ᠦᠦᠰᠢᠨ ᠨᠤᠳᠤᠭ᠎ᠤᠨ ᠬᠢᠨ ᠮᠠᠯ᠎ᠤᠨ ᠪᠤᠶᠡᠨ ᠵᠢᠡᠨ ᠳᠦᠰᠢᠵᠦ᠂ ᠮᠠᠨᠭᠨᠤᠭ ᠳᠤᠷᠭ᠎ᠠ ᠪᠡᠨ ᠡᠮᠦᠰᠤᠨ᠂ ᠮᠠᠯᠴᠢᠨ ᠵᠠᠶᠠᠭ᠎ᠠ ᠪᠡᠨ ᠳᠡᠬᠡᠳᠦᠯᠡᠵᠦ᠂ ᠮᠠᠷᠭᠠᠰᠢ ᠢᠷᠡᠬᠡᠳᠦᠢ ᠪᠡᠨ ᠤᠭᠳᠤᠭᠰᠠᠭᠠᠷ᠃ ᠦᠦᠰᠢᠨᠴᠤᠳ ᠮᠠᠯ᠎ᠤᠨ ᠠᠰᠢᠭ ᠰᠢᠮ᠎ᠠ ᠪᠡᠨ ᠠᠮᠢᠳᠤᠷᠡᠯ ᠠᠬᠤᠢ᠎ᠳᠠᠭᠠᠨ ᠦᠢᠯᠡᠴᠢᠯᠡᠬᠦᠯᠵᠦ ᠡᠳᠦᠬᠡ ᠵᠢ ᠬᠦᠷᠴᠡᠢ᠃ ᠨᠢᠭᠡᠨᠲᠡ 60 ᠭᠠᠷᠤᠢ ᠵᠢᠯ᠎ᠤᠨ ᠬᠥᠭᠵᠢᠯᠲᠡ ᠶ᠋ᠢ ᠲᠤᠭᠤᠯᠤᠬ᠍ᠰᠠᠨ ᠣᠷᠳᠣᠰ ᠨᠠᠷᠢᠨ ᠨᠣᠣᠰᠣᠲᠤ ᠬᠤᠨᠢᠨ᠎ᠤ ᠠᠵᠤ ᠦᠢᠯᠡᠰ ᠡᠳᠦᠬᠡ ᠨᠡᠩ ᠥᠷᠭᠡᠨ ᠵᠠᠬ᠎ᠠ ᠳᠡᠯᠭᠡᠭᠦᠷ᠎ᠢ ᠡᠵᠡᠯᠡᠵᠦ ᠪᠠᠢᠨ᠎ᠠ᠃
ᠳᠡᠭᠡᠷ᠎ᠡ ᠵᠠᠭᠤᠨ ᠤ ᠲᠠᠪᠢᠭᠠᠳ ᠣᠨ ᠠᠴᠠ ᠨᠠᠷᠢᠨ ᠨᠣᠣᠰᠣᠲᠤ ᠬᠤᠨᠢᠨ᠎ᠤ ᠪᠣᠢᠵᠢᠭᠤᠯᠤᠯᠲᠠ ᠪᠠ ᠡᠭᠦᠯᠳᠡᠷ ᠰᠠᠢᠵᠢᠷᠠᠭᠤᠯᠬᠤ ᠠᠵᠢᠯ ᠢ ᠡᠬᠢᠯᠡᠨ ᠬᠢᠵᠦ᠂ ᠣᠷᠣᠨ ᠨᠤᠲᠤᠭ᠎ᠤᠨ ᠮᠣᠩᠭᠣᠯ ᠬᠣᠨᠢ᠎ᠪᠠᠷ ᠡᠬᠡ ᠤᠳᠤᠮ᠂ ᠰᠢᠨᠵᠢᠶᠠᠩ᠎ᠤᠨ ᠨᠠᠷᠢᠨ ᠨᠣᠣᠰᠣᠲᠤ ᠬᠣᠨᠢ᠎ᠪᠠᠷ ᠦᠷ᠎ᠡ ᠵᠢᠨ ᠮᠠᠯ ᠪᠤᠯᠭᠠᠵᠤ ᠡᠭᠦᠯᠳᠡᠷ ᠰᠠᠢᠵᠢᠷᠠᠭᠤᠯᠤᠭᠰᠠᠨ ᠶᠤᠮ᠃ 1972 ᠣᠨ᠎ᠳᠤ᠂ ᠡᠯ᠎ᠡ ᠡᠭᠦᠯᠳᠡᠷ ᠪᠣᠢᠵᠢᠭᠤᠯᠬᠤ ᠴᠡᠭ ᠨᠢ ᠰᠣᠩᠭᠣᠨ ᠪᠣᠢᠵᠢᠭᠤᠯᠵᠤ ᠳᠡᠭᠡᠭᠰᠢᠯᠡᠭᠦᠯᠭᠦ ᠠᠵᠢᠯ ᠵᠶ᠋ᠠᠨ ᠡᠬᠢᠯᠡᠭᠦᠯᠦᠭᠰᠡᠨ ᠪᠤᠯ 1985 ᠣᠨ᠎ᠤ 5 ᠰᠠᠷ᠎ᠠ ᠵᠢᠨ 5᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢᠭᠤᠯᠵᠤ᠂ ᠦᠦᠰᠢᠨ᠎ᠤ ᠨᠠᠷᠢᠨ ᠨᠣᠣᠰᠣᠲᠤ ᠬᠣᠨᠢ ᠪᠣᠢᠵᠢᠭᠤᠯᠬᠤ ᠠᠵᠢᠯ ᠵᠢᠴᠢ ᠦᠢᠯᠡᠳᠪᠦᠷᠢᠯᠡᠯ᠎ᠤᠨ ᠴᠢᠳᠠᠪᠬᠢᠳᠤ ᠪᠦᠭᠦ ᠲᠠᠯ᠎ᠠ ᠵᠢᠨ ᠬᠢᠨᠠᠨ ᠰᠢᠯᠭᠠᠯᠲᠠ ᠬᠢᠵᠦ᠂ ᠵᠢᠩᠬᠢᠨᠢ᠎ᠪᠠᠷ 《ᠣᠷᠳᠣᠰ ᠨᠠᠷᠢᠨ ᠨᠣᠣᠰᠣᠲᠤ ᠬᠣᠨᠢ》 ᠭᠡᠵᠦ ᠨᠡᠷᠡᠢᠳᠦᠭᠰᠡᠨ ᠪᠠᠢᠨ᠎ᠠ᠃ 1986 ᠣᠨ᠎ᠠᠴᠠ ᠣᠳᠣ᠌ ᠪᠤᠯᠳᠠᠯ᠎ᠠ᠂ ᠤᠷᠢᠳ ᠬᠣᠵᠢᠳ 6 ᠤᠳᠠᠭ᠎ᠠ ᠠᠦ᠋ᠰᠲᠷᠠᠯᠢᠶ᠎ᠠ ᠮᠸᠷᠨᠤᠰ ᠡᠭᠦᠯᠳᠡᠷ᠎ᠤᠨ ᠬᠤᠴᠠ ᠶ᠋ᠢ ᠣᠷᠣᠭᠤᠯᠤᠨ ᠠᠪᠴᠢᠷᠠᠵᠤ᠂ ᠣᠷᠳᠣᠰ ᠨᠠᠷᠢᠨ ᠨᠣᠣᠰᠣᠲᠤ ᠬᠤᠨᠢᠨ᠎ᠳᠤ ᠵᠠᠯᠭᠠᠭ᠎ᠠ ᠪᠡᠷ ᠭᠤᠷᠪᠠᠨ ᠬᠤᠭᠤᠴᠠᠭ᠎ᠠ᠎ᠵᠢᠨ ᠰᠣᠩᠭᠣᠨ ᠪᠣᠢᠵᠢᠭᠤᠯᠬᠤ ᠢᠨᠵᠧᠨᠧᠷᠢᠩ᠎ᠢ ᠬᠡᠷᠡᠭᠵᠢᠭᠦᠯᠵᠡᠢ᠃ ᠶᠡᠷᠡᠭᠡᠳ ᠣᠨ᠎ᠤ ᠰᠡᠭᠦᠯᠴᠢ᠎ᠪᠠᠷ᠂ ᠣᠷᠣᠨ᠎ᠤ ᠭᠠᠳᠠᠨ᠎ᠠ ᠳᠣᠲᠣᠨᠠᠬᠢ ᠮᠡᠷᠭᠡᠵᠢᠯᠲᠡᠨ᠎ᠤ ᠬᠡᠮᠵᠢᠨ ᠲᠣᠭᠲᠠᠭᠠᠭᠰᠠᠨ ᠵᠶ᠋ᠠᠷ᠂ ᠣᠷᠳᠣᠰ ᠨᠠᠷᠢᠨ ᠨᠣᠣᠰᠣᠲᠤ ᠬᠤᠨᠢᠨ ᠤ ᠶᠡᠷᠦᠩᠬᠡᠢᠯᠡᠭᠰᠡᠨ ᠦᠢᠯᠡᠳᠪᠦᠷᠢᠯᠡᠯ᠎ᠤᠨ ᠴᠢᠳᠠᠪᠬᠢ ᠨᠢ ᠴᠥᠮ ᠪᠦᠭᠦ ᠤᠯᠤᠰ ᠤᠨ ᠲᠡᠷᠢᠭᠦᠨ᠎ᠤ ᠬᠡᠮᠵᠢᠶᠡᠨ᠎ᠳᠤ ᠬᠦᠷᠴᠦ᠂ ᠠᠦ᠋ᠰᠲᠷᠠᠯᠢᠶ᠎ᠠ ᠮᠸᠷᠨᠤᠰ ᠬᠤᠨᠢᠨ᠎ᠤ ᠪᠠᠷᠢᠮᠵᠢᠶ᠎ᠠ᠎ᠳᠤ ᠣᠢᠷᠠᠲᠤᠭᠰᠠᠨ ᠪᠤᠶᠤ ᠳᠠᠪᠠᠵᠦ᠂ 《ᠮᠢᠬ᠎ᠠ ᠨᠣᠣᠰᠣᠨᠤ ᠬᠣᠣᠰ ᠬᠡᠷᠡᠭᠴᠡᠭᠡᠲᠦ᠂ ᠬᠣᠣᠰ ᠥᠨᠳᠥᠷ ᠠᠰᠢᠭ᠍ᠲᠤ》 ᠡᠭᠦᠯᠳᠡᠷ᠎ᠤᠨ ᠨᠡᠢᠲᠡᠯᠢᠭ ᠵᠢᠱ᠌ᠢᠶ᠎ᠡ ᠪᠣᠯᠤᠭᠰᠠᠨ ᠪᠠᠢᠨ᠎ᠠ᠃
ᠣᠷᠳᠣᠰ ᠨᠠᠷᠢᠨ ᠨᠣᠣᠰᠣᠲᠤ ᠬᠣᠨᠢᠨ ᠮᠢᠬᠠᠨ ᠳᠤ ᠤᠭᠤᠷᠠᠭ᠎ᠤᠨ ᠠᠭᠤᠯᠤᠭᠳᠠᠴᠠ ᠥᠨᠳᠥᠷ᠂ ᠥᠭᠡᠬᠦ ᠪᠠᠭ᠎ᠠ᠂ ᠰᠥᠰᠥᠨ᠎ᠤ ᠭᠤᠨᠠᠨ ᠠᠯᠺᠦᠦᠯ ᠳᠣᠣᠷ᠎ᠠ᠂ ᠰᠢᠮ᠎ᠡ ᠲᠡᠵᠢᠭᠡᠯ ᠥᠨᠳᠥᠷ᠂ ᠰᠢᠨ᠎ᠡ ᠰᠣᠷᠭᠣᠭ ᠦᠨᠦᠷ ᠠᠮᠲᠠᠳᠠᠢ ᠪᠡᠷ ᠵᠢᠡᠨ ᠤᠨᠴᠠᠯᠢᠭᠳᠠᠨ᠎ᠠ᠃ ᠨᠠᠷᠢᠨ ᠨᠣᠣᠰᠣᠲᠤ ᠬᠣᠨᠢᠨ ᠤ ᠤᠳᠤᠮᠰᠢᠯ ᠤᠨ ᠡᠭᠦᠯᠳᠡᠷ ᠪᠣᠢᠵᠢᠭᠤᠯᠬᠤ᠂ ᠠᠮᠢᠲᠠᠨ᠎ᠤ ᠰᠢᠮ᠎ᠡ ᠲᠡᠵᠢᠭᠡᠯ ᠪᠠ ᠠᠷᠠᠴᠢᠯᠠᠵᠤ ᠲᠡᠵᠢᠭᠡᠬᠦ ᠵᠡᠷᠭᠡ ᠲᠠᠯ᠎ᠠ᠎ᠪᠠᠷ ᠲᠠᠰᠤᠷᠠᠯᠲᠠ ᠦᠭᠡᠢ ᠰᠤᠳᠤᠯᠭ᠎ᠠ ᠪᠠ ᠵᠢᠱ᠌ᠢᠶ᠎ᠡ ᠦᠵᠡᠭᠦᠯᠦᠨ ᠲᠦᠭᠡᠮᠡᠯᠵᠢᠭᠦᠯᠦᠭᠰᠡᠨ ᠵᠶ᠋ᠠᠷ ᠤᠷᠳᠤᠰ ᠨᠠᠷᠢᠨ ᠨᠣᠣᠰᠣᠲᠤ ᠬᠣᠨᠢᠨ᠎ᠤ ᠡᠬᠦᠯᠳᠡᠷ᠎ᠤᠨ ᠬᠤᠴᠠᠨᠤ ᠴᠢᠨᠠᠷ ᠴᠢᠨᠰᠠᠭ᠎ᠠ ᠠᠯᠬᠤᠮ ᠠᠯᠬᠤᠮ ᠵᠶ᠋ᠠᠷ ᠳᠡᠭᠡᠭᠰᠢᠯᠡᠵᠡᠢ᠂ ᠡᠭᠦᠨ᠎ᠳᠤ ᠨᠤᠤᠰᠤᠨ᠎ᠤ ᠨᠠᠷᠢᠯᠢᠭ᠋᠎ᠤᠨ ᠬᠡᠮᠵᠢᠶ᠎ᠡ᠂ ᠤᠷᠳᠤ ᠵᠢᠨ ᠬᠡᠮᠵᠢᠶ᠎ᠡ ᠪᠠ ᠨᠣᠣᠰᠣᠨᠤ ᠭᠠᠷᠤᠯᠲᠠ ᠵᠢᠨ ᠬᠡᠮᠵᠢᠶ᠎ᠡ ᠴᠤ᠌ ᠳᠡᠭᠡᠭᠰᠢᠯᠡᠵᠡᠢ᠃
ᠦᠦᠰᠢᠨ ᠬᠣᠰᠢᠭᠤᠨ᠎ᠤ ᠨᠠᠮ ᠤᠨ ᠬᠣᠷᠢᠶ᠎ᠠ᠂ ᠵᠠᠰᠠᠭ᠎ᠤᠨ ᠣᠷᠳᠣᠨ ᠣᠯᠠᠨ ᠵᠢᠯ᠎ᠤᠨ ᠲᠤᠷᠰᠢ 《ᠣᠷᠳᠣᠰ ᠨᠠᠷᠢᠨ ᠨᠣᠣᠰᠣᠲᠤ ᠬᠣᠨᠢ》 ᠭᠡᠬᠦ ᠳᠦᠷᠦᠯ ᠳᠡᠮᠳᠡᠭ᠎ᠤᠨ ᠪᠠᠢᠭᠤᠯᠤᠯᠲᠠ ᠶ᠋ᠢ ᠴᠢᠬᠤᠯᠠᠴᠢᠯᠠᠵᠤ᠂ ᠨᠡᠷᠡᠲᠤ ᠲᠡᠮᠳᠡᠭᠳᠤ ᠵᠢᠨ ᠡᠵᠡᠩᠨᠡᠯᠲᠡ ᠵᠢᠨ ᠪᠠᠢᠯᠳᠤᠬᠤ ᠪᠣᠳᠣᠯᠭ᠎ᠠ ᠶ᠋ᠢ ᠬᠡᠷᠡᠭᠵᠢᠭᠦᠯᠦᠭᠰᠡᠨ᠎ᠠᠴᠠ ᠣᠷᠳᠣᠰ ᠨᠠᠷᠢᠨ ᠨᠣᠣᠰᠣᠲᠤ ᠬᠣᠨᠢ ᠨᠢ ᠲᠡᠭᠦᠨ᠎ᠤ ᠤᠭᠢ ᠰᠠᠢᠨ ᠮᠢᠬ᠎ᠠ ᠨᠣᠣᠰᠣᠨᠤ ᠶᠡᠷᠦᠩᠬᠡᠢᠯᠡᠭᠰᠡᠨ ᠴᠢᠳᠠᠪᠬᠢ᠎ᠪᠠᠷ ᠤᠯᠤᠰ᠎ᠤᠨ ᠭᠠᠳᠠᠭᠠᠳᠤ ᠳᠣᠲᠣᠭᠠᠳᠤ᠎ᠳᠤ ᠠᠯᠳᠠᠷᠰᠢᠪᠠ᠃ 1999 ᠣᠨ᠂ 2000 ᠣᠨ᠎ᠳᠤ ᠦᠦᠰᠢᠨ ᠬᠣᠰᠢᠭᠤ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠎ᠤ ᠨᠠᠷᠢᠨ ᠨᠣᠣᠰᠣᠨᠤ ᠦᠨ᠎ᠡ ᠬᠠᠶᠠᠯᠴᠠᠭ᠎ᠠ ᠵᠢᠴᠢ ᠡᠭᠦᠯᠳᠡᠷ᠎ᠤᠨ ᠬᠤᠴᠠᠨᠤ ᠦᠵᠡᠭᠦᠯᠭᠡ ᠵᠢᠨ ᠠᠵᠢᠯᠯᠠᠭᠠᠨ᠎ᠳᠤ ᠣᠷᠣᠯᠴᠠᠵᠤ᠂ ᠦᠨ᠎ᠡ ᠬᠠᠶᠠᠯᠴᠠᠭᠠᠨ᠎ᠳᠤ ᠣᠷᠣᠯᠴᠠᠬ᠍ᠰᠠᠨ ᠨᠣᠣᠰᠣᠨᠤ ᠦᠨ᠎ᠡ ᠨᠢ ᠪᠦᠭᠦᠢᠯᠡ ᠬᠠᠶᠠᠯᠴᠠᠭᠠᠨ᠎ᠳᠤ ᠣᠷᠣᠯᠴᠠᠬ᠍ᠰᠠᠨ ᠨᠣᠣᠰᠣᠨᠤ ᠳᠦᠷᠦᠯ᠎ᠡᠴᠡ ᠬᠠᠷᠢᠴᠠᠯᠠᠰᠢᠬᠦᠢ ᠳᠡᠷᠢᠬᠦᠯᠡᠵᠦ ᠪᠠᠢᠪᠠ᠃ ᠡᠳᠦᠬᠡ᠂ ᠳᠤᠰ ᠬᠤᠰᠢᠭᠤ 120 ᠲᠦᠮᠡᠨ ᠲᠣᠯᠣᠭᠠᠢ ᠣᠷᠳᠣᠰ ᠨᠠᠷᠢᠨ ᠨᠣᠣᠰᠣᠲᠤ ᠬᠣᠨᠢ ᠮᠠᠯᠵᠢᠵᠤ᠂ ᠪᠦᠭᠦ ᠵᠢᠯ᠎ᠤᠨ ᠮᠠᠯ᠎ᠤᠨ ᠭᠠᠷᠭᠠᠯᠲᠠ 60 ᠲᠦᠮᠡᠨ ᠲᠣᠯᠣᠭᠠᠢ᠎ᠳᠤ ᠬᠦᠷᠴᠦ᠂ ᠬᠣᠰᠢᠭᠤᠨ᠎ᠤ ᠪᠡᠨ ᠠᠵᠤ ᠠᠬᠤᠢ ᠵᠢᠨ ᠬᠥᠭᠵᠢᠯᠲᠡ ᠵᠢᠨ ᠴᠢᠬᠤᠯᠠ ᠲᠤᠯᠭᠠᠭᠤᠷᠢᠯᠠᠯ ᠪᠣᠯᠪᠠ᠃ ᠦᠦᠰᠢᠨ ᠬᠣᠰᠢᠭᠤ ᠨᠢ ᠨᠢᠭᠡ ᠴᠣᠭᠴᠠᠵᠢᠭᠤᠯᠤᠭᠰᠠᠨ ᠠᠵᠤ ᠦᠢᠯᠡᠳᠪᠦᠷᠢᠯᠡᠯ᠎ᠤᠨ ᠬᠡᠯᠬᠢᠶᠡᠵᠢᠯ ᠵᠶ᠋ᠠᠷ ᠲᠠᠮᠵᠢᠨ ᠣᠷᠳᠣᠰ ᠨᠠᠷᠢᠨ ᠨᠣᠣᠰᠣᠲᠤ ᠬᠣᠨᠢᠨ᠎ᠤ ᠪᠣᠷᠤᠯᠠᠭᠤᠯᠭ᠎ᠠ ᠵᠢᠨ ᠵᠠᠮ᠎ᠢ ᠨᠡᠭᠡᠭᠡᠵᠦ᠂ ᠪᠡᠭᠡᠵᠢᠩ᠂ ᠱᠠᠩᠬᠠᠢ᠂ ᠭᠤᠸᠠᠩᠵᠧᠦ᠂ ᠱᠧᠨᠵᠧᠨ ᠵᠡᠷᠭᠡ ᠶᠡᠬᠡ ᠬᠣᠲᠠᠨ᠎ᠳᠤ ᠪᠣᠷᠣᠯᠠᠭᠤᠯᠵᠦ᠂ ᠳᠡᠬᠦᠨ ᠵᠢᠡᠷ ᠪᠠᠷᠠᠬᠤ ᠦᠬᠡᠢ ᠡᠯ᠎ᠡ ᠲᠥᠷᠦᠯ᠎ᠤᠨ ᠲᠠᠷᠢᠶᠠᠯᠠᠩ ᠮᠠᠯ᠎ᠤᠨ ᠠᠰᠢᠭ᠋ ᠰᠢᠮ᠎ᠡ ᠵᠢᠨ ᠪᠦᠲᠦᠭᠡᠭᠳᠡᠬᠦᠨ᠎ᠤ ᠳᠡᠯᠭᠡᠨ ᠦᠵᠡᠭᠦᠯᠭᠡ ᠵᠢᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠣᠷᠳᠣᠰ ᠨᠠᠷᠢᠨ ᠨᠣᠣᠰᠣᠲᠤ ᠬᠣᠨᠢᠨ᠎ᠤ ᠤᠯᠠᠭᠠᠨ ᠢᠳᠡᠭᠡᠨ᠂ ᠴᠠᠭᠠᠨ ᠢᠳᠡᠭᠡᠨ᠂ ᠠᠷᠠᠰᠤ ᠨᠣᠣᠰᠣᠨᠤ ᠪᠦᠲᠦᠭᠡᠭᠳᠡᠬᠦᠨ ᠨᠢ ᠥᠷᠭᠡᠨ ᠣᠯᠠᠨ ᠬᠡᠷᠡᠭᠯᠡᠭᠴᠢᠳ᠎ᠤᠨ ᠬᠠᠯᠠᠭᠤᠨ ᠬᠦᠷᠢᠶᠡᠯᠡᠯ᠎ᠢ ᠣᠯᠵᠤ᠂ ᠣᠷᠳᠣᠰ ᠨᠠᠷᠢᠨ ᠨᠣᠣᠰᠣᠲᠤ ᠬᠣᠨᠢᠨ᠎ᠤ ᠨᠡᠷ᠎ᠡ ᠠᠯᠳᠠᠷ᠎ᠢ ᠤᠯᠠᠮ ᠨᠢᠭᠡ ᠠᠯᠬᠤᠮ ᠮᠠᠨᠳᠤᠭᠤᠯᠪᠠ