ᠭᠠᠷᠠᠭ ᠪᠦᠷᠢ ᠵᠢᠨ ᠨᠢᠭᠡᠨ᠎ᠡᠴᠡ ᠭᠠᠷᠠᠭ᠎ᠤᠨ ᠲᠠᠪᠤᠨ᠎ᠤ ᠦᠳᠡ᠎ᠶ᠋ᠢᠨ ᠡᠮᠦᠨᠡᠬᠢ 9 ᠴᠠᠭ ᠬᠠᠭᠠᠰ᠎ᠲᠤ᠂ ᠪᠤᠭᠤᠲᠤ ᠬᠣᠲᠠ᠎ᠶ᠋ᠢᠨ ᠲᠦᠮᠡᠳ ᠪᠠᠷᠠᠭᠤᠨ ᠬᠣᠱᠢᠭᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠬᠢᠭᠡᠳ ᠳ᠋ᠠᠢᠲ᠋ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠱᠢᠭᠤᠳ ᠨᠡᠪᠲᠡᠷᠡᠭᠦᠯᠭᠡ ᠪᠤᠯᠵᠤᠭ᠎ᠠ ᠶᠣᠰᠣᠭᠠᠷ ᠶᠠᠪᠤᠭᠳᠠᠳᠠᠭ᠃ 《ᠰᠦᠯᠵᠢᠶᠡᠨ ᠠᠨᠳᠠᠨᠠᠷ ᠰᠠᠢᠨ ᠪᠠᠢᠵᠠᠭᠠᠨ᠎ᠠ ᠦᠦ᠂ ᠥᠨᠥᠳᠦᠷ᠎ᠦᠨ ᠱᠢᠭᠤᠳ ᠨᠡᠪᠲᠡᠷᠡᠭᠦᠯᠭᠡ᠎ᠳᠦ ᠮᠣᠷᠢᠯᠠᠨ ᠰᠠᠭᠠᠲᠠᠭ᠍ᠰᠠᠨ ᠲᠠ ᠨᠠᠷ᠎ᠢ ᠪᠠᠶᠠᠷᠯᠠᠨ ᠤᠭ᠍ᠲᠤᠵᠤ ᠪᠠᠢᠨ᠎ᠠ᠂ ᠡᠨᠡ ᠳ᠋ᠤᠭᠠᠷ ᠲᠸ᠋ ᠡᠩ ᠲᠡᠷᠢᠭᠦᠨ᠎ᠳᠦ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠭᠤᠶᠤᠴᠢᠯᠠᠨ ᠮᠡᠳᠡᠭᠦᠯᠬᠦ᠌ ᠨᠥᠬᠥᠴᠡᠯ᠎ᠡᠴᠡ ᠲᠠᠨᠢᠯᠴᠠᠭᠤᠯᠤᠶ᠎ᠠ ᠁》 ᠭᠡᠵᠦ ᠬᠦᠳᠦᠯᠦᠭᠴᠢ ᠤᠷᠤᠰᠤᠮ᠎ᠠ ᠲᠣᠳᠣ ᠶᠠᠷᠢᠬᠤ᠎ᠶ᠋ᠢᠨ ᠲᠠᠭᠠᠤ ᠳᠡᠯᠭᠡᠴᠡ ᠲᠡᠭᠡᠷ᠎ᠡ ᠬᠠᠮᠢᠶ᠎ᠠ ᠪᠦᠬᠦᠢ ᠠᠰᠠᠭᠤᠯᠲᠠ ᠨᠤᠭᠤᠳ ᠬᠣᠢᠨ᠎ᠠ ᠬᠣᠢᠨ᠎ᠠ᠎ᠠᠴᠠ ᠪᠠᠨ ᠴᠤᠪᠤᠷᠠᠵᠤ᠂ ᠣᠷᠣᠨ ᠵᠠᠶ ᠠᠯᠤᠰᠯᠠᠭ᠍ᠰᠠᠨ ᠰᠦᠯᠵᠢᠶᠡᠨ ᠲᠡᠭᠡᠷ᠎ᠡ ᠨᠢᠭᠡ ᠶᠠᠪᠤᠳᠠᠯ᠎ᠢ ᠦᠨᠳᠤᠷ ᠪᠦᠳᠦᠮᠵᠢᠳᠠᠢ ᠪᠡᠷ ᠬᠦᠢᠴᠡᠳᠬᠡᠬᠦ ᠠᠵᠢᠯᠯᠠᠭ᠎ᠠ ᠡᠬᠢᠯᠡᠯ᠎ᠡ᠃
ᠡᠨᠡ ᠪᠣᠯ ᠲᠦᠮᠡᠳ ᠪᠠᠷᠠᠭᠤᠨ ᠬᠣᠱᠢᠭᠤ 2025 ᠣᠨ᠎ᠤ 9 ᠰᠠᠷ᠎ᠠ᠎ᠳᠤ 《ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ + ᠱᠢᠭᠤᠳ ᠨᠡᠪᠲᠡᠷᠡᠭᠦᠯᠭᠡ》 ᠶ᠋ᠢᠨ ᠵᠠᠭ᠍ᠪᠤᠷ᠎ᠢ ᠡᠭᠦᠳᠦᠭ᠌ᠰᠡᠨᠤ ᠲᠠᠷᠠᠭᠠᠬᠢ ᠦᠵᠡᠭ᠌ᠳᠡᠯ ᠪᠣᠯᠤᠨ᠎ᠠ᠃ ᠲᠦᠮᠡᠳ ᠪᠠᠷᠠᠭᠤᠨ ᠬᠣᠱᠢᠭᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠬᠢᠭᠡᠳ ᠳ᠋ᠠᠢᠲ᠋ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠬᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠪᠡᠷ ᠱᠢᠭᠤᠳ ᠨᠡᠪᠲᠡᠷᠡᠭᠦᠯᠭᠡ ᠬᠢᠵᠤ᠂ ᠭᠠᠵᠠᠷ ᠣᠷᠣᠨ᠎ᠤ ᠦᠭᠡ ᠬᠡᠯᠡᠨ᠎ᠦ ᠪᠡᠬᠢᠯᠡᠯᠲᠡ᠎ᠶ᠋ᠢ ᠡᠪᠳᠡᠵᠦ᠍᠂ ᠠᠳᠠᠯᠢ ᠪᠤᠰᠤ ᠨᠠᠰᠤ ᠵᠢᠯ᠂ ᠠᠳᠠᠯᠢ ᠪᠤᠰᠤ ᠰᠣᠶᠣᠯ ᠲᠠᠶ ᠣᠯᠠᠨ ᠲᠦᠮᠡᠨ᠎ᠤ 《ᠦᠵᠡᠵᠦ᠍ ᠣᠢᠯᠠᠭᠠᠬᠤ᠂ ᠰᠣᠨᠣᠰᠴᠤ᠌ ᠣᠢᠯᠠᠭᠠᠬᠤ》 ᠳ᠋ᠤ ᠲᠦᠬᠦᠮ ᠬᠠᠩᠭᠠᠪᠠ᠃ ᠦᠶ᠋ᠯᠡᠴᠢᠯᠡᠭᠡᠨ᠎ᠦ ᠲᠦᠪᠰᠢᠨ᠎ᠤ ᠳᠡᠭᠡᠭ᠌ᠰᠢᠯᠡᠬᠦᠶ᠋ᠢ ᠳᠠᠭᠠᠯᠳᠤᠨ ᠡᠨᠡᠬᠦ᠌ ᠵᠠᠰᠠᠭ᠎ᠤᠨ ᠶᠠᠪᠤᠳᠠᠯ᠎ᠤᠨ ᠱᠢᠭᠤᠳ ᠨᠡᠪᠲᠡᠷᠡᠭᠦᠯᠭᠡ ᠨᠢ ᠬᠠᠮᠤᠭ ᠠᠩᠬᠠᠨ᠎ᠤ 《ᠭᠠᠷᠠᠭ ᠪᠦᠷᠢ ᠨᠢᠭᠡ ᠤᠳᠠᠭ᠎ᠠ》 ᠪᠠᠢᠭ᠍ᠰᠠᠨ᠎ᠠᠴᠠ ᠪᠠᠨ 《ᠡᠳᠦᠷ ᠪᠦᠷᠢ ᠲᠣᠭ᠍ᠲᠠᠭᠰᠠᠨ ᠴᠠᠭ ᠲᠸ᠋ ᠨᠡᠪᠲᠡᠷᠡᠭᠦᠯᠭᠡ ᠬᠢᠬᠦ》 ᠪᠤᠯᠭᠠᠪᠠ᠃ ᠣᠲᠣ ᠪᠣᠯᠲᠠᠯ᠎ᠠ 21 ᠨᠢᠭᠡᠴᠢ᠎ᠶ᠋ᠢ ᠵᠣᠬᠢᠶᠠᠨ ᠪᠠᠢᠭᠤᠯᠵᠤ 171 ᠲᠠᠯᠠᠪᠤᠷ ᠱᠢᠭᠤᠳ ᠨᠡᠪᠲᠡᠷᠡᠭᠦᠯᠭᠡ ᠬᠢᠵᠦ᠍᠂ 21 ᠲᠦᠮᠡ ᠭᠠᠷᠤᠶ ᠬᠦᠮᠦᠨ ᠤᠳᠠᠭ᠎ᠠ ᠤᠷᠮ᠎ᠠ ᠬᠠᠢᠷᠠᠯᠠᠭᠰᠠᠨ ᠪᠠᠢᠨ᠎ᠠ᠃ ᠱᠢᠭᠤᠳ ᠨᠡᠪᠲᠡᠷᠡᠭᠦᠯᠭᠡ᠎ᠵᠢᠨ ᠠᠩᠬᠠᠷᠤᠯ᠎ᠤᠨ ᠬᠡᠮᠵᠢᠶ᠎ᠡ᠎ᠳᠦ ᠲᠦᠱᠢᠭ᠌ᠯᠡᠨ ᠭᠠᠷᠭᠠᠭ᠍ᠰᠠᠨ 《ᠸᠢᠳᠢᠣ᠋᠎ᠪᠡᠷ ᠬᠦᠢᠴᠡᠳᠭᠡᠬᠦ》᠂ 《ᠡᠭᠦᠯᠡᠨ ᠲᠠᠪᠴᠠᠩ ᠵᠢᠡᠷ ᠣᠷᠣᠯᠠᠨ ᠭᠦᠶ᠋ᠴᠡᠳᠭᠡᠬᠦ᠌》 ᠰᠦᠯᠵᠢᠶᠡᠨ ᠴᠣᠩᠬᠤᠪᠴᠢ ᠨᠢ ᠨᠡᠢᠲᠡ 2700 ᠭᠠᠷᠤᠶ ᠤᠳᠠᠭ᠎ᠠ ᠠᠯᠤᠰ᠎ᠠᠴᠠ ᠲᠤᠬᠠᠢᠯᠠᠭ᠍ᠰᠠᠨ ᠠᠵᠢᠯ᠎ᠢ ᠭᠦᠶ᠋ᠴᠡᠳᠭᠡᠵᠦ᠍᠂ 《ᠲᠣᠭ᠎ᠠ ᠪᠠᠷᠢᠮᠲᠠ᠎ᠶ᠋ᠢ ᠢᠯᠡᠭᠦᠬᠡᠨ ᠬᠦᠶᠦᠯᠭᠡᠵᠤ᠂ ᠣᠯᠠᠨ ᠲᠦᠮᠡᠨ᠎ᠢ ᠳᠤᠲᠠᠭᠤ ᠭᠦᠶᠦᠯᠭᠡᠬᠦ᠌》 ᠶ᠋ᠢ ᠦᠨᠡᠨ ᠬᠦ᠌ ᠦᠶ᠋ᠯᠡᠳᠦᠯᠭᠡᠵᠢᠭᠦᠯᠦᠭ᠌ᠰᠡᠨ ᠪᠠᠢᠨ᠎ᠠ᠃
ᠵᠠᠰᠠᠭ᠎ᠤᠨ ᠶᠠᠪᠤᠳᠠᠯ᠎ᠤᠨ ᠱᠢᠭᠤᠳ ᠨᠡᠪᠲᠡᠷᠡᠭᠦᠯᠭᠡ ᠤᠷᠤᠰᠤᠮ᠎ᠠ ᠲᠤᠳᠤ ᠢᠳᠡᠭᠡᠯ ᠲᠦᠬᠦᠷᠡᠩ ᠪᠠᠢᠬᠤ ᠨᠢ ᠲᠦᠮᠡᠳ ᠪᠠᠷᠠᠭᠤᠨ ᠬᠣᠱᠢᠭᠤ ᠣᠷᠳᠣ ᠬᠤᠭᠤᠴᠠᠭᠠᠨ᠎ᠤ ᠲᠤᠷᠰᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ᠌ ᠠᠵᠢᠯ᠎ᠢ ᠦᠷᠭᠦᠯᠵᠢᠯᠡᠨ ᠭᠦᠨᠵᠡᠭᠡᠶ ᠥᠷᠨᠢᠭᠦᠯᠦᠭ᠌ᠰᠡᠨ᠎ᠡᠴᠡ ᠪᠣᠯᠤᠭ᠍ᠰᠠᠨ ᠶᠤᠮ᠃ ᠲᠤᠬᠠᠢ᠎ᠶ᠋ᠢᠨ ᠭᠠᠵᠠᠷ᠎ᠤᠨ ᠬᠢᠨ 《ᠠᠪᠢᠶ᠎ᠠ ᠣᠨᠣᠪᠴᠢᠲᠠᠢ᠂ ᠦᠰᠦᠭ ᠪᠢᠴᠢᠭ ᠳᠦᠷᠢᠮᠵᠢᠯ ᠲᠠᠢ ᠪᠠᠢᠬᠤ》 ᠵᠢ ᠵᠠᠩᠭᠢᠯᠠᠭ᠎ᠠ᠎ᠶ᠋ᠢᠨ ᠭᠣᠭ᠍ᠴᠣᠭ᠎ᠠ ᠪᠣᠯᠭᠠᠵᠤ᠂ ᠤᠯᠠᠨ ᠬᠠᠷᠠᠭᠠᠰᠤ ᠡᠴᠡ ᠱᠢᠰᠲ᠋ᠧᠮ᠎ᠲᠡᠶ ᠠᠬᠢᠭᠤᠯᠪᠠ᠃ ᠰᠠᠭᠤᠷᠢ᠎ᠶ᠋ᠢ ᠰᠤᠷᠭᠠᠭᠤᠯᠢ᠎ᠶ᠋ᠢᠨ ᠬᠦᠷᠢᠶᠡᠨ᠎ᠡᠴᠡ ᠡᠬᠢᠯᠡᠨ ᠠᠳᠭᠤᠵᠤ᠂ ᠪᠥᠬᠥ᠌ ᠬᠣᠱᠢᠭᠤᠨ᠎ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠦᠨ ᠴᠡᠴᠡᠷᠯᠢᠭ᠎ᠲᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠡᠷ ᠬᠢᠴᠢᠶᠡᠯᠯᠡᠬᠦ᠌ ᠪᠠ ᠰᠣᠯᠢᠯᠴᠠᠭ᠎ᠠ ᠬᠢᠬᠦ᠌᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠪᠠ᠃ ᠵᠢᠱ᠌ᠢᠶᠡᠯᠡᠪᠡᠯ᠂ ᠹᠦ᠋ ᠱᠢᠩ ᠪᠠᠭ᠎ᠠ ᠰᠤᠷᠭᠠᠭᠤᠯᠢ᠎ᠶ᠋ᠢᠨ ᠬᠢᠴᠢᠶᠡᠯ᠎ᠦᠨ ᠡᠮᠦᠨᠡᠬᠢ 《ᠭᠤᠷᠪᠠᠨ ᠮᠢᠨᠦ᠋ᠲ᠎ᠦᠨ ᠠᠪᠢᠶᠠᠨ᠎ᠤ ᠪᠣᠯᠪᠠᠰᠤᠷᠠᠯ》 ᠨᠢ ᠨᠢᠭᠡᠨᠲᠡ ᠬᠡᠪ᠎ᠦᠨ ᠪᠠᠢᠳᠠᠯ ᠪᠤᠯᠵᠤ᠂ 8 ᠠᠯᠪᠠᠨ᠎ᠠᠴᠠ ᠡᠷᠬᠢᠯᠡᠭ᠌ᠰᠡᠨ ᠬᠡᠦᠬᠡᠳ᠎ᠦᠨ ᠴᠡᠴᠡᠷᠯᠢᠭ᠎ᠲᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠨ᠎ᠦ ᠤᠶᠤᠨᠲᠤ ᠲᠤᠰᠠᠯᠠᠬᠤ ᠪᠠᠭ᠍ᠰᠢ᠎ᠶ᠋ᠢᠨ ᠱᠢᠰᠲ᠋ᠧᠮ᠎ᠢ ᠲᠤᠬᠢᠷᠠᠭᠤᠯᠪᠠ᠃
2025 ᠣᠨ᠎ᠤ 5 ᠰᠠᠷ᠎ᠠ᠎ᠳᠤ᠂ ᠲᠦᠮᠡᠳ ᠪᠠᠷᠠᠭᠤᠨ ᠬᠣᠱᠢᠭᠤᠨ᠎ᠤ ᠠᠯᠪᠠᠨ᠎ᠠᠴᠠ ᠡᠷᠭᠢᠯᠡᠭ᠌ᠰᠡᠨ 8 ᠬᠡᠦᠬᠡᠳ᠎ᠦᠨ ᠴᠡᠴᠡᠷᠯᠢᠭ᠎ᠦᠨ 1850 ᠬᠡᠦᠬᠡᠳ ᠥᠪᠡᠷᠲᠡᠭᠡᠨ ᠵᠠᠰᠠᠬᠤ ᠣᠷᠣᠨ᠎ᠤ ᠬᠡᠦᠭᠡᠳ᠎ᠤᠨ ᠬᠡᠯᠡ ᠠᠪᠢᠶᠠᠨ᠎ᠤ ᠬᠢᠨᠠᠨ ᠬᠡᠮᠵᠢᠯᠲᠡ᠎ᠳᠦ ᠬᠢᠷᠢ ᠲᠡᠩᠴᠡᠭ᠌ᠰᠡᠨ ᠨᠣᠷᠮ᠎ᠠ ᠨᠢ 100%᠎ᠳ᠋ᠤ ᠬᠦᠷᠴᠡᠶ᠃ ᠬᠡᠷᠡᠭ᠌ᠯᠡᠭᠡᠨ᠎ᠦ ᠲᠠᠯ᠎ᠠ᠎ᠠᠴᠠ ᠦᠶ᠋ᠯᠡᠴᠢᠯᠡᠭᠡᠨ᠎ᠦ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠯᠪᠠᠲᠠᠨ᠂ ᠪᠠᠭ᠍ᠰᠢ ᠵᠢᠴᠢ ᠦᠨᠳᠦᠰᠦᠨ ᠱᠠᠲᠤᠨ᠎ᠤ ᠺᠠᠳ᠋ᠷ᠎ᠤᠨ ᠪᠣᠯᠪᠠᠰᠤᠷᠠᠯ᠎ᠳᠤ ᠴᠥᠮ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠵᠢᠡᠷ ᠭᠤᠤᠯ ᠪᠣᠯᠭᠠᠪᠠ᠃ 2025 ᠣᠨ᠎ᠤ 9 ᠰᠠᠷ᠎ᠠ᠎ᠳᠤ᠂ ᠲᠦᠮᠡᠳ ᠪᠠᠷᠠᠭᠤᠨ ᠬᠣᠱᠢᠭᠤ ᠲᠤᠰᠭᠠᠶ ᠰᠡᠳᠦᠪᠲᠦ ᠪᠣᠯᠪᠠᠰᠤᠷᠠᠯ᠎ᠤᠨ ᠠᠩᠭᠢ ᠡᠷᠭᠢᠯᠡᠵᠦ᠍᠂ ᠦᠨᠳᠦᠰᠦᠨ ᠱᠠᠲᠤᠨ᠎ᠤ 100 ᠭᠠᠷᠤᠶ ᠺᠠᠳ᠋ᠷ ᠪᠣᠯᠤᠨ ᠢᠳᠡᠷ ᠵᠠᠯᠠᠭᠤ ᠬᠥᠳᠡᠯᠮᠦᠷᠢ ᠬᠦᠴᠦᠨ᠎ᠢ ᠵᠣᠬᠢᠶᠠᠨ ᠪᠠᠢᠭᠤᠯᠤᠨ ᠪᠣᠯᠪᠠᠰᠤᠷᠠᠯ᠎ᠳᠤ ᠣᠷᠣᠯᠴᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠦᠭᠡ ᠬᠡᠯᠡ ᠥᠰᠥᠭ ᠪᠢᠴᠢᠭ᠎ᠦᠨ ᠠᠵᠢᠯ᠎ᠤᠨ ᠵᠥᠪᠯᠡᠯ ᠵᠢᠴᠢ ᠶᠡᠬᠡ ᠳᠡᠭᠡᠳᠦ ᠰᠤᠷᠭᠠᠭᠤᠯᠢ᠎ᠶ᠋ᠢᠨ ᠲᠤᠰᠭᠠᠶ ᠮᠡᠷᠭᠡᠵᠢᠯᠲᠡᠨ᠎ᠡᠴᠡ ᠬᠢᠴᠢᠶᠡᠯ ᠣᠷᠣᠵᠤ᠂ ᠨᠤᠲᠤᠭ᠎ᠤᠨ ᠠᠶᠠᠯᠭᠤ᠎ᠶ᠋ᠢ ᠭᠤᠤᠯᠳᠠᠯᠭ᠎ᠠ᠎ᠲᠠᠶ ᠵᠠᠯᠠᠷᠠᠭᠤᠯᠪᠠ᠃ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠢᠩᠬᠢᠮ᠎ᠦᠨ ᠠᠵᠢᠯᠳᠠᠨ ᠬᠠᠨ ᠶᠠᠨ ᠷᠦ᠋ ᠡᠭᠦᠨ᠎ᠦ ᠲᠤᠬᠠᠢ ᠭᠦᠨ ᠲᠦᠷᠦᠭ᠌ᠳᠡᠯ᠎ᠲᠡᠶ ᠪᠠᠢᠯ᠎ᠠ᠃ ᠲᠡᠷᠡ᠂ ᠪᠣᠯᠪᠠᠰᠤᠷᠠᠯ᠎ᠢᠶᠠᠷ ᠳᠠᠮᠵᠢᠨ ᠠᠪᠢᠶ᠎ᠠ᠎ᠪᠠᠨ ᠨᠡᠩ ᠪᠠᠷᠢᠮᠵᠢᠶᠠᠵᠢᠭᠤᠯᠤᠭᠰᠠᠨ ᠵᠢᠡᠷ ᠤᠯᠠᠨ ᠲᠦᠮᠡᠨ ᠲᠠᠢ ᠬᠠᠷᠢᠯᠴᠠᠬᠤ ᠳ᠋ᠦ ᠨᠡᠩ ᠱᠢᠭᠤᠳ ᠱᠢᠯᠤᠭᠤᠨ ᠪᠣᠯᠵᠤ᠂ ᠠᠵᠢᠯ᠎ᠤᠨ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠵᠦ᠂ ᠬᠤᠪᠢ ᠬᠥᠮᠦᠨ ᠴᠦ᠍ ᠨᠡᠩ ᠢᠲᠡᠭᠡᠯ᠎ᠲᠡᠶ ᠪᠣᠯᠵᠠᠢ ᠭᠡᠪᠡ᠃ 2025 ᠣᠨ᠎ᠳᠤ᠂ ᠲᠦᠮᠡᠳ ᠪᠠᠷᠠᠭᠤᠨ ᠬᠣᠱᠢᠭᠤᠨ᠎ᠤ ᠱᠢᠨ᠎ᠡ᠎ᠪᠡᠷ ᠡᠯᠰᠡᠭ᠌ᠰᠡᠨ ᠪᠠᠭ᠍ᠰᠢ᠂ ᠠᠯᠪᠠᠲᠠᠨ᠎ᠤ ᠤᠯᠤᠰ᠎ᠤᠨ ᠦᠭᠡ ᠬᠡᠯᠡᠨ᠎ᠦ ᠬᠢᠷᠢ ᠲᠦᠪᠱᠢᠨ᠎ᠦ ᠪᠠᠷᠢᠮᠵᠢᠶ᠎ᠠ᠎ᠳᠤ ᠬᠦᠷᠦᠭ᠌ᠰᠡᠨ ᠨᠣᠷᠮ᠎ᠠ᠎ᠨᠢ ᠴᠥᠮ 100% ᠶ᠋ᠢ ᠪᠠᠲᠤᠯᠠᠪᠠ᠃
ᠡᠭᠦᠨ᠎ᠦ ᠬᠠᠮᠲᠤ᠂ ᠲᠦᠮᠡᠳ ᠪᠠᠷᠠᠭᠤᠨ ᠬᠣᠱᠢᠭᠤ ᠱᠢᠨ᠎ᠡ᠎ᠶ᠋ᠢ ᠡᠭᠦᠳᠬᠦ᠌ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠵᠤ᠂ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠲᠦᠭᠡᠮᠡᠯᠵᠢᠭᠦᠯᠬᠦ᠌ ᠭᠠᠷᠠᠭ》 ᠵᠢᠴᠢ ᠡᠯ᠎ᠡ ᠲᠥᠷᠥᠯ᠎ᠦᠨ ᠤᠷᠤᠯᠳᠤᠭᠠᠨ᠎ᠳᠤ ᠲᠦᠱᠢᠭ᠌ᠯᠡᠨ ᠰᠣᠩᠭᠣᠳᠠᠭ ᠨᠣᠮ ᠤᠩᠱᠢᠬᠤ᠂ ᠰᠣᠨᠣᠰᠴᠤ᠌ ᠪᠢᠴᠢᠬᠦ᠌ ᠵᠡᠷᠭᠡ ᠠᠵᠢᠯᠯᠠᠭ᠎ᠠ᠎ᠶ᠋ᠢ ᠥᠷᠭᠡᠨ᠎ᠢᠶᠡᠷ ᠥᠷᠨᠢᠭᠦᠯᠵᠦ᠂ 2025 ᠣᠨ᠎ᠤ ᠪᠤᠭᠤᠲᠤ ᠬᠣᠲᠠ᠎ᠶ᠋ᠢᠨ ᠣᠯᠠᠨ ᠵᠦᠶ᠋ᠯ᠎ᠦᠨ ᠬᠡᠯᠡᠨ᠎ᠦ ᠲᠥᠷᠥᠯ᠎ᠦᠨ ᠤᠷᠤᠯᠳᠤᠭᠠᠨ᠎ᠳᠤ ᠰᠠᠢᠨ ᠬᠢᠷᠢ ᠪᠦᠲᠦᠮᠵᠢ ᠣᠯᠵᠠᠶ᠃ ᠲᠤᠬᠠᠢ᠎ᠶ᠋ᠢᠨ ᠭᠠᠵᠠᠷ᠎ᠤᠨ ᠡᠯ᠎ᠡ ᠰᠤᠷᠭᠠᠭᠤᠯᠢ᠎ᠶ᠋ᠢᠨ 《ᠪᠢᠴᠢᠬᠠᠨ ᠨᠡᠪᠲᠡᠷᠡᠭᠦᠯᠦᠭ᠌ᠴᠢ》᠂ 《ᠬᠢᠴᠢᠶᠡᠯ᠎ᠦᠨ ᠪᠢᠴᠢᠭ᠎ᠦᠨ ᠵᠦᠴᠦᠭᠡ᠎ᠶ᠋ᠢᠨ ᠦᠵᠡᠭᠦᠯᠭᠡ》 ᠵᠡᠷᠭᠡ ᠠᠵᠢᠯᠯᠠᠭ᠎ᠠ ᠨᠢ ᠰᠤᠷᠤᠭ᠍ᠴᠢᠳ᠎ᠤᠨ ᠦᠭᠡ ᠬᠡᠯᠡᠨ᠎ᠦ ᠦᠢᠯᠡᠳᠦᠯᠭᠡ᠎ᠶ᠋ᠢᠨ ᠴᠢᠳᠠᠪᠤᠷᠢ᠎ᠶ᠋ᠢ ᠪᠦᠲᠦᠮᠵᠢᠲᠡᠢ ᠳᠡᠭᠡᠭ᠌ᠰᠢᠯᠡᠭᠦᠯᠪᠡ᠃ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠬᠤ ᠲᠠᠯ᠎ᠠ᠎ᠪᠠᠷ᠂ ᠲᠦᠮᠡᠳ ᠪᠠᠷᠠᠭᠤᠨ ᠬᠣᠱᠢᠭᠤ 《ᠨᠢᠭᠡ ᠭᠠᠵᠠᠷ᠎ᠲᠤ ᠨᠢᠭᠡ ᠲᠥᠷᠥ᠎ᠶ᠋ᠢᠨ ᠪᠣᠳᠣᠯᠭ᠎ᠠ ᠭᠡᠷᠡᠭᠵᠢᠬᠦᠯᠬᠦ》 ᠲᠥᠰᠦᠯ᠎ᠢ ᠲᠣᠭ᠍ᠲᠠᠭᠠᠵᠤ᠂ ᠨᠠᠮ ᠵᠠᠰᠠᠭ᠎ᠤᠨ ᠪᠠᠢᠭᠤᠯᠭ᠎ᠠ᠂ ᠰᠤᠷᠭᠠᠨ ᠬᠥᠮᠦᠵᠢᠯ᠎ᠦᠨ ᠱᠢᠰᠲ᠋ᠧᠮ᠂ ᠰᠣᠨᠢᠨ ᠮᠡᠳᠡᠭᠡᠨ᠎ᠦ ᠵᠠᠭᠤᠴᠢᠯᠠᠭᠤᠷ᠂ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠴᠤᠩᠬᠤᠪᠴᠢ ᠵᠡᠷᠭᠡ ᠳᠥᠷᠪᠡᠨ ᠶᠡᠬᠡ ᠬᠦᠷᠢᠶᠡᠨ᠎ᠤ ᠡᠩ ᠲᠡᠷᠢᠭᠦᠨ᠎ᠳᠦ ᠪᠠᠷᠢᠮᠵᠢᠶ᠎ᠠ᠎ᠳᠤ ᠬᠦᠷᠬᠦ ᠶ᠋ᠢ ᠠᠬᠢᠭᠤᠯᠪᠠ᠃ ᠣᠳᠣᠬᠠᠨ᠎ᠳᠤ᠂ ᠪᠥᠬᠥ᠌ ᠬᠣᠱᠢᠭᠤᠨ᠎ᠤ 38 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠦᠨ ᠴᠡᠴᠡᠷᠯᠢᠭ ᠨᠢᠭᠡᠨᠲᠡ 100% ᠪᠠᠷ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠵᠢᠷᠤᠮᠵᠢᠭᠤᠯᠤᠭᠰᠠᠨ ᠪᠠᠷᠢᠮᠵᠢᠶ᠎ᠠ᠎ᠳᠤ ᠭᠦᠷᠦᠭ᠌ᠰᠡᠨ ᠰᠤᠷᠭᠠᠭᠤᠯᠢ》 ᠶ᠋ᠢᠨ ᠱᠢᠯᠭᠠᠨ ᠪᠠᠢᠴᠠᠭᠠᠯᠲᠠ᠎ᠶ᠋ᠢ ᠥᠩᠭᠡᠷᠡᠭᠡᠵᠦ᠍᠂ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠠᠵᠢᠯ ᠲᠥᠷᠥᠯ᠎ᠦᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠦᠶ᠋ᠯᠡᠴᠢᠯᠡᠭᠡ᠎ᠶ᠋ᠢ ᠨᠡᠢᠳᠡᠮ ᠪᠦᠷᠬᠦᠭᠦᠯᠪᠡ᠃
ᠵᠠᠰᠠᠭ᠎ᠤᠨ ᠶᠠᠪᠤᠳᠠᠯ᠎ᠤᠨ ᠱᠢᠭᠤᠳ ᠨᠡᠪᠲᠡᠷᠡᠭᠦᠯᠭᠡ᠎ᠶ᠋ᠢᠨ ᠲᠠᠰᠤᠭ᠎ᠤᠨ ᠲᠣᠳᠣ ᠰᠠᠢᠬᠠᠨ ᠤᠬᠠᠭᠤᠯᠤᠨ ᠲᠠᠢᠯᠪᠤᠷᠢᠯᠠᠬᠤ᠎ᠠᠴᠠ ᠦᠶ᠋ᠯᠡᠴᠢᠯᠡᠭᠡᠨ᠎ᠦ ᠴᠤᠩᠬᠤᠪᠴᠢᠳ᠋ᠡᠬᠢ ᠳᠣᠲᠣᠨᠣ ᠰᠣᠯᠢᠯᠴᠠᠭ᠎ᠠ ᠬᠦᠷᠲᠡᠯ᠎ᠡ᠂ ᠳᠠᠬᠢᠭᠠᠳ ᠰᠤᠷᠭᠠᠭᠤᠯᠢ᠎ᠶ᠋ᠢᠨ ᠬᠦᠷᠢᠶᠡᠨ᠎ᠦ ᠬᠢᠴᠢᠶᠡᠯ᠎ᠦᠨ ᠲᠠᠩᠬᠢᠮ᠎ᠤᠨ ᠢᠷᠠᠭᠤ ᠰᠠᠢᠬᠠᠨ ᠨᠣᠮᠤᠩᠰᠢᠬᠤ ᠲᠠᠭᠤᠨ ᠬᠦᠷᠲᠡᠯ᠎ᠡ᠂ ᠪᠠᠷᠢᠮᠵᠢᠶᠠᠵᠢᠬᠰᠠᠨ ᠤᠷᠤᠰᠤᠮ᠎ᠠ ᠰᠠᠢᠬᠠᠨ ᠤᠯᠤᠰ᠎ᠤᠨ ᠨᠡᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ ᠨᠢ ᠲᠦᠮᠡᠳ ᠪᠠᠷᠠᠭᠤᠨ ᠬᠣᠱᠢᠭᠤᠨ᠎ᠤ ᠦᠶ᠋ᠯᠡᠴᠢᠯᠡᠭᠡᠨ᠎ᠦ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠂ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌ ᠬᠠᠩᠭᠢᠨᠠᠮ᠎ᠠ ᠨᠣᠲ ᠪᠣᠯᠵᠠᠶ᠃