ᠰᠣᠷᠭᠠᠨ ᠭᠦᠮᠦᠵᠢᠯ᠎ᠤᠨ ᠦᠢᠯᠡᠰ᠎ᠲᠤ ᠭᠠᠪᠱᠢᠭᠠᠢᠯᠠᠵᠦ᠍ ᠶᠠᠪᠣᠭ᠎ᠠ ᠣᠷᠠᠩᠭᠤᠸ᠎ᠠ ᠪᠠᠭ᠍ᠰᠢ
2026-01-23 10:14:02
ᠵᠣᠬᠢᠶᠠᠭ᠍ᠴᠢ᠄
ᠣᠷᠢᠬᠠᠨ ᠰᠣᠶᠣᠯᠴᠢᠮᠡᠭ
ᠣᠩᠱᠢᠭ᠍ᠰᠠᠨ ᠣᠳᠠᠭ᠎ᠠ᠄
★★★☆☆

ᠰᠢᠯᠢ ᠵᠢᠨ ᠭᠤᠤᠯ ᠠᠢᠮᠠᠭ᠎ᠤᠨ ᠭᠦᠪᠡᠭᠡᠳᠦ ᠱᠢᠷ᠎ᠠ ᠬᠤᠱᠢᠭᠤᠨ᠎ᠤ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠳᠡᠳ᠋ ᠵᠠᠬᠢᠷᠤᠯ᠂ᠥᠪᠡᠷᠲᠡᠭᠡᠨ ᠵᠠᠰᠠᠬᠤ ᠣᠷᠣᠨ᠎ᠤ 《ᠵᠢᠱ᠌ᠢᠶᠠᠴᠢ ᠪᠠᠭ᠍ᠰᠢ》 ᠪᠠᠷ ᠦᠨᠡᠯᠡᠭ᠌ᠳᠡᠭᠰᠡᠡ ᠤᠷᠠᠩᠭᠤᠸ᠎ᠠ ᠪᠠᠭ᠍ᠰᠢ ᠠᠵᠢᠯ᠎ᠤᠨ ᠭᠠᠷᠤᠭ᠎ᠠ ᠠᠪᠣᠬ᠍ᠰᠠᠨ ᠬᠤᠷᠢᠭᠠᠳ ᠵᠢᠯ᠎ᠤᠨ ᠲᠤᠷᠰᠢ ᠵᠢᠭᠠᠨ ᠰᠤᠷᠭᠠᠯᠲᠠ᠎ᠶ᠋ᠢᠨ ᠡᠮᠦᠨ᠎ᠡ ᠹᠷᠣᠨᠲ᠎ᠲᠤ ᠭᠠᠪᠱᠢᠭᠠᠢᠯᠠᠵᠦ᠍᠂ ᠪᠣᠳᠠᠳᠣ ᠠᠵᠢᠯᠯᠠᠭ᠎ᠠ᠎ᠪᠠᠷ᠎ᠢᠶᠠᠨ ᠱᠢᠨ᠎ᠡ ᠴᠠᠭ ᠦᠶ᠎ᠡ᠎ᠶ᠋ᠢᠨ ᠪᠠᠭ᠍ᠰᠢ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠠᠮᠢᠳᠤᠯᠢᠭ᠎ᠢᠶᠠᠷ ᠲᠠᠢᠯᠪᠣᠷᠢᠯᠠᠵᠤ᠂ ᠪᠠᠭᠰᠢ ᠰᠤᠷᠤᠭᠴᠢ ᠵᠢᠨ ᠬᠠᠢᠷ᠎ᠠ ᠬᠦᠨᠳᠤᠳᠬᠡᠯ᠎ᠢ ᠤᠯᠵᠤ ᠶᠠᠪᠤᠨ᠎ᠠ᠃ 


5803286_sanban_1764918602831.jpg


ᠰᠣᠷᠭᠠᠨ ᠭᠦᠮᠦᠵᠢᠯ᠎ᠤᠨ ᠦᠢᠯᠡᠰ᠎ᠲᠤ ᠭᠠᠪᠱᠢᠭᠠᠢᠯᠠᠵᠦ᠍ ᠶᠠᠪᠣᠭ᠎ᠠ ᠣᠷᠠᠩᠭᠤᠸ᠎ᠠ ᠪᠠᠭ᠍ᠰᠢ


ᠦᠳᠡ᠎ᠶ᠋ᠢᠨ ᠡᠮᠦᠨᠡᠬᠢ 11 ᠴᠠᠭ᠎ᠲᠤ᠌᠂ ᠬᠦᠪᠡᠬᠡᠳᠤ ᠰᠢᠷ᠎ᠠ ᠬᠤᠱᠢᠭᠤᠨ᠎ᠤ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ 224 ᠠᠩᠭᠢ᠎ᠶ᠋ᠢᠨ ᠲᠡᠦᠬᠡ᠎ᠶ᠋ᠢᠨ ᠬᠢᠴᠢᠶᠡᠯ᠎ᠤᠨ ᠲᠠᠩᠬᠢᠮ ᠬᠦᠷ ᠬᠥᠭ᠌ᠵᠢᠶᠡᠨ᠎ᠲᠠᠢ ᠠᠭᠤᠷ ᠠᠮᠢᠰᠭᠤᠯ᠎ᠢᠶᠠᠷ ᠪᠢᠯᠬᠠᠵᠦ᠍᠂ ᠤᠷᠠᠩᠭᠤᠸ᠎ᠠ ᠪᠠᠭ᠍ᠰᠢ ᠡᠯᠪᠡᠭ ᠪᠠᠶᠠᠯᠢᠭ ᠣᠯᠠᠨ ᠶᠠᠩᠵᠤ᠎ᠶ᠋ᠢᠨ ᠵᠢᠭᠠᠨ ᠰᠤᠷᠭᠠᠯᠲᠠ᠎ᠶ᠋ᠢᠨ ᠠᠷᠭ᠎ᠠ ᠪᠠᠷᠢᠯ᠎ᠢᠶᠠᠷ ᠲᠠᠢᠯᠣᠮᠵᠢ ᠭᠢᠵᠦ᠍᠂ ᠰᠤᠷᠤᠭ᠍ᠴᠢᠳ᠎ᠤᠨ ᠪᠦᠭᠦ᠌ ᠠᠩᠬᠠᠷᠣᠯ ᠭᠢᠴᠢᠶᠡᠯ᠎ᠤᠨ ᠲᠢᠩᠭᠢᠮ᠎ᠳᠤ ᠲᠦᠪᠯᠡᠷᠡᠵᠦ᠍ ᠪᠠᠢᠯ᠎ᠠ᠃ 《ᠮᠠᠨ᠎ᠤ ᠲᠡᠦᠬᠡ᠎ᠶ᠋ᠢᠨ ᠪᠠᠭ᠍ᠰᠢ ᠵᠢᠨ ᠬᠢᠴᠢᠶᠡᠯ ᠣᠷᠣᠬᠤ᠎ᠨᠢ ᠠᠮᠢᠳᠤᠯᠢᠭ᠂ ᠭᠢᠴᠢᠶᠠᠯ ᠵᠢᠭᠠᠬᠤ᠎ᠨᠢ ᠮᠠᠰᠢ ᠣᠢᠯᠠᠭᠠᠮᠵᠢᠳᠠᠢ᠂ ᠪᠢᠳᠡᠨ᠎ᠳᠤ ᠲᠣᠩ ᠡᠶᠡᠯᠳᠡᠭ ᠬᠠᠨᠳᠣᠳᠠᠭ᠂ ᠴᠢᠳᠠᠬᠤ ᠦᠭᠡᠢ ᠰᠤᠷᠤᠭᠴᠢᠳ᠎ᠢ ᠬᠢᠴᠢᠶᠡᠯ ᠪᠠᠭᠤᠬ᠍ᠰᠠᠨ᠎ᠤ ᠳᠠᠷᠠᠭ᠎ᠠ ᠠᠯᠪᠠᠨ ᠭᠡᠷ᠎ᠲᠡᠭᠡᠨ ᠳᠠᠭᠤᠳᠠᠵᠦ᠍᠂ ᠠᠭᠤᠯᠭ᠎ᠠ ᠵᠢ ᠲᠠᠪᠳᠠᠵᠤ ᠶᠠᠷᠢᠬᠤ ᠪᠣᠶᠣ ᠴᠢᠳᠠᠬᠤ ᠦᠭᠡᠢ ᠵᠦᠢᠯᠡᠰ᠎ᠢ᠎ᠨᠢ ᠲᠠᠢᠯᠪᠣᠷᠢᠯᠠᠵᠦ᠍ ᠦᠭ᠌ᠳᠡᠭ》 ᠭᠡᠵᠦ᠍ ᠳᠤᠰ ᠰᠤᠷᠭᠠᠭᠤᠯᠢ᠎ᠶ᠋ᠢᠨ ᠰᠣᠷᠣᠬ᠍ᠴᠢ ᠠᠷᠢᠭᠤᠨᠵᠣᠨ ᠶᠠᠷᠢᠯ᠎ᠠ᠃


c6596686-015b-4f48-974f-b0b435e79152.png


ᠱᠠᠩᠨᠠᠯ ᠬᠦᠬᠢᠬᠦᠯᠤᠯ᠎ᠤᠳ


2020 ᠣᠨ᠎ᠳᠤ ᠣᠷᠠᠩᠭᠤᠸ᠎ᠠ  ᠪᠥᠬᠦ᠌ ᠣᠷᠣᠨ᠎ᠤ 《ᠵᠢᠱ᠌ᠢᠶᠠᠴᠢ ᠪᠠᠭ᠍ᠰᠢ》 ᠶ᠋ᠢᠨ ᠪᠣᠯᠪᠠᠰᠣᠷᠠᠯ᠎ᠳᠤ ᠣᠷᠣᠯᠴᠠᠵᠦ᠍᠂ ᠲᠡᠭᠦᠨ᠎ᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠠᠷ ᠬᠢᠴᠢᠶᠡᠯᠯᠡᠬᠦ᠌ ᠴᠢᠳᠠᠪᠤᠷᠢ᠎ᠪᠠᠨ ᠱᠢᠰᠲ᠋ᠧᠮ᠎ᠲᠠᠢ ᠳᠡᠭᠡᠭ᠌ᠰᠢᠯᠡᠭᠦᠯᠬᠦ᠂ ᠱᠢᠨ᠎ᠡ ᠠᠷᠭ᠎ᠠ᠎ᠶ᠋ᠢ ᠬᠠᠢᠨ ᠰᠦᠪᠡᠭ᠌ᠴᠢᠯᠡᠬᠦ᠌᠎ᠳᠤᠨᠢ ᠴᠢᠬᠤᠯᠠ ᠵᠢᠯᠣᠭᠤᠳᠣᠯᠭ᠎ᠠ ᠬᠠᠨᠭ᠌ᠭᠠᠵᠠᠢ᠃ 《2020 ᠣᠨ᠎ᠠᠴᠠ2023 ᠪᠣᠯᠳᠠᠯ᠎ᠠ ᠪᠥᠬᠦ᠌ ᠣᠷᠣᠨ᠎ᠤ 〈ᠵᠢᠱ᠌ᠢᠶᠠᠴᠢ ᠪᠠᠭ᠍ᠰᠢ〉 ᠶ᠋ᠢᠨ ᠪᠣᠯᠪᠠᠰᠣᠷᠠᠯ᠎ᠳᠤ ᠣᠷᠣᠯᠴᠠᠵᠦ᠍᠂ ᠵᠢᠭᠠᠨ ᠰᠣᠷᠭᠠᠬᠤ ᠲᠠᠨᠢᠯᠳᠠ᠂ ᠵᠢᠭᠠᠨ ᠰᠣᠷᠭᠠᠬᠤ ᠠᠷᠭ᠎ᠠ ᠠᠪᠴᠠᠯ ᠪᠠ ᠲᠣᠰᠭᠠᠢ ᠮᠡᠷᠭᠡᠵᠢᠯ᠎ᠤᠨ ᠰᠣᠶᠣᠯ ᠪᠣᠯᠪᠠᠰᠣᠷᠠᠯ᠎ᠤᠨ ᠲᠠᠯ᠎ᠠ᠎ᠪᠠᠷ ᠢᠯᠡᠷᠭᠡᠢ ᠳᠡᠭᠡᠭ᠌ᠰᠢᠯᠡᠯᠳᠡ᠎ᠲᠠᠢ ᠪᠣᠯᠵᠠᠢ᠃ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠭᠡᠷᠡᠭ᠌ᠯᠡᠭᠦ᠌ ᠪᠣᠯᠤᠨ ᠱᠢᠨ᠎ᠡ ᠬᠢᠴᠢᠶᠡᠯ᠎ᠤᠨ ᠪᠠᠷᠢᠮᠵᠢᠶ᠎ᠠ᠎ᠶ᠋ᠢ ᠱᠢᠰᠲ᠋ᠧᠮ᠎ᠲᠠᠢ᠎ᠰᠣᠷᠣᠯᠴᠠᠵᠦ᠍᠂ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠠ ᠵᠢᠭᠠᠬᠤ ᠮᠠᠲ᠋ᠧᠷᠢᠶᠠᠯ᠎ᠢ ᠨᠠᠢᠷᠠᠭᠤᠯᠤᠭ᠍ᠰᠠᠨ ᠵᠣᠷᠢᠯᠭ᠎ᠠ ᠪᠠ ᠬᠥᠮᠦᠨ ᠬᠥᠮᠦᠵᠢᠭᠦᠯᠬᠦ᠌ ᠬᠠᠷᠠᠯᠲᠠ᠎ᠶ᠋ᠢ ᠭᠦᠨᠵᠡᠭᠡᠢ ᠣᠢᠯᠠᠭᠠᠵᠤ᠂ ᠰᠤᠷᠤᠭ᠍ᠴᠢᠳ᠎ᠤᠨ ᠬᠥᠭ᠌ᠵᠢᠯᠲᠡ᠎ᠪᠠᠷ ᠭᠤᠣᠯ ᠪᠣᠯᠭᠠᠬᠤ ᠵᠢᠭᠠᠨ ᠰᠤᠷᠭᠠᠯᠲᠠ᠎ᠶ᠋ᠢᠨ ᠴᠢᠭ᠌ᠯᠡᠯ᠎ᠢ ᠲᠣᠳᠣᠷᠬᠠᠢ ᠲᠠᠨᠢᠵᠠᠢ》 ᠭᠡᠵᠦ᠍ ᠣᠷᠠᠩᠭᠤᠸ᠎ᠠ ᠭᠡᠯᠡᠪᠠ᠃


5803285_sanban_1764918602103.jpg


ᠪᠠᠭᠰᠢ ᠨᠠᠷ ᠰᠠᠨᠠᠯ ᠵᠢᠠᠨ ᠰᠤᠯᠢᠯᠴᠠᠨ᠎ᠠ


ᠪᠣᠯᠪᠠᠰᠤᠷᠠᠯ᠎ᠳᠤ ᠣᠷᠣᠯᠴᠠᠭᠠᠳ ᠬᠠᠷᠢᠵᠦ᠍ ᠢᠷᠡᠭ᠌ᠰᠡᠨ᠎ᠤ ᠳᠠᠷᠠᠭ᠎ᠠ᠂ ᠣᠷᠠᠩᠭᠤᠸ᠎ᠠ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢᠶᠠᠨ ᠪᠣᠳᠠᠲᠠᠶ ᠠᠰᠠᠭᠤᠳᠠᠯ᠎ᠢ ᠱᠢᠢᠳᠪᠦᠷᠢᠯᠡᠬᠦ᠌ ᠠᠵᠢᠯᠯᠠᠭ᠎ᠠ ᠪᠣᠯᠭᠠᠨ ᠬᠤᠪᠢᠷᠠᠭᠤᠯᠪᠠ᠃ ᠲᠡᠷᠡ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠦᠰᠦᠭ ᠪᠢᠴᠢᠭ᠎ᠤᠨ ᠤᠩᠱᠢᠯᠭ᠎ᠠ᠎ᠶ᠋ᠢᠨ ᠴᠢᠳᠠᠪᠤᠷᠢ ᠬᠦᠷᠦᠯᠴᠡᠬᠦ᠌ ᠦᠭᠡᠢ᠎ᠠᠴᠠ ᠲᠡᠦᠬᠡ᠎ᠶ᠋ᠢᠨ ᠮᠠᠲ᠋ᠧᠷᠢᠶᠠᠯ᠎ᠤᠨ ᠲᠤᠬᠠᠢ ᠣᠢᠯᠠᠭᠠᠯᠲᠠ᠎ᠶ᠋ᠢ ᠨᠦᠯᠦᠭᠡᠯᠡᠵᠦ᠍ ᠪᠠᠢᠬᠤ᠎ᠶ᠋ᠢ ᠣᠢᠯᠠᠭᠠᠨ᠂ ᠲᠡᠦᠬᠡ ᠪᠣᠯᠤᠨ ᠬᠡᠯᠡ ᠪᠢᠴᠢᠭ᠎ᠤᠨ ᠵᠢᠭᠠᠨ ᠰᠤᠳᠤᠯᠬᠤ ᠳᠤᠭᠤᠢᠯᠠᠩ᠎ᠲᠠᠢ ᠬᠠᠮᠲᠤᠷᠠᠨ᠂ ᠲᠤᠰᠭᠠᠢ ᠰᠡᠳᠦᠪ᠎ᠤᠨ ᠭᠢᠴᠢᠶᠡᠯ᠎ᠢ ᠠᠮᠵᠢᠯᠲᠠ᠎ᠲᠠᠢ ᠭᠤᠶᠤᠴᠢᠯᠠᠨ ᠮᠡᠳᠡᠭᠦᠯᠵᠦ᠍᠂ ᠱᠢᠨᠵᠢᠯᠡᠭᠡᠨ᠎ᠤ ᠰᠠᠯᠠᠭ᠎ᠠ ᠠᠯᠣᠰᠯᠠᠬ᠍ᠰᠠᠨ ᠰᠤᠷᠤᠭ᠍ᠴᠢᠳ᠎ᠤᠨ ᠶᠡᠷᠦᠩᠬᠡᠢᠯᠡᠭ᠌ᠰᠡᠨ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠬᠦ᠌ ᠪᠦᠲᠦᠮᠵᠢᠲᠡᠢ ᠠᠷᠭ᠎ᠠ ᠵᠠᠮ᠎ᠢ ᠰᠦᠪᠡᠭ᠌ᠴᠢᠯᠡᠨ ᠭᠠᠷᠭᠠᠪᠠ᠃ 《ᠰᠣᠷᠣᠬ᠍ᠴᠢᠳ᠎ᠤᠨ ᠣᠡᠭ᠌ᠰᠢᠯᠭ᠎ᠠ᠎ᠶ᠋ᠢ ᠰᠠᠢᠵᠢᠷᠠᠭᠤᠯᠬᠤ ᠡᠭᠦᠳᠡᠨ᠎ᠠᠴᠠ ᠵᠠᠯᠠᠭᠤ ᠪᠠᠭ᠍ᠰᠢ ᠨᠠᠷ᠎ᠢᠶᠠᠨ ᠵᠢᠯᠣᠭᠤᠳᠣᠨ ᠳᠠᠭᠠᠭᠤᠯᠵᠦ᠍᠂ ᠣᠣᠯ᠎ᠤᠨ ᠦᠨᠳᠦᠰᠦᠳᠡᠨ᠎ᠤ ᠦᠭᠡ ᠭᠡᠯᠡ ᠦᠰᠦᠭ ᠪᠢᠴᠢᠭ ᠵᠢᠡᠷ ᠭᠢᠴᠢᠶᠡᠯᠯᠡᠭᠦ᠌ ᠰᠣᠷᠭᠠᠭᠤᠯᠢ᠎ᠶ᠋ᠢᠨ ᠠᠩᠬ᠎ᠠ ᠳᠣᠮᠳᠠᠳᠣ᠎ᠶ᠋ᠢᠨ ᠲᠡᠦᠭᠡ᠎ᠶ᠋ᠢᠨ ᠵᠢᠭᠠᠨ ᠰᠣᠷᠭᠠᠯᠳᠠ᠎ᠶ᠋ᠢᠨ ᠶᠠᠪᠣᠴᠠ᠎ᠳᠤ ᠰᠣᠷᠣᠬ᠍ᠴᠢᠳ᠎ᠤᠨ ᠣᠡᠭ᠌ᠰᠢᠯᠭ᠎ᠠ᠎ᠶ᠋ᠢᠨ ᠴᠢᠳᠠᠪᠣᠷᠢ᠎ᠶ᠋ᠢ ᠳᠡᠭᠡᠭ᠌ᠰᠢᠯᠡᠭᠦᠯᠭᠦ᠌ ᠰᠣᠳᠣᠯᠭᠠᠨ᠎ᠤ ᠰᠡᠳᠦᠪ᠎ᠢ ᠡᠷᠭᠢᠯᠡᠨ ᠭᠢᠵᠦ᠍᠂ ᠰᠣᠷᠣᠬ᠍ᠴᠢᠳ᠎ᠤᠨ ᠣᠡᠭ᠌ᠰᠢᠬᠤ ᠪᠠ ᠶᠠᠷᠢᠵᠦ᠍ ᠢᠯᠡᠳᠭᠡᠭᠦ᠌ ᠴᠢᠳᠠᠪᠣᠷᠢ᠎ᠶ᠋ᠢ ᠠᠭᠢᠭᠤᠯᠵᠦ᠍᠂ ᠦᠨᠡᠨ ᠬᠦ᠌ ᠰᠣᠳᠣᠯᠭᠠᠨ᠎ᠵᠢᠡᠷ  ᠵᠢᠭᠠᠨ ᠰᠣᠷᠭᠠᠯᠳᠠ᠎ᠶ᠋ᠢ ᠠᠭᠢᠭᠤᠯᠬᠤ᠎ᠶ᠋ᠢ ᠪᠡᠶᠡᠯᠡᠭᠦᠯᠪᠡ᠃ ᠡᠭᠦᠨ᠎ᠤ ᠬᠠᠮᠳᠣ ᠭᠢᠴᠢᠶᠠᠯ᠎ᠤᠨ ᠡᠮᠦᠨᠡᠭᠢ᠂ ᠭᠢᠴᠢᠶᠡᠯ᠎ᠤᠨ ᠳᠣᠮᠳᠠᠭᠢ᠂ ᠭᠢᠴᠢᠶᠡᠯ᠎ᠤᠨ ᠬᠤᠢᠨᠡᠭᠢ ᠭᠢᠴᠢᠶᠠᠯ᠎ᠤᠨ ᠭᠠᠳᠠᠨᠡᠭᠢ ᠱᠢᠰᠲ᠋ᠧᠮᠴᠢᠯᠡᠭ᠌ᠰᠡᠨ ᠣᠡᠭ᠌ᠰᠢᠯᠭ᠎ᠠ᠎ᠶ᠋ᠢᠨ ᠠᠷᠭ᠎ᠠ ᠭᠡᠮᠵᠢᠶ᠎ᠡ ᠠᠪᠴᠣ ᠭᠢᠴᠢᠶᠡᠯ᠎ᠤᠨ ᠲᠡᠩᠭᠢᠮ᠎ᠤᠨ ᠵᠢᠭᠠᠨ ᠰᠣᠷᠭᠠᠯᠳᠠ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠪᠡ》 ᠭᠡᠵᠦ᠍ ᠣᠷᠠᠩᠭᠤᠸ᠎ᠠ ᠶᠠᠷᠢᠪᠠ᠃


ccde2729-965e-4574-8681-422febb86dca.png


ᠰᠤᠷᠤᠭᠴᠢ᠎ᠳᠠᠭᠠᠨ ᠬᠢᠴᠢᠶᠠᠯ ᠤᠷᠤᠨ᠎ᠠ


ᠵᠢᠭᠠᠨ ᠰᠤᠷᠭᠠᠯᠲᠠ᠎ᠶ᠋ᠢ ᠬᠤᠪᠢᠳᠠᠨ ᠬᠠᠮᠢᠶᠠᠷᠴᠤ᠌ ᠪᠠᠢᠭ᠎ᠠ ᠳᠡᠳ᠋ ᠵᠠᠬᠢᠷᠤᠯ ᠪᠣᠯᠤᠭ᠍ᠰᠠᠨ᠎ᠤ ᠬᠤᠪᠢ᠎ᠳᠤ᠂ ᠣᠷᠠᠩᠭᠤᠸ᠎ᠠ ᠨᠢᠭᠡᠨ ᠢᠵᠢ ᠪᠠᠢᠡᠭ᠌ᠭᠤᠵᠢᠬ᠍ᠰᠠᠨ᠂ ᠲᠡᠰ ᠬᠤᠪᠢᠶᠠᠬ᠍ᠰᠠᠨ ᠪᠠᠭ᠍ᠰᠢ᠎ᠶ᠋ᠢᠨ ᠪᠣᠯᠪᠠᠰᠣᠷᠠᠯ᠎ᠤᠨ ᠲᠣᠬ᠍ᠳᠠᠴᠠ᠎ᠶ᠋ᠢ ᠪᠠᠢᠭᠤᠯᠵᠦ᠍᠂ ᠭᠠᠷᠠᠭ ᠪᠦᠷᠢ ᠲᠣᠬ᠍ᠳᠠᠮᠠᠯ ᠬᠤᠭᠤᠴᠠᠭ᠎ᠠ᠎ᠲᠠᠢ ᠬᠠᠮᠲᠤ᠎ᠪᠠᠷ ᠬᠢᠴᠢᠶᠡᠯ ᠪᠡᠯᠡᠳᠭᠡᠬᠦ᠌ ᠪᠠ ᠬᠠᠷᠢᠯᠴᠠᠨ ᠭᠢᠴᠢᠶᠡᠯ ᠰᠣᠨᠣᠰᠭᠤ᠎ᠪᠡᠷ ᠳᠠᠮᠵᠢᠭᠤᠯᠤᠨ᠂ ᠵᠢᠭᠠᠨ ᠰᠤᠷᠭᠠᠯᠲᠠ᠎ᠶ᠋ᠢᠨ ᠠᠷᠭ᠎ᠠ᠎ᠶ᠋ᠢᠨ ᠰᠣᠯᠢᠯᠴᠠᠭ᠎ᠠ ᠪᠠ ᠬᠢᠴᠢᠶᠡᠯ᠎ᠤᠨ ᠲᠠᠩᠬᠢᠮ᠎ᠤᠨ ᠠᠰᠠᠭᠤᠳᠠᠯ᠎ᠢ ᠴᠠᠭ ᠲᠤᠬᠠᠶ᠎ᠳᠤᠨᠢ ᠬᠠᠷᠢᠭᠤ ᠲᠤᠰᠭᠠᠬᠤ᠎ᠶ᠋ᠢ ᠠᠭᠢᠭᠤᠯᠵᠦ᠍᠂ ᠵᠢᠭᠠᠨ ᠰᠤᠷᠭᠠᠯᠲᠠ᠎ᠶ᠋ᠢᠨ ᠦᠨᠳᠦᠰᠦᠨ ᠴᠢᠳᠠᠪᠤᠷᠢ᠎ᠶ᠋ᠢ ᠪᠠᠭᠢᠵᠢᠭᠦᠯᠵᠡᠢ᠃ ᠡᠳᠡᠭᠡᠷ ᠯᠠᠪᠳᠠᠭᠤᠨ ᠪᠠᠲᠤᠲᠠᠶ ᠠᠷᠭ᠎ᠠ ᠬᠡᠮᠵᠢᠶ᠎ᠡ᠎ᠨᠢ ᠪᠠᠭ᠍ᠰᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠵᠢᠭᠠᠨ ᠰᠤᠷᠭᠠᠯᠲᠠ᠎ᠶ᠋ᠢᠨ ᠴᠢᠳᠠᠪᠤᠷᠢ᠎ᠶ᠋ᠢ ᠪᠦᠲᠦᠮᠵᠢᠲᠡᠶ ᠳᠡᠭᠡᠭ᠌ᠰᠢᠯᠡᠭᠦᠯᠦᠭ᠌ᠰᠡᠨ ᠪᠥᠭᠡᠳ ᠰᠤᠷᠭᠠᠭᠤᠯᠢ᠎ᠶ᠋ᠢᠨ ᠬᠦᠷᠢᠶᠡᠨ᠎ᠳᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠬᠡᠷᠡᠭ᠌ᠯᠡᠯᠲᠡ᠎ᠶ᠋ᠢ ᠴᠢᠬᠤᠯᠠᠴᠢᠯᠠᠬᠤ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠭ᠍ᠰᠠᠨ ᠪᠠᠢᠨ᠎ᠠ᠃ 《ᠣᠷᠠᠩᠭᠤᠸ᠎ᠠ ᠪᠠᠭ᠍ᠰᠢ᠎ᠶ᠋ᠢᠨ ᠠᠵᠢᠯ᠎ᠤᠨ ᠴᠢᠳᠠᠪᠤᠷᠢ ᠪᠣᠯᠤᠨ ᠬᠠᠷᠢᠭᠤᠴᠠᠯᠭᠠᠲᠤ ᠰᠡᠳᠭᠢᠯᠭᠡ᠎ᠨᠢ ᠴᠥᠮ ᠮᠠᠰᠢ ᠴᠢᠩᠭ᠎ᠠ᠂ ᠲᠡᠭᠦᠨ᠎ᠤ ᠳᠠᠭᠠᠭᠤᠯᠤᠭ᠍ᠰᠠᠨ ᠬᠤᠭᠤᠴᠠᠭ᠎ᠠ ᠪᠦᠷᠢ᠎ᠶ᠋ᠢᠨ ᠰᠤᠷᠤᠭ᠍ᠴᠢᠳ᠎ᠤᠨ ᠥᠨᠳᠥᠷ ᠳᠤᠮᠳᠠᠳᠤ᠎ᠳᠤ ᠳᠡᠪᠱᠢᠭᠦ᠌ ᠱᠢᠯᠭᠠᠯᠲᠠ᠎ᠶ᠋ᠢᠨ ᠬᠢᠷᠢ ᠪᠦᠲᠦᠮᠵᠢ ᠡᠮᠦᠨ᠎ᠡ ᠡᠩᠨᠡᠭᠡᠨ᠎ᠳᠤ ᠣᠷᠣᠳᠠᠭ᠃ ᠲᠡᠭᠦᠨ᠎ᠤ ᠵᠣᠬᠢᠶᠠᠨ ᠪᠠᠢᠭᠤᠯᠬᠤ ᠴᠢᠳᠠᠪᠤᠷᠢ᠎ᠨᠢ ᠴᠦ᠍ ᠮᠠᠰᠢ ᠲᠤᠪᠤᠢᠮ᠎ᠠ ᠪᠠᠢᠵᠤ᠂ ᠡᠳᠦᠷ ᠲᠤᠲᠤᠮ᠎ᠤᠨ ᠬᠢᠴᠢᠶᠡᠯ ᠪᠡᠯᠡᠳᠭᠡᠬᠦ᠌ ᠪᠤᠶᠤ ᠰᠤᠳᠤᠯᠭᠠᠨ᠎ᠤ ᠰᠡᠳᠦᠪ᠎ᠨᠢ ᠴᠥᠮ ᠪᠦᠬᠦ᠋ᠢᠯᠡ ᠪᠦᠯᠬᠦᠮ ᠨᠡᠢᠲᠡ᠎ᠶ᠋ᠢ ᠪᠦᠯᠬᠦᠮᠳᠡᠭᠦᠯᠦᠨ ᠳᠠᠭᠠᠭᠤᠯᠵᠤ ᠴᠢᠳᠠᠳᠠᠭ᠃ ᠶᠡᠷᠦ᠍᠎ᠶ᠋ᠢᠨ ᠴᠠᠭ᠎ᠲᠤ ᠠᠵᠢᠯ ᠠᠮᠢᠳᠤᠷᠠᠯ᠎ᠤᠨ ᠲᠠᠯ᠎ᠠ᠎ᠪᠠᠷ ᠲᠡᠷᠡ ᠪᠠᠰᠠ ᠮᠠᠨ᠎ᠤ ᠵᠠᠯᠠᠭᠤ ᠪᠠᠭ᠍ᠰᠢ ᠨᠠᠷ᠎ᠢ ᠣᠨᠴᠠᠭᠠᠶ ᠬᠠᠪᠰᠣᠷᠳᠠᠭ》 ᠭᠡᠵᠦ᠍ ᠬᠥᠪᠡᠭᠡᠲᠦ ᠱᠢᠷ᠎ᠠ ᠬᠤᠱᠢᠭᠤᠨ᠎ᠤ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠪᠠᠭ᠍ᠰᠢ ᠯᠢᠶᠠᠩ ᠸᠧᠶ ᠯᠦᠩ ᠲᠠᠨᠢᠯᠴᠠᠭᠤᠯᠪᠠ᠃

ᠣᠷᠠᠩᠭᠤᠸ᠎ᠠ ᠤᠷᠢᠳ ᠬᠤᠵᠢᠳ 2022 ᠣᠨ᠎ᠤ ᠰᠢᠯᠢ ᠵᠢᠨ ᠭᠤᠤᠯ ᠠᠢᠮᠠᠭ᠎ᠤᠨ ᠠᠩᠬ᠎ᠠ ᠳᠣᠮᠳᠠᠳᠣ᠎ᠶ᠋ᠢᠨ ᠵᠠᠯᠠᠭᠤ ᠪᠠᠭ᠍ᠰᠢ ᠨᠠᠷ᠎ᠤᠨ ᠵᠢᠭᠠᠨ ᠰᠣᠷᠭᠠᠯᠳᠠ᠎ᠶ᠋ᠢᠨ ᠦᠨᠳᠦᠰᠦᠨ ᠴᠢᠳᠠᠪᠣᠷᠢ᠎ᠶ᠋ᠢᠨ ᠤᠷᠤᠯᠳᠤᠭᠠᠨ᠎ᠤ ᠨᠢᠭᠡᠳᠦᠭᠡᠷ ᠳᠡᠰ᠎ᠤᠨ ᠱᠠᠩᠨᠠᠯ᠂ 2024 ᠣᠨ᠎ᠤ ᠪᠥᠬᠦ᠌ ᠣᠷᠣᠨ᠎ᠤ ᠣᠯᠣᠰ᠎ᠤᠨ ᠨᠡᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ᠎ᠤᠨ ᠵᠢᠭᠠᠨ ᠰᠣᠷᠭᠠᠯᠳᠠ᠎ᠶ᠋ᠢᠨ ᠮᠡᠷᠭᠡᠵᠢᠯ ᠴᠢᠳᠠᠪᠣᠷᠢ᠎ᠶ᠋ᠢᠨ ᠤᠷᠤᠯᠳᠤᠭᠠᠨ᠎ᠤ ᠱᠠᠩᠨᠠᠯ᠎ᠢ ᠭᠥᠷᠳᠡᠵᠦ᠍᠂ ᠣᠯᠠᠨ ᠬᠢᠴᠢᠶᠠᠯ᠎ᠨᠢ ᠠᠢᠮᠠᠭ᠎ᠤᠨ ᠲᠠᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠢᠱ᠌ᠢᠶ᠎ᠡ ᠦᠵᠡᠭᠦᠯᠬᠦ᠌ ᠬᠢᠴᠢᠶᠡᠯ᠎ᠢᠶᠠᠷ ᠰᠣᠩᠭᠤᠬ᠍ᠳᠠᠪᠠ᠃ 《ᠬᠤᠢᠱᠢᠳᠠ᠎ᠶ᠋ᠢᠨ ᠵᠢᠭᠠᠨ ᠰᠣᠷᠭᠠᠯᠳᠠ᠎ᠶ᠋ᠢᠨ ᠶᠠᠪᠣᠴᠠ᠎ᠳᠠᠭᠠᠨ ᠦᠷᠭᠦᠯᠵᠢᠯᠡᠨ ᠱᠢᠨ᠎ᠡ ᠲᠠᠨᠢᠯᠳᠠ ᠲᠠᠢ ᠪᠤᠯᠵᠤ᠂ ᠱᠢᠨ᠎ᠡ ᠠᠷᠭ᠎ᠠ᠎ᠶ᠋ᠢ ᠭᠡᠷᠡᠭ᠌ᠵᠢᠭᠦᠯᠦᠨ᠂ ᠭᠢᠴᠢᠶᠡᠯ᠎ᠤᠨ ᠲᠠᠩᠭᠢᠮ᠎ᠤᠨ ᠴᠢᠨᠠᠷ ᠴᠢᠨᠰᠠᠭ᠎ᠠ ᠪᠠ ᠰᠣᠷᠣᠬ᠍ᠴᠢᠳ᠎ᠤᠨ ᠶᠡᠷᠦᠩᠭᠡᠢᠯᠡᠭ᠌ᠰᠡᠨ ᠭᠡᠪ ᠪᠤᠯᠪᠠᠰᠤᠷᠠᠯ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠰᠤᠷᠤᠭ᠍ᠴᠢᠳ᠎ᠤᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠤᠨ᠎ᠠ》 ᠭᠡᠵᠦ᠍ ᠣᠷᠠᠩᠭᠤᠸ᠎ᠠ ᠬᠤᠢᠱᠢᠳᠠ᠎ᠶ᠋ᠢᠨ ᠵᠢᠭᠠᠨ ᠰᠣᠷᠭᠠᠯᠳᠠ᠎ᠶ᠋ᠢᠨ ᠠᠵᠢᠯ᠎ᠤᠨ ᠲᠣᠬᠠᠢ ᠬᠠᠷᠠᠯᠳᠠ ᠲᠦᠯᠦᠪᠯᠡᠭᠡ᠎ᠪᠠᠨ ᠲᠠᠨᠢᠯᠴᠠᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号