ᠰᠤᠷᠪᠤᠯᠵᠢᠯᠠᠭᠴᠢ ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠡᠴᠡ ᠣᠢᠯᠠᠭᠠᠭ᠍ᠰᠠᠨ ᠵᠢᠡᠷ᠂ ᠮᠠᠯ ᠠᠵᠤ ᠠᠬᠤᠶᠲᠠᠷᠢᠶᠠᠯᠠᠡᠭ ᠤ᠋ᠨ ᠲᠡᠷᠢᠭᠦᠨ ᠤ᠋ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠶᠡᠬᠡ ᠬᠡᠪᠴᠢᠶ᠎ᠡ ᠪᠡᠷ ᠳᠡᠯᠭᠡᠷᠡᠭᠦᠯᠦᠨ ᠬᠡᠷᠡᠭ᠌ᠯᠡᠬᠦ᠌ ᠶ᠋ᠢ ᠤᠯᠠᠮ ᠨᠢᠭᠡ ᠠᠯᠬᠤᠮ ᠲᠦᠷᠭᠡᠳᠭᠡᠵᠦ᠍᠂ ᠤᠨᠠᠯᠲᠠ ᠭᠠᠷᠤᠯᠳᠠ ᠵᠢᠨ ᠨᠡᠮᠡᠭᠳᠡᠯ ᠳ᠋ᠦ ᠦᠵᠡᠭᠦᠯᠬᠦ᠌ ᠲᠤᠯᠭᠠᠭᠤᠷᠢᠯᠠᠬᠤ ᠦᠶ᠋ᠯᠡᠳᠦᠯ ᠢ᠋ ᠨᠢ ᠬᠦᠢᠴᠡᠳ ᠪᠠᠳᠠᠷᠠᠭᠤᠯᠬᠤ ᠶ᠋ᠢᠨ ᠲᠦᠯᠦᠭᠡ᠂ ᠮᠠᠨ ᠤ᠋ ᠤᠷᠤᠨ ᠤᠢᠷ᠎ᠠ ᠳ᠋ᠤ 2026 ᠣᠨ ᠤ᠋ ᠮᠠᠯ ᠠᠵᠤ ᠠᠬᠤᠶ ᠲᠠᠷᠢᠶᠠᠯᠠᠡᠭ ᠤ᠋ᠨ ᠭᠤᠤᠯᠯᠠᠬᠤ ᠡᠭᠦᠯᠳᠡᠷ ᠪᠠ ᠭᠤᠤᠯ ᠳᠡᠯᠭᠡᠷᠡᠭᠦᠯᠬᠦ᠌ ᠮᠡᠷᠭᠡᠵᠢᠯ ᠢ᠋ ᠨᠡᠢᠲᠡᠯᠡᠪᠡ᠃
ᠲᠣᠰ ᠤᠳᠠᠭ᠎ᠠ ᠵᠢᠨ ᠨᠡᠢᠲᠡᠯᠡᠭ᠌ᠰᠡᠨ ᠭᠤᠤᠯᠯᠠᠬᠤ ᠡᠭᠦᠯᠳᠡᠷ ᠲᠦ᠍ ᠡᠷᠳᠡᠨᠢ ᠱᠢᠰᠢ ᠶ᠋ᠢᠨ 《ᠬᠣᠩ ᠪᠥᠸᠧ701》᠂ ᠱᠢᠷᠠ ᠪᠤᠷᠴᠠᠭ ᠤ᠋ᠨ 《ᠮᠣᠩᠭᠣᠯ ᠪᠤᠷᠴᠠᠭ 375》᠂ ᠲᠥᠮᠥᠰᠥ᠍ ᠶ᠋ᠢᠨ 《 ᠯᠢᠦ ᠫᠢᠩ 1》 ᠵᠡᠷᠭᠡ 30 ᠲᠠᠷᠢᠮᠠᠯ ᠤ᠋ᠨ ᠭᠤᠤᠯᠯᠠᠬᠤ ᠡᠭᠦᠯᠳᠡᠷ ᠪᠣᠯᠤᠨ ᠬᠤᠸᠠᠰᠢ ᠦᠬᠡᠷ᠂ ᠵᠣᠣ ᠤᠳᠠ ᠮᠢᠬᠠᠨ ᠤ᠋ ᠬᠣᠨᠢ᠂ ᠥᠪᠥᠷ ᠮᠣᠩᠭᠣᠯ ᠤ᠋ᠨ ᠨᠤᠤᠯᠤᠭᠤᠷ ᠤ᠋ᠨ ᠴᠠᠭᠠᠨ ᠢᠮᠠᠭ᠎ᠠ (ᠠᠷᠪᠠᠰ ᠬᠡᠯᠪᠡᠷᠢ) ᠵᠡᠷᠭᠡ 5 ᠮᠠᠯ ᠵᠢᠭᠦᠷᠲᠡᠨ ᠤᠰᠤᠨ ᠭᠠᠷᠤᠯᠲᠠ ᠶ᠋ᠢᠨ ᠭᠤᠤᠯᠯᠠᠬᠤ ᠡᠭᠦᠯᠳᠡᠷ ᠢ᠋ ᠪᠠᠭᠲᠠᠭᠠᠵᠤ᠂ ᠡᠷᠳᠡᠨᠢ ᠰᠢᠰᠢ᠂ ᠲᠥᠮᠥᠰᠥ᠍ ᠂ ᠪᠣᠭᠣᠳᠠᠶ ᠵᠡᠷᠭᠡ ᠭᠤᠤᠯ ᠪᠣᠯᠬᠤ ᠠᠮᠤ ᠲᠣᠰᠣᠨ ᠤ᠋ ᠲᠠᠷᠢᠮᠠᠯ ᠵᠢᠴᠢ ᠦᠬᠡᠷ ᠬᠣᠨᠢ ᠵᠡᠷᠭᠡ ᠭᠤᠤᠯ ᠪᠣᠯᠬᠤ ᠮᠠᠯ ᠵᠢᠭᠦᠷᠲᠡᠨ ᠢ᠋ ᠬᠠᠮᠤᠷᠴᠠᠢ᠃ ᠮᠠᠯ ᠠᠵᠤ ᠠᠬᠤᠶᠲᠠᠷᠢᠶᠠᠯᠠᠡᠭ ᠤ᠋ᠨ ᠭᠤᠤᠯ ᠳᠡᠯᠭᠡᠷᠡᠭᠦᠯᠬᠦ᠌ ᠮᠡᠷᠭᠡᠵᠢᠯ ᠳ᠋ᠦ ᠡᠷᠳᠡᠨᠢ ᠱᠢᠰᠢ ᠶ᠋ᠢᠨ ᠪᠦᠷᠬᠦᠪᠴᠢ ᠦᠯᠦ ᠲᠠᠷᠤᠬᠤ ᠭᠦᠶᠦᠬᠡᠨ ᠪᠤᠯᠠᠵᠤ ᠳᠤᠰᠤᠯᠠᠭᠠᠨ ᠤᠰᠤᠯᠠᠬᠤ ᠤᠰᠤ ᠪᠣᠷᠲᠣᠭᠣᠷ ᠢ᠋ ᠨᠢᠭᠡ ᠴᠣᠭ᠍ᠴᠠᠵᠢᠭᠤᠯᠬᠤ ᠮᠡᠷᠭᠡᠵᠢᠯ᠂ ᠡᠷᠳᠡᠨᠢ ᠰᠢᠰᠢ ᠶ᠋ᠢᠨ ᠡᠰᠢ ᠰᠦᠷᠡᠯ ᠢ᠋ ᠲᠠᠷᠢᠶᠠᠨ ᠳ᠋ᠦ ᠪᠤᠴᠠᠭᠠᠵᠤ ᠭᠠᠵᠠᠷ ᠲᠠᠷᠢᠶ᠎ᠠ ᠪᠠᠨ ᠵᠤᠷᠪᠤᠰᠯᠠᠨ ᠲᠡᠭᠰᠢᠯᠡᠵᠦ ᠠᠯᠭᠤᠷ ᠰᠢᠡᠭᠭᠡᠬᠦ ᠪᠤᠷᠳᠤᠭᠤᠷ ᠪᠠ ᠬᠤᠯᠢᠮᠠᠭ ᠪᠤᠷᠳᠤᠭᠤᠷ ᠢ᠋ ᠵᠡᠷᠭᠡ ᠪᠡᠷ ᠤᠷᠤᠭᠤᠯᠬᠤ ᠲᠦᠭᠦᠮ ᠳᠦᠳᠡ ᠪᠦᠭᠡᠳ ᠦᠨᠳᠦᠷ ᠪᠦᠲᠦᠮᠵᠢᠲᠡᠢ ᠲᠠᠷᠢᠵᠤ ᠤᠷᠤᠭᠤᠯᠬᠤ ᠮᠡᠷᠭᠡᠵᠢᠯ ᠵᠡᠷᠭᠡ 41 ᠲᠠᠷᠢᠶᠠᠯᠠᠡᠭ ᠤ᠋ᠨ ᠭᠤᠤᠯ ᠳᠡᠯᠭᠡᠷᠡᠭᠦᠯᠬᠦ᠌ ᠮᠡᠷᠭᠡᠵᠢᠯ ᠪᠤᠯᠤᠨ ᠬᠤᠸᠠᠰᠢ ᠦᠬᠡᠷ ᠢ᠋ ᠰᠣᠩᠭᠣᠨ ᠪᠣᠢᠵᠢᠭᠤᠯᠵᠤ ᠳᠡᠯᠭᠡᠷᠡᠭᠦᠯᠬᠦ᠌ ᠮᠡᠷᠭᠡᠵᠢᠯ᠂ ᠡᠮᠦᠨᠡᠲᠦ ᠠᠮᠧᠷᠢᠺᠠ ᠶ᠋ᠢᠨ ᠰᠠᠮ ᠬᠣᠷᠣᠬᠠᠶ ᠶ᠋ᠢᠨ 《ᠬᠦᠯᠡᠮᠵᠢ ᠳ᠋ᠦ ᠪᠤᠢᠵᠢᠭᠤᠯᠵᠤ ᠴᠦᠬᠦᠷᠤᠮ ᠳ᠋ᠦ ᠲᠡᠵᠢᠭᠡᠬᠦ》 ᠮᠡᠷᠭᠡᠵᠢᠯ ᠵᠡᠷᠭᠡ 12 ᠮᠠᠯ ᠵᠢᠭᠦᠷᠲᠡᠨ ᠤᠰᠤᠨ ᠭᠠᠷᠤᠯᠲᠠ ᠶ᠋ᠢᠨ ᠭᠤᠤᠯ ᠳᠡᠯᠭᠡᠷᠡᠭᠦᠯᠬᠦ᠌ ᠮᠡᠷᠭᠡᠵᠢᠯ ᠢ᠋ ᠪᠠᠭᠲᠠᠭᠠᠵᠤ᠂ ᠠᠮᠤ ᠲᠣᠰᠣᠨ ᠤ᠋ ᠲᠠᠷᠢᠮᠠᠯ᠂ ᠤᠰᠤ ᠠᠷᠪᠢᠯᠠᠬᠤ ᠤᠰᠤᠯᠠᠯᠲᠠ᠂ ᠮᠠᠯ ᠲᠡᠵᠢᠭᠡᠪᠦᠷᠢ᠂ ᠡᠪᠡᠳᠴᠢᠨ ᠬᠣᠷᠣᠬᠠᠶ ᠶ᠋ᠢᠨ ᠬᠥᠨᠥᠭᠡᠯ ᠢ᠋ ᠰᠡᠷᠭᠡᠢᠯᠡᠨ ᠵᠠᠰᠠᠬᠤ ᠵᠡᠷᠭᠡ ᠲᠠᠯ᠎ᠠ ᠶ᠋ᠢ ᠬᠠᠮᠤᠷᠴᠠᠶ᠃
ᠮᠠᠯ ᠠᠵᠤ ᠠᠬᠤᠶᠲᠠᠷᠢᠶᠠᠯᠠᠡᠭ ᠤ᠋ᠨ ᠭᠣᠣᠯᠯᠠᠬᠤ ᠡᠭᠦᠯᠳᠡᠷ ᠪᠣᠯᠤᠨ ᠭᠣᠣᠯ ᠳᠡᠯᠭᠡᠷᠡᠭᠦᠯᠬᠦ᠌ ᠮᠡᠷᠭᠡᠵᠢᠯ ᠪᠣᠯ ᠮᠠᠯ ᠠᠵᠤ ᠠᠬᠤᠶ ᠲᠠᠷᠢᠶᠠᠯᠠᠡᠭ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠢ᠋ ᠳᠡᠯᠭᠡᠷᠡᠭᠦᠯᠬᠦ᠌ ᠪᠡᠯᠭᠡ ᠲᠡᠮᠳᠡᠭ ᠤ᠋ᠨ ᠴᠢᠨᠠᠷᠲᠠᠶ ᠠᠵᠢᠯ ᠤ᠋ᠨ ᠨᠢᠭᠡ ᠶᠤᠮ᠃ ᠤᠢᠯᠠᠭᠠᠭᠰᠠᠨ ᠵᠢᠡᠷ᠂ ᠪᠥᠬᠥ᠌ ᠣᠷᠣᠨ ᠤ᠋ ᠡᠯ᠎ᠡ ᠭᠠᠵᠠᠷ ᠤ᠋ᠨ ᠬᠢᠨ ᠲᠤᠬᠠᠢ ᠶ᠋ᠢᠨ ᠭᠠᠵᠠᠷ ᠤ᠋ᠨ ᠪᠣᠳᠠᠲᠤ ᠪᠠᠢᠳᠠᠯ ᠪᠤᠯᠤᠨ ᠮᠠᠯ ᠠᠵᠤ ᠠᠬᠤᠶ ᠲᠠᠷᠢᠶᠠᠯᠠᠡᠭ ᠤ᠋ᠨ ᠬᠥᠭ᠌ᠵᠢᠯᠲᠡ ᠶ᠋ᠢᠨ ᠬᠡᠷᠡᠭ᠌ᠴᠡᠭᠡ ᠲᠡᠶ ᠪᠡᠨ ᠤᠶᠠᠯᠳᠤᠭᠤᠯᠵᠤ᠂ 《ᠴᠢᠬᠢ ᠦᠵᠡᠵᠦ᠍ ᠦᠷ᠎ᠡ ᠰᠣᠩᠭᠣᠬᠤ》 ᠲᠠᠪᠴᠠᠩ᠂ ᠦᠨᠳᠦᠰᠦᠨ ᠱᠠᠲᠤᠨ ᠤ᠋ ᠮᠠᠯ ᠠᠵᠤ ᠠᠬᠤᠶ ᠲᠠᠷᠢᠶᠠᠯᠠᠡᠭ ᠤ᠋ᠨ ᠮᠡᠷᠭᠡᠵᠢᠯ ᠢ᠋ ᠳᠡᠯᠭᠡᠷᠡᠭᠦᠯᠬᠦ᠌ ᠱᠢᠰᠲ᠋ᠧᠮ᠂ ᠮᠠᠯ ᠠᠵᠤ ᠠᠬᠤᠶ ᠲᠠᠷᠢᠶᠠᠯᠠᠡᠭ ᠤ᠋ᠨ ᠨᠡᠢᠭᠡᠮᠴᠢᠯᠡᠭ᠌ᠰᠡᠨ ᠦᠶ᠋ᠯᠡᠴᠢᠯᠡᠭᠡᠨ ᠤ᠋ ᠵᠣᠬᠢᠶᠠᠨ ᠪᠠᠢᠭᠤᠯᠤᠯᠲᠠ ᠵᠡᠷᠭᠡ ᠳ᠋ᠦ ᠲᠦᠱᠢᠭ᠌ᠯᠡᠨ ᠵᠢᠱ᠌ᠢᠶ᠎ᠡ ᠦᠵᠡᠭᠦᠯᠵᠤ ᠳᠡᠯᠭᠡᠨ ᠦᠵᠡᠭᠦᠯᠬᠦ᠌᠂ ᠲᠤᠷᠱᠢᠯᠭ᠎ᠠ ᠪᠠᠨ ᠰᠣᠯᠢᠯᠴᠠᠬᠤ ᠪᠠ ᠪᠣᠯᠪᠠᠰᠤᠷᠠᠭᠤᠯᠤᠨ ᠵᠢᠯᠣᠭᠣᠳᠭᠤ ᠵᠡᠷᠭᠡ ᠠᠵᠢᠯᠯᠠᠭ᠎ᠠ ᠥᠷᠨᠢᠭᠦᠯᠵᠦ᠍᠂ 2026 ᠣᠨ ᠤ᠋ ᠮᠠᠯ ᠠᠵᠤ ᠠᠬᠤᠶ ᠲᠠᠷᠢᠶᠠᠯᠠᠡᠭ ᠤ᠋ᠨ ᠭᠤᠤᠯᠯᠠᠬᠤ ᠡᠭᠦᠯᠳᠡᠷ ᠪᠤᠯᠤᠨ ᠭᠤᠤᠯ ᠳᠡᠯᠭᠡᠷᠡᠭᠦᠯᠬᠦ᠌ ᠮᠡᠷᠭᠡᠵᠢᠯ ᠢ᠋ ᠭᠠᠴᠠᠭ᠎ᠠ ᠲᠣᠰᠭᠣᠨ ᠪᠠ ᠡᠷᠦᠬᠡ ᠳ᠋ᠦ ᠬᠦᠷᠭᠡᠵᠤ᠂ ᠲᠠᠷᠢᠶᠠᠨ ᠭᠠᠵᠠᠷ ᠲᠦ᠍ ᠱᠢᠭᠤᠳ ᠬᠦᠷᠭᠡᠬᠦ᠌ ᠪᠤᠯᠤᠨ᠎ᠠ᠃