ᠱᠢᠯᠤᠭᠤᠨ ᠬᠥᠬᠡ ᠬᠣᠱᠢᠭᠤᠨ ᠎ᠤ ᠡᠪᠦᠯ ᠎ᠦᠨ ᠤᠯᠠᠷᠢᠯ᠎ᠤᠨ ᠬᠦᠳᠡᠭᠡ ᠲᠣᠰᠭᠣᠨ᠎ᠤ ᠦᠳᠡᠰᠢᠯᠡᠭᠡ ᠶᠠᠪᠤᠭᠳᠠᠵᠠᠢ
2026-01-22 11:00:54
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

 ᠤᠢᠷ᠎ᠠ ᠎ᠳᠦ ᠱᠢᠯᠤᠭᠤᠨ ᠬᠦᠬᠡ ᠬᠣᠱᠢᠭᠤᠨ᠎ᠤ ᠬᠤᠯᠠᠨ ᠱᠢᠷᠭ᠎ᠠ ᠲᠠᠭ᠎ᠠ ᠎ᠶ᠋ᠢᠨ ᠴᠠᠰᠤᠲᠤ ᠲᠠᠯ᠎ᠠ ᠎ᠳᠤ ᠥᠪᠡᠷᠮᠢᠴᠡ ᠣᠨᠴᠠᠯᠢᠭ᠎ᠪᠦᠬᠦᠢ ᠡᠪᠦᠯ ᠎ᠦᠨ ᠤᠯᠠᠷᠢᠯ ᠎ᠤᠨ ᠰᠣᠶᠣᠯ ᠎ᠤᠨ ᠦᠪᠡᠳᠡᠭ᠌ᠰᠢ ᠠᠵᠢᠯᠯᠠᠭ᠎ᠠ ᠡᠬᠢᠯᠡᠪᠡ᠃《ᠠᠶᠠᠯᠭᠤᠳᠤ ᠵᠢᠭᠤᠯᠴᠢᠯᠡᠯ ᠥᠪᠥᠷ ᠮᠣᠩᠭᠣᠯ·ᠱᠢᠯᠤᠭᠤᠨ ᠬᠥᠬᠡ ᠬᠣᠱᠢᠭᠤ᠎ᠪᠠᠷ ᠠᠶᠠᠯᠠᠨ ᠵᠤᠭᠠᠯᠠᠶ᠎ᠠ》 ᠭᠡᠬᠦ ᠰᠡᠳᠦᠪᠲᠦ ᠬᠤᠯᠠᠨ ᠱᠢᠷᠭ᠎ᠠ ᠲᠠᠭ᠎ᠠ ᠎ᠶ᠋ᠢᠨ ᠮᠦᠡᠭᠭᠦᠨ ᠡᠪᠦᠯ᠎ᠤᠨ ᠠᠵᠢᠯᠯᠠᠭ᠎ᠠ — ᠱᠢᠯᠢ ᠶ᠋ᠢᠨ ᠭᠤᠤᠯ ᠠᠢᠮᠠᠭ᠎ᠤᠨ ᠣᠯᠠᠨ ᠲᠦᠮᠡᠨᠴᠢ ᠰᠣᠶᠣᠯ ᠎ᠤᠨ ᠨᠠᠭᠠᠳᠤᠮ ᠎ᠤᠨ ᠡᠪᠦᠯ ᠎ᠦᠨ ᠤᠯᠠᠷᠢᠯ᠎ᠤᠨ ᠬᠦᠳᠡᠭᠡ ᠲᠣᠰᠭᠣᠨ᠎ᠤ ᠦᠳᠡᠰᠢᠯᠡᠭᠡ ᠱᠢᠯᠤᠭᠤᠨ ᠬᠥᠬᠡ ᠬᠣᠱᠢᠭᠤᠨ᠎ᠤ ᠵᠢᠭᠠᠰᠤᠲᠠᠶ ᠰᠤᠮᠤᠨ᠎ᠳᠤ ᠪᠤᠯᠪᠠ᠃

ᠤᠯᠠᠭᠠᠨᠮᠥ᠋ᠴᠢᠷ᠎ᠦᠨ ᠭᠣᠢᠳᠠ ᠰᠠᠢᠬᠠᠨ ᠪᠥᠵᠢᠭ ᠲᠤᠬᠠᠢ᠎ᠶ᠋ᠢᠨ ᠲᠠᠯᠠᠪᠠᠢ᠎ᠶ᠋ᠢᠨ ᠠᠭᠤᠷ ᠠᠮᠢᠰᠭᠤᠯ᠎ᠢ ᠬᠥᠭ᠌ᠵᠢᠭᠡᠵᠦ᠂ ᠲᠦᠳᠡᠭ ᠭᠠᠯ᠎ᠤᠨ ᠳᠠᠭᠠᠳᠭᠠᠬᠤ ᠶᠣᠰᠣᠯᠠᠯ ᠡᠪᠦᠯ᠎ᠦᠨ ᠴᠠᠰᠤᠲᠤ ᠲᠠᠯ᠎ᠠ᠎ᠳᠤ ᠬᠠᠯᠠᠭᠤᠨ ᠳᠤᠯᠠᠭᠠᠨ᠎ᠢ ᠠᠪᠴᠢᠷᠠᠵᠦ᠂ ᠵᠢᠯ ᠵᠢᠯ ᠬᠤᠷ᠎ᠠ ᠪᠤᠷᠤᠭᠠᠨ ᠲᠡᠭᠰᠢᠷᠡᠵᠦ᠂ ᠲᠦᠷᠦ ᠲᠦᠪᠰᠢᠨ ᠲᠦᠮᠡᠨ ᠠᠮᠤᠭᠤᠯᠠᠡᠭ ᠪᠠᠢᠬᠤ ᠵᠢᠨ ᠬᠦᠰᠡᠯ ᠵᠥᠩᠨᠡᠯ᠎ᠢ ᠲᠡᠪᠰᠢᠭᠦᠯᠵᠠᠢ᠃ ᠤᠷᠤᠯᠳᠤᠭᠠᠨ ᠎ᠳᠤ ᠣᠷᠣᠯᠴᠠᠭ᠍ᠰᠠᠨ ᠪᠥᠬᠡᠴᠤᠳ᠂ ᠭᠠᠡᠭᠭᠠᠡᠭ ᠠᠳᠠᠨ ᠲᠡᠮᠡᠭᠡ᠂ ᠮᠠᠯᠴᠢᠳ᠎ᠠᠷᠠᠳ ᠤ᠋ᠨ ᠡᠡᠭᠨᠡᠭᠡ ᠵᠡᠷᠭᠡ ᠨᠢ ᠰᠦᠷᠯᠢᠭ ᠰᠠᠢᠬᠠᠨ ᠠᠭᠤᠳᠠᠮ ᠠᠮᠢᠰᠬᠤᠯᠳᠤ ᠲᠠᠯ᠎ᠠ ᠨᠤᠲᠤᠭ᠎ᠤᠨ ᠬᠦᠭᠵᠢᠯ ᠪᠠᠳᠠᠷᠠᠯ᠎ᠢ ᠢᠯᠡᠷᠡᠭᠦᠯᠦᠭ᠌ᠰᠡᠨ ᠪᠠᠢᠨ᠎ᠠ᠃

ᠠᠳᠠᠨ ᠲᠡᠮᠡᠭᠡᠨ᠎ᠦ ᠱᠢᠯᠭᠠᠷᠠᠭᠤᠯᠤᠯᠲᠠ ᠴᠠᠰᠤᠲᠤ ᠲᠠᠯ᠎ᠠ᠎ᠳᠤ ᠪᠠᠰᠠ ᠨᠢᠭᠡᠨ ᠭᠤᠢᠳᠠ ᠦᠵᠡᠮᠵᠢ ᠨᠡᠮᠡᠷᠢᠯᠡᠯ᠎ᠡ᠃ ᠱᠢᠯᠭᠠᠷᠠᠭᠤᠯᠬᠤ ᠺᠣᠮᠢᠰ᠎ᠤᠨ ᠭᠡᠱᠢᠭᠦᠳ ᠪᠡᠶ᠎ᠡ ᠎ᠶ᠋ᠢᠨ ᠪᠠᠢᠳᠠᠯ᠂ ᠦᠰᠦᠨ᠎ᠦ ᠥᠩᠭᠡ᠂ ᠵᠠᠰᠠᠯ ᠴᠢᠮᠡᠭ᠌ᠯᠡᠯ᠂ ᠠᠯᠬᠤᠭ᠎ᠠ ᠵᠡᠷᠭᠡ ᠣᠯᠠᠨ ᠲᠠᠯ᠎ᠠ᠎ᠠᠴᠠ ᠱᠢᠯᠭᠠᠷᠠᠭᠤᠯᠵᠤ᠂ ᠭᠤᠶᠤ ᠰᠠᠢᠬᠠᠨ ᠲᠡᠮᠡᠭᠡᠨ ᠡᠳ᠋ᠯᠡᠯ᠎ᠦᠨ ᠵᠠᠰᠠᠯ ᠴᠢᠮᠡᠭ᠌ᠯᠡᠯ ᠨᠢ ᠮᠠᠯᠴᠢᠳ᠎ᠤᠨ ᠤᠷᠠᠨ ᠨᠠᠷᠢᠯᠢᠭ ᠤᠷ᠎ᠠ ᠮᠡᠷᠭᠡᠵᠢᠯ᠎ᠢ ᠢᠯᠡᠷᠡᠭᠦᠯᠦᠭ᠌ᠰᠡᠨ᠎ᠢᠶᠡᠷ ᠪᠠᠷᠠᠬᠤ ᠥᠬᠡᠶ᠂ ᠨᠠᠩ ᠴᠤ᠌ ᠲᠠᠯ᠎ᠠ ᠨᠤᠲᠤᠭ᠎ᠤᠨ ᠥᠪᠡᠷᠮᠢᠴᠡ ᠭᠤᠤ᠎ᠠ ᠲᠠᠭᠠᠱᠢᠶᠠᠯ᠎ᠤᠨ ᠬᠥᠭᠡᠭᠡᠴᠡᠯᠳᠦᠯ᠎ᠢ ᠢᠯᠡᠷᠡᠭᠦᠯᠦᠭ᠌ᠰᠡᠨ ᠪᠠᠢᠨ᠎ᠠ᠃ ᠤᠯᠠᠮᠵᠢᠯᠠᠯᠲᠤ ᠰᠤᠷ ᠬᠠᠷᠪᠤᠯᠲᠠ᠎ᠳᠤ ᠮᠡᠷᠭᠡᠨ ᠰᠤᠮᠤ ᠬᠦᠪᠴᠢ ᠡᠴᠡ ᠰᠠᠯᠤᠨ ᠱᠤᠤᠭᠢᠵᠦ᠂ ᠰᠠᠷᠠᠨ ᠫᠠᠢ ᠵᠢᠨ ᠤᠯᠠᠭᠠᠨ ᠭᠤᠤᠯ᠎ᠢ ᠤᠨᠤᠬᠤ ᠪᠦᠷᠢ ᠲᠠᠯᠠᠪᠠᠢ ᠵᠢᠨ ᠦᠵᠡᠭᠴᠢᠳ ᠤᠤᠬᠠᠢᠯᠠᠯᠳᠤᠨ ᠠᠯᠠᠭ᠎ᠠ ᠲᠠᠰᠢᠵᠠᠭᠠᠨ᠎ᠠ᠃ ᠬᠦᠴᠦᠳᠤ ᠪᠦᠬᠡ ᠵᠢᠨ ᠪᠠᠷᠢᠯᠳᠤᠭᠠᠨ ᠡᠬᠢᠯᠡᠬᠦ᠎ᠳᠤ ᠨᠠᠢᠷ᠎ᠤᠨ ᠬᠦᠷᠢᠶ᠎ᠡ ᠵᠢᠵᠢᠭᠷᠡᠵᠦ᠂ ᠡᠷ᠎ᠡ ᠪᠢᠷ᠎ᠠ ᠠᠪᠬᠠᠯᠵᠢ ᠰᠠᠮᠪᠠᠭ᠎ᠠ ᠲᠠᠢ ᠪᠦᠬᠡᠴᠤᠳ ᠤᠯᠠᠨ᠎ᠤ ᠠᠡᠭᠬᠠᠷᠤᠯ᠎ᠤᠨ ᠲᠦᠪ ᠪᠤᠯᠪᠠ᠃

ᠤᠯᠠᠮᠵᠢᠯᠠᠯᠲᠤ ᠲᠣᠭ᠍ᠯᠠᠭᠠᠮ᠎ᠤᠨ ᠪᠡᠶᠡᠴᠢᠯᠡᠨ ᠣᠢᠯᠠᠭᠠᠬᠤ ᠲᠣᠭᠣᠷᠢᠭ᠎ᠲᠤ ᠮᠠᠰᠢ ᠣᠯᠠᠨ ᠵᠢᠭᠤᠯᠴᠢᠯᠠᠭᠴᠢ ᠬᠤᠷᠠᠨ ᠴᠤᠬᠯᠠᠵᠠᠢ᠃ ᠱᠠᠭ᠎ᠠ᠎ᠤᠷᠤᠯᠳᠤᠬᠤ᠂ ᠮᠣᠷᠢ ᠤᠷᠤᠯᠳᠤᠬᠤ᠂ ᠰᠤᠷ ᠬᠠᠷᠪᠤᠬᠤ ᠵᠡᠷᠭᠡ ᠤᠯᠠᠮᠵᠢᠯᠠᠯᠲᠤ ᠲᠣᠭ᠍ᠯᠠᠭᠠᠮ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠣᠢᠯᠠᠭᠠᠯᠴᠠᠭ᠎ᠠ᠂ ᠨᠢᠭᠲᠠᠷᠠᠯ ᠪᠦᠯᠬᠦᠮᠳᠡᠯ᠂ ᠪᠠᠶᠠᠷ ᠪᠠᠶᠠᠰᠤᠯ᠎ᠢ ᠬᠠᠮᠲᠤ᠎ᠪᠠᠷ ᠡᠳ᠋ᠯᠡᠬᠦ᠌ ᠬᠠᠯᠠᠭᠤᠨ ᠳᠤᠯᠠᠭᠠᠨ ᠭᠣᠣᠯ ᠰᠡᠳᠦᠪ᠎ᠢ ᠳᠠᠮᠵᠢᠭᠤᠯᠵᠤ ᠪᠠᠢᠪᠠ᠃

ᠲᠣᠰ ᠡᠪᠦᠯ ᠎ᠦᠨ ᠤᠯᠠᠷᠢᠯ ᠎ᠤᠨ ᠭᠠᠴᠠᠭ᠎ᠠ ᠲᠤᠰᠬᠤᠨ᠎ᠤ ᠦᠳᠡᠰᠢᠯᠡᠭᠡ ᠠᠮᠵᠢᠯᠲᠠ ᠳᠠᠢ ᠶᠠᠪᠤᠭᠳᠠᠭᠰᠠᠨ ᠨᠢ ᠤᠯᠠᠮᠵᠢᠯᠠᠯᠲᠤ ᠨᠠᠭᠠᠳᠤᠮ ᠬᠢᠭᠡᠳ ᠣᠲᠣ ᠦᠶ᠎ᠡ᠎ᠶ᠋ᠢᠨ ᠣᠯᠠᠨ ᠲᠦᠮᠡᠨᠴᠢ ᠰᠣᠶᠣᠯ᠎ᠤᠨ ᠠᠵᠢᠯᠯᠠᠭ᠎ᠠ ᠵᠢ ᠣᠷᠭᠠᠨᠢᠭ᠎ᠢᠶᠠᠷ ᠤᠶᠠᠯᠳᠤᠭᠤᠯᠵᠦ᠂ ᠡᠪᠦᠯ᠎ᠦᠨ ᠤᠯᠠᠷᠢᠯ᠎ᠤᠨ ᠲᠠᠯ᠎ᠠ ᠨᠤᠲᠤᠭ ᠎ᠢ ᠰᠣᠶᠣᠯ᠎ᠤᠨ ᠳᠡᠯᠭᠡᠨ ᠦᠵᠡᠭᠦᠯᠭᠡ᠎ᠶ᠋ᠢᠨ ᠬᠠᠯᠠᠭᠤᠨ ᠬᠥᠷᠥᠰᠥ᠍᠂ ᠵᠢᠭᠤᠯᠴᠢᠯᠠᠯ ᠎ᠢ ᠪᠡᠶᠡᠴᠢᠯᠡᠨ ᠣᠢᠯᠠᠭᠠᠬᠤ ᠦᠵᠡᠮᠵᠢᠲᠦ ᠲᠠᠯᠠᠪᠤᠷ ᠪᠤᠯᠭᠠᠵᠦ᠂ ᠮᠥᠰᠥ᠍ ᠴᠠᠰᠤᠨ᠎ᠤ ᠡᠬᠢ ᠪᠠᠶᠠᠯᠢᠭ᠎ᠢ ᠦᠨᠡᠨ ᠬᠦ᠌ ᠬᠥᠭ᠌ᠵᠢᠯᠲᠡ᠎ᠶ᠋ᠢᠨ ᠳᠠᠪᠠᠭᠤᠯᠢᠭ ᠲᠠᠯ᠎ᠠ ᠪᠣᠯᠭᠠᠨ᠂ ᠲᠠᠯ᠎ᠠ ᠨᠤᠲᠤᠭ᠎ᠤᠨ ᠰᠣᠶᠣᠯ᠎ᠢ ᠤᠯᠠᠮᠵᠢᠯᠠᠨ ᠵᠠᠯᠭᠠᠮᠵᠢᠯᠠᠵᠤ ᠱᠢᠨ᠎ᠡ᠎ᠶ᠋ᠢ ᠡᠭᠦᠳᠦᠨ ᠬᠥᠭ᠌ᠵᠢᠭᠦᠯᠬᠦ᠌᠎ᠳᠦ ᠱᠢᠨ᠎ᠡ ᠠᠷᠭ᠎ᠠ ᠵᠠᠮ ᠎ᠢ ᠨᠡᠭᠡᠭᠡᠭ᠌ᠰᠡᠨ ᠪᠠᠢᠨ᠎ᠠ᠃

ᠣᠢᠯᠠᠭᠠᠭ᠍ᠰᠠᠨ᠎ᠢᠶᠠᠷ᠂ ᠲᠣᠰ ᠱᠢᠷᠢᠰ ᠠᠵᠢᠯᠯᠠᠭ᠎ᠠ ᠨᠢ 3 ᠰᠠᠷ᠎ᠠ᠎ᠶ᠋ᠢᠨ 3 ᠪᠣᠯᠲᠠᠯ᠎ᠠ ᠦᠷᠭᠦᠯᠵᠢᠯᠡᠨ᠎ᠡ᠂ ᠡᠨᠡ ᠬᠤᠭᠤᠴᠠᠭᠠᠨ᠎ᠳᠤ ᠪᠠᠰᠠ ᠲᠤᠬᠠᠶ᠎ᠶ᠋ᠢᠨ ᠭᠠᠵᠠᠷ᠎ᠤᠨ ᠣᠨᠴᠠᠯᠢᠭ ᠪᠦᠬᠦᠢ ᠪᠠᠶᠠᠯᠢᠭ ᠰᠠᠢᠬᠠᠨ ᠮᠥᠰᠥ᠍ ᠴᠠᠰᠤᠨ᠎ᠤ ᠠᠯᠢ ᠣᠯᠠᠨ ᠠᠵᠢᠯᠯᠠᠭ᠎ᠠ ᠥᠷᠨᠢᠭᠦᠯᠵᠦ᠍᠂ ᠱᠢᠯᠤᠭᠤᠨ ᠬᠥᠬᠡ ᠬᠣᠱᠢᠭᠤᠨ᠎ᠤ ᠡᠪᠦᠯ᠎ᠦᠨ ᠤᠯᠠᠷᠢᠯ ᠎ᠤᠨ ᠥᠪᠡᠷᠮᠢᠴᠡ ᠦᠡᠭᠭᠡ ᠲᠦᠷᠬᠦ ᠵᠢ ᠵᠢᠭᠤᠯᠴᠢᠯᠠᠭᠰᠠᠳ᠎ᠲᠤ ᠮᠡᠳᠡᠷᠡᠭᠦᠯᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号