1 ᠰᠠᠷ᠎ᠠ ᠵᠢᠨ 22 ᠤ᠋ᠨ ᠡᠳᠦᠷ᠂ ᠬᠢᠩᠭᠠᠨ ᠠᠢᠮᠠᠭ ᠤ᠋ᠨ ᠵᠠᠯᠠᠢᠳ ᠬᠣᠱᠢᠭᠤᠨ ᠤ᠋ ᠬᠦᠶ᠋ᠲᠡᠨ ᠬᠡᠯᠬᠢᠶᠡᠳᠤ ᠪᠠᠷᠠᠭᠠᠨ ᠤ᠋ ᠭᠦᠶ᠋ᠯᠭᠡᠭᠡ ᠵᠢᠨ ᠬᠦᠷᠢᠶᠡᠯᠡᠩ ᠤ᠋ᠨ ᠣᠶᠤᠨᠴᠢ ᠪᠠᠷᠠᠭᠠᠨ ᠤ᠋ ᠭᠦᠶ᠋ᠯᠭᠡᠭᠡ ᠵᠢᠨ ᠲᠠᠰᠤᠭ ᠲᠤ᠌ ᠠᠵᠢᠯᠲᠠᠳ ᠦᠬᠡᠷ ᠬᠣᠨᠢᠨ ᠮᠢᠬ᠎ᠠ᠂ ᠡᠷᠳᠡᠨᠢ ᠱᠢᠰᠢ ᠵᠡᠷᠭᠡ ᠲᠤᠬᠠᠶ ᠵᠢᠨ ᠡᠳᠦᠷ ᠤ᠋ᠨ ᠲᠦᠷᠭᠡᠨ ᠬᠦᠷᠭᠡᠯᠲᠡ ᠵᠢᠨ ᠪᠤᠭᠤᠳᠠᠯ ᠢ᠋ ᠶᠠᠭᠠᠷᠠᠯᠲᠠᠢ ᠪᠠᠭᠯᠠᠵᠤ ᠪᠤᠭᠤᠳᠠᠯᠯᠠᠨ᠂ ᠵᠠᠬᠢᠶᠠᠯᠠᠭ᠎ᠠ ᠵᠢᠨ ᠬᠠᠭᠤᠳᠠᠰᠤ ᠨᠠᠭᠠᠬᠤ᠂ ᠢᠯᠭᠠᠨ ᠠᠩᠭᠢᠯᠠᠬᠤ᠂ ᠬᠠᠢᠷᠴᠠᠭᠯᠠᠬᠤ ᠵᠡᠷᠭᠡ ᠠᠵᠢᠯ ᠢ᠋ ᠮᠠᠰᠢ ᠪᠤᠯᠪᠠᠰᠤᠷᠠᠩᠭᠤᠢ ᠬᠢᠵᠦ ᠶᠠᠭᠠᠷᠠᠯᠳᠤᠨ᠎ᠠ᠃ ᠨᠥᠭᠥᠭᠡ ᠲᠠᠯ᠎ᠠ ᠵᠢᠨ ᠠᠦ᠋ᠲ᠋ᠤᠴᠢᠯᠠᠭᠰᠠᠨ ᠪᠣᠭᠣᠳᠠᠯᠯᠠᠬᠤ ᠦᠶ᠋ᠯᠡᠳᠪᠦᠷᠢᠯᠡᠯ ᠤ᠋ᠨ ᠱᠤᠭᠤᠮ ᠰᠢᠭᠤᠷᠬᠠᠢ ᠠᠵᠢᠯᠯᠠᠵᠤ᠂ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠳᠠᠮᠵᠢᠭᠤᠯᠬᠤ ᠪᠦᠰᠡ ᠪᠡᠷ ᠳᠠᠮᠵᠢᠨ᠂ ᠠᠷᠤ ᠠᠷᠤ ᠡᠴᠡ ᠪᠡᠨ ᠬᠥᠮᠥᠷᠭᠡᠯᠡᠨ ᠬᠠᠳᠠᠭᠠᠯᠠᠬᠤ ᠲᠤᠭᠤᠷᠢᠭ ᠲᠦ᠍ ᠬᠦᠷᠴᠤ᠂ ᠡᠨᠡ ᠬᠦ᠌ 1 ᠰᠠᠷ᠎ᠠ ᠵᠢᠨ 18 ᠤ᠋ ᠡᠳᠦᠷ ᠵᠢᠩᠬᠢᠨᠢ ᠪᠡᠷ ᠠᠰᠢᠭᠯᠠᠯᠲᠠ ᠳ᠋ᠤ ᠤᠷᠤᠭᠰᠠᠨ ᠬᠦᠶ᠋ᠲᠡᠨ ᠬᠡᠯᠬᠢᠶᠡᠳᠤ ᠪᠠᠷᠠᠭᠠᠨᠤ ᠭᠦᠢᠯᠭᠡᠭᠡ ᠵᠢᠨ ᠬᠦᠷᠢᠶᠡᠯᠡᠩ ᠲᠤᠭᠤᠷᠢᠭ ᠶᠠᠭ ᠡᠷᠴᠢᠳᠡᠢ ᠠᠵᠢᠯᠯᠠᠵᠦ ᠪᠠᠢᠨ᠎ᠠ᠃
ᠦᠪᠦᠷ ᠮᠣᠩᠭᠣᠯ ᠬᠠᠷᠠᠮᠦ᠋ᠷᠡᠨ ᠯᠢᠶᠤᠤᠨᠢᠩ ᠭᠤᠷᠪᠠᠨ ᠮᠤᠵᠢ ᠣᠷᠣᠨ ᠤ᠋ ᠠᠭᠤᠯᠵᠠᠷ ᠲᠤ᠌ ᠪᠠᠢᠷᠢᠯᠠᠵᠤ ᠪᠠᠢᠭ᠎ᠠ ᠵᠠᠯᠠᠢᠳ ᠬᠣᠱᠢᠭᠤ ᠪᠣᠯ ᠥᠪᠥᠷ ᠮᠣᠩᠭᠣᠯ ᠤ᠋ᠨ ᠴᠢᠬᠤᠯᠠ ᠠᠮᠤ ᠪᠤᠳᠠᠭᠠᠨ ᠤ᠋ ᠬᠥᠮᠥᠷᠭᠡ ᠪᠠ ᠪᠣᠬᠢᠷᠲᠤᠯ ᠦᠭᠡᠢ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠭᠠᠳᠠᠭ᠍ᠰᠢ ᠭᠠᠷᠭᠠᠬᠤ ᠰᠠᠭᠤᠷᠢᠨ ᠪᠠᠢᠵᠤ᠂ ᠤᠯᠠᠨ ᠡᠴᠡ ᠬᠡᠳᠦᠢᠳᠦᠭᠰᠡᠨ ᠣᠷᠣᠨ ᠪᠠᠢᠷᠢ ᠵᠢᠨ ᠳᠠᠪᠠᠭᠤᠯᠢᠭ ᠲᠠᠢ ᠪᠠᠢᠳᠠᠭ᠃ ᠱᠢᠨ᠎ᠡ ᠬᠦᠷᠢᠶᠡᠯᠡᠩ ᠲᠣᠭᠣᠷᠢᠭ ᠢ᠋ ᠠᠰᠢᠬᠯᠠᠯᠳᠠ ᠳ᠋ᠤ ᠤᠷᠤᠭᠤᠯᠤᠬᠰᠠᠨᠨᠢ ᠲᠤᠬᠠᠶ ᠵᠢᠨ ᠭᠠᠵᠠᠷ ᠤ᠋ᠨ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ 《ᠬᠣᠱᠢᠭᠤ ᠡᠴᠡ ᠪᠡᠨ ᠭᠠᠷᠬᠤ ᠳ᠋ᠤ ᠬᠦᠴᠢᠷ᠂ ᠭᠦᠶ᠋ᠯᠭᠡᠭᠡ ᠤᠳᠠᠭᠠᠨ᠂ ᠬᠣᠷᠣᠭ᠍ᠳᠠᠯ ᠶᠡᠬᠡ》 ᠵᠡᠷᠭᠡ ᠪᠣᠭᠣᠮᠢ ᠠᠰᠠᠭᠤᠳᠠᠯ ᠢ᠋ ᠰᠢᠢᠳᠪᠦᠷᠢᠯᠡᠭᠰᠡᠨ ᠵᠢᠡᠷ ᠪᠠᠷᠠᠬᠤ ᠥᠬᠡᠶ᠂ ᠨᠠᠩ ᠴᠤ᠌ ᠪᠣᠬᠢᠷᠲᠤᠯ ᠥᠬᠡᠶ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠲᠠᠷᠢᠶᠠᠨ ᠭᠠᠵᠠᠷ ᠡᠴᠡ ᠬᠣᠭᠣᠯᠠᠨ ᠱᠢᠷᠡᠭᠡ ᠬᠦᠷᠲᠡᠯᠡᠬᠢ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠶ᠋ᠢ ᠤᠯᠠᠮ ᠲᠡᠭᠦᠯᠳᠡᠷᠵᠢᠭᠦᠯᠵᠦ᠍᠂ ᠲᠣᠰ ᠬᠣᠱᠢᠭᠤᠨ ᠤ᠋ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ᠌᠂ ᠠᠷᠠᠳ ᠣᠯᠠᠨ ᠤ᠋ ᠣᠷᠣᠯᠭ᠎ᠠ ᠶ᠋ᠢ ᠨᠡᠮᠡᠭ᠌ᠳᠡᠭᠦᠯᠬᠦ᠌ ᠳ᠋ᠤ ᠪᠠᠲᠤ ᠪᠠᠬᠢ ᠰᠠᠭᠤᠷᠢ ᠲᠠᠯᠪᠢᠵᠤ ᠥᠭ᠌ᠴᠡᠶ᠃
《ᠣᠳᠣᠬᠠᠨ ᠳ᠋ᠤ ᠨᠢᠭᠡᠨᠲᠡ ᠬᠣᠶᠠᠷ ᠢᠳᠡᠭᠡᠨ ᠡᠳ᠋ᠱᠢᠭᠦᠯᠬᠦ᠌ ᠠᠵᠤ ᠠᠬᠤᠢᠯᠠᠯ ᠨᠤᠳᠤᠬᠰᠢᠵᠦ᠂ ᠱᠦᠨ ᠹᠸᠩ ᠡᠭᠦᠯᠡᠨ ᠬᠦᠮᠦᠷᠭᠡ ᠴᠤ᠌ ᠮᠠᠨ ᠤ᠋ ᠬᠦᠷᠢᠶᠡᠯᠡᠩ ᠲᠣᠭᠣᠷᠢᠭ ᠲᠤ᠌ ᠨᠤᠳᠤᠬᠰᠢᠬᠰᠠᠨ ᠪᠠᠢᠨ᠎ᠠ᠃ ᠣᠲᠣ ᠡᠳᠦᠷ ᠪᠦᠷᠢ ᠵᠢᠨ ᠪᠠᠷᠠᠭ᠎ᠠ ᠢᠯᠡᠭᠡᠬᠥ ᠳᠤᠮᠳᠠᠴᠢ ᠬᠡᠮᠵᠢᠶ᠎ᠡ 3500 ᠡᠴᠡ 5000 ᠵᠢᠨ ᠬᠣᠭᠣᠷᠣᠨᠳᠣ ᠪᠠᠢᠵᠤ᠂ ᠭᠤᠤᠯᠳᠠᠭᠤ ᠦᠬᠡᠷ ᠬᠣᠨᠢᠨ ᠮᠢᠬᠠᠨ ᠤ᠋ ᠪᠦᠲᠦᠭᠡᠭ᠌ᠳᠡᠬᠦᠨ᠂ ᠡᠷᠳᠡᠨᠢ ᠱᠢᠰᠢ ᠪᠣᠯᠤᠨ ᠬᠢᠩᠭᠠᠨ ᠠᠢᠮᠠᠭ ᠤ᠋ᠨ ᠲᠤᠲᠤᠷᠭᠠᠪᠠᠷ ᠭᠤᠤᠯ ᠪᠣᠯᠭᠠᠵᠤ ᠪᠠᠢᠨ᠎ᠠ》 ᠭᠡᠵᠦ᠍ ᠵᠠᠯᠠᠢᠳ ᠬᠣᠱᠢᠭᠤᠨ ᠤ᠋ ᠬᠤᠸᠠ ᠱᠸᠩ ᠲᠠᠷᠢᠶᠠᠯᠠᠩ ᠮᠠᠯ ᠠᠵᠤ ᠠᠬᠤᠶ ᠵᠢᠨ ᠪᠠᠯᠠ ᠣᠷᠣᠭᠤᠯᠤᠯᠲᠠ ᠵᠢᠨ ᠬᠢᠵᠠᠭᠠᠷᠲᠤ ᠺᠣᠮᠫᠠᠨᠢ ᠵᠢᠨ ᠬᠡᠷᠡᠭ ᠮᠡᠳᠡᠭ᠌ᠴᠢᠳ ᠤ᠋ᠨ ᠳᠠᠷᠤᠭ᠎ᠠ ᠬᠠᠨ ᠪᠢᠯᠢᠭ ᠲᠠᠨᠢᠯᠴᠠᠭᠤᠯᠪᠠ᠃
ᠵᠠᠯᠠᠢᠳ ᠬᠣᠱᠢᠭᠤ ᠵᠢᠨ ᠪᠣᠬᠢᠷᠲᠤᠯ ᠦᠭᠡᠢ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠡᠳ᠋ᠱᠢᠭᠦᠯᠦᠨ ᠪᠣᠯᠪᠠᠰᠤᠷᠠᠭᠤᠯᠬᠤ ᠣᠨᠴᠠᠯᠢᠭ᠍ᠲᠤ ᠠᠵᠤ ᠦᠢᠯᠡᠰ ᠤ᠋ᠨ ᠪᠦᠯᠦᠭᠵᠢᠯ ᠤ᠋ᠨ ᠭᠣᠣᠯ ᠢᠵᠢ ᠪᠦᠷᠢᠳᠦᠭᠦᠯᠬᠦ᠌ ᠲᠥᠷᠥᠯ ᠵᠦᠢᠯ ᠪᠣᠯᠤᠭ᠍ᠰᠠᠨ ᠤ᠋ ᠬᠤᠪᠢ ᠳ᠋ᠤ᠂ 6.6 ᠲᠦᠮᠡᠨ ᠲᠡᠭ᠌ᠰᠢ ᠳᠥᠷᠪᠡᠯᠵᠢᠨ ᠮᠧᠲᠷ ᠲᠠᠯᠠᠪᠠᠢ ᠲᠠᠢ ᠬᠦᠢᠲᠡᠨ ᠬᠡᠯᠬᠢᠶᠡᠳᠤ ᠪᠠᠷᠠᠭᠠᠨ ᠤ᠋ ᠭᠦᠢᠯᠭᠡᠭᠡ ᠵᠢᠨ ᠬᠦᠷᠢᠶᠡᠯᠡᠩ ᠲᠤᠭᠤᠷᠢᠭ ᠨᠢ ᠬᠥᠮᠥᠷᠭᠡᠯᠡᠨ ᠬᠠᠳᠠᠭᠠᠯᠠᠬᠤ᠂ ᠡᠳ᠋ᠱᠢᠭᠦᠯᠦᠨ ᠪᠣᠯᠪᠠᠰᠤᠷᠠᠭᠤᠯᠬᠤ᠂ ᠠᠯᠪᠠᠯᠠᠬᠤ᠂ ᠡᠵᠡᠩᠨᠡᠬᠦ᠌ ᠵᠡᠷᠭᠡ ᠴᠢᠳᠠᠮᠵᠢ ᠲᠠᠢ᠃ ᠬᠦᠷᠢᠶᠡᠯᠡᠩ ᠲᠣᠭᠣᠷᠢᠭ ᠲᠤ᠌᠂ - 25°C ᠡᠴᠡ 15°C ᠤ᠋ᠨ ᠪᠦᠬᠦ᠌ ᠳᠤᠯᠠᠭᠠᠨ ᠤ᠋ ᠬᠡᠮᠵᠢᠶ᠎ᠡ ᠲᠠᠢ ᠬᠦᠢᠲᠡᠨ ᠬᠥᠮᠥᠷᠭᠡ᠂ ᠣᠶᠤᠨᠴᠢ ᠢᠯᠭᠠᠨ ᠠᠩᠭᠢᠯᠠᠬᠤ ᠲᠥᠪ᠂ ᠪᠦᠬᠦ᠌ ᠶᠠᠪᠤᠴᠠ ᠵᠢᠨ ᠳᠤᠯᠠᠭᠠᠨ ᠢ᠋ ᠡᠵᠡᠮᠳᠡᠬᠦ᠌ ᠲᠡᠭᠡᠭᠡᠪᠦᠷᠢ ᠵᠢᠨ ᠱᠢᠰᠲ᠋ᠧᠮ ᠵᠡᠷᠭᠡ ᠨᠢ ᠵᠢᠯ ᠤ᠋ᠨ 20 ᠲᠦᠮᠡᠨ ᠲᠣᠨ ᠮᠠᠯ ᠤ᠋ᠨ ᠠᠱᠢᠭ ᠱᠢᠮ᠎ᠡ ᠲᠠᠷᠢᠶᠠᠯᠠᠩᠤᠨ ᠪᠦᠲᠦᠭᠡᠭ᠌ᠳᠡᠬᠦᠨ ᠤ᠋ ᠡᠷᠭᠢᠯᠲᠡ ᠶ᠋ᠢ ᠪᠡᠶᠡᠯᠡᠭᠦᠯᠵᠦ᠍ ᠴᠢᠳᠠᠨ᠎ᠠ; ᠡᠭᠦᠨᠡᠴᠡ ᠭᠠᠳᠠᠨ᠎ᠠ᠂ ᠬᠦᠷᠢᠶᠡᠯᠡᠩ ᠲᠣᠭᠣᠷᠢᠭᠨᠢ ᠵᠠᠮ ᠬᠠᠷᠢᠯᠴᠠᠭᠠᠨ ᠤ᠋ ᠭᠤᠤᠯ ᠱᠤᠭᠤᠮᠲᠠᠶ ᠬᠥᠷᠱᠢᠯᠡᠵᠦ᠍᠂ ᠡᠷᠬᠢᠨ ᠲᠤᠭᠤᠷᠢᠨᠤ 500 ᠺᠢᠯᠣᠮᠧᠲ᠋ᠷ ᠤ᠋ᠨ ᠪᠠᠷᠠᠭᠠᠨ ᠤ᠋ ᠭᠦᠶ᠋ᠯᠭᠡᠭᠡ ᠵᠢᠨ ᠬᠡᠪᠴᠢᠶ᠎ᠡ ᠵᠢ ᠬᠠᠮᠤᠷᠬᠤ ᠵᠢᠨ ᠬᠠᠮᠲᠤ 1.2 ᠲᠦᠮᠡᠨ ᠲᠡᠭ᠌ᠰᠢ ᠳᠥᠷᠪᠡᠯᠵᠢᠨ ᠮᠧᠲ᠋ᠷ ᠪᠥᠬᠥᠶ ᠣᠳᠣᠬᠢᠴᠢᠯᠠᠭ᠍ᠰᠠᠨ ᠡᠳ᠋ᠱᠢᠭᠦᠯᠬᠦ᠌ ᠲᠥᠪ ᠢ᠋ ᠳᠣᠭᠢᠷᠠᠭᠤᠯᠤᠨ᠂ ᠠᠵᠤ ᠠᠬᠤᠢᠯᠠᠯ ᠤ᠋ᠨ ᠬᠡᠷᠡᠭ᠌ᠴᠡᠭᠡ ᠱᠠᠭᠠᠷᠳᠠᠯᠭ᠎ᠠ ᠶ᠋ᠢ ᠦᠨᠳᠦᠰᠦᠯᠡᠨ ᠪᠠᠢᠷᠢᠱᠢᠯ ᠢ᠋ ᠠᠮᠢᠳᠤᠯᠢᠭ ᠵᠢᠡᠷ ᠳᠣᠭᠢᠷᠠᠭᠤᠯᠵᠤ ᠪᠣᠯᠤᠨ᠎ᠠ᠃
《ᠬᠦᠷᠢᠶᠡᠯᠡᠩ ᠲᠣᠭᠣᠷᠢᠭ ᠤ᠋ᠨ ᠪᠦᠷᠢᠨ ᠲᠡᠭᠦᠯᠳᠡᠷ ᠬᠦᠶ᠋ᠲᠡᠨ ᠬᠡᠯᠬᠢᠶᠡᠡ ᠤ᠋ ᠢᠵᠢ ᠪᠥᠷᠢᠳᠦᠭᠦᠯᠤᠯᠲᠡ ᠪᠠ ᠠᠵᠤ ᠦᠶ᠋ᠯᠡᠰ ᠤ᠋ᠨ ᠪᠦᠯᠦᠭᠵᠢᠯ ᠤ᠋ᠨ ᠦᠢᠯᠡᠳᠦᠯ ᠨᠢ ᠮᠠᠨ ᠤ᠋ ᠦᠶ᠋ᠯᠡᠳᠬᠦᠨ ᠢ᠋ ᠪᠥᠬᠥ᠌ ᠤᠯᠤᠰ ᠤ᠋ᠨ ᠵᠠᠬ᠎ᠠ ᠳᠡᠯᠭᠡᠭᠦᠷᠲᠦ ᠨᠠᠩ ᠱᠢᠨ᠎ᠡ ᠰᠣᠷᠭᠣᠭ ᠵᠢᠡᠷ ᠨᠢ ᠬᠦᠷᠭᠡᠵᠦ᠍ ᠴᠢᠳᠠᠬᠤ ᠪᠣᠯᠭᠠᠭ᠍ᠰᠠᠨ ᠪᠥᠭᠡᠳ ᠪᠠᠷᠠᠭ᠎ᠠ ᠶᠠᠪᠤᠭᠤᠯᠬᠤ ᠦᠨ᠎ᠡ ᠨᠢ ᠴᠦ᠍ ᠮᠠᠰᠢ ᠶᠡᠬᠡ ᠳᠠᠪᠠᠭᠤᠯᠢᠭ ᠲᠠᠯᠠᠲᠠᠶ᠂ ᠵᠢᠱ᠌ᠢᠯᠲᠡᠪᠡᠷ ᠵᠢᠯ ᠤ᠋ᠨ ᠪᠣᠷᠣᠯᠠᠭᠤᠯᠭ᠎ᠠ ᠵᠢᠨ ᠬᠡᠮᠵᠢᠶ᠎ᠡ ᠶ᠋ᠢ 30% ᠭᠠᠷᠤᠶᠪᠠᠷ ᠳᠡᠭᠡᠭ᠌ᠰᠢᠯᠡᠭᠦᠯᠬᠦ᠌ ᠪᠣᠯᠤᠨ᠎ᠠ᠃ ᠨᠤᠳᠤᠬᠰᠢᠬ᠍ᠰᠠᠨ ᠠᠵᠤ ᠠᠬᠤᠢᠯᠠᠯᠪᠠᠰᠠ 5 ᠵᠢᠯ ᠤ᠋ᠨ ᠲᠦᠷᠢᠶᠡᠰᠦᠨ ᠮᠥᠩᠭᠥ ᠵᠢᠨ ᠲᠡᠳᠬᠦᠮᠵᠢ ᠭᠥᠷᠳᠡᠵᠦ᠍ ᠪᠣᠯᠤᠨ᠎ᠠ᠂ ᠲᠦᠷᠦᠭᠦᠦ 3 ᠵᠢᠯ ᠤ᠋ᠨ ᠡᠵᠡᠩᠨᠡᠯᠲᠡ ᠵᠢᠨ ᠣᠷᠣᠯᠭᠠᠨᠢ ᠪᠠᠷᠢᠮᠵᠢᠶ᠎ᠠ ᠳ᠋ᠤ ᠭᠦᠷᠪᠡᠯ ᠪᠦᠬᠦ ᠲᠦᠷᠢᠶᠡᠰᠦᠨ ᠮᠦᠩᠬᠦ ᠵᠢ ᠭᠡᠯᠳᠦᠷᠢᠭᠦᠯᠵᠦ᠍᠂ ᠪᠠᠷᠠᠭᠠᠨ ᠤ᠋ ᠭᠦᠶ᠋ᠯᠭᠡᠭᠡ ᠵᠢᠨ ᠨᠥᠬᠥᠪᠥᠷᠢ ᠶ᠋ᠢ ᠳᠠᠷᠤᠶ ᠳ᠋ᠤᠨᠢ ᠮᠡᠳᠡᠭᠦᠯᠵᠦ᠍ ᠳᠠᠷᠤᠶ ᠳ᠋ᠤᠨᠢ ᠬᠦᠷᠲᠡᠵᠤ ᠪᠤᠯᠤᠨ᠎ᠠ᠂ ᠡᠢᠮᠦᠷᠬᠦᠦ ᠲᠥᠷᠥ ᠵᠢᠨ ᠪᠣᠳᠣᠯᠭᠠᠨᠢ ᠲᠡᠳᠡᠨ ᠢ᠋ ᠵᠣᠷᠢᠭ᠍ᠲᠠᠶᠪᠠᠷ ᠪᠠᠯᠠ ᠣᠷᠣᠭᠤᠯᠵᠤ ᠵᠣᠷᠢᠭ᠍ᠲᠠᠶ ᠠᠵᠢᠯᠯᠠᠭᠤᠯᠬᠤ ᠪᠣᠯᠭᠠᠪᠠ》 ᠭᠡᠵᠤ ᠥᠪᠥᠷ ᠮᠣᠩᠭᠣᠯ ᠤ᠋ᠨ ᠨᠢᠦ ᠱᠢ ᠰᠢᠶᠦ᠋ᠩ ᠰᠣᠶᠣᠯ ᠵᠠᠭᠤᠴᠢᠯᠠᠭᠤᠷ ᠤ᠋ᠨ ᠬᠢᠵᠠᠭᠠᠷᠲᠤ ᠺᠣᠮᠫᠠᠨᠢ ᠵᠢᠨ ᠪᠣᠷᠣᠯᠠᠭᠤᠯᠭ᠎ᠠ ᠵᠢᠨ ᠳᠠᠭᠠᠭᠠᠮᠠᠯ ᠸᠠᠩ ᠸᠧᠨ ᠵᠢᠶᠧ ᠬᠡᠯᠡᠨ᠎ᠡ᠃
ᠬᠦᠷᠢᠶᠡᠯᠡᠩ ᠲᠤᠭᠤᠷᠢᠭ ᠲᠦ᠍ ᠨᠤᠳᠤᠬᠰᠢᠬᠰᠠᠨ ᠠᠵᠤ ᠠᠬᠤᠢᠯᠠᠯ ᠳ᠋ᠤ ᠨᠠᠩ ᠰᠠᠢᠲᠤᠷ ᠦᠶ᠋ᠯᠡᠴᠢᠯᠡᠵᠦ᠍᠂ ᠠᠵᠤ ᠠᠬᠤᠢᠯᠠᠯ ᠤ᠋ᠨ ᠬᠥᠭ᠌ᠵᠢᠯᠲᠡ ᠳ᠋ᠤ ᠬᠦᠴᠦᠨ ᠨᠡᠮᠡᠷᠢᠯᠡᠬᠦ᠌ ᠵᠢᠨ ᠲᠥᠯᠥᠭᠡ᠂ ᠵᠠᠯᠠᠢᠳ ᠬᠣᠱᠢᠭᠤᠨ ᠤ᠋ ᠬᠦᠶ᠋ᠲᠡᠨ ᠬᠡᠯᠬᠢᠶᠡᠳᠤ ᠪᠠᠷᠠᠭᠠᠨ ᠤ᠋ ᠭᠦᠶ᠋ᠯᠭᠡᠭᠡ ᠵᠢᠨ ᠬᠦᠷᠢᠶᠡᠯᠡᠩ ᠲᠦᠷᠢᠶᠡᠰᠦᠨ ᠮᠥᠩᠭᠥ ᠶ᠋ᠢ ᠬᠠᠰᠤᠵᠤ ᠬᠡᠯᠲᠦᠷᠢᠭᠦᠯᠬᠦ᠌᠂ ᠪᠠᠷᠠᠭᠠᠨ ᠤ᠋ ᠭᠦᠶ᠋ᠯᠭᠡᠭᠡ ᠵᠢᠨ ᠨᠥᠬᠥᠪᠥᠷᠢ ᠥᠭ᠌ᠬᠦ ᠵᠡᠷᠭᠡ ᠢᠵᠢ ᠪᠦᠷᠢᠳᠦᠭᠦᠯᠬᠦ᠌ ᠠᠷᠭ᠎ᠠ ᠬᠡᠮᠵᠢᠶ᠎ᠡ ᠲᠤᠭᠳᠠᠭᠠᠪᠠ᠃ ᠡᠭᠦᠨ ᠤ᠋ ᠬᠠᠮᠲᠤ᠂ ᠬᠦᠷᠢᠶᠡᠯᠡᠩ ᠲᠣᠭᠣᠷᠢᠭ ᠲᠤ᠌ 《ᠨᠢᠭᠡ ᠨᠢᠭᠡ ᠪᠡᠷ ᠬᠠᠷᠠᠭᠠᠯᠵᠠᠭᠰᠠᠨ》 ᠠᠵᠤ ᠠᠬᠤᠢᠯᠠᠯ ᠤ᠋ᠨ ᠦᠶ᠋ᠯᠡᠴᠢᠯᠡᠭᠡᠨ ᠤ᠋ ᠲᠤᠰᠭᠠᠶ ᠠᠩᠭᠢ ᠭᠠᠷᠭᠠᠵᠤ᠂ ᠠᠵᠤ ᠦᠶ᠋ᠯᠡᠳᠪᠦᠷᠢ ᠬᠤᠳᠠᠯᠳᠤᠭᠠᠨᠤ ᠲᠤᠪᠴᠢᠶᠠᠳᠤ ᠳᠠᠩᠰᠠᠯᠠᠬᠤ᠂ ᠭᠠᠢᠯᠢ ᠵᠢᠨ ᠶᠠᠪᠤᠳᠠᠯ ᠢ᠋ ᠣᠷᠣᠯᠠᠨ ᠭᠦᠶ᠋ᠴᠡᠳᠭᠡᠬᠦ᠌᠂ ᠲᠥᠷᠥ ᠵᠢᠨ ᠪᠣᠳᠣᠯᠭ᠎ᠠ ᠶ᠋ᠢ ᠭᠤᠶᠤᠴᠢᠯᠠᠨ ᠮᠡᠳᠡᠭᠦᠯᠬᠦ᠌ ᠵᠡᠷᠭᠡ ᠨᠢᠭᠡ ᠦᠷᠳᠡᠭᠡᠴᠢᠯᠡᠭᠰᠡᠨ ᠮᠠᠶᠢᠭ ᠤ᠋ᠨ ᠦᠶ᠋ᠯᠡᠴᠢᠯᠡᠭᠡ ᠬᠠᠩᠭᠠᠵᠤ᠂ ᠮᠥᠩᠭᠥᠨ ᠭᠦᠶ᠋ᠯᠭᠡᠭᠡᠨ ᠤ᠋ ᠪᠠᠢᠭᠤᠯᠤᠮᠵᠢ ᠲᠠᠢ ᠬᠣᠯᠪᠣᠭᠠᠯᠠᠨ ᠬᠥᠳᠡᠯᠦᠯᠴᠡᠬᠦ᠌ ᠲᠤᠰᠭᠠᠶ ᠵᠦᠶ᠋ᠯ ᠤ᠋ᠨ ᠢᠲᠡᠭᠡᠮᠵᠢᠲᠦ ᠵᠢᠭᠡᠯᠡᠯᠭᠡ ᠵᠢᠨ ᠦᠶ᠋ᠯᠡᠳᠬᠦᠨ ᠭᠠᠷᠭᠠᠵᠤ᠂ ᠠᠵᠤ ᠠᠬᠤᠢᠯᠠᠯ ᠤ᠋ᠨ ᠠᠳᠠᠯ ᠦᠶ᠋ᠯᠡᠰ ᠴᠣᠭ᠍ᠴᠠᠯᠠᠬᠤ ᠥᠪᠡᠷ ᠤ᠋ᠨ ᠥᠷᠲᠡᠭ ᠢ᠋ ᠶᠡᠬᠡᠪᠡᠷ ᠪᠠᠭᠤᠷᠠᠭᠤᠯᠤᠨ᠂ ᠠᠵᠤ ᠠᠬᠤᠢᠯᠠᠯ ᠤ᠋ᠨ ᠬᠥᠭ᠌ᠵᠢᠯᠲᠡ ᠵᠢᠨ ᠢᠲᠡᠭᠡᠯ ᠵᠣᠷᠢᠭ ᠢ᠋ ᠦᠷᠭᠦᠯᠵᠢᠯᠡᠨ ᠬᠥᠪᠴᠢᠯᠡᠪᠡ᠃
《ᠪᠢᠳᠡ ᠰᠠᠭᠤᠷᠢ ᠲᠥᠬᠥᠭᠡᠷᠦᠮᠵᠢ ᠪᠣᠯᠤᠨ ᠦᠶ᠋ᠯᠡᠴᠢᠯᠡᠭᠡᠨ ᠤ᠋ ᠱᠢᠰᠲ᠋ᠧᠮ ᠢ᠋ ᠦᠷᠭᠦᠯᠵᠢᠯᠡᠨ ᠲᠡᠭᠦᠯᠳᠡᠷᠵᠢᠭᠦᠯᠵᠦ᠍᠂ ᠲᠥᠷᠥ ᠵᠢᠨ ᠪᠣᠳᠣᠯᠭ᠎ᠠ ᠵᠢᠨ ᠠᠱᠢᠭ ᠣᠯᠵᠠᠪᠤᠷᠢ ᠪᠠᠷ ᠠᠵᠤ ᠠᠬᠤᠢᠯᠠᠯ ᠢ᠋ ᠲᠦᠪᠯᠡᠷᠡᠭᠦᠯᠦᠨ ᠲᠠᠲᠠᠵᠤ᠂ ᠬᠦᠷᠢᠶᠡᠯᠡᠩ ᠲᠣᠭᠣᠷᠢᠭ ᠢ᠋ ᠲᠣᠰ ᠭᠠᠵᠠᠷ ᠲᠤ᠌ ᠦᠶ᠋ᠯᠡᠴᠢᠯᠡᠬᠦ᠌᠂ ᠡᠷᠬᠢᠨ ᠲᠣᠭᠣᠷᠢᠨ ᠢ᠋ ᠨᠥᠯᠥᠭᠡᠯᠡᠬᠦ᠌᠂ ᠪᠥᠬᠥ᠌ ᠤᠯᠤᠰ ᠤ᠋ᠨ ᠣᠳᠣᠬᠢᠴᠢᠯᠠᠭ᠍ᠰᠠᠨ ᠬᠦᠶ᠋ᠲᠡᠨ ᠬᠡᠯᠬᠢᠶᠡᠳᠤ ᠪᠠᠷᠠᠭᠠᠨ ᠤ᠋ ᠭᠦᠶ᠋ᠯᠭᠡᠭᠡ ᠵᠢᠨ ᠲᠥᠪᠯᠡᠷᠡᠭᠦᠯᠦᠨ ᠲᠠᠷᠬᠠᠭᠠᠬᠤ ᠲᠥᠪ ᠲᠠᠢ ᠬᠤᠯᠪᠤᠬᠤ᠂ ᠳᠠᠪᠠᠭᠤᠯᠢᠭ ᠠᠵᠤ ᠦᠶ᠋ᠯᠡᠰ ᠤ᠋ᠨ ᠲᠠᠰ ᠳᠡᠪᠱᠢᠬᠦ᠌᠂ ᠣᠷᠣᠨ ᠪᠦᠰᠡ ᠵᠢᠨ ᠠᠵᠤ ᠠᠬᠤᠶ ᠵᠢᠨ ᠴᠡᠴᠡᠭ᠌ᠯᠡᠨ ᠬᠥᠭ᠌ᠵᠢᠬᠦ᠌ ᠶ᠋ᠢ ᠠᠬᠢᠭᠤᠯᠤᠨ᠎ᠠ》 ᠭᠡᠵᠦ᠍ ᠬᠠᠨ ᠪᠢᠯᠢᠭ ᠬᠡᠯᠡᠪᠡ᠃ ᠢᠷᠡᠭᠡᠳᠦᠶ ᠳ᠋ᠤ᠂ ᠡᠨᠳᠡ 《ᠬᠥᠮᠥᠷᠭᠡᠯᠡᠨ ᠬᠠᠳᠠᠭᠠᠯᠠᠬᠤ — ᠡᠳ᠋ᠰᠢᠭᠦᠯᠦᠨ ᠪᠣᠯᠪᠠᠰᠤᠷᠠᠭᠤᠯᠬᠤ — ᠲᠡᠭᠡᠭᠡᠪᠦᠷᠢᠯᠡᠬᠦ᠌ — ᠬᠦᠷᠭᠡᠬᠦ᠌》 ᠶ᠋ᠢ ᠨᠢᠭᠡ ᠴᠤᠭ᠍ᠴᠠᠵᠢᠭᠤᠯᠤᠭ᠍ᠰᠠᠨ ᠪᠦᠷᠢᠨ ᠪᠦᠲᠦᠨ ᠬᠦᠶ᠋ᠲᠡᠨ ᠬᠡᠯᠬᠢᠶᠡᠳᠤ ᠠᠵᠤ ᠦᠶ᠋ᠯᠡᠰ ᠤ᠋ᠨ ᠬᠡᠯᠬᠢᠶ᠎ᠡ ᠶ᠋ᠢ ᠠᠯᠬᠤᠮ ᠠᠯᠬᠤᠮ ᠵᠢᠡᠷ ᠪᠣᠶ ᠪᠣᠯᠭᠠᠵᠤ᠂ ᠵᠢᠱ᠌ᠢᠯᠲᠡᠪᠡᠷ 300 ᠬᠥᠮᠦᠨ ᠤ᠋ ᠠᠵᠢᠯ ᠣᠯᠭᠣᠯᠲᠠ ᠶ᠋ᠢ ᠱᠢᠭᠤᠳ ᠳᠠᠢᠴᠢᠯᠠᠨ᠂ 700 ᠬᠥᠮᠦᠨ ᠤ᠋ ᠠᠵᠢᠯ ᠣᠯᠭᠣᠯᠲᠠ ᠶ᠋ᠢ ᠳᠠᠮ ᠵᠢᠡᠷ ᠳᠠᠢᠴᠢᠯᠠᠵᠤ᠂ ᠣᠷᠣᠨ ᠪᠦᠰᠡ ᠵᠢᠨ ᠮᠠᠯ ᠤ᠋ᠨ ᠠᠱᠢᠭ ᠱᠢᠮᠡᠲᠠᠷᠢᠶᠠᠯᠠᠩᠤᠨ ᠪᠦᠲᠦᠭᠡᠭ᠌ᠳᠡᠬᠦᠨ ᠤ᠋ ᠡᠳ᠋ᠰᠢᠭᠦᠯᠦᠨ ᠪᠣᠯᠪᠠᠰᠤᠷᠠᠭᠤᠯᠬᠤ ᠦᠶ᠋ᠯᠡᠳᠬᠦᠨ ᠤ᠋ ᠥᠷᠲᠡᠭ ᠤ᠋ᠨ ᠨᠡᠮᠡᠭ᠌ᠳᠡᠯ ᠢ᠋ ᠤᠯᠠᠮ ᠠᠬᠢᠭᠤᠯᠬᠤ ᠪᠣᠯᠤᠨ᠎ᠠ᠃