ᠨᠡᠭᠦᠷᠡᠰᠦᠲᠥ᠋ᠷᠥᠭᠴᠢ᠎ᠶᠢᠨ ᠠᠷᠠᠯᠵᠢᠶ᠎ᠠ ᠵᠢᠨ ᠲᠤᠷᠰᠢᠯᠲᠠ᠎ᠶᠢᠨ ᠲᠥᠷᠥ᠎ᠶᠢᠨ ᠪᠣᠳᠣᠯᠭ᠎ᠠ᠎ᠶᠢᠨ ᠬᠣᠲᠠ᠎ᠶᠢᠨ ᠠᠵᠤ ᠦᠢᠯᠡᠳᠪᠦᠷᠢ᠎ᠶᠢᠨ GTFP᠎ᠳᠤ ᠦᠵᠡᠭᠦᠯᠬᠦ ᠦᠢᠯᠡᠳᠦᠯ
2026-01-23 10:13:37
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠯᠢᠦ ᠴᠢᠶᠠᠩ᠂ ᠯᠢ ᠱᠤᠤ ᠷᠦᠩ 《ᠪᠡᠭᠡᠵᠢᠩ᠎ᠦᠨ ᠨᠡᠢᠭᠡᠮ᠎ᠦᠨ ᠰᠢᠨᠵᠢᠯᠡᠬᠦ ᠤᠬᠠᠭᠠᠨ》᠎ᠰᠡᠳᠭᠦᠯ᠎ᠤᠨ 2025 ᠣᠨ᠎ᠤ 2 ᠳ᠋ᠤᠭᠠᠷ ᠬᠤᠭᠤᠴᠠᠭ᠎ᠠ᠎ᠳᠤ ᠦᠭᠦᠯᠡᠯ ᠨᠡᠢᠳᠡᠯᠡᠵᠦ᠂ ᠨᠡᠭᠦᠷᠡᠰᠦᠲᠥ᠋ᠷᠥᠭᠴᠢ᠎ᠶᠢᠨ ᠠᠷᠠᠯᠵᠢᠶ᠎ᠠ ᠨᠢ ᠬᠦᠯᠡᠮᠵᠢ᠎ᠶᠢᠨ ᠬᠡᠢ ᠪᠡᠶᠡᠲᠦ᠎ᠶᠢᠨ ᠭᠠᠳᠠᠭᠰᠢᠯᠠᠭᠤᠯᠤᠯᠲᠠ᠎ᠶᠢ ᠬᠢᠵᠠᠭᠠᠷᠯᠠᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ᠎ᠶᠢ ᠴᠢᠩᠭᠠᠳᠬᠠᠵᠤ᠂ ᠡᠨᠧᠷᠭᠢ᠎ᠶᠢᠨ ᠠᠵᠤ ᠠᠬᠤᠢ᠎ᠶᠢᠨ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ᠎ᠶᠢ ᠠᠬᠢᠭᠤᠯᠵᠤ ᠴᠢᠳᠠᠳᠠᠭ᠂ ᠡᠨᠡ ᠪᠣᠯ ᠣᠳᠣᠬᠢ ᠱᠠᠲᠤᠨ᠎ᠤ ᠴᠢᠬᠤᠯᠠ ᠵᠠᠬ᠎ᠠ ᠳᠡᠯᠭᠡᠭᠦᠷ᠎ᠦᠨ ᠬᠡᠯᠪᠡᠷᠢ᠎ᠶᠢᠨ ᠲᠥᠷᠥ᠎ᠶᠢᠨ ᠪᠣᠳᠣᠯᠭ᠎ᠠ᠎ᠶᠢᠨ ᠪᠠᠭᠠᠵᠢ ᠮᠥᠨ ᠭᠡᠵᠦ ᠵᠢᠭᠠᠵᠦ ᠭᠠᠷᠭᠠᠪᠠ᠃ ᠡᠭᠦᠨ᠎ᠡᠴᠡ ᠠᠵᠤ ᠦᠢᠯᠡᠳᠪᠦᠷᠢ᠎ᠶᠢᠨ ᠪᠣᠬᠢᠷᠲᠤᠯ ᠦᠭᠡᠢ ᠬᠥᠭᠵᠢᠯᠲᠡ᠎ᠶᠢ ᠪᠡᠶᠡᠯᠡᠭᠦᠯᠵᠦ᠂ ᠠᠵᠤ ᠦᠢᠯᠡᠳᠪᠦᠷᠢ᠎ᠶᠢᠨ ᠪᠣᠬᠢᠷᠲᠤᠯ ᠦᠭᠡᠢ ᠪᠥᠬᠥ ᠡᠯᠧᠮᠧᠨ᠋ᠲ᠎ᠦᠨ ᠦᠢᠯᠡᠳᠪᠦᠷᠢᠯᠡᠯ᠎ᠦᠨ ᠨᠣᠷᠮ᠎ᠠ᠎ᠶᠢ ᠳᠡᠭᠡᠭᠰᠢᠯᠡᠭᠦᠯᠬᠦ (ᠳᠣᠷᠣᠭ᠍ᠰᠢ 《ᠠᠵᠤ ᠦᠢᠯᠡᠳᠪᠦᠷᠢ᠎ᠶᠢᠨGTFP》 ᠭᠡᠵᠦ ᠲᠣᠪᠴᠢᠯᠠᠨ᠎ᠠ ) ᠨᠢ ᠨᠡᠭᠦᠷᠡᠰᠦᠲᠥ᠋ᠷᠥᠭᠴᠢ᠎ᠶᠢᠨ ᠠᠷᠠᠯᠵᠢᠶ᠎ᠠ᠎ᠠᠴᠠ ᠰᠠᠯᠵᠤ ᠴᠢᠳᠠᠬᠤ ᠦᠭᠡᠢ ᠶᠤᠮ᠃ ᠡᠭᠦᠨ᠎ᠳᠦ ᠴᠢᠭᠯᠡᠭᠦᠯᠦᠨ 285 ᠲᠤᠰᠬᠠᠢ ᠣᠷᠣᠨ᠎ᠤ ᠲᠠᠰ ᠵᠢᠴᠢ ᠲᠡᠭᠦᠨ᠎ᠡᠴᠡ ᠳᠡᠭᠡᠭᠰᠢᠬᠢ ᠬᠣᠲᠠ᠎ᠶᠢᠨ 2003 — 2019 ᠣᠨ᠎ᠤ ᠲᠣᠭ᠎ᠠ ᠪᠠᠷᠢᠮᠲᠠ᠎ᠳᠤ ᠰᠠᠭᠤᠷᠢᠯᠠᠨ᠂ ᠬᠠᠮᠢᠶ᠎ᠠ ᠪᠦᠬᠦᠢ ᠵᠠᠭᠪᠤᠷ᠎ᠢᠶᠠᠷ ᠨᠡᠭᠦᠷᠡᠰᠦᠲᠥ᠋ᠷᠥᠭᠴᠢ ᠠᠷᠠᠯᠵᠢᠶᠠᠯᠠᠬᠤ ᠲᠤᠷᠰᠢᠯᠲᠠ᠎ᠶᠢᠨ ᠲᠥᠷᠥ᠎ᠶᠢᠨ ᠪᠣᠳᠣᠯᠭ᠎ᠠ᠎ᠶᠢᠨ ᠬᠣᠲᠠ᠎ᠶᠢᠨ ᠠᠵᠤ ᠦᠢᠯᠡᠳᠪᠦᠷᠢ᠎ᠶᠢᠨ CTFP᠎ᠳᠤ ᠦᠵᠡᠭᠦᠯᠬᠦ ᠦᠢᠯᠡᠳᠦᠯ᠎ᠢ ᠰᠢᠯᠭᠠᠨ ᠪᠠᠢᠴᠠᠭᠠᠭᠰᠠᠨ᠎ᠤ ᠳᠠᠷᠠᠭ᠎ᠠ᠂ ᠳᠣᠣᠷᠠᠬᠢ ᠰᠤᠳᠤᠯᠭᠠᠨ᠎ᠤ ᠦᠷ᠎ᠡ ᠳ᠋ᠦᠩ ᠵᠢᠴᠢ ᠬᠠᠷᠠᠭᠠᠯᠵᠠᠭᠰᠠᠨ ᠲᠥᠷᠥ᠎ᠶᠢᠨ ᠪᠣᠳᠣᠯᠭ᠎ᠠ᠎ᠶᠢᠨ ᠰᠠᠨᠠᠭᠤᠯᠭ᠎ᠠ᠎ᠶᠢ ᠣᠯᠪᠠ᠃ ᠨᠢᠭᠡ ᠎ᠳᠦ᠂ ᠨᠡᠭᠦᠷᠡᠰᠦᠲᠥ᠋ᠷᠥᠭᠴᠢ᠎ᠶᠢᠨ ᠠᠷᠠᠯᠵᠢᠶᠠᠨ᠎ᠤ ᠲᠤᠷᠰᠢᠯᠲᠠ᠎ᠶᠢᠨ ᠲᠥᠷᠥ᠎ᠶᠢᠨ ᠪᠣᠳᠣᠯᠭ᠎ᠠ ᠨᠢ ᠬᠣᠲᠠ᠎ᠶᠢᠨ CTFP᠎ᠶᠢ ᠢᠯᠡᠳᠲᠡ ᠳᠡᠭᠡᠭᠰᠢᠯᠡᠭᠦᠯᠵᠦ ᠴᠢᠳᠠᠨ᠎ᠠ᠂ ᠡᠢᠮᠦ᠎ᠡᠴᠡ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠲᠥᠷᠥ᠎ᠶᠢᠨ ᠪᠣᠳᠣᠯᠭ᠎ᠠ᠎ᠶᠢ ᠨᠡᠢᠲᠡᠯᠡᠨ ᠨᠡᠭᠦᠷᠡᠰᠦᠲᠥ᠋ᠷᠥᠭᠴᠢ᠎ᠶᠢᠨ ᠠᠷᠠᠯᠵᠢᠶᠠᠨ᠎ᠤ ᠲᠤᠷᠰᠢᠯᠲᠠ᠎ᠶᠢᠨ ᠴᠡᠭ᠎ᠤᠨ ᠠᠵᠢᠯᠯᠠᠭᠠᠨ᠎ᠢ ᠶᠡᠬᠡ ᠪᠡᠷ ᠠᠬᠢᠭᠤᠯᠵᠤ᠂ ᠠᠵᠤ ᠦᠢᠯᠡᠳᠪᠦᠷᠢ᠎ᠶᠢᠨ ᠰᠠᠯᠠᠭ᠎ᠠ ᠮᠥᠴᠢᠷ᠎ᠦᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ᠎ᠶᠢ ᠪᠡᠶᠡᠯᠡᠭᠦᠯᠬᠦ᠎ᠳᠦ ᠬᠦᠴᠦᠨ ᠨᠡᠮᠡᠷᠢᠯᠡᠬᠦ ᠬᠡᠷᠡᠭᠲᠠᠢ᠃ ᠬᠣᠶᠠᠷ᠎ᠲᠤ᠂ ᠨᠡᠭᠦᠷᠡᠰᠦᠲᠥ᠋ᠷᠥᠭᠴᠢ ᠠᠷᠠᠯᠵᠢᠶᠠᠯᠠᠬᠤ ᠲᠤᠷᠰᠢᠯᠲᠠ᠎ᠶᠢᠨ ᠲᠥᠷᠥ᠎ᠶᠢᠨ ᠪᠣᠳᠣᠯᠭ᠎ᠠ ᠨᠢ ᠡᠨᠧᠷᠭᠢ᠎ᠶᠢᠨ ᠠᠰᠢᠭ᠍ᠯᠠᠯᠲᠠ᠎ᠶᠢᠨ ᠨᠣᠷᠮ᠎ᠠ᠎ᠶᠢ ᠳᠡᠭᠡᠭᠰᠢᠯᠡᠭᠦᠯᠬᠦ᠎ᠪᠡᠷ ᠳᠡᠮᠵᠢᠨ ᠬᠣᠲᠠ᠎ᠶᠢᠨ ᠠᠵᠤ ᠦᠢᠯᠡᠳᠪᠦᠷᠢ᠎ᠶᠢᠨ GTFP ᠶ᠋ᠢ ᠳᠡᠭᠡᠭᠰᠢᠯᠡᠭᠦᠯᠵᠦ ᠴᠢᠳᠠᠨ᠎ᠠ᠂ ᠡᠢᠮᠦ᠎ᠡᠴᠡ ᠵᠠᠰᠠᠭ᠎ᠤᠨ ᠣᠷᠳᠣᠨ᠎ᠠᠴᠠ ᠨᠡᠭᠦᠷᠡᠰᠦᠲᠥ᠋ᠷᠥᠭᠴᠢ ᠪᠠᠭ᠎ᠠ᠂ ᠣᠷᠴᠢᠨ ᠲᠣᠭᠣᠷᠢᠨ᠎ᠳᠦ ᠪᠤᠬᠢᠷᠳᠦᠯ ᠦᠭᠡᠢ ᠵᠡᠷᠭᠡ ᠴᠡᠪᠡᠷ ᠬᠡᠯᠪᠡᠷᠢ᠎ᠶᠢᠨ ᠡᠨᠧᠷᠭᠢ᠎ᠶᠢ ᠨᠡᠭᠡᠭᠡᠨ ᠬᠡᠷᠡᠭᠯᠡᠬᠦ᠎ᠶᠢ ᠵᠣᠷᠢᠭ᠍ᠵᠢᠭᠤᠯᠵᠤ᠂ ᠤᠯᠠᠮᠵᠢᠯᠠᠯᠲᠤ ᠳᠠᠬᠢᠨ ᠡᠭᠦᠰᠴᠦ ᠥᠯᠥ ᠪᠣᠯᠬᠤ ᠮᠥᠷᠲᠡᠭᠡᠨ ᠪᠣᠬᠢᠷᠲᠤᠯ ᠶᠡᠬᠡᠲᠡᠢ ᠡᠨᠧᠷᠭᠢ᠎ᠶᠢᠨ ᠬᠣᠷᠣᠭᠳᠠᠯ ᠶᠡᠬᠡᠲᠡᠢ ᠡᠨᠧᠷᠭᠢ᠎ᠳᠦ ᠲᠦᠰᠢᠭᠯᠡᠬᠦ᠎ᠶᠢ ᠪᠠᠭᠤᠷᠠᠭᠤᠯᠬᠤ ᠬᠡᠷᠡᠭᠲᠡᠢ᠃ ᠭᠤᠷᠪᠠ᠎ᠳᠦ᠂ ᠪᠣᠬᠢᠷᠲᠤᠯ ᠦᠭᠡᠢ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠠᠬᠢᠭᠤᠯᠬᠤ ᠪᠣᠯ ᠨᠡᠭᠦᠷᠡᠰᠦᠲᠥ᠋ᠷᠥᠭᠴᠢ᠎ᠶᠢᠨ ᠠᠷᠠᠯᠵᠢᠶᠠᠨ᠎ᠤ ᠲᠤᠷᠰᠢᠯᠲᠠ᠎ᠶᠢᠨ ᠲᠥᠷᠥ᠎ᠶᠢᠨ ᠪᠣᠳᠣᠯᠭ᠎ᠠ᠎ᠶᠢᠨ ᠬᠣᠲᠠ᠎ᠶᠢᠨ ᠠᠵᠤ ᠦᠢᠯᠡᠳᠪᠦᠷᠢ᠎ᠶᠢᠨ GTFP᠎ᠶᠢᠨ ᠦᠢᠯᠡᠳᠦᠯ᠎ᠢ ᠪᠦᠲᠦᠮᠵᠢᠲᠡᠶ ᠳᠡᠭᠡᠭᠰᠢᠯᠡᠭᠦᠯᠬᠦ ᠲᠣᠭᠲᠠᠴᠠ ᠪᠣᠯᠬᠤ ᠶᠤᠮ᠂ ᠡᠢᠮᠦ᠎ᠡᠴᠡ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠨᠢ ᠪᠣᠬᠢᠷᠲᠤᠯ ᠦᠭᠡᠢ ᠮᠡᠷᠭᠡᠵᠢᠯ᠎ᠦᠨ ᠰᠢᠨ᠎ᠡ᠎ᠶᠢ ᠡᠭᠦᠳᠦᠭᠰᠡᠨ ᠠᠵᠤ ᠠᠬᠤᠢᠯᠠᠯ᠎ᠳᠤ ᠭᠠᠢᠯᠢ ᠎ᠶᠢ ᠪᠠᠭᠤᠷᠠᠭᠤᠯᠬᠤ ᠵᠡᠷᠭᠡ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠬᠦ᠎ᠶᠢᠨ ᠬᠠᠮᠲᠤ ᠪᠠᠩᠬᠢ ᠵᠡᠷᠭᠡ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢ ᠬᠥᠲᠥᠯᠥᠨ ᠵᠢᠯᠤᠭᠣᠳᠴᠤ ᠪᠠᠢᠭᠠᠳ ᠲᠣᠰ ᠲᠥᠷᠥᠯ᠎ᠦᠨ ᠠᠵᠤ ᠠᠬᠤᠢᠯᠠᠯ᠎ᠳᠤ ᠨᠠᠩ ᠣᠯᠠᠨ ᠢᠲᠡᠭᠡᠮᠵᠢᠲᠦ ᠵᠢᠭᠡᠯᠡᠯᠭᠡ᠎ᠶᠢᠨ ᠳᠡᠮᠵᠢᠯᠭᠡ ᠬᠠᠩᠭᠠᠬᠤ ᠬᠡᠷᠡᠭᠲᠡᠢ᠃  

          (《ᠱᠢᠨᠬᠤᠸᠠ ᠵᠤᠬᠢᠶᠠᠯ ᠎ᠤᠨ ᠱᠦᠭᠦᠮᠡᠭ》 ᠡᠴᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号