ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ᠎ᠦᠨ ᠰᠢᠯᠭᠠᠯᠲᠠ ᠶᠢᠨ ᠬᠦᠷᠢᠶᠡᠯᠡᠩ ᠡᠴᠡ ᠤᠢᠯᠠᠭᠠᠭᠰᠠᠨ ᠵᠢᠡᠷ᠂ ᠥᠪᠥᠷ ᠮᠣᠩᠭᠣᠯ᠎ᠤᠨ 2026 ᠣᠨ ᠤ ᠡᠩ ᠦᠨ ᠶᠡᠬᠡ ᠳᠡᠭᠡᠳᠦ ᠰᠤᠷᠭᠠᠭᠤᠯᠢ᠎ᠳ᠋ᠤ ᠰᠣᠷᠣᠭ᠍ᠴᠢ ᠡᠯᠰᠡᠬᠦ ᠤᠷᠠᠯᠢᠭ᠋᠎ᠤᠨ ᠲᠥᠷᠥᠯ᠎ᠦᠨ ᠲᠤᠰᠬᠠᠢ ᠮᠡᠷᠭᠡᠵᠢᠯ ᠦᠨ ᠨᠢᠭᠡᠳᠦᠯᠲᠡᠢ ᠰᠢᠯᠭᠠᠯᠳᠠ ᠵᠢᠨ ᠬᠤᠪᠢ ᠵᠢ ᠠᠰᠠᠭᠤᠨ ᠯᠠᠪᠯᠠᠬᠤ ᠠᠷᠭ᠎ᠠ ᠵᠢᠴᠢ ᠬᠢᠷᠢ ᠲᠡᠩᠴᠡᠬᠦ ᠬᠤᠪᠢᠬᠠᠮᠤᠭᠤᠨ ᠳᠤᠤᠷ᠎ᠠ ᠬᠢᠵᠠᠭᠠᠷᠯᠠᠬᠤ ᠬᠤᠪᠢ ᠵᠢ ᠨᠡᠢᠲᠡᠯᠡᠪᠡ ᠃
ᠰᠢᠯᠭᠠᠭᠤᠯᠤᠭ᠍ᠴᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ᠎ᠦᠨ ᠰᠢᠯᠭᠠᠭᠤᠯᠤᠭ᠍ᠴᠢ᠎ᠶᠢᠨ ᠶᠡᠷᠦᠩᠬᠡᠢᠯᠡᠭᠰᠡᠨ ᠦᠢᠯᠡᠴᠢᠯᠡᠭᠡᠨ᠎ᠦ ᠲᠠᠪᠴᠠᠩ᠎ᠳᠤ ᠭᠠᠷᠴᠤ᠂ 《 ᠶᠡᠬᠡ ᠳᠡᠭᠡᠳᠦ ᠰᠤᠷᠭᠠᠭᠤᠯᠢ ᠳ᠋ᠤ ᠰᠣᠷᠣᠭ᠍ᠴᠢ ᠡᠯᠰᠡᠬᠦ ᠨᠢᠬᠡᠳᠦᠯᠳᠡᠢ ᠰᠢᠯᠭᠠᠯᠲᠠ》 ᠂ 《 ᠬᠢᠷᠢ ᠪᠦᠲᠦᠮᠵᠢ᠎ᠶᠢ ᠠᠰᠠᠭᠤᠨ ᠯᠠᠪᠯᠠᠬᠤ》 ᠂ 《 ᠤᠷᠠᠯᠢᠭ᠋᠎ᠤᠨ ᠲᠥᠷᠥᠯ ᠦᠨ ᠰᠢᠯᠭᠠᠭᠤᠯᠤᠭ᠍ᠴᠢ᠎ᠶᠢᠨ ᠬᠢᠷᠢ ᠪᠦᠲᠦᠮᠵᠢ᠎ᠶᠢ ᠠᠰᠠᠭᠤᠨ ᠯᠠᠪᠯᠠᠬᠤ》 ᠵᠡᠷᠬᠡ ᠴᠤᠩᠬᠤᠪᠴᠢ ᠵᠢ ᠳᠤᠪᠴᠢᠳᠠᠵᠤ ᠬᠢᠷᠢ ᠪᠦᠳᠦᠮᠵᠢ ᠪᠠᠨ ᠠᠰᠠᠭᠤᠨ ᠯᠠᠪᠯᠠᠵᠤ ᠪᠤᠯᠤᠨ᠎ᠠ᠃
ᠲᠤᠰᠬᠠᠢ ᠮᠡᠷᠭᠡᠵᠢᠯ᠎ᠦᠨ ᠨᠢᠭᠡᠳᠦᠯᠲᠡᠢ ᠰᠢᠯᠭᠠᠯᠲᠠ᠎ᠶᠢᠨ ᠬᠢᠷᠢ ᠲᠡᠩᠴᠡᠬᠦ ᠬᠠᠮᠤᠭ ᠤᠨ ᠳᠤᠤᠷ᠎ᠠ ᠬᠢᠵᠠᠭᠠᠷᠯᠠᠬᠤ ᠬᠤᠪᠢ᠄ ᠳᠠᠭᠤᠤ ᠬᠥᠭᠵᠢᠮ᠎ᠦᠨ ᠲᠥᠷᠥᠯ ᠤᠨ ᠳᠠᠭᠤᠤ ᠬᠥᠭᠵᠢᠮ᠎ᠦᠨ ᠲᠣᠭᠯᠠᠯᠲᠠ(ᠳᠠᠭᠤᠯᠠᠬᠤᠢ) 174 ᠬᠤᠪᠢ᠂ ᠳᠠᠭᠤᠤ ᠬᠥᠭᠵᠢᠮ ᠦᠨ ᠲᠣᠭᠯᠠᠯᠲᠠ (ᠬᠥᠭᠵᠢᠮᠳᠡᠭᠦᠷ)159 ᠬᠤᠪᠢ᠂ ᠳᠠᠭᠤᠤ ᠬᠥᠭᠵᠢᠮ ᠦᠨ ᠰᠤᠷᠭᠠᠨ ᠬᠥᠮᠦᠵᠢᠯ 181 ᠬᠤᠪᠢ; ᠪᠥᠵᠢᠭ ᠦᠨ ᠲᠥᠷᠥᠯ 186 ᠬᠤᠪᠢ᠂ ᠲᠣᠭᠯᠠᠯᠲᠠ ᠶ᠋ᠢᠨ ᠲᠥᠷᠥᠯ ᠳ᠋ᠡᠬᠢ ᠬᠤᠪᠴᠠᠰᠤ ᠵᠠᠰᠠᠯ ᠤᠨ ᠲᠣᠭᠯᠠᠯᠲᠠ 157 ᠬᠤᠪᠢ᠂ ᠰᠢ ᠵᠦᠴᠦᠭᠡ ᠺᠢᠨᠣ᠋ ᠲᠧᠯᠸᠢᠰ᠎ᠦᠨ ᠲᠣᠭᠯᠠᠯᠲᠠ 194 ᠬᠤᠪᠢ᠂ ᠰᠢ ᠵᠦᠴᠦᠭᠡ ᠺᠢᠨᠣ᠋ ᠲᠧᠯᠸᠢᠰ᠎ᠦᠨ ᠤᠳᠤᠷᠢᠳᠤᠭᠠᠴᠢ 198 ᠬᠤᠪᠢ; ᠨᠡᠪᠲᠡᠷᠡᠭᠦᠯᠦᠭᠴᠢ ᠪᠠ ᠬᠥᠲᠥᠯᠥᠭᠴᠢ᠎ᠶᠢᠨ ᠲᠥᠷᠥᠯ 199 ᠬᠤᠪᠢ; ᠤᠷᠠᠨ ᠵᠢᠷᠤᠭ ᠪᠠ ᠵᠢᠷᠤᠭ ᠲᠥᠯᠥᠪᠯᠡᠭᠡ ᠵᠢᠨ ᠬᠤᠪᠢ 181 ᠬᠤᠪᠢ; ᠤᠷᠠᠨ ᠪᠢᠴᠢᠯᠭᠡ ᠶ᠋ᠢᠨ ᠲᠥᠷᠥᠯ 170 ᠬᠤᠪᠢ ᠪᠤᠯᠤᠨ᠎ᠠ᠃
ᠤᠷᠠᠯᠢᠭ ᠤᠨ ᠲᠦᠷᠦᠯ ᠤᠨ ᠳᠤᠰᠬᠠᠢ ᠮᠡᠷᠬᠡᠵᠢᠯ ᠤᠨ ᠨᠢᠭᠡᠳᠦᠯᠲᠡᠢ ᠰᠢᠯᠭᠠᠯᠲᠠ᠎ᠶᠢᠨ ᠬᠢᠷᠢ ᠲᠡᠩᠴᠡᠬᠦ ᠬᠠᠮᠤᠭ ᠤᠨ ᠳᠤᠤᠷ᠎ᠠ ᠬᠢᠵᠠᠭᠠᠷᠯᠠᠬᠤ ᠬᠤᠪᠢ ᠵᠢ ᠵᠢᠩᠬᠢᠨᠢ ᠠᠩᠭᠢ ᠪᠠ ᠲᠤᠰᠬᠠᠢ ᠮᠡᠷᠬᠡᠵᠢᠯ ᠤᠨ ᠠᠩᠭᠢ ᠭᠡᠵᠦ ᠬᠤᠪᠢᠶᠠᠬᠤ ᠦᠭᠡᠢ᠂ ᠲᠡᠦᠬᠡ᠎ᠶᠢᠨ ᠲᠥᠷᠥᠯ ᠪᠠ ᠹᠢᠽᠢᠺ᠎ᠦᠨ ᠲᠥᠷᠥᠯ ᠭᠡᠵᠦ ᠬᠤᠪᠢᠶᠠᠬᠤ ᠦᠭᠡᠢ᠃ ᠶᠡᠬᠡ ᠳᠡᠭᠡᠳᠦ ᠰᠤᠷᠭᠠᠭᠤᠯᠢ ᠳᠤ ᠰᠣᠷᠣᠭ᠍ᠴᠢ ᠡᠯᠰᠡᠬᠦ ᠤᠯᠤᠰ ᠤᠨ ᠨᠢᠬᠡᠳᠦᠯᠳᠡᠢ ᠰᠢᠯᠭᠠᠯᠲᠠ᠎ᠶᠢᠨ ᠰᠣᠶᠣᠯ ᠤᠨ ᠬᠢᠴᠢᠶᠡᠯ ᠦᠨ ᠬᠢᠷᠢ ᠪᠦᠲᠦᠮᠵᠢ᠎ᠶᠢ ᠨᠡᠢᠲᠡᠯᠡᠬᠦ ᠦᠶ᠎ᠡ᠎ᠳᠦ᠂ ᠰᠣᠷᠣᠭ᠍ᠴᠢ ᠡᠯᠰᠡᠬᠦ ᠲᠥᠯᠥᠪᠯᠡᠭᠡ ᠲᠠᠢ ᠤᠶᠠᠯᠳᠤᠭᠤᠯᠤᠨ ᠤᠷᠠᠯᠢᠭ᠋᠎ᠤᠨ ᠲᠥᠷᠥᠯ ᠤᠨ ᠶᠡᠬᠡ ᠳᠡᠭᠡᠳᠦ ᠰᠤᠷᠭᠠᠭᠤᠯᠢ ᠳᠤ ᠰᠣᠷᠣᠭ᠍ᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠰᠣᠶᠣᠯ ᠤᠨ ᠬᠢᠴᠢᠶᠡᠯ ᠦᠨ ᠬᠠᠮᠤᠭ ᠤᠨ ᠳᠤᠤᠷ᠎ᠠ ᠬᠢᠵᠠᠭᠠᠷᠯᠠᠬᠤ ᠬᠤᠪᠢ ᠪᠠ ᠲᠤᠰᠬᠠᠢ ᠮᠡᠷᠭᠡᠵᠢᠯ ᠦᠨ ᠨᠢᠬᠡᠳᠦᠯᠳᠡᠢ ᠰᠢᠯᠭᠠᠯᠳᠠ ᠵᠢᠨ ᠬᠠᠮᠤᠭ᠎ᠤᠨ ᠳᠤᠤᠷ᠎ᠠ ᠬᠢᠵᠠᠭᠠᠷᠯᠠᠬᠤ ᠬᠤᠪᠢ᠎ᠵᠢ ᠳᠠᠬᠢᠨ ᠨᠢᠭᠡᠳᠦᠯᠲᠡᠢ ᠬᠢᠨᠠᠨ ᠲᠣᠭᠲᠠᠭᠠᠨ᠎ᠠ᠃