᠪᠰᠤᠷᠤᠨ ᠲᠡᠳᠬᠦᠵᠤ᠂ ᠦᠨᠳᠦᠰᠦᠨ ᠱᠠᠲᠤᠨ ᠤ᠋ ᠵᠡᠭᠡᠯᠢ ᠭᠤᠳᠤᠮᠵᠢ ᠶ᠋ᠢᠨ ᠠᠵᠢᠯᠲᠠᠳ ᠬᠦᠴᠢᠷᠳᠡᠯᠲᠡᠶ ᠬᠡᠷ ᠪᠦᠯᠢ ᠳ᠋ᠤ ᠲᠣᠬᠣᠨᠢᠭᠤᠯᠬᠤ ᠡᠳ᠋ ᠪᠣᠳᠠᠰ ᠵᠢᠴᠢ ᠲᠣᠬᠣᠨᠢᠭᠤᠯᠬᠤ ᠮᠥᠩᠭᠥ᠌ ᠬᠦᠷᠭᠡᠬᠦ ᠶ᠋ᠢᠨ ᠵᠡᠷᠭᠡ ᠪᠡᠷ ᠳᠤᠯᠠᠭᠠᠯᠠᠭ᠎ᠠ ᠶ᠋ᠢᠨ ᠲᠦᠬᠦᠭᠡᠷᠦᠮᠵᠢ ᠶ᠋ᠢᠨ ᠠᠮᠤᠷ ᠲᠦᠪᠱᠢᠨ ᠤ᠋ ᠬᠡᠮ ᠰᠣᠭᠣᠭ ᠢ᠋ ᠵᠢᠭ᠍ᠰᠠᠭᠠᠨ ᠪᠠᠢᠴᠠᠭᠠᠵᠤ᠂ ᠪᠥᠬᠥ᠌ ᠬᠣᠲᠠ ᠶ᠋ᠢᠨ ᠡᠯ᠎ᠡ ᠱᠠᠲᠤᠨ ᠤ᠋ ᠨᠡᠢᠭᠡᠮ ᠤ᠋ᠨ ᠠᠪᠤᠷᠠᠨ ᠲᠤᠰᠠᠯᠠᠬᠤ ᠬᠠᠯᠠᠮᠱᠢᠯ ᠤᠲᠠᠰᠤ ᠵᠢ 24 ᠴᠠᠭ ᠢ᠋ᠶ᠋ᠡᠷ ᠨᠡᠪᠲᠡᠷᠡᠭᠦᠯᠤᠨ᠂ ᠳᠤᠯᠠᠭᠠᠯᠠᠭ᠎ᠠ ᠬᠠᠨᠭᠭᠠᠬᠤ ᠠᠰᠠᠭᠤᠳᠠᠯ ᠢ᠋ ᠰᠢᠢᠳᠪᠦᠷᠢᠯᠡᠵᠤ ᠪᠠᠢᠨ᠎ᠠ᠃ ᠬᠢᠩᠭᠠᠨ ᠠᠢᠮᠠᠭ ᠤ᠋ᠨ ᠷᠠᠱᠢᠶᠠᠨ ᠬᠣᠲᠠ ᠶ᠋ᠢᠨ ᠬᠠᠯᠠᠭᠤᠨ ᠷᠠᠱᠢᠶᠠᠨ ᠵᠡᠭᠡᠯᠢ ᠭᠤᠳᠤᠮᠵᠢ ᠶ᠋ᠢᠨ 《ᠣᠴᠢ》 ᠰᠠᠢᠨ ᠳᠤᠷ᠎ᠠ ᠶ᠋ᠢᠨ ᠦᠶ᠋ᠯᠡᠴᠢᠯᠡᠭᠡᠨ ᠤ᠋ ᠠᠩᠭᠢ ᠬᠠᠷᠢᠶ᠎ᠠ ᠤᠷᠤᠨ ᠤ᠋ ᠪᠠᠨ ᠭᠠᠭ᠍ᠴᠠᠭᠠᠷ ᠰᠠᠭᠤᠭ᠎ᠠ ᠨᠠᠰᠤᠲᠠᠳ᠂ ᠵᠡᠮᠳᠡᠭᠴᠦᠳ᠂ ᠬᠦᠴᠢᠷᠳᠡᠯᠲᠡᠶ ᠬᠡᠷ ᠪᠦᠯᠢ ᠶ᠋ᠢᠨ ᠬᠢᠨ ᠳ᠋ᠤ ᠬᠦᠷᠴᠦ ᠬᠠᠬᠢᠷ ᠬᠦᠶ᠋ᠲᠡᠨ ᠢ᠋ ᠰᠡᠷᠭᠡᠢᠯᠡᠬᠦ᠌ ᠡᠳ᠋ ᠪᠣᠳᠠᠰ ᠬᠦᠷᠭᠡᠭ᠌ᠰᠡᠨ ᠪᠥᠭᠡᠳ ᠴᠠᠬᠢᠯᠭᠠᠨ ᠪᠠ ᠭᠠᠯ ᠢ᠋ᠶ᠋ᠡᠷ ᠳᠤᠯᠠᠭᠠᠯᠠᠭ᠎ᠠ ᠠᠪᠬᠤ ᠠᠮᠤᠷ ᠲᠦᠪᠰᠢᠨ ᠤ᠋ ᠠᠩᠬᠠᠷᠤᠭᠤᠰᠢᠳᠠᠢ ᠠᠰᠠᠭᠤᠳᠠᠯ ᠢ᠋ ᠨᠢᠬᠡᠳ ᠨᠢᠬᠡ ᠪᠡᠷ ᠲᠠᠢᠯᠪᠤᠷᠢᠯᠠᠵᠤ ᠦᠭᠪᠡ᠃
ᠳᠤᠯᠠᠭᠠᠯᠠᠭ᠎ᠠ ᠬᠠᠩᠭᠠᠬᠤ ᠬᠤᠭᠤᠯᠠᠢ ᠲᠤᠤᠷ ᠤ᠋ᠨ ᠤᠰᠤᠨ ᠤ᠋ ᠢᠯᠴᠢ ᠵᠢᠨ ᠬᠡᠮᠵᠢᠶ᠎ᠡ ᠵᠢ ᠨᠡᠮᠡᠭᠳᠡᠭᠦᠯᠬᠦ ᠡᠴᠡ ᠲᠦᠬᠦᠭᠡᠷᠦᠮᠵᠢ ᠵᠢ ᠲᠤᠬᠲᠠᠭᠤᠨ ᠢ᠋ᠶ᠋ᠡᠷ ᠠᠵᠢᠯᠯᠠᠭᠤᠯᠬᠤ᠂ ᠡᠨ᠋ᠸᠷᠬᠢ ᠵᠢᠨ ᠪᠠᠳᠤᠯᠠᠭ᠎ᠠ ᠡᠴᠡ ᠤᠨᠴᠠᠭᠠᠢ ᠬᠦᠮᠦᠰ ᠢ᠋ ᠲᠤᠰᠬᠠᠢ ᠬᠠᠪᠰᠤᠷᠤᠨ ᠲᠡᠳᠭᠦᠬᠦ ᠬᠦᠷᠲᠡᠯ᠎ᠡ᠂ ᠦᠪᠦᠷ ᠮᠤᠨᠭᠭᠤᠯ ᠬᠦᠴᠦᠨ ᠪᠦᠬᠦᠢ ᠠᠷᠭ᠎ᠠ ᠬᠡᠮᠵᠢᠶ᠎ᠡ ᠪᠤᠯᠤᠨ ᠰᠡᠳᠭᠢᠯ ᠢ᠋ ᠳᠤᠯᠠᠭᠠᠴᠠᠭᠤᠯᠤᠭᠰᠠᠨ ᠦᠢᠯᠡᠴᠢᠯᠡᠭᠡ ᠪᠠᠷ ᠬᠠᠬᠢᠷ ᠬᠦᠢᠲᠡᠨ ᠢ᠋ ᠠᠷᠭᠠᠴᠠᠭᠠᠬᠤ ᠳᠤᠯᠠᠭᠠᠯᠠᠭ᠎ᠠ ᠶ᠋ᠢᠨ ᠪᠠᠲᠤ ᠱᠤᠭᠤᠮ ᠢ᠋ ᠴᠤᠬᠴᠠᠯᠠᠵᠤ᠂ ᠤᠯᠠᠨ ᠲᠦᠮᠡᠨ ᠢ᠋ ᠬᠠᠯᠠᠭᠤᠨ ᠳᠤᠯᠠᠭᠠᠨ ᠠᠮᠤᠷ ᠲᠠᠢᠪᠤᠩ ᠡᠪᠦᠯᠵᠢᠭᠦᠯᠵᠤ ᠪᠠᠢᠨ᠎ᠠ᠃