ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠡᠯᠡᠰᠦ᠎ᠶ᠋ᠢ ᠵᠠᠰᠠᠵᠤ ᠪᠦᠲᠦᠮᠵᠢᠲᠡᠢ ᠬᠠᠮᠢᠶᠠᠷᠤᠨ ᠬᠠᠮᠠᠭᠠᠯᠠᠵᠤ ᠬᠠᠯᠬᠠᠪᠴᠢ᠎ᠶ᠋ᠢ ᠪᠠᠲᠤ ᠴᠣᠭ᠍ᠴᠠᠯᠠᠨ᠎ᠠ
2026-01-24 11:35:00
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

— ᠬᠡᠱᠢᠭ᠌ᠲᠡᠨ ᠬᠤᠱᠢᠭᠤ ᠠᠮᠢ ᠠᠬᠤᠶ᠎ᠶ᠋ᠢᠨ ᠵᠠᠰᠠᠯᠲᠠ᠎ᠶ᠋ᠢ ᠨᠠᠷᠢᠯᠢᠭ ᠤᠨᠤᠴᠠᠳᠠᠢ ᠲᠠᠢᠰᠢ ᠠᠬᠢᠭᠤᠯᠪᠠ

 

ᠬᠠᠬᠢᠷ ᠡᠪᠦᠯ᠎ᠤᠨ ᠬᠦᠢᠲᠡᠨ ᠰᠠᠯᠬᠢ ᠤᠯᠠᠭᠠᠠᠬᠠᠳᠠ ᠬᠤᠲᠠ᠎ᠶ᠋ᠢᠨ ᠬᠡᠱᠢᠭ᠌ᠲᠡᠨ ᠬᠤᠱᠢᠭᠤᠨ᠎ᠤ ᠬᠤᠯᠠᠨ ᠱᠢᠷᠭ᠎ᠠ ᠲᠠᠭ᠎ᠠ᠎ᠶ᠋ᠢᠨ ᠮᠠᠩᠬᠠᠨ ᠭᠠᠵᠠᠷ᠎ᠢ ᠳᠠᠭᠠᠷᠢᠬᠤ ᠪᠡᠷ ᠦᠩᠭᠡᠷᠡᠭ᠌ᠰᠡᠨ᠎ᠤ ᠡᠯᠡᠰᠦᠨ ᠰᠢᠭᠤᠷᠭ᠎ᠠ ᠨᠢᠭᠡᠨᠳᠡ ᠪᠠᠷ᠎ᠠ ᠰᠤᠷᠠᠭ ᠦᠭᠡᠢ ᠪᠤᠯᠵᠤ᠂ ᠵᠠᠯᠭᠠᠯᠳᠤᠭ᠍ᠰᠠᠠ ᠡᠪᠡᠰᠦᠨ ᠳᠦᠷᠪᠡᠯᠵᠢ ᠨᠢ ᠰᠢᠷᠭᠠᠯ ᠡᠯᠡᠰᠦ ᠵᠢ ᠪᠠᠲᠤ ᠲᠤᠭᠲᠠᠪᠤᠷᠢᠵᠢᠭᠤᠯᠵᠤ᠂ ᠭᠠᠴᠤᠷ᠎ᠠ᠂ ᠵᠢᠭᠠᠷᠳᠤ ᠨᠠᠷᠠᠰᠤ ᠰᠡᠬᠦ᠋ᠢᠨ᠂ ᠬᠤᠯᠠ ᠪᠠᠢᠭ᠎ᠠ ᠮᠠᠯᠴᠢᠨ ᠡᠷᠦᠭᠡ᠎ᠶ᠋ᠢᠨ ᠬᠠᠰᠢᠶᠠᠨ ᠳ᠋ᠤ ᠦᠬᠡᠷ ᠬᠤᠨᠢ ᠲᠠᠷᠭᠤ ᠰᠠᠢᠲᠠᠢ ᠪᠠᠢᠵᠤ᠂ 《ᠨᠤᠭᠤᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠨ᠂ ᠬᠦᠮᠦᠨ ᠡᠯᠡᠰᠦ ᠡᠶ᠎ᠡ ᠵᠣᠬᠢᠴᠠᠩᠭᠤᠢ》 ᠠᠮᠢ ᠠᠬᠤᠢ᠎ᠶ᠋ᠢᠨ ᠵᠢᠷᠤᠭ ᠳᠡᠯᠭᠡᠭᠳᠡᠨ᠎ᠡ᠃

ᠲᠤᠬᠠᠶ᠎ᠶ᠋ᠢᠨ ᠭᠠᠵᠠᠷ᠎ᠤᠨ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠍ᠰᠠᠨ ᠡᠨᠡ ᠬᠦ᠌ 《ᠠᠮᠢ ᠠᠬᠤᠶ᠎ᠶ᠋ᠢᠨ ᠡᠪᠡᠷᠱᠢᠶᠡᠯ᠎ᠲᠠᠢ ᠭᠠᠵᠠᠷ》 ᠣᠲᠣ ᠶᠠᠭ ᠠᠷᠠᠳ᠎ᠤᠨ ᠠᠮᠢᠳᠤᠷᠠᠯ᠎ᠢ ᠱᠢᠮᠡᠵᠢᠭᠦᠯᠬᠦ᠌ 《ᠠᠮᠢ ᠠᠬᠤᠶ᠎ᠶ᠋ᠢᠨ ᠲᠤᠯᠭᠠᠭᠤᠷᠢᠯᠠᠬᠤ ᠴᠡᠭ》 ᠪᠣᠯᠵᠣ᠂ ᠬᠡᠱᠢᠭ᠌ᠲᠡᠨ ᠬᠤᠱᠢᠭᠤᠨ᠎ᠤ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠭᠰᠠᠨ ᠤᠯᠠ ᠮᠥᠷ ᠪᠣᠯᠤᠭ᠍ᠰᠠᠨ ᠪᠠᠢᠨ᠎ᠠ᠃

ᠤᠯᠠᠭᠠᠨᠬᠠᠳᠠ ᠬᠤᠲᠠ᠎ᠶ᠋ᠢᠨ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠢ ᠰᠦᠨᠦᠭᠡᠬᠦ ᠭᠤᠤᠯ ᠳᠠᠢᠯᠠᠯᠳᠤᠭᠠᠨ᠎ᠤ ᠲᠣᠭᠤᠷᠢᠭ ᠪᠣᠯᠤᠭ᠍ᠰᠠᠨ᠎ᠤ ᠬᠤᠪᠢ᠎ᠳᠤ᠂ ᠬᠡᠱᠢᠭ᠌ᠲᠡᠨ ᠬᠤᠱᠢᠭᠤᠨ᠎ᠤ ᠡᠯᠡᠰᠦᠷᠬᠡᠭ ᠭᠠᠵᠠᠷ᠎ᠤᠨ ᠲᠠᠯᠠᠪᠠᠶ᠎ᠨᠢ 915.87 ᠲᠦᠮᠡᠨ ᠮᠥ᠍ ᠪᠠᠢᠵᠤ᠂ ᠡᠭᠦᠨ᠎ᠳᠤ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ 866 ᠲᠦᠮᠡᠨ ᠮᠥ᠍ ᠬᠦᠷᠴᠦ᠂ ᠪᠥᠬᠦ᠌ ᠬᠤᠱᠢᠭᠤᠨ᠎ᠤ 11 ᠰᠤᠮᠤ ᠱᠢᠶᠠᠩ ᠪᠠᠯᠭᠠᠰᠤᠨ᠎ᠳᠤ ᠲᠠᠷᠬᠠᠵᠤ᠂ ᠡᠯᠡᠰᠦᠷᠬᠡᠭᠵᠢᠯ᠎ᠢ ᠰᠡᠷᠭᠡᠢᠯᠡᠨ ᠡᠯᠡᠰᠦ ᠵᠢ ᠵᠠᠰᠠᠬᠤ ᠡᠭᠦᠷᠭᠡ ᠲᠦᠢᠯ᠎ᠤᠨ ᠬᠦᠨᠳᠦ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭ᠎ᠠ᠎ᠠᠴᠠ ᠨᠠᠭᠠᠰᠢ᠂ ᠬᠡᠱᠢᠭ᠌ᠲᠡᠨ ᠬᠤᠱᠢᠭᠤ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ᠎ᠶ᠋ᠢ ᠵᠠᠰᠠᠬᠤ ᠴᠢᠬᠤᠯᠠ ᠣᠷᠣᠨ ᠪᠠᠢᠷᠢ ᠵᠢᠴᠢ ᠬᠦᠨᠳᠦ ᠡᠭᠦᠷᠭᠡ ᠵᠢ ᠡᠭᠦᠷᠭᠡᠯᠡᠵᠦ᠂ 《ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ》 ᠭᠡᠬᠦ᠌ ᠣᠢᠯᠠᠭᠠᠭ᠍ᠳᠠᠬᠤᠨ᠎ᠢ ᠪᠠᠲᠤ ᠪᠤᠢ ᠪᠣᠯᠭᠠᠵᠤ᠂ ᠡᠯᠡᠰᠦ᠎ᠶ᠋ᠢ ᠵᠠᠰᠠᠬᠤ ᠵᠠᠭ᠍ᠪᠤᠷ᠎ᠢ 《ᠪᠦᠳᠦᠭᠦᠯᠢᠭ ᠬᠡᠯᠪᠡᠷᠢ᠎ᠪᠠᠷ ᠥᠷᠭᠡᠳᠭᠡᠬᠦ᠌》᠎ᠠ᠋ᠴᠠ 《ᠨᠠᠷᠢᠯᠢᠬ᠍ᠵᠢᠭᠤᠯᠤᠨ ᠳᠡᠭᠡᠭ᠌ᠰᠢᠯᠡᠭᠦᠯᠬᠦ᠌》 ᠲᠡᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨᠴᠢ᠎ᠪᠠᠷ ᠵᠠᠰᠠᠬᠤ᠎ᠶ᠋ᠢ ᠠᠮᠢ ᠠᠬᠤᠢ᠎ᠶ᠋ᠢ ᠰᠡᠷᠭᠦᠭᠡᠬᠦ᠌ ᠪᠦᠬᠦ᠌ ᠶᠠᠪᠤᠴᠠ᠎ᠳᠤ ᠳᠤᠭᠤᠰᠢᠯᠠᠭᠤᠯᠵᠤ᠂ ᠠᠮᠢ ᠠᠬᠤᠢ ᠪᠣᠯᠤᠨ ᠠᠵᠤ ᠠᠬᠤᠢ᠎ᠶ᠋ᠢᠨ ᠬᠤᠣᠰ ᠠᠮᠵᠢᠯᠲᠠ ᠤᠯᠤᠭᠰᠠᠨ ᠪᠣᠬᠢᠷᠲᠤᠯ ᠦᠭᠡᠢ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠭ᠍ᠰᠠᠨ ᠪᠠᠢᠨ᠎ᠠ᠃

ᠡᠯᠡᠰᠦᠷᠬᠡᠭ᠌ᠵᠢᠭ᠌ᠰᠡᠨ ᠭᠠᠵᠠᠷ᠎ᠤᠨ ᠪᠠᠢᠳᠠᠯ ᠨᠠᠷᠢᠨ ᠪᠤᠳᠤᠯᠢᠶᠠᠨᠲᠠᠢ᠂ ᠣᠷᠣᠱᠢᠨ ᠲᠣᠭ᠍ᠲᠠᠨᠢᠬᠤ ᠨᠥᠬᠦᠴᠡᠯ ᠮᠠᠭᠤ ᠵᠡᠷᠭᠡ ᠬᠦᠴᠢᠷ ᠠᠰᠠᠭᠤᠳᠠᠯ᠎ᠤᠨ ᠡᠮᠦᠨ᠎ᠡ᠂ ᠬᠡᠱᠢᠭ᠌ᠲᠡᠨ ᠬᠤᠱᠢᠭᠤ 《ᠣᠢᠵᠢᠭᠤᠯᠬᠤ᠎ᠳᠤ ᠲᠣᠬᠢᠷᠠᠮᠵᠢᠲᠠᠢ ᠪᠣᠯ ᠣᠢᠵᠢᠭᠤᠯᠵᠤ᠂ ᠨᠤᠭᠤᠭᠠᠷᠠᠭᠤᠯᠬᠤ᠎ᠳᠤ ᠲᠣᠬᠢᠷᠠᠮᠵᠢᠲᠠᠢ ᠪᠣᠯ ᠨᠤᠭᠤᠭᠠᠷᠠᠭᠤᠯᠬᠤ》 ᠱᠢᠨᠵᠢᠯᠡᠬᠦ᠌ ᠤᠬᠠᠭᠠᠨᠴᠢ ᠵᠠᠷᠴᠢᠮ᠎ᠢ ᠪᠠᠷᠢᠮᠲᠠᠯᠠᠵᠤ᠂ ᠭᠠᠴᠤᠷ᠎ᠠ᠂ ᠵᠢᠭᠠᠷᠲᠤ ᠨᠠᠷᠠᠰᠤ ᠵᠡᠷᠭᠡ ᠵᠣᠬᠢᠴᠠᠬᠤ ᠴᠢᠨᠠᠷ᠎ᠢᠶᠠᠷ ᠴᠢᠩᠭ᠎ᠠ ᠨᠤᠲᠤᠭ᠎ᠤᠨ ᠮᠣᠳᠣᠨ᠎ᠤ ᠲᠦᠷᠦᠯ ᠵᠦᠢᠯ ᠪᠣᠯᠣᠨ ᠴᠢᠨᠠᠷ ᠰᠠᠢᠲᠠᠢ ᠡᠪᠡᠰᠦ᠎ᠶ᠋ᠢᠨ ᠦᠷ᠎ᠡ᠎ᠶ᠋ᠢ ᠱᠢᠯᠢᠨ ᠰᠣᠩᠭᠤᠵᠤ᠂ 《ᠮᠠᠱᠢᠨ᠎ᠢᠶᠠᠷ ᠡᠯᠡᠰᠦ᠎ᠶ᠋ᠢ ᠨᠤᠭᠲᠤᠯᠠᠬᠤ + ᠠᠮᠢᠳᠤ ᠪᠣᠳᠠᠰ ᠵᠢᠡᠷ ᠡᠯᠡᠰᠦ᠎ᠶ᠋ᠢ ᠲᠣᠭ᠍ᠲᠠᠪᠤᠷᠢᠵᠢᠭᠤᠯᠬᠤ》 ᠬᠠᠮ ᠠᠷᠭ᠎ᠠ ᠪᠣᠳᠣᠯᠭ᠎ᠠ᠎ᠶ᠋ᠢᠨ ᠱᠢᠨ᠎ᠡ᠎ᠶ᠋ᠢ ᠡᠭᠦᠳᠴᠦ᠍᠂ ᠪᠣᠰᠤᠭ᠎ᠠ ᠴᠣᠭ᠍ᠴᠠᠲᠤ ᠬᠠᠮᠠᠭᠠᠯᠠᠯᠲᠠ᠎ᠶ᠋ᠢᠨ ᠱᠢᠰᠲ᠋ᠧᠮ᠎ᠢ ᠪᠠᠢᠭᠤᠯᠪᠠ᠃ ᠵᠢᠯᠣᠭᠤᠴᠢ ᠥᠬᠡᠶ ᠨᠢᠰᠭᠡᠯ᠎ᠢᠶᠠᠷ ᠳᠠᠷᠢᠬᠤ᠂ ᠡᠯᠡᠰᠦᠨ ᠬᠠᠯᠬᠠᠪᠴᠢ ᠭᠠᠷᠭᠠᠬᠤ ᠮᠠᠱᠢᠨ ᠵᠡᠷᠭᠡ ᠲᠡᠷᠢᠭᠦᠨ᠎ᠤ ᠲᠥᠬᠦᠭᠡᠷᠦᠮᠵᠢ᠎ᠶ᠋ᠢ ᠪᠥᠬᠦ᠌ ᠲᠠᠯ᠎ᠠ᠎ᠪᠠᠷ ᠠᠱᠢᠭ᠍ᠯᠠᠯᠲᠠ᠎ᠳᠤ ᠣᠷᠣᠭᠤᠯᠵᠤ᠂ ᠡᠪᠡᠰᠦᠨ ᠳᠦᠷᠪᠡᠯᠵᠢ ᠪᠡᠷ ᠡᠯᠡᠰᠦ᠎ᠶ᠋ᠢ ᠲᠣᠭ᠍ᠲᠠᠪᠤᠷᠢᠵᠢᠭᠤᠯᠬᠤ᠂ ᠬᠥᠬᠡ ᠵᠠᠮᠠᠭ᠎ᠤᠨ ᠱᠢᠩᠭᠡᠨ᠎ᠤ ᠰᠦᠷᠴᠢᠯᠲᠡ ᠪᠡᠷ ᠡᠯᠡᠰᠦ᠎ᠶ᠋ᠢ ᠲᠣᠭ᠍ᠲᠠᠪᠤᠷᠢᠵᠢᠭᠤᠯᠬᠤ ᠵᠡᠷᠭᠡ ᠮᠡᠷᠭᠡᠵᠢᠯ ᠵᠢᠡᠷ ᠳᠠᠮᠵᠢᠨ ᠨᠡᠭᠦᠳᠡᠯ ᠡᠯᠡᠰᠦᠨ᠎ᠤ ᠨᠡᠭᠦᠳᠡᠯᠯᠡᠬᠦ ᠬᠤᠷᠳᠤᠴᠠ᠎ᠶ᠋ᠢ 70%᠎ᠠᠴᠠ ᠳᠡᠭᠡᠭ᠌ᠰᠢ ᠪᠠᠭᠤᠷᠠᠭᠤᠯᠪᠠ; 《ᠭᠦᠨ ᠵᠠᠢᠯᠠᠵᠤ ᠭᠦᠢᠬᠡᠨ ᠪᠦᠷᠬᠦᠬᠦ᠌》 ᠵᠡᠷᠭᠡ ᠨᠠᠷᠢᠯᠢᠭ ᠳᠠᠷᠢᠬᠤ ᠮᠡᠷᠭᠡᠵᠢᠯ ᠨᠢ 《ᠴᠢᠬᠢ ᠮᠣᠳᠣᠨ᠎ᠤ ᠡᠳᠡᠭᠡᠷᠡᠯᠲᠡ᠎ᠶ᠋ᠢᠨ ᠨᠣᠷᠮ᠎ᠠ᠎ᠶ᠋ᠢ 85%᠎ᠡᠴᠠ ᠳᠡᠭᠡᠭ᠌ᠰᠢ ᠳ᠋ᠤ ᠲᠣᠭ᠍ᠲᠠᠪᠤᠷᠢᠵᠢᠭᠤᠯᠵᠤ᠂ ᠡᠯᠡᠰᠦ᠎ᠶ᠋ᠢ ᠵᠠᠰᠠᠬᠤ ᠠᠵᠢᠯ᠎ᠢ 《ᠲᠤᠷᠱᠢᠯᠭ᠎ᠠ᠎ᠪᠠᠷ ᠬᠥᠳᠡᠯᠭᠡᠭᠦᠷ ᠪᠣᠯᠭᠠᠬᠤ》 ᠡᠴᠡ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠠᠷ ᠬᠥᠳᠡᠯᠭᠡᠭᠦᠷ ᠪᠣᠯᠭᠠᠬᠤ》 ᠲᠡᠢᠰᠢ ᠬᠤᠪᠢᠷᠠᠬᠤ ᠵᠠᠩᠭᠢᠯᠠᠭ᠎ᠠ᠎ᠶ᠋ᠢᠨ ᠳᠠᠪᠠᠯᠲᠠ᠎ᠶ᠋ᠢ ᠠᠮᠵᠢᠯᠲᠠ᠎ᠲᠠᠢ ᠪᠡᠶᠡᠯᠡᠭᠦᠯᠪᠡ᠃

ᠠᠮᠢ ᠠᠬᠤᠶ ᠰᠠᠢᠵᠢᠷᠠᠬᠤ᠎ᠶ᠋ᠢᠨ ᠬᠠᠮᠲᠤ ᠣᠯᠠᠨ ᠲᠦᠮᠡᠨ᠎ᠤ 《ᠵᠣᠭᠤᠰᠣᠨ ᠴᠦᠩᠬᠦ》 ᠴᠦ᠍ ᠤᠯᠠᠮ᠎ᠠᠴᠠ ᠤᠯᠠᠮ ᠲᠦᠭᠦᠷᠡᠩ ᠪᠤᠯᠪᠠ᠃ ᠬᠡᠱᠢᠭ᠌ᠲᠡᠨ ᠬᠤᠱᠢᠭᠤ 《ᠠᠵᠢᠯ ᠣᠯᠭᠤᠬᠤ᠎ᠪᠠᠷ ᠲᠡᠳᠬᠦᠮᠵᠢ᠎ᠶ᠋ᠢ ᠣᠷᠣᠯᠠᠭᠤᠯᠬᠤ》᠂ 《ᠤᠷᠢᠳᠠᠪᠠᠷ ᠪᠠᠢᠭᠤᠯᠵᠤ ᠳᠠᠷᠠᠭ᠎ᠠ᠎ᠨᠢ ᠨᠥᠬᠦᠪᠥᠷᠢᠯᠡᠬᠦ᠌》 ᠵᠡᠷᠭᠡ ᠣᠯᠠᠨ ᠡᠱᠢᠵᠢᠭ᠌ᠰᠡᠨ ᠤᠷᠮᠠᠱᠢᠭᠤᠯᠬᠤ ᠠᠷᠭ᠎ᠠ ᠮᠠᠶᠢᠭ᠎ᠢᠶᠠᠷ ᠳᠠᠮᠵᠢᠭᠤᠯᠤᠨ᠂ ᠮᠠᠯᠴᠢᠨ ᠲᠠᠷᠢᠶᠠᠴᠢᠨ᠎ᠤ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠳᠤ ᠣᠷᠣᠯᠴᠠᠬᠤ ᠢᠳᠡᠪᠬᠢᠵᠢᠯ᠎ᠢ ᠭᠦᠢᠴᠡᠳ ᠳᠠᠢᠴᠢᠯᠠᠵᠤ᠂ ᠮᠠᠯᠴᠢᠨ ᠲᠠᠷᠢᠶᠠᠴᠢᠨ᠎ᠤ ᠥᠪᠡᠷ᠎ᠤᠨ ᠡᠯᠡᠰᠦᠷᠬᠡᠭ᠌ᠵᠢᠭ᠌ᠰᠡᠨ ᠭᠠᠵᠠᠷ ᠱᠢᠷᠣᠶ ᠳᠡᠭᠡᠷ᠎ᠡ ᠠᠮᠢ ᠠᠬᠤᠶ᠎ᠶ᠋ᠢᠨ ᠵᠠᠰᠠᠯᠲᠠ ᠥᠷᠨᠢᠭᠦᠯᠬᠦ᠌᠎ᠶ᠋ᠢ ᠵᠣᠷᠢᠭ᠍ᠵᠢᠭᠤᠯᠵᠤ᠂ ᠡᠵᠡᠨ ᠬᠥᠮᠦᠨ᠎ᠤ ᠬᠤᠪᠢ᠎ᠪᠠᠷ ᠠᠮᠢ ᠠᠬᠤᠶ᠎ᠶ᠋ᠢᠨ ᠲᠥᠷᠥᠯ ᠵᠦᠢᠯ᠎ᠤᠨ ᠪᠥᠲᠥᠭᠡᠨ ᠪᠠᠢᠭᠤᠯᠤᠯᠲᠠ ᠪᠠ ᠰᠡᠭᠦᠯᠴᠢ᠎ᠶ᠋ᠢᠨ ᠬᠤᠭᠤᠴᠠᠭᠠᠨ᠎ᠤ ᠬᠠᠮᠢᠶᠠᠷᠤᠯᠲᠠ ᠬᠠᠮᠠᠭᠠᠯᠠᠯᠲᠠ᠎ᠳᠤ ᠣᠷᠣᠯᠴᠠᠵᠤ᠂ 《ᠨᠢᠭᠡ ᠮᠸ᠋ ᠡᠯᠡᠰᠦ᠎ᠶ᠋ᠢ ᠵᠠᠰᠠᠵᠤ᠂ ᠨᠢᠭᠡ ᠡᠷᠦᠬᠡ ᠳ᠋ᠤ ᠠᠱᠢᠭ ᠭᠥᠷᠳᠡᠭᠡᠵᠦ᠍᠂ ᠨᠢᠭᠡ ᠬᠡᠰᠡᠭ᠎ᠢ ᠳᠠᠢᠴᠢᠯᠠᠬᠤ》 ᠵᠢᠱ᠌ᠢᠶ᠎ᠡ ᠦᠵᠡᠭᠦᠯᠬᠦ᠌ ᠦᠢᠯᠡᠳᠦᠯ᠎ᠢ ᠪᠣᠶ ᠪᠣᠯᠭᠠᠪᠠ᠃

《ᠡᠯᠡᠰᠦ᠎ᠶ᠋ᠢ ᠵᠠᠰᠠᠬᠤ᠎ᠨᠢ ᠨᠤᠲᠤᠭ ᠪᠡᠯᠴᠢᠭᠡᠷ᠎ᠤᠨ ᠡᠯᠡᠰᠦᠷᠬᠡᠭ᠌ᠵᠢᠯ᠎ᠤᠨ ᠠᠰᠠᠭᠤᠳᠠᠯ᠎ᠢ ᠱᠢᠢᠳᠪᠦᠷᠢᠯᠡᠭ᠌ᠰᠡᠨ᠎ᠢᠶᠠᠷ ᠪᠠᠷᠠᠬᠤ ᠦᠭᠡᠢ ᠪᠠᠰᠠ ᠣᠷᠣᠯᠭ᠎ᠠ᠎ᠶ᠋ᠢ ᠨᠡᠮᠡᠭ᠌ᠳᠡᠭᠦᠯᠵᠦ᠍᠂ ᠡᠳᠦᠷ ᠪᠦᠷᠢ 200 ᠭᠠᠷᠤᠢ ᠲᠥᠭᠦᠷᠢᠭ᠎ᠤᠨ ᠣᠷᠣᠯᠭ᠎ᠠ᠎ᠲᠠᠢ ᠪᠠᠢᠵᠤ᠂ ᠣᠯᠠᠨ᠎ᠢᠶᠠᠷ᠎ᠢᠶᠠᠨ ᠣᠷᠣᠯᠴᠠᠬᠤ ᠡᠷᠴᠢ ᠵᠣᠷᠢᠭ ᠮᠠᠰᠢ ᠭᠦᠢᠴᠡᠳ ᠪᠠᠢᠨ᠎ᠠ》 ᠭᠡᠵᠦ᠍ ᠳᠠᠯᠠᠢᠨᠠᠭᠤᠷ ᠪᠠᠯᠭᠠᠰᠤᠨ᠎ᠤ ᠭᠠᠩᠭᠠᠨ ᠭᠠᠴᠠᠭᠠᠨ᠎ᠤ ᠮᠠᠯᠴᠢᠨ ᠪᠦᠦ ᠵᠢᠶᠦ᠋ᠨ ᠬᠠᠢ᠎ᠶ᠋ᠢᠨ ᠦᠭᠡ ᠲᠤᠬᠠᠢ᠎ᠶ᠋ᠢᠨ ᠭᠠᠵᠠᠷ᠎ᠤᠨ ᠤᠯᠠᠨ ᠲᠦᠮᠡᠨ᠎ᠤ ᠰᠡᠳᠭᠢᠯ᠎ᠤᠨ ᠳᠠᠭᠤᠨ᠎ᠢ ᠢᠯᠡᠷᠡᠭᠦᠯᠪᠡ᠃ 2024 ᠣᠨ᠎ᠳᠤ ᠬᠡᠱᠢᠭ᠌ᠲᠡᠨ ᠬᠤᠱᠢᠭᠤ ᠡᠯᠡᠰᠦ᠎ᠶ᠋ᠢ ᠵᠠᠰᠠᠬᠤ ᠠᠵᠢᠯ᠎ᠳᠤ 2500 ᠭᠠᠷᠤᠢ ᠬᠥᠮᠦᠨ ᠤᠳᠠᠭ᠎ᠠ ᠣᠷᠣᠯᠴᠠᠵᠤ᠂ 1600 ᠲᠦᠮᠡᠨ ᠲᠥᠭᠦᠷᠢᠭ᠎ᠤᠨ ᠬᠥᠳᠡᠯᠮᠦᠷᠢ ᠦᠢᠯᠡᠴᠢᠯᠡᠭᠡᠨ᠎ᠤ ᠬᠥᠯᠥᠰᠥ᠍ ᠣᠯᠭᠤᠮᠵᠢ ᠣᠯᠭᠤᠵᠤ᠂ ᠬᠥᠮᠦᠨ ᠳᠤᠮᠳᠠᠴᠢ᠎ᠶ᠋ᠢᠨ ᠣᠷᠣᠯᠭ᠎ᠠ 6400 ᠲᠥᠭᠦᠷᠢᠭ᠎ᠲᠤ ᠬᠦᠷᠴᠡᠢ᠃

《ᠪᠠᠢᠭᠤᠯᠬᠤ ᠨᠢ ᠭᠤᠷᠪᠠᠨ ᠬᠤᠪᠢ ᠵᠢ ᠡᠵᠡᠯᠡᠵᠦ᠂ ᠬᠠᠮᠢᠶᠠᠷᠬᠤ ᠨᠢ ᠳᠤᠯᠤᠭᠠᠨ ᠬᠤᠪᠢ ᠵᠢ ᠡᠵᠡᠯᠡᠨ᠎ᠡ》 ᠭᠡᠳᠡᠭ ᠵᠢᠡᠷ ᠠᠮᠢ ᠠᠬᠤᠶ᠎ᠶ᠋ᠢᠨ ᠬᠠᠮᠠᠭᠠᠯᠠᠯᠲᠠ᠎ᠨᠢ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢᠨ ᠪᠠᠲᠤᠯᠠᠭ᠎ᠠ᠎ᠠᠴᠠ ᠰᠠᠯᠵᠤ ᠴᠢᠳᠠᠬᠤ ᠥᠬᠡᠶ ᠶᠤᠮ᠃ ᠬᠡᠱᠢᠭ᠌ᠲᠡᠨ ᠬᠤᠱᠢᠭᠤ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ ᠲᠤᠰᠭᠠᠶ ᠠᠵᠢᠯ᠎ᠤᠨ ᠤᠳᠤᠷᠢᠳᠭᠤ ᠳᠤᠭᠤᠢᠯᠠᠩ ᠪᠠᠢᠭᠤᠯᠵᠤ᠂ ᠲᠡᠭᠦᠨ᠎ᠢ ᠡᠳᠦᠷ ᠲᠤᠲᠤᠮ᠎ᠤᠨ ᠴᠢᠬᠤᠯᠠ ᠵᠥᠪᠯᠡᠬᠦ᠌ ᠵᠦᠢᠯ᠎ᠳᠤ ᠣᠷᠣᠭᠤᠯᠤᠨ᠂ 《ᠪᠠᠢᠭᠤᠯᠬᠤ᠂ ᠬᠠᠮᠢᠶᠠᠷᠬᠤ᠂ ᠡᠵᠡᠩᠨᠡᠬᠦ᠌》 ᠶ᠋ᠢ ᠨᠢᠭᠡ ᠴᠤᠭ᠍ᠴᠠᠵᠢᠭᠤᠯᠤᠭ᠍ᠰᠠᠨ ᠠᠵᠢᠯ᠎ᠤᠨ ᠲᠣᠭ᠍ᠲᠠᠴᠠ᠎ᠶ᠋ᠢ ᠪᠠᠢᠭᠤᠯᠵᠤ᠂ ᠰᠤᠮᠤ ᠱᠢᠶᠠᠩ ᠪᠠᠯᠭᠠᠰᠤ᠂ ᠭᠠᠴᠠᠭ᠎ᠠ ᠲᠣᠰᠭᠤᠨ᠂ ᠪᠠᠢᠭᠠᠯᠢᠯᠢᠭ ᠲᠣᠰᠭᠤᠨ᠂ ᠮᠠᠯᠵᠢᠬᠤ ᠲᠠᠷᠢᠶᠠᠯᠠᠬᠤ ᠡᠷᠦᠬᠡ᠂ ᠣᠶ ᠱᠢᠭᠤᠶ ᠡᠪᠡᠰᠦ ᠪᠡᠯᠴᠢᠭᠡᠷ᠎ᠤᠨ ᠬᠠᠮᠠᠭᠠᠯᠠᠭ᠍ᠴᠢ᠎ᠪᠠᠷ ᠪᠦᠷᠢᠯᠳᠦᠭ᠌ᠰᠡᠨ 《ᠲᠠᠪᠤᠨ ᠲᠠᠯ᠎ᠠ᠎ᠠᠴᠠ ᠬᠠᠮᠲᠤ᠎ᠪᠠᠷ ᠬᠠᠮᠢᠶᠠᠷᠬᠤ》 ᠡᠩᠨᠡᠭᠡ᠎ᠶ᠋ᠢ ᠵᠣᠬᠢᠶᠠᠨ ᠪᠠᠢᠭᠤᠯᠵᠤ᠂ ᠵᠢᠯᠣᠭᠤᠴᠢ ᠥᠬᠡᠶ ᠨᠢᠰᠭᠡᠯ ᠵᠡᠷᠭᠡ ᠣᠶᠤᠨᠴᠢ ᠬᠠᠮᠢᠶᠠᠷᠤᠨ ᠬᠠᠮᠠᠭᠠᠯᠠᠬᠤ ᠲᠥᠬᠦᠭᠡᠷᠦᠮᠵᠢ᠎ᠶ᠋ᠢ ᠳᠣᠭᠢᠷᠠᠭᠤᠯᠤᠨ᠂ 《ᠬᠥᠮᠦᠨ ᠪᠦᠬᠦᠨ ᠴᠥᠮ ᠡᠯᠡᠰᠦ᠎ᠶ᠋ᠢ ᠵᠠᠰᠠᠭ᠍ᠴᠢ᠂ ᠡᠷᠦᠬᠡ ᠪᠣᠯᠭᠠᠨ ᠴᠥᠮ ᠬᠠᠮᠢᠶᠠᠷᠤᠨ ᠬᠠᠮᠠᠭᠠᠯᠠᠬᠤ ᠥᠷᠲᠡᠭᠡ》 ᠪᠣᠯᠬᠤ ᠪᠥᠬᠦ᠌ ᠠᠷᠠᠳ᠎ᠢᠶᠠᠷ᠎ᠢᠶᠠᠨ ᠣᠷᠣᠯᠴᠠᠬᠤ ᠵᠠᠭ᠍ᠪᠤᠷ᠎ᠢ ᠬᠡᠷᠡᠭ᠌ᠵᠢᠭᠦᠯᠪᠡ᠃ ᠡᠭᠦᠨ᠎ᠤ ᠬᠠᠮᠲᠤ᠌᠂ 《ᠥᠴᠦᠬᠡᠨ ᠴᠦ᠍ ᠠᠭᠤᠴᠢᠯᠠᠬᠤ ᠥᠬᠡᠶ》 ᠣᠪᠣᠷ᠎ᠢᠶᠠᠷ ᠠᠮᠢ ᠠᠬᠤᠶ᠎ᠶ᠋ᠢᠨ ᠣᠷᠴᠢᠨ ᠲᠣᠭᠤᠷᠢᠨ᠎ᠢ ᠡᠪᠳᠡᠭ᠌ᠰᠡᠨ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ ᠱᠢᠢᠳᠪᠦᠷᠢᠯᠡᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠬᠠᠮᠢᠶ᠎ᠠ ᠪᠥᠬᠦᠶ ᠬᠡᠷᠡᠭ᠎ᠢ ᠨᠡᠢᠲᠡ1.5 ᠲᠦᠮᠡ᠎ᠶ᠋ᠢ ᠪᠠᠢᠴᠠᠭᠠᠨ ᠱᠢᠢᠳᠪᠦᠷᠢᠯᠡᠵᠦ᠍᠂ ᠡᠯᠡᠰᠦᠷᠬᠡᠭ ᠣᠷᠣᠨ᠎ᠤ ᠠᠮᠢ ᠠᠬᠤᠶ᠎ᠶ᠋ᠢᠨ ᠠᠮᠤᠷ ᠲᠦᠪᠱᠢᠨ᠎ᠳᠤ ᠬᠠᠤᠯᠢᠵᠢᠯ᠎ᠤᠨ ᠬᠠᠯᠬᠠᠪᠴᠢ᠎ᠶ᠋ᠢ ᠪᠠᠲᠤ ᠴᠣᠭ᠍ᠴᠠᠯᠠᠪᠠ᠃

ᠪᠦᠷᠢᠳᠭᠡᠯ᠎ᠢ ᠦᠨᠳᠦᠰᠦᠯᠡᠪᠡᠯ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠬᠡᠱᠢᠭ᠌ᠲᠡᠨ ᠬᠤᠱᠢᠭᠤ ᠡᠯᠡᠰᠦ᠎ᠶ᠋ᠢ ᠵᠠᠰᠠᠬᠤ ᠡᠭᠦᠷᠭᠡ᠎ᠪᠠᠨ ᠨᠡᠢᠲᠡ 239.08 ᠲᠦᠮᠡᠨ ᠮᠥ᠍ ᠪᠡᠶᠡᠯᠡᠭᠦᠯᠵᠦ᠍᠂ ᠲᠦᠢᠯ᠎ᠤᠨ ᠬᠦᠨᠳᠦ ᠰᠦᠷᠡᠬᠡᠢ ᠡᠯᠡᠰᠦᠷᠬᠡᠭ᠌ᠵᠢᠭ᠌ᠰᠡᠨ ᠣᠷᠣᠨ ᠪᠦᠰᠡ᠎ᠶ᠋ᠢ ᠪᠥᠬᠦ᠌ ᠲᠠᠯ᠎ᠠ᠎ᠪᠠᠷ ᠵᠠᠰᠠᠵᠤ᠂ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ᠎ᠶ᠋ᠢ 32.1% ᠪᠣᠯᠲᠠᠯ᠎ᠠ ᠳᠡᠭᠡᠭ᠌ᠰᠢᠯᠡᠭᠦᠯᠵᠦ᠍᠂ ᠨᠤᠲᠤᠭ ᠪᠡᠯᠴᠢᠭᠡᠷ᠎ᠤᠨ ᠤᠷᠭᠤᠮᠠᠯ᠎ᠤᠨ ᠪᠦᠷᠬᠦᠴᠡ᠎ᠶ᠋ᠢ 53.2%᠎ᠲᠤ ᠬᠦᠷᠭᠡᠵᠦ᠂ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢ 《ᠪᠠᠭᠠᠰᠭᠠᠬᠤ》᠂ ᠣᠶ ᠱᠢᠭᠤᠶ ᠡᠪᠡᠰᠦ᠎ᠶ᠋ᠢᠨ ᠪᠦᠷᠬᠦᠴᠡ᠎ᠶ᠋ᠢ 《ᠨᠡᠮᠡᠭ᠌ᠳᠡᠭᠦᠯᠬᠦ᠌》᠂ ᠠᠮᠢ ᠠᠬᠤᠶ᠎ᠶ᠋ᠢᠨ ᠶᠠᠰᠤ ᠴᠢᠨᠠᠷ᠎ᠢ 《ᠳᠡᠭᠡᠭ᠌ᠰᠢᠯᠡᠭᠦᠯᠬᠦ᠌》 ᠶ᠋ᠢ ᠪᠡᠶᠡᠯᠡᠭᠦᠯᠦᠭ᠌ᠰᠡᠨ ᠪᠠᠢᠨ᠎ᠠ᠃

ᠡᠯᠡᠰᠦ᠎ᠶ᠋ᠢ ᠯᠠᠪᠳᠠᠭᠤᠨ ᠪᠠᠲᠤᠲᠠᠶ ᠵᠠᠰᠠᠭ᠍ᠰᠠᠨ ᠦᠷ᠎ᠡ ᠪᠦᠲᠦᠭᠡᠯ᠎ᠳᠤ ᠲᠦᠱᠢᠭ᠌ᠯᠡᠨ᠂ ᠬᠡᠱᠢᠭ᠌ᠲᠡᠨ ᠬᠤᠱᠢᠭᠤᠨ᠎ᠤ ᠣᠶ ᠱᠢᠭᠤᠶ ᠡᠪᠡᠰᠦ ᠪᠡᠯᠴᠢᠭᠡᠷ᠎ᠤᠨ ᠣᠨᠴᠠᠯᠢᠭ᠍ᠲᠤ ᠠᠵᠤ ᠦᠢᠯᠡᠰ ᠥᠷᠨᠢᠨ ᠬᠥᠭ᠌ᠵᠢᠪᠡ᠃ ᠲᠤᠰ ᠬᠤᠱᠢᠭᠤ ᠬᠥᠮᠦᠨ᠎ᠤ ᠬᠦᠴᠦ᠍᠎ᠪᠠᠷ ᠡᠪᠡᠰᠦ ᠲᠠᠷᠢᠬᠤ᠂ ᠴᠢᠴᠠᠷᠭᠠᠨ᠎ᠠ ᠬᠤᠶᠠᠷ ᠶᠡᠭᠡ ᠭᠤᠣᠯ ᠪᠣᠯᠬᠤ ᠠᠵᠤ ᠦᠢᠯᠡᠰ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠤᠳᠤ ᠪᠠᠢᠭ᠎ᠠ ᠡᠪᠡᠰᠦ ᠬᠠᠳᠠᠭᠠᠯᠠᠬᠤ ᠦᠷᠳᠡᠭᠡ᠂ ᠲᠡᠵᠢᠭᠡᠯ ᠡᠪᠡᠰᠦ ᠡᠳ᠋ᠱᠢᠭᠦᠯᠬᠦ᠌ ᠠᠵᠤ ᠠᠬᠤᠢᠯᠠᠯ ᠵᠡᠷᠭᠡ ᠡᠬᠢ ᠪᠠᠶᠠᠯᠢᠭ᠎ᠢ ᠭᠦᠢᠴᠡᠳ ᠠᠱᠢᠭ᠍ᠯᠠᠵᠤ᠂ ᠤᠯᠠᠨ ᠬᠠᠷᠠᠭᠠᠰᠤ᠂ ᠪᠦᠬᠦ᠌ ᠲᠠᠯ᠎ᠠ᠎ᠶ᠋ᠢᠨ ᠠᠮᠢ ᠠᠬᠤᠢ᠎ᠶ᠋ᠢᠨ 《ᠪᠡᠯᠡᠨ ᠮᠥᠩᠭᠦ᠌ ᠪᠤᠯᠭᠠᠨ ᠬᠤᠪᠢᠷᠠᠭᠤᠯᠬᠤ》 ᠠᠷᠭ᠎ᠠ ᠵᠠᠮ᠎ᠢ ᠰᠦᠪᠡᠭ᠌ᠴᠢᠯᠡᠵᠦ᠍᠂ ᠮᠠᠯᠵᠢᠬᠤ ᠲᠠᠷᠢᠶᠠᠯᠠᠬᠤ ᠡᠷᠦᠬᠡ᠎ᠶ᠋ᠢ ᠠᠮᠢ ᠠᠬᠤᠢ᠎ᠶ᠋ᠢᠨ ᠵᠠᠰᠠᠯᠲᠠ᠎ᠶ᠋ᠢᠨ ᠪᠦᠬᠦ᠌ ᠶᠠᠪᠤᠴᠠ᠎ᠳᠤ ᠭᠦᠨᠵᠡᠭᠡᠢ ᠤᠷᠤᠯᠴᠠᠭᠤᠯᠵᠤ᠂ ᠡᠯᠡᠰᠦᠷᠬᠡᠭᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠬᠤ ᠲᠦᠷᠦ᠍᠎ᠶ᠋ᠢᠨ ᠪᠤᠳᠤᠯᠭ᠎ᠠ᠎ᠶ᠋ᠢᠨ ᠠᠱᠢᠭ᠎ᠢ ᠦᠷᠭᠦᠯᠵᠢᠯᠡᠨ ᠡᠳ᠋ᠯᠡᠭᠦᠯᠦᠨ᠎ᠡ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠪᠥᠬᠦ᠌ ᠬᠤᠱᠢᠭᠤᠨ᠎ᠳᠤ 3 ᠪᠠᠲᠤᠯᠠᠭ᠎ᠠ᠎ᠶ᠋ᠢᠨ ᠴᠢᠨᠠᠷᠲᠠᠶ ᠴᠢᠬᠢ ᠮᠣᠳᠣᠨ᠎ᠤ ᠬᠦᠷᠢᠶᠡᠯᠡᠩ᠎ᠢ ᠱᠢᠨ᠎ᠡ᠎ᠪᠠᠷ ᠪᠠᠢᠭᠤᠯᠵᠤ᠂ ᠴᠢᠬᠢ ᠮᠣᠳᠣ᠎ᠶ᠋ᠢ ᠪᠤᠢᠵᠢᠭᠤᠯᠬᠤ᠂ ᠣᠶ᠎ᠶ᠋ᠢᠨ ᠬᠤᠷᠮᠤᠢ᠎ᠵᠢᠨ ᠠᠵᠤ ᠠᠬᠤᠶ ᠵᠡᠷᠭᠡ ᠳᠠᠪᠠᠭᠤᠯᠢᠭ ᠠᠵᠤ ᠦᠢᠯᠡᠰ᠎ᠤᠨ ᠪᠦᠯᠦᠭ᠌ᠵᠢᠯ᠎ᠢ ᠬᠥᠭ᠌ᠵᠢᠭᠦᠯᠦᠨ᠂ ᠴᠢᠬᠢ ᠮᠣᠳᠣ᠎ᠶ᠋ᠢ ᠪᠤᠢᠵᠢᠭᠤᠯᠬᠤ ᠬᠡᠪᠴᠢᠶ᠎ᠡ 2 ᠳ᠋ᠦᠩᠱᠢᠭᠤᠷ ᠰᠠᠭᠤᠷᠢ᠎ᠳᠤ ᠬᠦᠷᠴᠦ᠍᠂ ᠣᠶ᠎ᠶ᠋ᠢᠨ ᠬᠤᠷᠮᠣᠶ᠎ᠶ᠋ᠢᠨ ᠠᠵᠤ ᠠᠬᠤᠶ᠂ ᠴᠢᠴᠠᠷᠭᠠᠨ᠎ᠠ ᠳᠠᠷᠢᠬᠤ ᠵᠡᠷᠭᠡ ᠠᠵᠤ ᠦᠢᠯᠡᠰ᠎ᠤᠨ ᠲᠠᠯᠠᠪᠠᠶ 17 ᠲᠦᠮᠡᠨ ᠮᠸ᠋᠎ᠶ᠋ᠢ ᠳᠠᠪᠠᠪᠠ᠃ 2025 ᠣᠨ᠎ᠤ ᠡᠮᠦᠨ᠎ᠡ ᠭᠤᠷᠪᠠᠨ ᠤᠯᠠᠷᠢᠯ᠎ᠳᠤ᠂ ᠬᠡᠱᠢᠭ᠌ᠲᠡᠨ ᠬᠤᠱᠢᠭᠤᠨ᠎ᠤ ᠣᠶ ᠱᠢᠭᠤᠢ ᠡᠪᠡᠰᠦ ᠪᠡᠯᠴᠢᠭᠡᠷ᠎ᠤᠨ ᠠᠵᠤ ᠦᠢᠯᠡᠰ᠎ᠤᠨ ᠦᠢᠯᠡᠳᠬᠦᠨ᠎ᠤ ᠥᠷᠲᠡᠭ 12.7 ᠳ᠋ᠦᠩᠱᠢᠭᠤᠷ ᠲᠥᠭᠦᠷᠢᠭ᠎ᠲᠤ ᠬᠦᠷᠴᠦ᠍᠂ ᠥᠩᠭᠡᠷᠡᠭ᠌ᠰᠡᠨ᠎ᠳᠤ ᠢᠮᠠᠬᠤ᠎ᠵᠢᠨ ᠴᠢᠨᠡᠭᠡ ᠡᠪᠡᠰᠦ ᠤᠷᠭᠤᠬᠤ᠎ᠦᠭᠡᠢ ᠪᠠᠢᠭᠰᠠᠨ ᠮᠠᠩᠬᠠᠨ ᠭᠠᠵᠠᠷ ᠨᠢ ᠣᠯᠠᠨ ᠲᠦᠮᠡᠨ᠎ᠤ ᠪᠠᠶᠠᠵᠢᠨ ᠴᠢᠨᠡᠭᠡᠯᠢᠭ᠌ᠵᠢᠬᠦ᠌ 《ᠡᠷᠳᠡᠨᠢ᠎ᠶ᠋ᠢᠨ ᠰᠠᠪᠠ》 ᠪᠣᠯᠵᠠᠢ᠃

ᠨᠣᠭᠤᠭᠠᠷᠠᠭᠤᠯᠤᠨ ᠤᠢᠵᠢᠭᠤᠯᠵᠤ᠂ ᠠᠵᠤ ᠦᠢᠯᠡᠰ᠎ᠢ ᠬᠥᠭ᠌ᠵᠢᠭᠦᠯᠦᠨ᠂ ᠠᠷᠠᠳ ᠢᠷᠭᠡᠳ᠎ᠢ ᠪᠠᠶᠠᠵᠢᠭᠤᠯᠤᠭᠰᠠᠨ 《ᠨᠣᠭᠤᠭᠠᠨ ᠪᠠᠶᠠᠨ ᠰᠠᠢᠬᠠᠨ》 ᠠᠮᠢ ᠠᠬᠤᠢ᠎ᠶ᠋ᠢᠨ ᠵᠢᠷᠤᠭ ᠳᠦᠷᠰᠦ ᠶᠠᠭ ᠬᠡᠱᠢᠭ᠌ᠲᠡᠨ ᠬᠤᠱᠢᠭᠤᠨ᠎ᠤ 915.87 ᠲᠦᠮᠡᠨ ᠮᠦ᠍ ᠡᠯᠡᠰᠦᠷᠬᠡᠭ ᠭᠠᠵᠠᠷ᠎ᠲᠤ ᠠᠭᠠᠵᠢᠮ᠎ᠢᠶᠠᠷ ᠳᠡᠯᠭᠡᠭᠳᠡᠨ᠎ᠡ᠃ ᠬᠡᠱᠢᠭ᠌ᠲᠡᠨ ᠬᠤᠱᠢᠭᠤ ᠡᠯᠡᠰᠦ᠎ᠶ᠋ᠢ ᠵᠠᠰᠠᠬᠤ ᠪᠣᠭᠤᠮᠲᠠ ᠱᠢᠪᠲᠤᠯᠬᠤ ᠡᠷᠴᠢ ᠵᠣᠷᠢᠭ᠎ᠢᠶᠠᠨ ᠦᠷᠭᠦᠯᠵᠢᠯᠡᠨ ᠪᠠᠲᠤᠯᠠᠵᠤ᠂ ᠠᠮᠢ ᠠᠬᠤᠢ᠎ᠶ᠋ᠢᠨ ᠵᠠᠰᠠᠯᠲᠠ ᠪᠣᠯᠤᠨ ᠠᠵᠤ ᠦᠢᠯᠡᠰ᠎ᠤᠨ ᠬᠥᠭ᠌ᠵᠢᠯᠲᠡ᠎ᠶ᠋ᠢᠨ ᠠᠭᠤᠰᠤᠯᠴᠠᠯ᠎ᠤᠨ ᠵᠠᠮ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠳᠤ ᠨᠡᠩ ᠤᠯᠠᠨ ᠬᠦᠴᠦᠨ ᠴᠢᠳᠠᠯ᠎ᠢᠶᠠᠨ ᠡᠷᠭᠦᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号