ᠰᠤᠷᠪᠤᠯᠵᠢᠯᠠᠭᠴᠢ ᠥᠪᠥᠷ ᠮᠣᠩᠭᠣᠯ᠎ᠤᠨ ᠵᠡᠮᠳᠡᠭ᠌ᠴᠦᠳ᠎ᠦᠨ ᠬᠣᠯᠪᠣᠭ᠎ᠠ ᠡᠴᠡ ᠤᠢᠯᠠᠭᠠᠬᠰᠠᠨ ᠵᠢᠡᠷ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠦᠯᠦᠪᠵᠢᠬᠦᠯᠭᠡ᠎ᠶᠢᠨ ᠬᠤᠭᠤᠴᠠᠭᠠᠨ᠎ᠳᠤ᠂ ᠥᠪᠥᠷ ᠮᠣᠩᠭᠣᠯ 6.16 ᠲᠦᠮᠡᠨ ᠬᠥᠮᠦᠨ ᠤᠳᠠᠭ᠎ᠠ᠎ᠳᠤ ᠵᠡᠮᠳᠡᠭ᠌ᠴᠦᠳ᠎ᠦᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ ᠪᠠ ᠬᠡᠷᠡᠭ᠌ᠯᠡᠭᠡᠨ᠎ᠦ ᠮᠡᠷᠭᠡᠵᠢᠯ᠎ᠦᠨ ᠪᠣᠯᠪᠠᠰᠤᠷᠠᠯ ᠬᠦᠷᠲᠡᠭᠡᠵᠦ᠂ ᠨᠡᠢᠲᠡ 5.32 ᠲᠦᠮᠡᠨ ᠵᠡᠮᠳᠡᠭᠴᠤᠳ᠎ᠲᠤ ᠱᠢᠨ᠎ᠡ᠎ᠪᠡᠷ ᠠᠵᠢᠯ ᠣᠯᠭᠣᠪᠠ᠃
ᠵᠡᠮᠳᠡᠭ᠌ᠴᠦᠳ᠎ᠲᠦ ᠠᠵᠢᠯ ᠣᠯᠭᠣᠬᠤ᠎ᠶ᠋ᠢ ᠤᠯᠠᠮ ᠨᠢᠭᠡ ᠠᠯᠬᠤᠮ ᠠᠬᠢᠭᠤᠯᠬᠤ᠎ᠶ᠋ᠢᠨ ᠲᠤᠰᠠᠳᠠ᠂ ᠥᠪᠥᠷ ᠮᠣᠩᠭᠣᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ〈ᠵᠡᠮᠳᠡᠭ᠌ᠴᠦᠳ᠎ᠲᠦ ᠠᠵᠢᠯ ᠣᠯᠭᠣᠬᠤ᠎ᠶ᠋ᠢ ᠠᠬᠢᠭᠤᠯᠬᠤ ᠭᠤᠷᠪᠠᠨ ᠵᠢᠯ᠎ᠦᠨ ᠠᠵᠢᠯᠯᠠᠭᠠᠨ᠎ᠤ ᠲᠥᠰᠦᠯ (2025 — 2027 ᠣᠨ)〉 ᠢ᠋ ᠲᠤᠭᠤᠰᠢᠯᠠᠭᠤᠯᠤᠨ ᠨᠠᠢᠳᠠᠪᠤᠷᠢᠵᠢᠭᠤᠯᠬᠤ ᠡᠭᠦᠷᠭᠡ᠎ᠶ᠋ᠢᠨ ᠨᠠᠷᠢᠨ ᠳᠠᠩᠰᠠ》 ᠶ᠋ᠢ ᠲᠣᠭ᠍ᠲᠠᠭᠠᠵᠤ᠂ ᠣᠯᠠᠨ ᠵᠦᠶ᠋ᠯ᠎ᠦᠨ ᠬᠡᠯᠪᠡᠷᠢ ᠪᠥᠬᠥᠶ ᠠᠵᠢᠯ ᠣᠯᠭᠣᠵᠤ ᠦᠶ᠋ᠯᠡᠰ ᠪᠤᠰᠬᠠᠬᠤ ᠨᠥᠬᠥᠪᠥᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠪᠡ᠃ ᠡᠭᠦᠨ᠎ᠦ ᠬᠠᠮᠲᠤ᠂ 176 ᠲᠠᠯᠠᠪᠤᠷ ᠡᠯ᠎ᠡ ᠱᠠᠲᠤᠨ᠎ᠤ ᠡᠯ᠎ᠡ ᠲᠥᠷᠥᠯ᠎ᠦᠨ ᠵᠡᠮᠳᠡᠭ᠌ᠴᠦᠳ᠎ᠦᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠢ ᠡᠷᠭᠢᠯᠡᠬᠦ᠌᠎ᠪᠡᠷ ᠳᠠᠮᠵᠢᠨ᠂ ᠵᠡᠮᠳᠡᠭ᠌ᠴᠦᠳ᠎ᠦᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠪᠡ; ᠠᠯᠪᠠᠳᠠᠨ ᠪᠠ ᠠᠵᠢᠯ ᠦᠢᠯᠡᠰ᠎ᠦᠨ ᠨᠢᠭᠡᠴᠢ᠎ᠶ᠋ᠢᠨ 37 ᠵᠡᠮᠳᠡᠭ᠌ᠴᠦᠳ᠎ᠦᠨ ᠲᠤᠰᠭᠠᠢ ᠠᠵᠢᠯ᠎ᠤᠨ ᠪᠠᠢᠷᠢ ᠭᠠᠷᠭᠠᠬᠤ᠎ᠶ᠋ᠢ ᠠᠬᠢᠭᠤᠯᠵᠤ᠂ ᠵᠡᠮᠳᠡᠭᠴᠤᠳ᠎ᠤᠨ ᠠᠵᠢᠯ ᠣᠯᠭᠣᠯᠳᠠ ᠵᠢᠨ ᠠᠷᠭ᠎ᠠ ᠵᠠᠮ᠎ᠢ ᠥᠷᠭᠡᠳᠭᠡᠪᠡ;ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠤᠨ ᠠᠵᠢᠯ ᠣᠯᠵᠤ ᠦᠢᠯᠡᠰ ᠪᠤᠰᠬᠠᠬᠤ᠎ᠶ᠋ᠢ ᠠᠬᠢᠭᠤᠯᠬᠤ ᠨᠡᠢᠭᠡᠮᠯᠢᠭ᠎ᠢ ᠪᠠᠢᠭᠤᠯᠵᠤ᠂ ᠵᠡᠮᠳᠡᠭ᠌ᠴᠦᠳ᠎ᠦᠨ ᠦᠢᠯᠡᠰ ᠪᠤᠰᠬᠠᠬᠤ᠎ᠳᠤ ᠬᠦᠴᠦᠨ ᠨᠡᠮᠡᠷᠢᠯᠡᠵᠦ᠂ 《ᠠᠵᠤ ᠠᠬᠤᠢᠯᠠᠯ᠎ᠢ ᠰᠤᠷᠪᠤᠯᠵᠢᠯᠠᠨ ᠠᠵᠢᠯ᠎ᠤᠨ ᠪᠠᠢᠷᠢ᠎ᠶ᠋ᠢ ᠥᠷᠭᠡᠳᠭᠡᠬᠦ᠌》 ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠵᠦ᠍᠂ 2475 ᠠᠵᠤ ᠠᠬᠤᠢᠯᠠᠯ᠎ᠢ ᠰᠤᠷᠪᠤᠯᠵᠢᠯᠠᠨ᠂ 10609 ᠠᠵᠢᠯ᠎ᠤᠨ ᠪᠠᠢᠷᠢ᠎ᠶ᠋ᠢ ᠥᠷᠭᠡᠳᠭᠡᠪᠡ᠃ ᠡᠭᠦᠨ᠎ᠡᠴᠡ ᠭᠠᠳᠠᠨ᠎ᠠ᠂ ᠶᠡᠬᠡ ᠳᠡᠭᠡᠳᠦ ᠰᠤᠷᠭᠠᠭᠤᠯᠢ᠎ᠶ᠋ᠢᠨ 694 ᠵᠡᠮᠳᠡᠭ ᠲᠡᠭᠦᠰᠭᠦ ᠤᠶᠤᠲᠠᠨ ᠳ᠋ᠤ 《ᠨᠢᠭᠡ ᠬᠥᠮᠦᠨ᠎ᠳᠦ ᠨᠢᠭᠡ ᠠᠷᠭ᠎ᠠ ᠪᠣᠳᠣᠯᠭ᠎ᠠ ᠬᠡᠷᠡᠭ᠌ᠵᠢᠭᠦᠯᠬᠦ᠌》 ᠣᠨᠣᠴᠠᠲᠠᠶ᠎ᠪᠠᠷ ᠬᠠᠪᠰᠤᠷᠤᠨ ᠲᠡᠳᠬᠦᠬᠦ᠌᠎ᠶ᠋ᠢ ᠬᠡᠷᠡᠭ᠌ᠵᠢᠭᠦᠯᠵᠦ᠍᠂ ᠠᠵᠢᠯ ᠤᠯᠬᠤ ᠳ᠋ᠤ ᠪᠠᠲᠤᠯᠠᠭ᠎ᠠ ᠬᠠᠩᠭᠠᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号