ᠲᠦᠷᠦᠭᠦᠭᠡᠨ ᠥᠪᠥᠷ ᠮᠣᠩᠭᠣᠯ᠎ᠤᠨ ᠵᠡᠮᠳᠡᠭ ᠬᠡᠦᠬᠡᠳ᠎ᠦᠨ ᠡᠷᠡᠭᠦᠯᠵᠢᠯ᠎ᠦᠨ ᠲᠥᠪ ᠡᠴᠡ ᠪᠠᠢᠭᠤᠯᠤᠮᠵᠢ᠎ᠶᠢᠨ ᠪᠠᠭ᠍ᠰᠢ ᠠᠵᠢᠯᠲᠠᠨ ᠠᠵᠢᠯᠴᠢᠨ ᠤ ᠰᠣᠶᠣᠯ᠎ᠤᠨ ᠬᠡᠪ ᠪᠣᠯᠪᠠᠰᠤᠷᠠᠯ ᠪᠠ ᠱᠢᠨ᠎ᠡ ᠵᠠᠭᠤᠴᠢᠯᠠᠭᠤᠷ᠎ᠤᠨ ᠬᠡᠷᠡᠭ᠌ᠯᠡᠭᠡᠨ᠎ᠦ ᠴᠢᠳᠠᠪᠤᠷᠢ ᠶ᠋ᠢ ᠳᠡᠭᠡᠭ᠌ᠰᠢᠯᠡᠭᠦᠯᠬᠦ᠎ᠵᠢᠨ ᠲᠦᠯᠦᠭᠡ ᠭᠤᠤᠯᠳᠠᠯᠭ᠎ᠠ ᠲᠠᠢ ᠤᠬᠠᠭᠤᠯᠭ᠎ᠠ᠎ᠶ᠋ᠢᠨ ᠠᠵᠢᠯ ᠤᠨ ᠲᠤᠭᠤᠷᠢᠨ ᠳᠤ ᠲᠤᠰᠭᠠᠶ ᠰᠡᠳᠦᠪᠲᠦ ᠪᠣᠯᠪᠠᠰᠤᠷᠠᠯᠡᠷᠭᠢᠯᠡᠪᠡ᠃
ᠲᠣᠰ ᠪᠣᠯᠪᠠᠰᠤᠷᠠᠯ᠎ᠳᠤ ᠬᠥᠬᠡᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ ᠦᠨ ᠳᠥᠷᠪᠡᠳᠦᠭᠡᠷ ᠳᠡᠰ᠎ᠤᠨ ᠪᠠᠢᠴᠠᠭᠠᠨ ᠰᠤᠳᠤᠯᠤᠭ᠍ᠴᠢ ᠵᠠᠩ ᠱᠢᠤᠢ᠂ ᠴᠤᠤᠷᠢᠶ᠎ᠠ᠎ᠶᠢᠨ ᠪᠦᠯᠦᠭ᠌ᠯᠡᠯ ᠦᠨ ᠥᠪᠥᠷ ᠮᠣᠩᠭᠣᠯ ᠤᠨ ᠶᠡᠷᠦᠩᠬᠡᠶ ᠳᠠᠭᠠᠭᠠᠮᠠᠯ ᠳ᠋ᠦ᠋ ᠱᠢᠶᠤᠤ ᠵᠢᠩ᠂ ᠬᠥᠬᠡᠬᠣᠲᠠ᠎ᠶ᠋ᠢᠨ ᠬᠠᠮ ᠵᠠᠭᠤᠴᠢᠯᠠᠭᠤᠷ ᠤᠨ ᠲᠥᠪ᠎ᠦᠨ ᠰᠤᠷᠪᠤᠯᠵᠢᠯᠠᠭ᠍ᠴᠢ ᠯᠢᠦ ᠵᠢᠶᠠ᠎ᠶᠢ ᠤᠨᠴᠠ ᠤᠷᠢᠵᠦ ᠲᠠᠢᠯᠤᠮᠵᠢ ᠬᠢᠯᠭᠡᠪᠡ᠃ ᠡᠬᠦᠨ᠎ᠳᠤ ᠬᠢᠴᠢᠶᠡᠯ᠎ᠦᠨ ᠪᠠᠢᠷᠢᠯᠠᠭᠤᠯᠤᠯᠲᠠ ᠨᠢ ᠲᠤᠪᠴᠢ ᠠᠪᠰᠠᠷ᠂ ᠠᠭᠤᠯᠭ᠎ᠠ ᠨᠢ ᠨᠠᠷᠢᠨ ᠪᠣᠳᠠᠲᠠᠶ ᠪᠠᠢᠵᠤ᠂ ᠣᠳᠣᠬᠠᠨ᠎ᠤ ᠱᠢᠨ᠎ᠡ ᠵᠠᠭᠤᠴᠢᠯᠠᠭᠤᠷ᠎ᠤᠨ ᠬᠥᠭ᠌ᠵᠢᠯᠲᠡ᠎ᠶ᠋ᠢᠨ ᠬᠠᠨᠳᠤᠰᠢ ᠬᠢᠭᠡᠳ ᠵᠡᠮᠳᠡᠭ ᠬᠡᠦᠬᠡᠳ᠎ᠦᠨ ᠡᠷᠡᠭᠦᠯᠵᠢᠯ᠎ᠦᠨ ᠤᠬᠠᠭᠤᠯᠭ᠎ᠠ᠎ᠶ᠋ᠢᠨ ᠪᠣᠳᠠᠲᠠᠶ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠣᠭᠣᠷᠢᠨ᠎ᠳᠤ ᠶᠠᠪᠤᠬᠳᠠᠪᠠ᠃ ᠲᠤᠰᠭᠠᠶ ᠮᠡᠷᠭᠡᠵᠢᠯᠲᠡᠳ ᠲᠤᠰᠭᠠᠶ ᠰᠡᠳᠦᠪᠲᠦ ᠲᠠᠢᠯᠤᠮᠵᠢ᠂ ᠪᠣᠳᠠᠲᠤ ᠠᠵᠢᠯᠯᠠᠭ᠎ᠠ᠎ᠶ᠋ᠢᠨ ᠪᠣᠯᠪᠠᠰᠤᠷᠠᠯ᠂ ᠪᠤᠳᠠᠳᠦ ᠵᠢᠱ᠌ᠢᠶ᠎ᠡ᠎ᠶ᠋ᠢᠨ ᠵᠠᠳᠠᠯᠤᠯᠲᠠ ᠵᠡᠷᠭᠡ ᠬᠡᠯᠪᠡᠷᠢ ᠪᠡᠷ ᠳᠠᠮᠵᠢᠨ᠂ ᠸᠢᠳᠢᠣ᠋ ᠰᠡᠭᠦᠳᠡᠷᠯᠡᠬᠦ᠌᠂ ᠡᠰᠭᠡᠵᠦ ᠨᠠᠢᠷᠠᠭᠤᠯᠬᠤ᠂ ᠦᠢᠯᠡᠳᠬᠦ ᠂ ᠨᠡᠢᠲᠡᠯᠡᠬᠦ᠌ ᠶᠠᠪᠤᠴᠠ᠂ ᠤᠬᠠᠭᠤᠯᠭ᠎ᠠ᠎ᠶ᠋ᠢᠨ ᠠᠷᠭ᠎ᠠ ᠪᠣᠳᠣᠯᠭ᠎ᠠ ᠵᠢᠴᠢ ᠬᠠᠯᠠᠮᠰᠢᠯ ᠴᠡᠭᠵᠡᠷᠭᠡ ᠭᠤᠤᠯᠯᠠᠬᠤ ᠬᠡᠷᠡᠭ᠌ᠯᠡᠭᠡᠨ᠎ᠦ ᠴᠢᠳᠠᠪᠤᠷᠢ᠎ᠶᠢ ᠬᠦᠨᠵᠡᠬᠡᠢ ᠲᠠᠢᠯᠪᠤᠷᠢᠯᠠᠵᠦ᠂ ᠲᠤᠬᠠᠶ᠎ᠶ᠋ᠢᠨ ᠲᠠᠯᠠᠪᠠᠢ᠎ᠳᠤ ᠵᠠᠩᠭᠢᠯᠠᠭ᠎ᠠ᠎ᠶ᠋ᠢᠨ ᠮᠡᠷᠭᠡᠵᠢᠯ᠎ᠢ ᠳᠡᠯᠭᠡᠨ ᠦᠵᠡᠬᠦᠯᠬᠦ ᠵᠢᠨ ᠬᠠᠮᠳᠦ ᠪᠠᠬᠰᠢ ᠠᠵᠢᠯᠲᠠᠨ ᠠᠵᠢᠯᠴᠢᠨ᠎ᠤ ᠸᠢᠳᠢᠣ᠋ ᠦᠶ᠋ᠯᠡᠳᠬᠦ᠌ ᠳᠤᠮᠳᠠ ᠲᠤᠯᠭᠠᠷᠠᠭ᠍ᠰᠠᠨ ᠠᠰᠠᠭᠤᠳᠠᠯ᠎ᠳᠤ ᠬᠠᠷᠢᠭᠤᠯᠲᠠ ᠦᠭᠪᠡ᠃
ᠲᠣᠰ ᠤᠳᠠᠭᠠᠨ᠎ᠤ ᠲᠤᠰᠭᠠᠶ ᠰᠡᠳᠦᠪᠲᠦ ᠪᠣᠯᠪᠠᠰᠤᠷᠠᠯ ᠬᠠᠨᠳᠤᠯᠭᠠᠲᠤ ᠴᠢᠨᠠᠷ᠎ᠢᠶᠠᠷ ᠴᠢᠩᠭ᠎ᠠ ᠪᠠᠢᠵᠤ᠂ ᠡᠷᠡᠬᠦᠯᠵᠢᠯ ᠤᠨ ᠲᠥᠪ᠎ᠦᠨ ᠪᠠᠭ᠍ᠰᠢ ᠠᠵᠢᠯᠲᠠᠨ ᠠᠵᠢᠯᠴᠢᠨ᠎ᠳᠤ ᠣᠬᠣᠷ ᠸᠢᠳᠢᠣ᠋ᠦᠢᠯᠡᠳᠬᠦ᠌ ᠪᠣᠳᠠᠲᠤ ᠬᠡᠷᠡᠭ᠌ᠯᠡᠭᠡᠨ᠎ᠦ ᠤᠷ᠎ᠠ ᠴᠢᠳᠠᠪᠤᠷᠢ᠎ᠶ᠋ᠢ ᠱᠢᠰᠲ᠋ᠧᠮ᠎ᠲᠡᠶ ᠡᠵᠡᠮᠱᠢᠭᠦᠯᠵᠦ᠍᠂ ᠳᠡᠳᠡᠨᠡᠷ᠎ᠤᠨ ᠵᠡᠮᠳᠡᠭ ᠬᠡᠦᠬᠡᠳ᠎ᠦᠨ ᠡᠷᠡᠭᠦᠯᠵᠢᠯ᠎ᠦᠨ ᠠᠵᠢᠯ᠎ᠢ ᠤᠬᠠᠭᠤᠯᠤᠨ ᠳᠡᠯᠭᠡᠷᠡᠭᠦᠯᠬᠦ᠌ ᠴᠢᠳᠠᠪᠤᠷᠢ᠎ᠶ᠋ᠢ ᠪᠦᠲᠦᠮᠵᠢᠲᠡᠶ ᠳᠡᠭᠡᠭ᠌ᠰᠢᠯᠡᠭᠦᠯᠵᠦ᠂ ᠵᠡᠮᠳᠡᠭ ᠬᠡᠦᠬᠡᠳ ᠦᠨ ᠡᠷᠡᠭᠦᠯᠵᠢᠯ᠎ᠦᠨ ᠦᠶ᠋ᠯᠡᠰ᠎ᠦᠨ ᠤᠬᠠᠭᠤᠯᠭ᠎ᠠ᠎ᠶ᠋ᠢᠨ ᠠᠵᠢᠯ᠎ᠳᠤ ᠱᠢᠨ᠎ᠡ ᠰᠡᠳᠭᠢᠮᠵᠢ᠂ ᠱᠢᠨ᠎ᠡ ᠬᠦᠴᠦᠨ ᠴᠢᠳᠠᠯ ᠨᠡᠮᠡᠷᠢᠯᠡᠪᠡ᠃