ᠬᠥᠬᠡᠬᠣᠲᠠ ᠎ᠶ᠋ᠢᠨ ᠵᠡᠮᠳᠡᠭ᠌ᠴᠦᠳ ᠎ᠦᠨ ᠠᠰᠠᠷᠠᠮᠵᠢ ᠎ᠶ᠋ᠢᠨ ᠰᠠᠭᠤᠷᠢ ᠮᠥᠩᠭᠥᠨ᠎ᠦ ᠨᠡᠢᠭᠡᠮᠯᠢᠭ 3.5 ᠲᠦᠮᠡᠨ ᠬᠦᠮᠦᠨ ᠤᠳᠠᠭ᠎ᠠ᠎ᠳᠤ ᠠᠱᠢᠭ ᠬᠦᠷᠲᠡᠭᠡᠪᠡ
2026-01-22 11:20:23
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠬᠥᠬᠡᠬᠣᠲᠠ᠎ᠶ᠋ᠢᠨ ᠵᠡᠮᠳᠡᠭ᠌ᠴᠦᠳ᠎ᠦᠨ ᠠᠰᠠᠷᠠᠮᠵᠢ᠎ᠶ᠋ᠢᠨ ᠰᠠᠭᠤᠷᠢ ᠮᠥᠩᠭᠥᠨ᠎ᠦ ᠨᠡᠢᠭᠡᠮᠯᠢᠭ ᠤᠢᠷ᠎ᠠ᠎ᠳᠤ 2026 ᠣᠨ᠎ᠤ ᠠᠵᠢᠯ᠎ᠤᠨ ᠬᠤᠷᠠᠯ ᠬᠤᠷᠠᠯᠳᠤᠭᠤᠯᠵᠤ᠂ ᠥᠩᠭᠡᠷᠡᠭ᠌ᠰᠡᠨ ᠨᠢᠭᠡ ᠵᠢᠯ᠎ᠦᠨ ᠠᠵᠢᠯ᠎ᠢᠶᠠᠨ ᠪᠥᠬᠥ᠌ ᠲᠠᠯ᠎ᠠ᠎ᠪᠠᠷ ᠳ᠋ᠦᠩᠨᠡᠵᠦ 2026 ᠣᠨ᠎ᠤ ᠬᠥᠭ᠌ᠵᠢᠯᠲᠡ᠎ᠶ᠋ᠢᠨ ᠵᠢᠷᠤᠭ ᠲᠥᠰᠦᠪ ᠵᠢᠡᠨ ᠲᠥᠯᠥᠪᠵᠢᠭᠦᠯᠵᠦ᠂ ᠵᠡᠮᠳᠡᠭ᠌ᠴᠦᠳ᠎ᠢ ᠲᠤᠰᠠᠯᠠᠬᠰᠠᠨ ᠬᠠᠯᠠᠭᠤᠨ ᠰᠡᠳᠬᠢᠯᠲᠦ ᠠᠵᠤ ᠠᠬᠤᠢᠯᠠᠯ᠎ᠳᠤ ᠢᠷᠠᠭᠤ ᠠᠯᠳᠠᠷ᠎ᠤᠨ ᠱᠠᠩᠨᠠᠯ᠎ᠤᠨ ᠮᠧᠳᠠᠯ ᠣᠯᠭᠣᠪᠠ᠃

2025 ᠣᠨ᠎ᠳᠤ ᠬᠥᠬᠡᠬᠣᠲᠠ᠎ᠶ᠋ᠢᠨ ᠵᠡᠮᠳᠡᠭ᠌ᠴᠦᠳ᠎ᠦᠨ ᠠᠰᠠᠷᠠᠮᠵᠢ᠎ᠶ᠋ᠢᠨ ᠰᠠᠭᠤᠷᠢ ᠮᠥᠩᠭᠥᠨ᠎ᠦ ᠨᠡᠢᠭᠡᠮᠯᠢᠭ ᠨᠡᠢᠲᠡ 2052.24 ᠲᠦᠮᠡᠨ ᠲᠥᠭᠥᠷᠢᠭ᠎ᠦᠨ ᠦᠷᠳᠡᠭ ᠪᠦᠬᠦᠢ ᠨᠡᠢᠭᠡᠮ᠎ᠦᠨ ᠬᠠᠨᠳᠢᠪᠯᠠᠭ᠍ᠰᠠᠨ ᠪᠠᠯᠠ ᠮᠥᠩᠭᠥ᠌ ᠵᠢᠴᠢ ᠡᠳ᠋ ᠪᠣᠳᠠᠰ᠎ᠢ ᠭᠥᠯᠢᠶᠡᠨ ᠠᠪᠴᠤ᠌᠂ ᠡᠭᠦᠨ᠎ᠳᠦ ᠪᠡᠯᠡᠨ ᠵᠣᠭᠣᠰ 238.63 ᠲᠦᠮᠡᠨ ᠲᠥᠭᠥᠷᠢᠭ ᠪᠣᠶ᠃ ᠬᠠᠨᠳᠢᠪᠯᠠᠭ᠍ᠰᠠᠨ ᠡᠳ᠋ ᠪᠣᠳᠠᠰ᠎ᠲᠤ ᠭᠤᠤᠯᠳᠠᠭᠤ ᠰᠣᠨᠣᠰᠤᠭᠤᠷ᠂ ᠡᠷᠡᠭᠦᠯ ᠮᠡᠨᠳᠦ᠍᠎ᠶ᠋ᠢᠨ ᠣᠶᠤᠨᠴᠢ ᠭᠠᠷ ᠴᠠᠭ᠂ ᠪᠡᠶ᠎ᠡ᠎ᠶ᠋ᠢᠨ ᠪᠠᠢᠴᠠᠭᠠᠯᠲᠠ᠎ᠶ᠋ᠢᠨ ᠺᠠᠷᠲ᠂ ᠡᠮᠴᠢᠯᠡᠭᠡᠨ᠎ᠦ ᠪᠠᠭᠠᠵᠢ ᠬᠡᠷᠡᠭ᠌ᠰᠡᠯ᠂ ᠪᠣᠬᠢᠷᠲᠤᠯ ᠥᠬᠡᠶ ᠲᠠᠷᠢᠶᠠᠯᠠᠩ᠎ᠤᠨ ᠪᠦᠲᠦᠭᠡᠭ᠌ᠳᠡᠬᠦᠨ ᠵᠢᠴᠢ ᠡᠯ᠎ᠡ ᠲᠥᠷᠥᠯ᠎ᠦᠨ ᠠᠮᠢᠳᠤᠷᠠᠯ᠎ᠤᠨ ᠴᠢᠬᠤᠯᠠ ᠬᠡᠷᠡᠭ᠌ᠴᠡᠭᠡᠨ᠎ᠦ ᠵᠦᠶ᠋ᠯ ᠪᠠᠭ᠍ᠲᠠᠨ᠎ᠠ᠃ ᠡᠲᠡᠭᠡᠷ ᠡᠳ᠋ ᠪᠣᠳᠠᠰ᠎ᠨᠢ ᠪᠥᠬᠥ᠌ ᠵᠢᠯ᠎ᠳᠦ ᠪᠥᠬᠥ᠌ ᠬᠣᠲᠠ᠎ᠶ᠋ᠢᠨ ᠵᠡᠮᠳᠡᠭᠴᠤᠳ᠎ᠤᠨ 3.5 ᠲᠦᠮᠡᠨ ᠬᠦᠮᠦᠨ ᠤᠳᠠᠭ᠎ᠠ ᠎ᠳ᠋ᠤ ᠠᠱᠢᠭ ᠬᠦᠷᠲᠡᠭᠡᠵᠦ᠍᠂ ᠲᠤᠰᠠᠯᠠᠮᠵᠢ ᠭᠥᠷᠳᠡᠭ᠌ᠰᠡᠨ ᠬᠥᠮᠦᠰ᠎ᠦᠨ ᠡᠳᠦᠷ ᠲᠤᠲᠤᠮ᠎ᠤᠨ ᠠᠮᠢᠳᠤᠷᠠᠯ ᠎ᠢ ᠪᠦᠲᠦᠮᠵᠢᠲᠡᠶ ᠰᠠᠢᠵᠢᠷᠠᠭᠤᠯᠪᠠ᠃

ᠬᠤᠷᠠᠯ᠎ᠤᠨ ᠠᠬᠤᠶ ᠲᠠᠯᠠᠪᠠᠶ᠎ᠳᠤ ᠶᠠᠪᠤᠭ᠍ᠳᠠᠭ᠍ᠰᠠᠨ ᠬᠠᠢᠷ᠎ᠠ ᠬᠠᠯᠠᠮᠵᠢ ᠬᠦᠷᠭᠡᠬᠦ᠌ ᠭᠣᠭ᠍ᠴᠣᠭ᠎ᠠ᠎ᠳᠤ᠂ 11 ᠬᠠᠯᠠᠭᠤᠨ ᠰᠡᠳᠬᠢᠯᠲᠦ ᠠᠵᠤ ᠠᠬᠤᠢᠯᠠᠯ ᠵᠢᠴᠢ ᠨᠢᠭᠡᠴᠢ ᠨᠡᠢᠲᠡ 582.34 ᠲᠦᠮᠡᠨ ᠲᠥᠭᠥᠷᠢᠭ᠎ᠤᠨ ᠦᠷᠳᠡᠭ ᠪᠦᠬᠦᠢ ᠵᠣᠭᠣᠰ ᠮᠥᠩᠭᠥ᠌ ᠡᠳ᠋ ᠪᠣᠳᠠᠰ᠎ᠬᠠᠨᠳᠢᠪᠯᠠᠵᠠᠢ᠃ ᠡᠭᠦᠨ᠎ᠳᠦ᠂ ᠥᠪᠥᠷ ᠮᠣᠩᠭᠣᠯ᠎ᠤᠨ ᠠᠶ ᠶᠠᠩ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ 410 ᠲᠦᠮᠡᠨ ᠲᠥᠭᠥᠷᠢᠭ᠎ᠦᠨ ᠥᠷᠲᠡᠭ ᠪᠥᠬᠥᠶ ᠡᠳ᠋ ᠪᠣᠳᠠᠰ ᠬᠠᠨᠳᠢᠪᠯᠠᠵᠤ᠂ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠠᠰᠠᠷᠠᠮᠵᠢ᠎ᠶ᠋ᠢᠨ ᠰᠠᠭᠤᠷᠢ ᠮᠥᠩᠭᠥᠨ᠎ᠦ ᠨᠡᠢᠭᠡᠮᠯᠢᠭ 47 ᠲᠦᠮᠡᠨ ᠲᠥᠭᠥᠷᠢᠭ᠎ᠦᠨ ᠥᠷᠲᠡᠭ ᠪᠥᠬᠥᠶ ᠡᠳ᠋ ᠪᠣᠳᠠᠰ ᠬᠠᠨᠳᠢᠪᠯᠠᠵᠤ᠂ ᠪᠤᠰᠤᠳ ᠣᠯᠠᠨ ᠠᠵᠤ ᠠᠬᠤᠢᠯᠠᠯ ᠴᠤ᠌ ᠪᠡᠯᠡᠨ ᠵᠣᠭᠣᠰ ᠪᠤᠶᠤ ᠡᠯ᠎ᠡ ᠲᠥᠷᠥᠯ᠎ᠦᠨ ᠡᠳ᠋ ᠪᠣᠳᠠᠰ ᠬᠠᠨᠳᠢᠪᠯᠠᠪᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号