ᠠᠷᠠᠯᠵᠢᠶᠠᠴᠢᠨ ᠤᠷᠢᠵᠤ ᠠᠷᠠᠯᠵᠢᠶᠠᠴᠢᠨ ᠳ᠋ᠦ ᠠᠰᠢᠭ ᠬᠦᠷᠲᠡᠭᠡᠨ ᠠᠷᠠᠯᠵᠢᠶᠠᠴᠢᠨ ᠤ᠋ ᠰᠡᠳᠬᠢᠯ ᠢ᠋ ᠳᠤᠯᠠᠭᠠᠴᠠᠭᠤᠯᠤᠨ᠎ᠠ —
1 ᠰᠠᠷ᠎ᠠ ᠶ᠋ᠢᠨ 19 ᠤ᠋ ᠡᠳᠦᠷ᠂ᠡᠪᠤᠯ ᠤᠨ ᠬᠦᠢᠳᠡᠨ ᠢᠳᠡ ᠬᠦᠭ ᠲᠡᠬᠡᠨ ᠪᠠᠢᠭᠰᠠᠨ ᠴᠦ᠍ ᠣᠷᠳᠣᠰ ᠬᠣᠲᠠ ᠶ᠋ᠢᠨ ᠣᠲᠣᠭ ᠤ᠋ᠨ ᠡᠮᠦᠨᠡᠲᠦ ᠬᠣᠱᠢᠭᠤᠨ ᠤ᠋ ᠪᠤᠷᠤᠪᠠᠯᠭᠠᠰᠤ ᠵᠢᠨ ᠮᠠ ᠬᠤᠸᠠᠡᠭ ᠲᠤᠤ ᠲᠣᠰᠭᠣᠨ ᠤ᠋ ᠴᠢᠶᠠᠩ ᠶᠢᠩ ᠨᠤᠭᠤᠰᠤ ᠲᠡᠵᠢᠭᠡᠨ ᠦᠷᠡᠵᠢᠭᠦᠯᠬᠦ᠌ ᠰᠠᠭᠤᠷᠢᠨ ᠤ᠋ ᠬᠣᠶᠠᠳᠤᠭᠠᠷ ᠬᠤᠭᠤᠴᠠᠭᠠᠨ ᠤ᠋ ᠪᠠᠷᠢᠯᠭ᠎ᠠ ᠶ᠋ᠢᠨ ᠭᠠᠵᠠᠷ ᠲᠦ᠍ ᠮᠠᠱᠢᠨ ᠮᠧᠬᠠᠨᠢᠭ ᠬᠦᠷᠴᠢᠭᠢᠨᠡᠨ᠂ 100 ᠭᠠᠷᠤᠶ ᠠᠵᠢᠯᠴᠢᠨ ᠶᠠᠭᠠᠷᠠᠯᠲᠠᠢᠬᠠᠨ ᠠᠵᠢᠯᠯᠠᠵᠤ᠂ ᠶᠡᠷᠦᠩᠬᠡᠶ ᠪᠠᠯᠠ ᠣᠷᠣᠭᠤᠯᠤᠯᠲᠠ ᠨᠢ 8 ᠳ᠋ᠦᠩᠱᠢᠭᠤᠷ ᠲᠥᠭᠥᠷᠢᠭ ᠲᠦ᠍ ᠭᠦᠷᠦᠭ᠌ᠰᠡᠨ ᠡᠨᠡ ᠬᠦ᠌ ᠴᠢᠬᠤᠯᠠ ᠶᠡᠬᠡ ᠠᠵᠤ ᠦᠶ᠋ᠯᠡᠰ ᠤ᠋ᠨ ᠲᠥᠷᠥᠯ ᠵᠦᠶ᠋ᠯ ᠤ᠋ᠨ ᠪᠦᠳᠦᠬᠡᠨ ᠪᠠᠢᠭᠤᠯᠤᠯᠳᠠ ᠵᠢ ᠪᠥᠬᠥ᠌ ᠬᠦᠴᠦᠨ ᠶ᠋ᠢᠡᠷ ᠶ᠋ᠢᠡᠨ ᠠᠬᠢᠭᠤᠯᠤᠨ᠎ᠠ᠃
ᠤᠳᠤᠭ ᠤ᠋ᠨ ᠡᠮᠤᠨᠡᠳᠤ ᠬᠣᠱᠢᠭᠤᠨ ᠤ᠋ ᠨᠠᠮ ᠤ᠋ᠨ ᠬᠣᠷᠢᠶ᠎ᠠ ᠪᠤᠯᠤᠨ ᠵᠠᠰᠠᠭ ᠤ᠋ᠨ ᠣᠷᠳᠣᠨ ᠡᠴᠡ ᠲᠣᠰ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠶ᠋ᠢᠨ ᠪᠠᠷᠢᠯᠭ᠎ᠠ ᠶ᠋ᠢᠨ ᠭᠠᠵᠠᠷ ᠲᠦ᠍ ᠲᠣᠮᠢᠯᠠᠨ ᠰᠠᠭᠤᠯᠭᠠᠭ᠍ᠰᠠᠨ ᠭᠤᠤ ᠹᠸᠢ ᠪᠤᠯ ᠣᠲᠣᠭ ᠤ᠋ᠨ ᠡᠮᠦᠨᠡᠲᠦ ᠬᠣᠱᠢᠭᠤᠨ ᠤ᠋ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠤᠪᠴᠢᠶ᠎ᠡ ᠶ᠋ᠢᠨ ᠠᠵᠢᠯᠲᠠᠨ ᠪᠤᠯᠤᠨ᠎ᠠ᠂ ᠲᠡᠷᠡ ᠲᠥᠷᠥᠯ ᠵᠦᠶ᠋ᠯ ᠤ᠋ᠨ ᠪᠠᠷᠢᠯᠭ᠎ᠠ ᠶ᠋ᠢᠨ ᠭᠠᠵᠠᠷ ᠲᠦ᠍ ᠲᠣᠭ᠍ᠲᠠᠮᠠᠯ ᠪᠤᠰᠤ ᠬᠤᠭᠤᠴᠠᠭ᠎ᠠ ᠲᠠᠶ ᠪᠡᠷ ᠢᠷᠡᠵᠤ ᠵᠤᠯᠭᠠᠯᠴᠠᠭ᠎ᠠ ᠦᠷᠨᠢᠭᠦᠯᠵᠦ ᠦᠢᠯᠡᠴᠢᠯᠡᠭᠡ ᠬᠠᠡᠭᠭᠠᠳᠠᠭ᠃ ᠣᠢᠯᠠᠭᠠᠭ᠍ᠰᠠᠨ ᠶ᠋ᠢᠡᠷ᠂ ᠲᠣᠰ ᠲᠥᠷᠥᠯ ᠵᠦᠶ᠋ᠯ ᠤ᠋ᠨ ᠰᠠᠭᠤᠷᠢᠨ ᠳ᠋ᠤ ᠲᠡᠵᠢᠭᠡᠨ ᠦᠷᠡᠵᠢᠭᠦᠯᠵᠦ ᠪᠠᠢᠭ᠎ᠠ 《ᠴᠢᠶᠠᠩ ᠶᠢᠩ》 ᠨᠤᠭᠤᠰᠤ ᠪᠣᠯ ᠪᠦᠷᠢᠮᠦᠰᠦᠨ ᠪᠡᠶ᠎ᠡ ᠪᠡᠨ ᠳᠠᠭᠠᠭᠠᠭ᠍ᠰᠠᠨ ᠮᠡᠳᠡᠯᠭᠡ ᠶ᠋ᠢᠨ ᠦᠮᠴᠢᠯᠡᠯ ᠤ᠋ᠨ ᠡᠷᠬᠡ ᠲᠡᠶ ᠤᠯᠤᠰ ᠤ᠋ᠨ ᠬᠢᠨᠠᠯᠲᠠ ᠵᠢ ᠦᠡᠭᠭᠡᠷᠡᠭᠦᠯᠦᠭᠰᠡᠨ ᠮᠢᠬᠠᠨ ᠤ᠋ ᠨᠤᠭᠤᠰᠤ ᠶ᠋ᠢᠨ ᠱᠢᠨ᠎ᠡ ᠡᠭᠦᠯᠳᠡᠷ ᠪᠠᠢᠵᠤ᠂ ᠪᠤᠢᠵᠢᠯᠲᠠ ᠨᠢ ᠲᠦᠷᠭᠡᠨ᠂ ᠲᠡᠵᠢᠭᠡᠯ ᠪᠣᠷᠳᠣᠭ᠎ᠠ ᠵᠢ ᠰᠢᠩᠬᠡᠬᠡᠬᠦ ᠨᠣᠷᠮ᠎ᠠ ᠨᠢ ᠥᠨᠳᠥᠷ ᠵᠡᠷᠭᠡ ᠣᠨᠴᠠᠯᠢᠭ ᠲᠠᠶ ᠶᠤᠮ᠃ ᠲᠤᠰ ᠲᠥᠷᠥᠯ ᠵᠦᠶ᠋ᠯ ᠪᠥᠬᠥ᠌ ᠲᠠᠯ᠎ᠠ ᠪᠡᠷ ᠠᠱᠢᠭ᠍ᠯᠠᠯᠲᠠ ᠳ᠋ᠦ ᠤᠷᠤᠭ᠍ᠰᠠᠨ ᠤ᠋ ᠳᠠᠷᠠᠭ᠎ᠠ᠂ ᠣᠲᠣᠭ ᠤ᠋ᠨ ᠡᠮᠦᠨᠡᠲᠦ ᠬᠣᠱᠢᠭᠤᠨ ᠤ᠋ ᠪᠤᠷᠤᠪᠠᠯᠭᠠᠰᠤ ᠪᠤᠯᠤᠨ ᠱᠠᠡᠭᠬᠤ ᠶ᠋ᠢᠨ ᠰᠦᠮ᠎ᠡ ᠪᠠᠯᠭᠠᠰᠤᠨ ᠳ᠋ᠦ ᠨᠤᠭᠤᠰᠤ ᠲᠡᠵᠢᠭᠡᠨ ᠦᠷᠡᠵᠢᠭᠦᠯᠬᠦ᠌ 9 ᠰᠠᠭᠤᠷᠢᠨ ᠢ᠋ ᠵᠡᠷᠭᠡ ᠪᠡᠷ ᠪᠠᠢᠷᠢᠱᠢᠭᠤᠯᠵᠤ᠂ ᠲᠠᠵᠢᠬᠡᠬᠦ ᠶᠡᠷᠦᠩᠬᠡᠶ ᠬᠡᠪᠴᠢᠶ᠎ᠡ ᠨᠢ 300 ᠲᠦᠮᠡ ᠳ᠋ᠦ ᠬᠥᠷᠬᠥ᠌ ᠪᠣᠯᠤᠨ᠎ᠠ᠃ ᠢᠷᠡᠭᠡᠳᠦᠶ ᠳ᠋ᠤ ᠪᠠᠰᠠ 60 ᠲᠦᠮᠡᠨ ᠲᠣᠨ ᠪᠣᠷᠳᠣᠭ᠎ᠠ ᠪᠣᠯᠪᠠᠰᠤᠷᠠᠭᠤᠯᠬᠤ᠂ ᠵᠢᠯ ᠳ᠋ᠤ 4000 ᠲᠦᠮᠡᠨ ᠨᠤᠭᠤᠰᠤ ᠨᠢᠲᠤᠯᠬᠤ ᠵᠢᠴᠢ ᠥᠲᠥ ᠨᠤᠤᠰᠤ ᠪᠣᠯᠪᠠᠰᠤᠷᠠᠭᠤᠯᠬᠤ ᠵᠡᠷᠭᠡ ᠡᠬᠢᠨ ᠤ᠋ ᠦᠢᠯᠡᠳᠬᠦᠨ ᠪᠠ ᠡᠴᠦᠰ ᠤ᠋ᠨ ᠦᠢᠯᠡᠳᠭᠦᠨ ᠤ᠋ ᠠᠵᠤ ᠦᠢᠯᠡᠰ ᠤ᠋ᠨ ᠬᠡᠯᠬᠢᠶ᠎ᠡ ᠶ᠋ᠢᠨ ᠲᠥᠷᠥᠯ ᠵᠦᠶ᠋ᠯ ᠢ᠋ ᠢᠵᠢ ᠪᠦᠷᠢᠳᠦᠬᠦᠯᠦᠨ ᠪᠠᠢᠭᠤᠯᠬᠤ ᠪᠡᠷ ᠲᠥᠯᠥᠪᠯᠡᠵᠦ᠍ ᠪᠣᠶ᠃
《ᠮᠠᠨ ᠤ᠋ ᠪᠥᠬᠥ᠌ ᠬᠣᠱᠢᠭᠤᠨ ᠤ᠋ ᠲᠠᠷᠢᠶᠠᠨ ᠭᠠᠵᠠᠷ ᠤ᠋ᠨ ᠲᠠᠯᠠᠪᠠᠢ 99.33 ᠲᠦᠮᠡᠨ ᠮᠥ᠍ ᠪᠠᠢᠵᠤ᠂ ᠪᠣᠬᠢᠷᠲᠤᠯ ᠥᠬᠡᠶ᠂ ᠴᠢᠨᠠᠷ ᠰᠠᠢᠲᠠᠶ᠂ ᠥᠨᠳᠥᠷ ᠪᠦᠲᠦᠮᠵᠢᠲᠡᠶ ᠮᠠᠯ ᠠᠵᠤ ᠠᠬᠤᠶ ᠲᠠᠷᠢᠶᠠᠯᠠᠡᠭ ᠢ᠋ ᠬᠥᠭ᠌ᠵᠢᠭᠦᠯᠬᠦ᠌ ᠥᠪᠡᠷᠮᠢᠴᠡ ᠳᠠᠪᠠᠭᠤᠯᠢᠭ ᠲᠠᠶ ᠶᠤᠮ᠃ ᠴᠢᠶᠠᠩ ᠶᠢᠩ ᠪᠦᠯᠦᠭ᠌ᠯᠡᠯ ᠱᠢᠭ ᠳᠠᠭᠠᠭᠤᠯᠤᠭᠴᠢ ᠠᠵᠤ ᠠᠬᠤᠢᠯᠠᠯ ᠤ᠋ᠨ ᠨᠤᠲᠤᠭᠰᠢᠭᠰᠠᠨ ᠨᠢ ᠪᠥᠬᠥ᠌ ᠬᠣᠱᠢᠭᠤᠨ ᠤ᠋ ᠮᠠᠯ ᠠᠵᠤ ᠠᠬᠤᠶ ᠲᠠᠷᠢᠶᠠᠯᠠᠡᠭ ᠤ᠋ᠨ ᠬᠡᠯᠪᠡᠷᠢ ᠪᠡᠨ ᠬᠤᠪᠢᠷᠠᠭᠤᠯᠤᠨ ᠲᠠᠰ ᠳᠡᠪᠱᠢᠬᠦ᠌ ᠵᠢ ᠠᠬᠢᠭᠤᠯᠬᠤ ᠵᠠᠩᠭᠢᠯᠠᠭ᠎ᠠ ᠶ᠋ᠢᠨ ᠬᠦᠴᠦᠨ ᠪᠤᠯᠪᠠ》 ᠭᠡᠵᠦ᠍ ᠭᠤᠤ ᠹᠸᠢ ᠰᠤᠷᠪᠤᠯᠵᠢᠯᠠᠭ᠍ᠴᠢ ᠳ᠋ᠦ ᠬᠡᠯᠡᠵᠦ ᠪᠠᠢᠯ᠎ᠠ᠃
ᠴᠢᠬᠤᠯᠠ ᠶᠡᠬᠡ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠳ᠋ᠦ ᠰᠠᠢᠲᠤᠷ ᠦᠶ᠋ᠯᠡᠴᠢᠯᠡᠬᠦ᠌ ᠶ᠋ᠢᠨ ᠲᠥᠯᠥᠭᠡ ᠂ ᠣᠲᠣᠭ ᠤ᠋ᠨ ᠡᠮᠦᠨᠡᠲᠦ ᠬᠣᠱᠢᠭᠤ ᠤᠷᠢᠳ ᠬᠣᠵᠢᠳ 15 ᠬᠣᠱᠢᠭᠤ ᠱᠢᠶᠠᠨ ᠤ᠋ ᠱᠠᠲᠤᠨ ᠤ᠋ ᠤᠳᠤᠷᠢᠳᠤᠯᠭ᠎ᠠ ᠪᠡᠷ ᠲᠦᠷᠦᠭᠦᠯᠡᠭᠦᠯᠦᠭ᠌ᠰᠡᠨ᠂ ᠣᠯᠠᠨ ᠰᠠᠯᠠᠭ᠎ᠠ ᠮᠥᠴᠢᠷ ᠬᠠᠮᠵᠢᠯᠴᠠᠭ᠍ᠰᠠᠨ 《ᠴᠢᠬᠤᠯᠠ ᠶᠡᠬᠡ ᠲᠥᠷᠥᠯ ᠵᠦᠶ᠋ᠯ ᠤ᠋ᠨ ᠲᠤᠰᠭᠠᠶ ᠠᠵᠢᠯ ᠤ᠋ᠨ ᠳᠤᠭᠤᠢᠯᠠᠩ》 ᠢ᠋ ᠪᠠᠢᠭᠤᠯᠪᠠ᠃ ᠠᠵᠢᠯᠯᠠᠬᠤ ᠳᠤᠭᠤᠢᠯᠠᠩ ᠤ᠋ᠨ ᠪᠦᠷᠢᠯᠳᠦᠬᠦᠨ ᠨᠡᠷ 《ᠦᠶ᠋ᠯᠡᠴᠢᠯᠡᠭᠡᠨ ᠤ᠋ ᠨᠠᠷᠢᠨ ᠬᠠᠭᠤᠳᠠᠰᠤ》 ᠪᠣᠯᠤᠨ 《ᠠᠰᠠᠭᠤᠳᠠᠯ ᠤ᠋ᠨ ᠨᠠᠷᠢᠨ ᠬᠠᠭᠤᠳᠠᠰᠤ》 ᠵᠢ ᠡᠪᠤᠷᠯᠡᠨ ᠴᠡᠭ ᠲᠦ᠍ ᠰᠠᠭᠤᠨ ᠠᠵᠢᠯᠯᠠᠵᠤ᠂ ᠥᠩᠭᠡᠷᠡᠭ᠌ᠰᠡᠨ ᠳ᠋ᠤ ᠠᠵᠤ ᠠᠬᠤᠢᠯᠠᠯ ᠤ᠋ᠨ ᠬᠢᠨ ᠢ᠋ ᠶᠡᠬᠡ ᠪᠡᠷ ᠭᠠᠴᠢᠭ᠍ᠳᠠᠭᠤᠯᠵᠤ ᠪᠠᠢᠭ᠍ᠰᠠᠨ 《ᠣᠯᠠᠨ ᠭᠠᠵᠠᠷ ᠵᠢᠡᠷ ᠭᠦᠶᠦᠬᠦ᠌᠂ ᠣᠯᠠᠨ ᠴᠤᠡᠭᠬᠤᠪᠴᠢ ᠪᠡᠷ ᠭᠦᠶ᠋ᠴᠡᠳᠭᠡᠬᠦ᠌᠂ ᠣᠯᠠᠨ ᠤᠳᠠᠭ᠎ᠠ ᠭᠦᠶᠦᠬᠦ᠌》 ᠠᠰᠠᠭᠤᠳᠠᠯ ᠢ᠋ 《ᠨᠢᠭᠡ ᠦᠷᠲᠡᠭᠡᠴᠢᠯᠡᠭᠰᠡᠨ ᠮᠠᠶᠢᠭ》 ᠤ᠋ᠨ ᠬᠠᠪᠰᠤᠷᠤᠨ ᠭᠦᠶ᠋ᠴᠡᠳᠭᠡᠵᠦ᠍ ᠣᠷᠣᠯᠠᠨ ᠭᠦᠶ᠋ᠴᠡᠳᠭᠡᠬᠦ᠌ ᠳᠥᠭᠥᠮ ᠳᠥᠲᠡ ᠦᠶ᠋ᠯᠡᠴᠢᠯᠡᠭᠡ ᠪᠡᠷ ᠲᠤᠢᠯᠪᠤᠷᠢᠳᠠᠢ ᠰᠢᠢᠳᠪᠤᠷᠢᠯᠡᠵᠤ ᠂ ᠪᠥᠬᠥ᠌ ᠶᠠᠪᠤᠴᠠ ᠳ᠋ᠦ ᠲᠥᠷᠥᠯ ᠵᠦᠶ᠋ᠯ ᠢ᠋ ᠤᠷᠤᠭ᠍ᠰᠢᠲᠠᠶ ᠨᠠᠢᠳᠠᠪᠤᠷᠢᠵᠢᠭᠤᠯᠬᠤ ᠳ᠋ᠦ ᠪᠠᠲᠤᠯᠠᠭ᠎ᠠ ᠬᠠᠡᠭᠭᠠᠪᠠ᠃
《ᠥᠪᠡᠷᠲᠡᠭᠡᠨ ᠵᠠᠰᠠᠬᠤ ᠣᠷᠣᠨ ᠤ᠋ ᠲᠦᠷᠦᠬᠦᠤ ᠪᠦᠯᠦᠭ ᠤ᠋ᠨ ᠰᠠᠯᠬᠢᠨ ᠬᠦᠴᠦᠨ ᠭᠡᠷᠡᠯᠴᠢ ᠴᠡᠨᠡᠭ ᠤ᠋ᠨ ᠴᠠᠬᠢᠯᠭᠠᠨ ᠵᠢᠡᠷ ᠤᠰᠤᠲᠥ᠋ᠷᠥᠭ᠌ᠴᠢ ᠦᠶ᠋ᠯᠡᠳᠬᠦ᠌ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠂ ᠥᠪᠥᠷ ᠮᠣᠩᠭᠣᠯ ᠭᠤᠸᠠᠩᠳᠦ᠋ᠩ ᠬᠠᠮᠲᠤᠷᠠᠯᠴᠠᠭ᠍ᠰᠠᠨ ᠠᠩᠬᠠᠳᠠᠭ᠍ᠴᠢ ᠱᠢᠨ᠎ᠡ ᠡᠨᠧᠷᠭᠢ ᠶ᠋ᠢᠨ ᠲᠥᠷᠥᠯ ᠵᠦᠶ᠋ᠯ ᠪᠣᠯᠤᠭ᠍ᠰᠠᠨ ᠤ᠋ ᠬᠤᠪᠢ ᠳ᠋ᠦ᠂ ᠮᠠᠨ ᠤ᠋ ᠬᠡᠷᠡᠯᠴᠢ ᠴᠡᠨᠡᠭ ᠤ᠋ᠨ ᠴᠠᠬᠢᠯᠭᠠᠨ ᠵᠢᠡᠷ ᠤᠰᠤᠲᠥ᠋ᠷᠥᠭ᠌ᠴᠢ ᠦᠶ᠋ᠯᠡᠳᠬᠦ᠌ ᠲᠥᠷᠥᠯ ᠵᠦᠶ᠋ᠯ ᠤ᠋ᠨ ᠵᠢᠯ ᠤ᠋ᠨ ᠬᠡᠷᠡᠯᠴᠢ ᠴᠡᠨᠡᠭ ᠶ᠋ᠢᠡᠷ ᠴᠠᠬᠢᠯᠭᠠᠨ ᠭᠠᠷᠭᠠᠬᠤ ᠬᠡᠮᠵᠢᠶ᠎ᠡ 4.7 ᠳ᠋ᠦᠩᠱᠢᠭᠤᠷ ᠺᠢᠯᠦᠸᠠᠲ ᠴᠠᠭ ᠲᠦ᠍ ᠬᠦᠷᠴᠦ᠍᠂ ᠵᠢᠯ ᠤ᠋ᠨ ᠤᠰᠤᠲᠥ᠋ᠷᠥᠭ᠌ᠴᠢ ᠦᠶ᠋ᠯᠡᠳᠬᠦ᠌ ᠬᠡᠮᠵᠢᠶ᠎ᠡ 6000 ᠲᠣᠨ ᠬᠦᠷᠴᠦ᠍᠂ 14.6 ᠲᠦᠮᠡᠨ ᠲᠣᠨ ᠤ᠋ ᠪᠠᠷᠢᠮᠵᠢᠶᠠᠲᠤ ᠨᠡᠭᠦᠷᠡᠰᠦ ᠵᠢ ᠠᠷᠪᠢᠯᠠᠨ᠂ ᠨᠡᠭᠦᠷᠡᠰᠦᠲᠥ᠋ᠷᠥᠭ᠌ᠴᠢ ᠶ᠋ᠢᠨ ᠳᠠᠪᠬᠤᠷ ᠢᠰᠦᠯ ᠤ᠋ᠨ ᠭᠠᠳᠠᠭᠰᠢᠯᠠᠭᠤᠯᠤᠯᠲᠠ ᠵᠢ 39 ᠲᠦᠮᠡᠨ ᠲᠣᠨ ᠪᠠᠭᠠᠰᠬᠠᠵᠤ᠂ ᠪᠤᠬᠢᠷᠳᠤᠯ ᠦᠭᠡᠢ ᠴᠠᠬᠢᠯᠭᠠᠨ ᠶ᠋ᠢᠡᠷ ᠤᠰᠤᠲᠥ᠋ᠷᠥᠭ᠌ᠴᠢ ᠦᠶ᠋ᠯᠡᠳᠬᠦ᠌ ᠦᠢᠯᠡᠰ ᠢ᠋ ᠲᠦᠷᠭᠡᠳᠭᠡᠨ ᠠᠱᠢᠭ᠍ᠯᠠᠯᠲᠠ ᠤᠷᠤᠭᠤᠯᠤᠭᠰᠠᠨ ᠶ᠋ᠢᠡᠷ ᠠᠵᠤ ᠠᠬᠤᠢᠯᠠᠯ ᠴᠦ᠍ ᠪᠥᠬᠥ᠌ ᠤᠯᠤᠰ ᠤ᠋ᠨ ᠠᠵᠢᠯ ᠲᠥᠷᠥᠯ ᠤ᠋ᠨ ᠵᠢᠡᠨ ᠬᠤᠰᠢᠭᠤᠴᠢ ᠡᠡᠭᠨᠡᠭᠡᠨ ᠳ᠋ᠦ ᠳᠡᠪᠰᠢᠨ ᠤᠷᠤᠪᠠ》 ᠭᠡᠵᠦ ᠱᠧᠨ ᠨᠧᠩ ᠤᠮᠠᠷᠠᠲᠤ ᠣᠷᠣᠨ (ᠣᠲᠣᠭ ᠤ᠋ᠨ ᠡᠮᠦᠨᠡᠲᠦ ᠬᠣᠱᠢᠭᠤ) ᠤ᠋ ᠡᠨᠧᠷᠭᠢ ᠶ᠋ᠢᠨ ᠨᠡᠭᠡᠭᠡᠨ ᠬᠦᠭᠵᠢᠬᠦᠯᠦᠯᠳᠡ ᠶ᠋ᠢᠨ ᠬᠢᠵᠠᠭᠠᠷᠲᠤ ᠺᠣᠮᠫᠠᠨᠢ ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠶᠠᠷᠢᠨ᠎ᠠ᠃ ᠲᠡᠬᠦᠨ ᠤ᠋ ᠬᠡᠯᠡᠬᠦ ᠪᠡᠷ᠂ ᠲᠥᠷᠥᠯ ᠵᠦᠶ᠋ᠯ ᠢ᠋ ᠲᠣᠭ᠍ᠲᠠᠭᠠᠬᠤ ᠡᠴᠡ ᠪᠠᠷᠢᠯᠭ᠎ᠠ ᠶ᠋ᠢᠨ ᠠᠵᠢᠯ ᠬᠦᠷᠲᠡᠯ᠎ᠡ᠂ ᠠᠱᠢᠭ᠍ᠯᠠᠯᠲᠠ ᠳ᠋ᠦ ᠣᠷᠣᠭᠤᠯᠬᠤ ᠡᠴᠡ ᠵᠠᠬ᠎ᠠ ᠳᠡᠯᠭᠡᠭᠦᠷ ᠤ᠋ᠨ ᠲᠥᠯᠥᠪᠵᠢᠭᠦᠯᠭᠡ ᠬᠦᠷᠲᠡᠯ᠎ᠡ᠂ 3 ᠵᠢᠯ ᠭᠠᠷᠤᠶᠵᠢᠨ ᠬᠤᠭᠤᠴᠠᠭᠠᠨ ᠳ᠋ᠦ ᠤᠳᠤᠭ ᠤ᠋ᠨ ᠡᠮᠤᠨᠡᠳᠤ ᠬᠣᠱᠢᠭᠤᠨ ᠤ᠋ ᠨᠠᠮ ᠤ᠋ᠨ ᠬᠣᠷᠢᠶ᠎ᠠ ᠪᠠ ᠵᠠᠰᠠᠭ ᠤ᠋ᠨ ᠣᠷᠳᠣᠨ ᠤ᠋ ᠠᠵᠤ ᠠᠬᠤᠢᠯᠠᠯ ᠢ᠋ ᠳᠡᠮᠵᠢᠬᠦ᠌ ᠬᠥᠭ᠌ᠵᠢᠯᠲᠡ ᠶ᠋ᠢᠨ ᠪᠥᠬᠥ᠌ ᠲᠠᠯ᠎ᠠ ᠶ᠋ᠢᠨ ᠦᠶ᠋ᠯᠡᠴᠢᠯᠡᠭᠡ ᠲᠤᠤᠷ᠎ᠠ ᠲᠤᠰ ᠠᠵᠤ ᠠᠬᠤᠢᠯᠠᠯ ᠰᠠᠶᠢ ᠱᠢᠨ᠎ᠡ ᠡᠨᠧᠷᠭᠢ ᠶ᠋ᠢᠨ ᠠᠵᠤ ᠦᠶ᠋ᠯᠡᠰ ᠤ᠋ᠨ ᠤᠷᠤᠯᠳᠤᠭᠠᠨ ᠤ᠋ ᠵᠠᠮ ᠶ᠋ᠢᠡᠷ ᠯᠠᠪᠳᠠᠭᠤᠨ ᠤᠷᠤᠭᠰᠢᠲᠠᠢ ᠵᠠᠮᠨᠠᠵᠤ ᠲᠡᠢᠯᠦᠭᠰᠡᠨ ᠶᠤᠮ᠃
ᠨᠢᠳᠤᠨᠤᠨ ᠨᠠᠮᠤᠷ ᠡᠴᠡ ᠣᠲᠣᠬᠨᠨ ᠪᠣᠯᠲᠠᠯ᠎ᠠ ᠣᠲᠣᠭ ᠤ᠋ᠨ ᠡᠮᠦᠨᠡᠲᠦ ᠬᠣᠱᠢᠭᠤᠨ ᠤ᠋ ᠨᠠᠮ ᠤ᠋ᠨ ᠬᠣᠷᠢᠶ᠎ᠠ ᠪᠠ ᠵᠠᠰᠠᠭ ᠤ᠋ᠨ ᠣᠷᠳᠣᠨ ᠨᠢ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠣᠲᠣ ᠦᠶ᠎ᠡ ᠶ᠋ᠢᠨ ᠨᠡᠭᠦᠷᠡᠰᠦ ᠬᠢᠮᠢ ᠶ᠋ᠢᠨ ᠠᠵᠤ ᠦᠶ᠋ᠯᠡᠳᠪᠦᠷᠢ ᠵᠡᠷᠭᠡ ᠭᠤᠤᠯᠳᠠᠯᠭ᠎ᠠ ᠲᠠᠶ ᠠᠵᠤ ᠦᠶ᠋ᠯᠡᠰ ᠤ᠋ᠨ ᠲᠣᠭᠣᠷᠢᠨ ᠳ᠋ᠦ ᠤᠷᠢᠳ ᠬᠣᠵᠢᠳ ᠬᠥᠬᠡᠮᠥ᠋ᠷᠡᠨ ᠤ᠋ ᠭᠤᠷᠪᠠᠯᠵᠢᠨ ᠬᠣᠢᠭ᠂ ᠵᠦᠵᠢᠶᠠᠩ ᠮᠥᠷᠡᠨ ᠤ᠋ ᠭᠤᠷᠪᠠᠯᠵᠢᠨ ᠬᠣᠢᠭ᠂ ᠴᠦᠩᠴᠢᠩ ᠵᠡᠷᠭᠡ ᠣᠯᠠᠨ ᠭᠠᠵᠠᠷ ᠵᠢᠡᠷ ᠠᠷᠠᠯᠵᠢᠶᠠᠴᠢᠨ ᠤᠷᠢᠵᠤ ᠪᠠᠯᠠ ᠮᠦᠡᠭᠬᠦ ᠤᠷᠤᠭᠤᠯᠤᠨ ᠠᠪᠴᠢᠷᠠᠬᠤ ᠪᠠ ᠲᠥᠷᠥᠯ ᠵᠦᠶ᠋ᠯ ᠢ᠋ ᠱᠢᠨᠵᠢᠯᠡᠨ ᠪᠠᠢᠴᠠᠭᠠᠬᠤ ᠠᠵᠢᠯᠯᠠᠭ᠎ᠠ ᠥᠷᠨᠢᠭᠦᠯᠵᠦ᠍᠂ ᠴᠢᠨᠠᠷ ᠰᠠᠢᠲᠠᠶ ᠡᠬᠢ ᠪᠠᠶᠠᠯᠢᠭ ᠢ᠋ ᠣᠨᠣᠴᠠᠲᠠᠶ ᠪᠡᠷ ᠵᠣᠯᠭᠠᠭᠤᠯᠪᠠ᠃ ᠡᠭᠦᠨ ᠳ᠋ᠤ᠂ ᠣᠷᠳᠣᠰ ᠤ᠋ᠨ ᠹᠠᠩ ᠢᠦᠶ ᠬᠢᠮᠢ ᠶ᠋ᠢᠨ ᠪᠣᠷᠲᠣᠭᠣᠷ ᠤ᠋ᠨ ᠺᠤᠮᠫᠠᠨᠢ ᠶ᠋ᠢᠨ ᠵᠢᠯ ᠳ᠋ᠤ 20 ᠲᠦᠮᠡᠨ ᠲᠣᠨ ᠱᠢᠨ᠎ᠡ ᠬᠡᠯᠪᠡᠷᠢ ᠶ᠋ᠢᠨ ᠪᠣᠷᠲᠣᠭᠣᠷ ᠦᠶ᠋ᠯᠡᠳᠪᠦᠷᠢᠯᠡᠬᠦ᠌ ᠲᠥᠷᠥᠯ ᠵᠦᠶ᠋ᠯ᠂ ᠥᠪᠥᠷ ᠮᠣᠩᠭᠣᠯ ᠤ᠋ᠨ ᠱᠢᠤᠸᠠᠨ ᠳ᠋ᠢᠶᠠᠨ ᠱᠢᠨ᠎ᠡ ᠮᠠᠲ᠋ᠧᠷᠢᠶᠠᠯ ᠤ᠋ᠨ ᠬᠢᠵᠠᠭᠠᠷᠲᠤ ᠺᠣᠮᠫᠠᠨᠢ ᠶ᠋ᠢᠨ ᠵᠢᠯ ᠳ᠋ᠤ 3 ᠲᠦᠮᠡᠨ ᠲᠣᠨ ᠱᠢᠨ᠎ᠡ ᠡᠨᠧᠷᠭᠢ ᠶ᠋ᠢᠨ ᠴᠠᠬᠢᠯᠭᠠᠨ ᠴᠡᠨᠡᠭ ᠤ᠋ᠨ ᠴᠠᠬᠢᠯᠭᠠᠨ ᠳᠠᠮᠵᠢᠭᠤᠯᠬᠤ ᠡᠳ᠋ ᠦᠢᠯᠡᠳᠪᠦᠷᠢᠯᠡᠬᠦ ᠲᠦᠷᠦᠯ ᠵᠦᠢᠯ ᠵᠡᠷᠭᠡ ᠴᠢᠨᠠᠷ ᠰᠠᠢᠲᠠᠶ ᠠᠵᠤ ᠦᠶ᠋ᠯᠡᠰ ᠤ᠋ᠨ ᠬᠡᠯᠬᠢᠶ᠎ᠡ ᠶ᠋ᠢᠨ ᠲᠥᠷᠥᠯ ᠵᠦᠶ᠋ᠯ ᠵᠠᠯᠭᠠᠭ᠎ᠠ ᠪᠡᠷ ᠣᠲᠣᠭ ᠤ᠋ᠨ ᠡᠮᠦᠨᠡᠲᠦ ᠬᠣᠱᠢᠭᠤᠨ ᠳ᠋ᠤ ᠨᠤᠲᠤᠭᠰᠢᠨ ᠪᠠᠷᠢᠯᠭ᠎ᠠ ᠪᠠᠨ ᠡᠬᠢᠯᠡᠭᠦᠯᠪᠡ; ᠬᠤᠸᠠ ᠱᠢᠩ ᠨᠡᠭᠦᠷᠡᠰᠦ ᠪᠡᠷ ᠰᠢᠳᠠᠮᠠᠬᠠᠢ ᠬᠡᠶ ᠦᠶ᠋ᠯᠡᠳᠬᠦ᠌᠂ ᠪᠠ ᠯᠸᠩ ᠨᠡᠭᠦᠷᠡᠰᠦᠨ ᠠᠭᠤᠷᠬᠠᠶ ᠵᠡᠷᠭᠡ 10 ᠳ᠋ᠦᠩᠱᠢᠭᠤᠷ ᠭᠠᠷᠤᠶ ᠲᠥᠭᠥᠷᠢᠭ ᠤ᠋ᠨ ᠪᠠᠯᠠ ᠣᠷᠣᠭᠤᠯᠤᠯᠲᠠ ᠲᠠᠶ ᠨᠢᠭᠡ ᠪᠦᠯᠦᠭ ᠴᠢᠬᠤᠯᠠ ᠶᠡᠬᠡ ᠲᠥᠷᠥᠯ ᠵᠦᠶ᠋ᠯ ᠯᠠᠪᠳᠠᠭᠤᠨ ᠶ᠋ᠢᠡᠷ ᠠᠭᠢᠵᠤ᠂ ᠲᠤᠬᠠᠢ ᠵᠢᠨ ᠭᠠᠵᠠᠷ ᠣᠷᠣᠨ ᠤ᠋ ᠠᠵᠤ ᠦᠶ᠋ᠯᠡᠰ ᠤ᠋ᠨ ᠪᠠᠢᠷᠢᠰᠢᠭᠤᠯᠤᠯᠳᠠ ᠠᠯᠬᠤᠮ ᠠᠯᠬᠤᠮ ᠵᠢᠡᠷ ᠪᠤᠬᠢᠷᠳᠤᠯ ᠦᠭᠡᠢ ᠱᠢᠨ᠎ᠡ ᠡᠨᠧᠷᠭᠢ ᠲᠡᠢᠰᠢ ᠬᠦᠭᠵᠢᠵᠦ ᠪᠠᠢᠨ᠎ᠠ᠃
《ᠪᠢᠳᠡ ᠲᠥᠷᠥᠯ ᠵᠦᠶ᠋ᠯ ᠤ᠋ᠨ ᠲᠣᠭ᠎ᠠ ᠬᠡᠮᠵᠢᠶ᠎ᠡ ᠵᠢ ᠰᠣᠬᠣᠷ ᠪᠠᠯᠠᠶ ᠪᠡᠷ ᠬᠥᠭᠡᠭᠡᠴᠡᠯᠳᠦᠬᠦ᠌ ᠱᠠᠲᠤ ᠦᠶ᠎ᠡ ᠡᠴᠡ ᠠᠯᠢ ᠡᠷᠲᠡ ᠠᠩᠭᠢᠵᠢᠷᠠᠪᠠ᠂ ᠬᠠᠷᠢᠨ ᠤᠯᠤᠰ ᠤ᠋ᠨ ᠠᠵᠤ ᠦᠶ᠋ᠯᠡᠰ ᠤ᠋ᠨ ᠵᠢᠯᠣᠭᠣᠳᠭᠤ ᠭᠠᠷᠴᠠᠭ ᠲᠠᠶ ᠴᠢᠩᠭ᠎ᠠ ᠬᠠᠷᠭᠤᠯᠵᠤ ᠪᠠᠢᠭᠠᠳ 〈ᠠᠷᠠᠯᠵᠢᠶᠠᠴᠢᠨ ᠤᠷᠢᠬᠤ ᠵᠢᠷᠤᠭ ᠲᠥᠰᠦᠪ〉 ᠢ᠋ ᠨᠠᠷᠢᠨ ᠲᠣᠳᠣᠷᠬᠠᠶ ᠲᠤᠭᠳᠠᠭᠠᠨ᠂ ᠬᠠᠨᠳᠤᠯᠭᠠᠲᠤ ᠴᠢᠨᠠᠷᠲᠠᠶ ᠪᠡᠷ ᠠᠷᠠᠯᠵᠢᠶᠠᠴᠢᠨ ᠤᠷᠢᠬᠤ᠂ ᠬᠡᠯᠬᠢᠶᠡᠵᠢᠭ᠌ᠰᠡᠨ ᠮᠠᠶᠢᠭ ᠶ᠋ᠢᠡᠷ ᠠᠷᠠᠯᠵᠢᠶᠠᠴᠢᠨ ᠤᠷᠢᠬᠤ ᠳ᠋ᠦ ᠠᠩᠬᠠᠷᠤᠯ ᠵᠢᠡᠨ ᠲᠥᠪᠯᠡᠷᠡᠭᠦᠯᠵᠦ᠍᠂ ᠠᠷᠠᠯᠵᠢᠶᠠᠴᠢᠨ ᠤᠷᠢᠬᠤ ᠣᠨᠣᠪᠴᠢ ᠶ᠋ᠢᠨ ᠬᠡᠮᠵᠢᠶ᠎ᠡ ᠪᠠ ᠪᠦᠲᠦᠮᠵᠢᠲᠦ ᠴᠢᠨᠠᠷ ᠢ᠋ ᠬᠦᠴᠦᠯᠡᠨ ᠳᠡᠭᠡᠭ᠌ᠰᠢᠯᠡᠭᠦᠯᠪᠡ᠃ 2025 ᠣᠨ ᠳ᠋ᠦ ᠪᠥᠬᠥ᠌ ᠬᠣᠱᠢᠭᠤᠨ ᠳ᠋ᠦ ᠨᠡᠢᠲᠡ 103 ᠲᠥᠷᠥᠯ ᠵᠦᠶ᠋ᠯ ᠢ᠋ ᠤᠷᠢᠨ ᠤᠷᠤᠭᠤᠯᠵᠤ᠂ ᠨᠡᠢᠲᠡ 1425.43 ᠳ᠋ᠦᠩᠱᠢᠭᠤᠷ ᠲᠥᠭᠥᠷᠢᠭ ᠤ᠋ᠨ ᠪᠠᠯᠠ ᠮᠦᠡᠭᠬᠦ ᠵᠢ ᠣᠷᠣᠭᠤᠯᠤᠨ ᠠᠪᠴᠢᠷᠠᠪᠠ》 ᠭᠡᠵᠦ ᠣᠲᠣᠭ ᠤ᠋ᠨ ᠡᠮᠦᠨᠡᠲᠦ ᠬᠣᠱᠢᠭᠤᠨ ᠤ᠋ ᠪᠡᠯᠡ ᠣᠷᠣᠭᠤᠯᠤᠯᠲᠠ ᠵᠢ ᠠᠬᠢᠭᠤᠯᠬᠤ ᠲᠥᠪ ᠤ᠋ᠨ ᠬᠠᠷᠢᠭᠤᠴᠠᠯᠭᠠᠲᠠᠨ ᠲᠠᠨᠢᠯᠴᠠᠭᠤᠯᠪᠠ᠃
ᠵᠢᠱ᠌ᠢᠯᠳᠡ ᠪᠡᠷ᠂ 2025 ᠣᠨ ᠳ᠋ᠦ ᠣᠲᠣᠭ ᠤ᠋ᠨ ᠡᠮᠦᠨᠡᠲᠦ ᠬᠣᠱᠢᠭᠤᠨ ᠤ᠋ ᠤᠷᠤᠨ ᠨᠤᠳᠤᠭ ᠤ᠋ᠨ ᠦᠶ᠋ᠯᠡᠳᠪᠦᠷᠢᠯᠡᠯ ᠤ᠋ᠨ ᠶᠡᠷᠦᠩᠬᠡᠶ ᠥᠷᠲᠡᠭ 5.2% ᠶ᠋ᠢᠡᠷ ᠨᠡᠮᠡᠭ᠌ᠳᠡᠨ᠂ ᠲᠣᠭ᠍ᠲᠠᠮᠠᠯ ᠬᠥᠷᠥᠩᠭᠡ ᠶ᠋ᠢᠨ ᠪᠠᠯᠠ ᠣᠷᠣᠭᠤᠯᠤᠯᠲᠠ 3 ᠵᠢᠯ ᠳᠠᠷᠠᠭᠠᠯᠠᠨ ᠵᠠᠭᠤᠨ ᠳ᠋ᠦᠩᠱᠢᠭᠤᠷ ᠲᠥᠭᠥᠷᠢᠭ ᠢ᠋ ᠳᠠᠪᠠᠵᠤ᠂ ᠨᠡᠢᠭᠡᠮ ᠤ᠋ᠨ ᠬᠡᠷᠡᠭ᠌ᠯᠡᠭᠡᠨ ᠤ᠋ ᠵᠦᠢᠯᠡᠰ ᠢ᠋ ᠪᠦᠭᠡᠮ ᠶ᠋ᠢᠡᠷ ᠪᠤᠷᠤᠯᠠᠭᠤᠯᠤᠭᠰᠠᠨ ᠶᠡᠷᠦᠩᠬᠡᠶ ᠬᠡᠮᠵᠢᠶ᠎ᠡ 6% ᠪᠡᠷ ᠨᠡᠮᠡᠭᠳᠡᠨ᠎ᠡ; ᠡᠩ ᠤ᠋ᠨ ᠣᠯᠠᠨ ᠨᠡᠢᠲᠡ ᠶ᠋ᠢᠨ ᠲᠥᠰᠦᠪ ᠤ᠋ᠨ ᠣᠷᠣᠯᠭ᠎ᠠ 60 ᠳ᠋ᠦᠩᠱᠢᠭᠤᠷ ᠲᠥᠭᠥᠷᠢᠭ ᠢ᠋ ᠳᠠᠪᠠᠵᠤ᠂ ᠲᠠᠬᠡᠷ᠎ᠠ ᠵᠢᠯ ᠤ᠋ᠨ ᠬᠢ ᠡᠴᠡ ᠪᠠᠨ 90.26% ᠪᠡᠷ ᠨᠡᠮᠡᠭᠳᠡᠨ᠎ᠡ; R&D ᠵᠠᠷᠤᠳᠠᠯ ᠤ᠋ᠨ ᠣᠷᠣᠭᠤᠯᠤᠯᠲᠠ ᠶ᠋ᠢᠨ ᠡᠷᠴᠢᠮ ᠪᠥᠬᠥ᠌ ᠬᠣᠲᠠ ᠶ᠋ᠢᠨ ᠲᠦᠷᠦᠭᠦᠨ ᠳ᠋ᠤ ᠵᠢᠭᠰᠠᠵᠤ ᠂ ᠶᠡᠷᠦᠩᠬᠡᠢᠯᠡᠭ᠌ᠰᠡᠨ ᠪᠣᠳᠠᠲᠤ ᠬᠦᠴᠦᠨ ᠶ᠋ᠢᠡᠷ ᠳᠤᠮᠳᠠᠳᠤ ᠤᠯᠤᠰ ᠤ᠋ᠨ ᠪᠠᠷᠠᠭᠤᠨ ᠣᠷᠣᠨ ᠤ᠋ ᠵᠠᠭᠤᠨ ᠬᠦᠴᠦᠷᠬᠡᠭ ᠱᠢᠶᠠᠨ ᠤ᠋ 51 ᠳ᠋ᠤᠭᠡᠷ ᠲᠦ᠍ ᠵᠢᠭ᠍ᠰᠠᠭᠠᠭ᠍ᠳᠠᠬᠤ ᠪᠤᠯᠤᠨ᠎ᠠ᠃
《ᠪᠥᠬᠥ᠌ ᠣᠷᠣᠨ ᠪᠠ ᠪᠥᠬᠥ᠌ ᠬᠣᠲᠠ ᠶ᠋ᠢᠨ ᠠᠵᠤ ᠠᠬᠤᠶ ᠶ᠋ᠢᠨ ᠠᠵᠢᠯ ᠤ᠋ᠨ ᠬᠤᠷᠠᠯ ᠬᠤᠷᠠᠯᠳᠤᠭ᠍ᠰᠠᠨ ᠤ᠋ ᠳᠠᠷᠠᠭ᠎ᠠ᠂ ᠣᠲᠣᠭ ᠤ᠋ᠨ ᠡᠮᠦᠨᠡᠲᠦ ᠬᠣᠱᠢᠭᠤ ᠲᠠᠷᠤᠢ ᠲᠦᠷᠭᠡᠨ ᠬᠥᠳᠡᠯᠦᠯᠴᠡᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠶ᠋ᠢᠨ 〈1571〉 ᠠᠵᠢᠯ ᠤ᠋ᠨ ᠪᠠᠢᠷᠢᠯᠠᠭᠤᠯᠤᠯᠲᠠ ᠵᠢ ᠪᠥᠬᠥ᠌ ᠲᠠᠯ᠎ᠠ ᠪᠡᠷ ᠨᠠᠢᠳᠠᠪᠤᠷᠢᠵᠢᠭᠤᠯᠵᠤ ᠡᠬᠢᠯᠡᠪᠡ᠃ ᠪᠢᠳᠡ ᠤᠷᠤᠨ ᠨᠤᠳᠤᠭ ᠤ᠋ᠨ ᠦᠪᠡᠷᠮᠢᠴᠡ ᠤᠨᠴᠠᠯᠢᠭᠳᠤ ᠳᠠᠪᠠᠭᠤᠯᠢᠭ ᠣᠳᠣᠬᠢᠴᠢᠯᠠᠭ᠍ᠰᠠᠨ ᠠᠵᠤ ᠦᠶ᠋ᠯᠡᠰ ᠤ᠋ᠨ ᠱᠢᠰᠲ᠋ᠧᠮ ᠢ᠋ ᠪᠠᠢᠭᠤᠯᠬᠤ ᠳ᠋ᠦ ᠰᠠᠭᠤᠷᠢᠯᠠᠨ᠂ ᠢᠮᠠᠭ᠍ᠲᠠ ᠠᠵᠤ ᠠᠬᠤᠢᠯᠠᠯ ᠤ᠋ᠨ ᠬᠡᠷᠡᠭ᠌ᠴᠡᠭᠡ ᠵᠢ ᠲᠦᠷᠦᠬᠦᠤ ᠪᠠᠢᠷᠢᠨ ᠳ᠋ᠦ ᠲᠠᠯᠪᠢᠵᠤ᠂ ᠦᠶ᠋ᠯᠡᠴᠢᠯᠡᠭᠡᠨ ᠤ᠋ ᠪᠠᠲᠤᠯᠠᠭ᠎ᠠ ᠵᠢ ᠪᠥᠬᠥ᠌ ᠬᠦᠴᠦᠨ ᠶ᠋ᠢᠡᠷ ᠶ᠋ᠢᠡᠨ ᠰᠠᠢᠲᠤᠷ ᠬᠢᠨ᠎ᠡ》 ᠭᠡᠵᠦ ᠣᠲᠣᠭ ᠤ᠋ᠨ ᠡᠮᠦᠨᠡᠲᠦ ᠬᠣᠱᠢᠭᠤᠨ ᠤ᠋ ᠨᠠᠮ ᠤ᠋ᠨ ᠬᠤᠷᠢᠶ᠎ᠠ ᠶ᠋ᠢᠨ ᠱᠦᠵᠢ ᠸᠠᠩ ᠢᠦᠶ ᠴᠢᠶᠠᠩ ᠭᠡᠯᠡᠨ᠎ᠠ᠃ ᠲᠡᠷᠡ᠂ ᠪᠢᠳᠡ ᠪᠥᠬᠥ᠌ ᠬᠣᠱᠢᠭᠤᠨ ᠳ᠋ᠤ 《ᠠᠵᠢᠯ ᠶᠠᠪᠤᠳᠠᠯ ᠭᠦᠶ᠋ᠴᠡᠳᠭᠡᠬᠦ᠌ ᠳ᠋ᠤ ᠤᠷᠤᠭ᠍ᠰᠢᠲᠠᠶ᠂ ᠪᠠᠯᠠ ᠣᠷᠣᠭᠤᠯᠬᠤ ᠳ᠋ᠤ ᠰᠠᠨᠠᠭ᠎ᠠ ᠠᠮᠤᠷ᠂ ᠡᠵᠡᠩᠨᠡᠯᠲᠡ ᠬᠢᠬᠦ ᠳ᠋ᠤ ᠲᠠᠭᠠᠯᠠᠮᠵᠢᠲᠠᠶ᠂ ᠬᠥᠭ᠌ᠵᠢᠯᠲᠡ ᠨᠢ ᠤᠷᠤᠭᠰᠢᠲᠠᠢ》 ᠴᠢᠨᠠᠷ ᠰᠠᠢᠲᠠᠶ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠪᠣᠶ ᠪᠣᠯᠭᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ ᠶ᠋ᠢᠨ ᠵᠢᠯ ᠳ᠋ᠤ ᠤᠷᠤᠨ ᠨᠤᠳᠤᠭ ᠤ᠋ᠨ ᠵᠢᠡᠨ ᠠᠵᠤ ᠠᠬᠤᠶ ᠨᠡᠢᠭᠡᠮ ᠤ᠋ᠨ ᠬᠥᠭ᠌ᠵᠢᠯᠲᠡ ᠶ᠋ᠢᠨ ᠳᠠᠬᠢᠨ ᠱᠢᠨ᠎ᠡ ᠳᠡᠭ᠌ᠲᠡᠷ ᠲᠦ᠍ ᠭᠠᠷᠬᠤ ᠵᠢ ᠬᠦᠴᠦᠯᠡᠨ ᠠᠬᠢᠭᠤᠯᠵᠤ᠂ ᠱᠢᠨ᠎ᠡ ᠬᠠᠭᠤᠳᠠᠰᠤ ᠵᠢ ᠪᠢᠴᠢᠭ᠌ᠯᠡᠨᠡ ᠭᠡᠯ᠎ᠠ᠃