— ᠵᠢᠯ᠎ᠤᠨ ᠡᠬᠢᠨ ᠡᠴᠡ ᠨᠠᠭᠠᠰᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠪᠡᠯᠡ ᠣᠷᠣᠭᠤᠯᠤᠯᠳᠠ ᠵᠢ ᠲᠤᠭᠳᠠᠪᠦᠷᠢᠵᠢᠭᠤᠯᠵᠤ ᠪᠠᠢᠬᠤ ᠲᠤᠬᠠᠢ ᠠᠵᠢᠭ᠍ᠯᠠᠯᠲᠠ
ᠪᠡᠯᠡ ᠣᠷᠣᠭᠤᠯᠤᠯᠲᠠ ᠪᠣᠯ ᠤᠳᠤᠬᠠᠨ ᠤ᠋ ᠬᠡᠷᠡᠭᠴᠡᠭᠡ ᠪᠣᠯᠬᠤ ᠪᠥᠭᠡᠳ ᠪᠠᠰᠠ ᠴᠤ᠌ ᠢᠷᠡᠭᠡᠳᠦᠢ᠎ᠶᠢᠨ ᠬᠠᠩᠭᠠᠯᠭ᠎ᠠ ᠪᠣᠯᠣᠨ᠎ᠠ᠃ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠎ᠡᠴᠡ᠂ ᠳᠣᠲᠣᠭᠠᠳᠤ ᠬᠡᠷᠡᠭᠴᠡᠭᠡ ᠪᠡᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠨ᠂ ᠤᠯᠤᠰ᠎ᠤᠨ ᠳᠣᠲᠣᠭᠠᠳᠤ᠎ᠶᠢᠨ ᠬᠦᠴᠦᠷᠬᠡᠭ ᠶᠡᠬᠡ ᠵᠠᠬ᠎ᠠ ᠳᠡᠯᠭᠡᠭᠦᠷ᠎ᠢ ᠪᠠᠢᠭᠤᠯᠬᠤ ᠬᠡᠷᠡᠭᠳᠠᠢ ᠭᠡᠵᠤ ᠳᠤᠷᠠᠳᠪᠠ᠃ ᠪᠡᠯᠡ ᠣᠷᠣᠭᠤᠯᠤᠯᠲᠠ᠎ᠶᠢᠨ ᠪᠠᠭᠤᠷᠠᠯᠲᠠ᠎ᠶᠢ ᠵᠣᠭᠰᠣᠭᠠᠵᠤ ᠲᠣᠭᠲᠠᠭᠤᠨ ᠪᠤᠯᠭᠠᠬᠤ ᠵᠢ ᠠᠬᠢᠭᠤᠯᠬᠤ ᠬᠡᠷᠡᠭᠳᠠᠢ ᠭᠡᠵᠤ ᠴᠢᠬᠤᠯᠠᠴᠢᠯᠠᠪᠠ᠃
ᠵᠢᠯ᠎ᠦᠨ ᠡᠬᠢᠨ᠎ᠡᠴᠡ ᠨᠠᠭᠠᠰᠢ᠂ ᠰᠤᠷᠪᠤᠯᠵᠢᠯᠠᠭ᠍ᠴᠢ ᠪᠠᠢᠴᠠᠭᠠᠨ ᠰᠤᠳᠤᠯᠬᠤ ᠪᠡᠷ ᠳᠠᠮᠵᠢᠨ᠂ ᠡᠯ᠎ᠡ ᠭᠠᠵᠠᠷ᠎ᠤᠨ ᠬᠢᠨ ᠪᠦᠲᠦᠮᠵᠢᠲᠡᠢ ᠪᠡᠯᠡ ᠣᠷᠣᠭᠤᠯᠤᠯᠲᠠ᠎ᠶᠢ ᠥᠷᠭᠡᠳᠬᠡᠬᠦ᠎ᠪᠡᠷ ᠭᠠᠷᠳᠡᠴᠡ ᠪᠣᠯᠭᠠᠵᠤ᠂ ᠪᠦᠲᠦᠭᠡᠨ ᠪᠠᠢᠭᠤᠯᠤᠯᠲᠠ᠎ᠶᠢᠨ ᠳᠤᠲᠠᠭᠤᠳᠠᠯ᠎ᠢᠶᠡᠨ ᠨᠥᠬᠥᠪᠦᠷᠢᠯᠡᠵᠦ᠂ ᠪᠡᠯᠡ ᠣᠷᠣᠭᠤᠯᠤᠯᠲᠠ᠎ᠶᠢᠨ ᠪᠦᠲᠦᠴᠡ᠎ᠶᠢ ᠰᠢᠯᠢᠳᠡᠭᠵᠢᠭᠦᠯᠵᠦ᠂ ᠳᠣᠲᠣᠭᠠᠳᠤ ᠬᠡᠷᠡᠭᠴᠡᠭᠡ᠎ᠶᠢ ᠥᠷᠭᠡᠳᠬᠡᠵᠦ᠂ ᠨᠡᠮᠡᠭᠳᠡᠯ᠎ᠢ ᠲᠣᠭᠲᠠᠪᠤᠷᠢᠵᠢᠭᠤᠯᠬᠤ᠎ᠳᠤ ᠬᠦᠴᠦᠨ ᠴᠢᠳᠠᠯ ᠨᠡᠮᠡᠷᠢᠯᠡᠵᠤ ᠪᠠᠢᠬᠤ ᠵᠢ ᠢᠯᠡᠷᠡᠬᠦᠯᠪᠡ᠃
《ᠤᠯᠤᠰ ᠤ᠋ᠨ ᠴᠢᠬᠤᠯᠠ ᠶᠡᠬᠡ ᠪᠠᠢᠯᠳᠤᠬᠤ ᠪᠤᠳᠤᠯᠭ᠎ᠠ ᠵᠢᠨ ᠬᠡᠷᠡᠭᠵᠢᠭᠦᠯᠦᠯᠳᠡ ᠪᠤᠯᠤᠨ ᠭᠤᠤᠯᠳᠠᠯᠭ᠎ᠠ ᠲᠠᠢ ᠬᠦᠷᠢᠶᠡᠨ ᠳ᠋ᠡᠬᠢ ᠠᠮᠤᠷ ᠲᠦᠪᠰᠢᠨ ᠤ᠋ ᠴᠢᠳᠠᠪᠤᠷᠢ ᠵᠢᠨ ᠪᠠᠢᠭᠤᠯᠤᠯᠳᠠ ᠵᠢ ᠠᠬᠢᠭᠤᠯᠬᠤ》 ᠪᠦᠲᠦᠭᠡᠨ ᠪᠠᠢᠭᠤᠯᠤᠯᠳᠠ ᠪᠡᠷ ᠳᠤᠲᠠᠭᠤᠳᠠᠯ᠎ᠢ ᠨᠥᠬᠥᠪᠦᠷᠢᠯᠡᠵᠦ᠂ ᠪᠠᠭᠤᠷᠠᠢ ᠲᠠᠯ᠎ᠠ᠎ᠶᠢ ᠬᠦᠴᠦᠷᠬᠡᠭᠵᠢᠭᠦᠯᠦᠨ᠎ᠡ
ᠣᠢᠷ᠎ᠠ᠎ᠳᠤ᠂ ᠵᠢᠩ ᠭᠠᠩ ᠤ᠋ᠨ ᠤᠰᠤᠯᠠᠯᠲᠠ᠎ᠶᠢᠨ ᠣᠷᠣᠨ᠎ᠤ ᠪᠠᠷᠢᠯᠭ᠎ᠠ᠎ᠶᠢᠨ ᠪᠡᠯᠡᠳᠬᠡᠯ ᠪᠠᠷᠢᠯᠭ᠎ᠠ ᠵᠢᠨ ᠠᠵᠢᠯ ᠵᠢᠶᠠᠩᠰᠢ᠎ᠶᠢᠨ ᠵᠢᠢ ᠠᠨ᠎ᠳᠤ ᠡᠬᠢᠯᠡᠪᠠ᠃ ᠤᠰᠤᠯᠠᠯᠲᠠ᠎ᠶᠢᠨ ᠣᠷᠣᠨ᠎ᠤ ᠶᠡᠷᠦᠩᠬᠡᠢ ᠪᠡᠯᠡ ᠣᠷᠣᠭᠤᠯᠤᠯᠲᠠ 134.07 ᠳ᠋ᠦᠩᠰᠢᠭᠤᠷ ᠲᠥᠭᠥᠷᠢᠭ᠎ᠲᠦ ᠬᠦᠷᠴᠦ᠂ ᠤᠯᠤᠰ᠎ᠤᠨ 《ᠤᠯᠤᠰ ᠤ᠋ᠨ ᠴᠢᠬᠤᠯᠠ ᠶᠡᠬᠡ ᠪᠠᠢᠯᠳᠤᠬᠤ ᠪᠤᠳᠤᠯᠭ᠎ᠠ ᠵᠢᠨ ᠬᠡᠷᠡᠭᠵᠢᠭᠦᠯᠦᠯᠳᠡ ᠪᠤᠯᠤᠨ ᠭᠤᠤᠯᠳᠠᠯᠭ᠎ᠠ ᠲᠠᠢ ᠬᠦᠷᠢᠶᠡᠨ ᠳ᠋ᠡᠬᠢ ᠠᠮᠤᠷ ᠲᠦᠪᠰᠢᠨ ᠤ᠋ ᠴᠢᠳᠠᠪᠤᠷᠢ ᠵᠢᠨ ᠪᠠᠢᠭᠤᠯᠤᠯᠳᠠ ᠵᠢ ᠠᠬᠢᠭᠤᠯᠬᠤ》 ᠪᠦᠲᠦᠭᠡᠨ ᠪᠠᠢᠭᠤᠯᠤᠯᠲᠠ᠎ᠶᠢᠨ ᠴᠢᠬᠤᠯᠠ ᠶᠡᠬᠡ ᠤᠰᠤᠨ ᠠᠰᠢᠭ᠍ᠯᠠᠯᠲᠠ᠎ᠶᠢᠨ ᠢᠨᠵᠧᠨᠧᠷᠢᠩ ᠪᠠᠢᠵᠤ᠂ ᠪᠠᠢᠭᠤᠯᠵᠤ ᠳᠠᠭᠤᠰᠤᠭᠰᠠᠨ᠎ᠤ ᠳᠠᠷᠠᠭ᠎ᠠ 185 ᠲᠦᠮᠡᠨ ᠮᠦ᠍ ᠰᠠᠢᠨ ᠲᠠᠷᠢᠶᠠᠨ᠎ᠤ ᠤᠰᠤᠯᠠᠯᠲᠠ᠎ᠶᠢᠨ ᠬᠡᠷᠡᠭᠴᠡᠭᠡ᠎ᠶᠢ ᠬᠠᠩᠭᠠᠬᠤ᠎ᠶᠢᠨ ᠬᠠᠮᠲᠤ ᠪᠠᠷᠤᠭ 23 ᠲᠦᠮᠡᠨ ᠬᠥᠮᠥᠨ ᠠᠮᠠ᠎ᠳᠤ ᠲᠣᠭᠲᠠᠭᠤᠨ ᠪᠥᠭᠡᠳ ᠨᠠᠢᠳᠠᠪᠤᠷᠢᠲᠠᠢ ᠤᠰᠤᠨ᠎ᠤ ᠡᠬᠢ ᠰᠤᠷᠪᠤᠯᠵᠢ ᠬᠠᠩᠭᠠᠬᠤ ᠪᠣᠯᠣᠨ᠎ᠠ᠃
2025 ᠣᠨ᠎ᠤ 12 ᠰᠠᠷ᠎ᠠ᠎ᠳᠤ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠡᠴᠡ 2026 ᠣᠨ᠎ᠳ᠋ᠤ 《ᠤᠯᠤᠰ ᠤ᠋ᠨ ᠴᠢᠬᠤᠯᠠ ᠶᠡᠬᠡ ᠪᠠᠢᠯᠳᠤᠬᠤ ᠪᠤᠳᠤᠯᠭ᠎ᠠ ᠵᠢᠨ ᠬᠡᠷᠡᠭᠵᠢᠭᠦᠯᠦᠯᠳᠡ ᠪᠤᠯᠤᠨ ᠭᠤᠤᠯᠳᠠᠯᠭ᠎ᠠ ᠲᠠᠢ ᠬᠦᠷᠢᠶᠡᠨ ᠳ᠋ᠡᠬᠢ ᠠᠮᠤᠷ ᠲᠦᠪᠰᠢᠨ ᠤ᠋ ᠴᠢᠳᠠᠪᠤᠷᠢ ᠵᠢᠨ ᠪᠠᠢᠭᠤᠯᠤᠯᠳᠠ ᠵᠢ ᠠᠬᠢᠭᠤᠯᠬᠤ》 ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠦᠨ ᠨᠠᠷᠢᠨ ᠲᠠᠩᠰᠠ ᠵᠢ ᠤᠷᠢᠳᠴᠢᠯᠡᠨ ᠵᠦᠪᠰᠢᠶᠡᠷᠡᠬᠦ ᠪᠣᠯᠣᠨ ᠲᠥᠪ᠎ᠦᠨ ᠲᠥᠰᠥᠪ᠎ᠦᠨ ᠳᠣᠲᠣᠷᠠᠬᠢ ᠪᠡᠯᠡ ᠣᠷᠣᠭᠤᠯᠤᠯᠲᠠ᠎ᠶᠢᠨ ᠲᠥᠯᠥᠪᠯᠡᠭᠡ᠎ᠶᠢ ᠵᠣᠬᠢᠶᠠᠨ ᠪᠠᠢᠭᠤᠯᠤᠨ ᠪᠠᠭᠤᠯᠭᠠᠵᠤ᠂ ᠨᠡᠶ᠋ᠢᠲᠡ 2950 ᠳ᠋ᠦᠩᠰᠢᠭᠤᠷ ᠲᠥᠭᠥᠷᠢᠭ ᠣᠷᠴᠢᠮ ᠪᠠᠢᠵᠤ᠂ ᠡᠯ᠎ᠡ ᠲᠥᠷᠥᠯ᠎ᠦᠨ ᠪᠡᠯᠡ ᠮᠥᠩᠭᠥ᠎ᠶᠢ ᠪᠠᠭᠤᠯᠭᠠᠬᠤ ᠪᠠ ᠬᠡᠷᠡᠭᠯᠡᠬᠦ ᠠᠯᠬᠤᠭ᠎ᠠ᠎ᠵᠢ ᠲᠦᠷᠭᠡᠳᠬᠡᠪᠡ᠃
《ᠤᠯᠤᠰ ᠤ᠋ᠨ ᠴᠢᠬᠤᠯᠠ ᠶᠡᠬᠡ ᠪᠠᠢᠯᠳᠤᠬᠤ ᠪᠤᠳᠤᠯᠭ᠎ᠠ ᠵᠢᠨ ᠬᠡᠷᠡᠭᠵᠢᠭᠦᠯᠦᠯᠳᠡ ᠪᠤᠯᠤᠨ ᠭᠤᠤᠯᠳᠠᠯᠭ᠎ᠠ ᠲᠠᠢ ᠬᠦᠷᠢᠶᠡᠨ ᠳ᠋ᠡᠬᠢ ᠠᠮᠤᠷ ᠲᠦᠪᠰᠢᠨ ᠤ᠋ ᠴᠢᠳᠠᠪᠤᠷᠢ ᠵᠢᠨ ᠪᠠᠢᠭᠤᠯᠤᠯᠳᠠ ᠵᠢ ᠠᠬᠢᠭᠤᠯᠬᠤ》 ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠡᠯ᠎ᠡ ᠭᠠᠵᠠᠷ᠎ᠤᠨ ᠬᠢᠨ ᠬᠤᠷᠳᠤᠴᠠ ᠪᠠᠨ ᠲᠦᠷᠭᠡᠳᠭᠡᠨ᠎ᠠ᠃ ᠬᠥᠬᠡᠮᠥ᠋ᠷᠡᠨ᠎ᠦ ᠭᠤᠷᠪᠠᠯᠵᠢᠨ ᠬᠣᠢᠭ᠋ ᠲᠤ᠌᠂ ᠱᠠᠩᠬᠠᠢ ᠨᠠᠨᠵᠢᠩ ᠾᠸᠹᠸᠢ ᠵᠢᠨ ᠲᠦᠷᠭᠡᠨ᠎ᠦ ᠲᠡᠮᠦᠷ ᠵᠠᠮ᠎ᠤᠨ ᠪᠦᠲᠦᠭᠡᠨ ᠪᠠᠢᠭᠤᠯᠤᠯᠲᠠ᠎ᠶᠢᠨ ᠬᠤᠷᠳᠤᠴᠠ᠎ᠶᠢ ᠲᠦᠷᠭᠡᠳᠬᠡᠪᠡ; ᠯᠢᠶᠣᠤᠨᠢᠩ᠎ᠳᠤ᠂ ᠨᠢᠭᠡ ᠪᠦᠯᠦᠭ ᠭᠠᠵᠠᠷ ᠳᠣᠣᠷᠠᠬᠢ ᠬᠣᠭᠣᠯᠠᠢ ᠵᠢᠨ ᠲᠣᠣᠷ᠎ᠤᠨ ᠲᠦᠷᠦᠯ ᠵᠦᠢᠯ᠎ᠢ ᠶᠠᠭ ᠱᠠᠯᠠᠪᠳᠠᠨ ᠬᠡᠷᠡᠭᠵᠢᠭᠦᠯᠵᠦ ᠪᠠᠢᠨ᠎ᠠ; ᠱᠠᠨ ᠰᠢᠳᠦ᠂ ᠬᠠᠲᠤᠨ ᠭᠣᠣᠯ᠎ᠤᠨ ᠭᠦ ᠰᠢᠶᠠᠨ ᠤᠰᠤᠨ ᠠᠰᠢᠭ᠍ᠯᠠᠯᠲᠠ᠎ᠶᠢᠨ ᠬᠦᠢᠰᠦ ᠪᠠᠷᠢᠯᠭ᠎ᠠ᠎ᠶᠢᠨ ᠤᠷᠤᠰᠬᠠᠯ ᠵᠠᠮᠴᠢᠯᠠᠬᠤ ᠨᠦᠬᠡᠨ ᠵᠠᠮ ᠨᠢᠭᠡᠨᠲᠡ ᠪᠥᠬᠥ ᠱᠤᠭᠤᠮ᠎ᠢᠶᠠᠷ ᠨᠡᠪᠲᠡᠷᠡᠪᠡ ᠁ ᠬᠣᠲᠠ ᠬᠥᠳᠡᠭᠡ ᠠᠭᠤᠰᠤᠯᠴᠠᠨ ᠬᠦᠭᠵᠢᠬᠦ᠂ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠂ ᠡᠨᠧᠷᠭᠢ᠎ᠶᠢᠨ ᠡᠬᠢ ᠪᠠᠶᠠᠯᠢᠭ᠋᠎ᠤᠨ ᠠᠮᠤᠷ ᠲᠦᠪᠰᠢᠨ ᠵᠡᠷᠭᠡ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ 《ᠤᠯᠤᠰ ᠤ᠋ᠨ ᠴᠢᠬᠤᠯᠠ ᠶᠡᠬᠡ ᠪᠠᠢᠯᠳᠤᠬᠤ ᠪᠤᠳᠤᠯᠭ᠎ᠠ ᠵᠢᠨ ᠬᠡᠷᠡᠭᠵᠢᠭᠦᠯᠦᠯᠳᠡ ᠪᠤᠯᠤᠨ ᠭᠤᠤᠯᠳᠠᠯᠭ᠎ᠠ ᠲᠠᠢ ᠬᠦᠷᠢᠶᠡᠨ ᠳ᠋ᠡᠬᠢ ᠠᠮᠤᠷ ᠲᠦᠪᠰᠢᠨ ᠤ᠋ ᠴᠢᠳᠠᠪᠤᠷᠢ ᠵᠢᠨ ᠪᠠᠢᠭᠤᠯᠤᠯᠳᠠ ᠵᠢ ᠠᠬᠢᠭᠤᠯᠬᠤ》 ᠪᠦᠲᠦᠭᠡᠨ ᠪᠠᠢᠭᠤᠯᠤᠯᠲᠠ ᠪᠡᠷ ᠳᠤᠲᠠᠭᠤᠳᠠᠯ᠎ᠢ ᠨᠥᠬᠥᠪᠦᠷᠢᠯᠡᠬᠦ᠂ ᠪᠠᠭᠤᠷᠠᠢ ᠲᠠᠯ᠎ᠠ᠎ᠶᠢ ᠬᠦᠴᠦᠷᠬᠡᠭᠵᠢᠭᠦᠯᠬᠦ ᠦᠢᠯᠡᠳᠦᠯ ᠤᠯᠠᠮ ᠨᠢᠭᠡ ᠠᠯᠬᠤᠮ ᠲᠣᠪᠣᠢᠮ᠎ᠠ ᠪᠤᠯᠵᠤ ᠪᠠᠢᠨ᠎ᠠ᠃
ᠰᠤᠷᠪᠤᠯᠵᠢᠯᠠᠭ᠍ᠴᠢ᠎ᠶᠢᠨ ᠣᠢᠯᠠᠭᠠᠭᠰᠠᠨ᠎ᠢᠶᠠᠷ᠂ ᠣᠯᠠᠨ ᠭᠠᠵᠠᠷ᠎ᠤᠨ ᠬᠢᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ ᠪᠠ ᠢᠵᠢ ᠪᠦᠷᠢᠳᠦᠭᠦᠯᠦᠭᠰᠡᠨ ᠥᠭᠡᠷᠡᠴᠢᠯᠡᠯᠲᠡ᠎ᠶᠢ ᠨᠢᠭ᠍ᠲᠠ ᠤᠶᠠᠯᠳᠤᠭᠤᠯᠵᠤ᠂ 《ᠤᠯᠤᠰ ᠤ᠋ᠨ ᠴᠢᠬᠤᠯᠠ ᠶᠡᠬᠡ ᠪᠠᠢᠯᠳᠤᠬᠤ ᠪᠤᠳᠤᠯᠭ᠎ᠠ ᠵᠢᠨ ᠬᠡᠷᠡᠭᠵᠢᠭᠦᠯᠦᠯᠳᠡ ᠪᠤᠯᠤᠨ ᠭᠤᠤᠯᠳᠠᠯᠭ᠎ᠠ ᠲᠠᠢ ᠬᠦᠷᠢᠶᠡᠨ ᠳ᠋ᠡᠬᠢ ᠠᠮᠤᠷ ᠲᠦᠪᠰᠢᠨ ᠤ᠋ ᠴᠢᠳᠠᠪᠤᠷᠢ ᠵᠢᠨ ᠪᠠᠢᠭᠤᠯᠤᠯᠳᠠ ᠵᠢ ᠠᠬᠢᠭᠤᠯᠬᠤ》 ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠭᠦᠯᠵᠦ᠂ ᠪᠣᠳᠠᠲᠤ ᠦᠷ᠎ᠡ ᠪᠦᠲᠦᠮᠵᠢ ᠣᠯᠵᠤ ᠪᠠᠢᠨ᠎ᠠ᠃
ᠬᠥᠬᠡᠮᠥ᠋ᠷᠡᠨ ᠳᠠᠭᠠᠤ᠂ ᠰᠸᠴᠤᠸᠠᠨ᠎ᠤ ᠢᠪᠢᠨ᠂ ᠬᠤᠪᠧᠢ᠎ᠶᠢᠨ ᠱᠢ ᠶᠠᠨ᠂ ᠵᠢᠶᠠᠩᠰᠤ᠎ᠶᠢᠨ ᠴᠠᠩ ᠵᠧᠦ ᠵᠡᠷᠭᠡ ᠭᠠᠵᠠᠷ᠎ᠤᠨ ᠬᠢᠨ ᠪᠣᠬᠢᠷ ᠤᠰᠤᠨ᠎ᠤ ᠦᠢᠯᠡᠳᠪᠦᠷᠢ᠎ᠶᠢᠨ ᠲᠣᠣᠷ᠎ᠢ ᠨᠢᠭᠡ ᠴᠣᠭᠴᠠᠵᠢᠭᠤᠯᠤᠨ ᠪᠦᠲᠦᠭᠡᠨ ᠪᠠᠢᠭᠤᠯᠵᠤ ᠠᠵᠢᠯᠯᠠᠭᠤᠯᠬᠤ ᠲᠣᠭᠲᠡᠴᠡ᠎ᠶᠢ ᠰᠦᠪᠡᠭᠴᠢᠯᠡᠨ ᠪᠠᠢᠭᠤᠯᠵᠤ᠂ ᠪᠣᠬᠢᠷ ᠤᠰᠤᠨ᠎ᠤ ᠬᠣᠭᠣᠯᠠᠢ ᠵᠢᠨ ᠲᠣᠣᠷ᠎ᠤᠨ ᠪᠦᠲᠦᠭᠡᠨ ᠪᠠᠢᠭᠤᠯᠤᠯᠲᠠ᠎ᠶᠢᠨ ᠬᠠᠮᠢᠶ᠎ᠠ ᠪᠦᠬᠦᠢ ᠲᠥᠷᠥᠯ ᠵᠦᠢᠯ᠎ᠲᠠᠢ ᠬᠠᠮᠵᠢᠯᠴᠠᠵᠤ᠂ ᠪᠣᠬᠢᠷ ᠤᠰᠤ᠎ᠶᠢ ᠰᠢᠢᠳᠪᠦᠷᠢᠯᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠵᠦ ᠪᠠᠢᠨ᠎ᠠ᠃
ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠳᠡᠳ᠋ ᠡᠷᠬᠢᠯᠡᠭᠴᠢ ᠸᠠᠩ ᠴᠠᠩ ᠯᠢᠨ᠂ ᠬᠥᠬᠡᠮᠥ᠋ᠷᠡᠨ᠎ᠦ ᠠᠵᠤ ᠠᠬᠤᠢ᠎ᠶᠢᠨ ᠪᠦᠰᠡ᠎ᠶᠢᠨ ᠶᠡᠬᠡ ᠬᠠᠮᠠᠭᠠᠯᠠᠯᠲᠠ᠎ᠶᠢ ᠠᠬᠢᠭᠤᠯᠬᠤ᠎ᠳᠤ᠂ ᠬᠤᠳᠠ᠎ᠶᠢᠨ ᠠᠮᠢᠳᠤᠷᠠᠯ᠎ᠤᠨ ᠪᠣᠬᠢᠷ ᠤᠰᠤᠨ᠎ᠤ ᠬᠣᠭᠣᠯᠠᠢ ᠵᠢᠨ ᠲᠣᠣᠷ ᠭᠡᠬᠦ ᠡᠨᠡ ᠬᠦ᠌ ᠳᠤᠲᠠᠭᠤᠳᠠᠯ᠎ᠢ ᠴᠢᠩᠭ᠎ᠠ ᠠᠩᠬᠠᠷᠴᠤ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠎ᠶᠢ ᠢᠳᠡᠪᠬᠢᠲᠡᠢ ᠠᠬᠢᠭᠤᠯᠵᠤ᠂ 《ᠤᠯᠤᠰ ᠤ᠋ᠨ ᠴᠢᠬᠤᠯᠠ ᠶᠡᠬᠡ ᠪᠠᠢᠯᠳᠤᠬᠤ ᠪᠤᠳᠤᠯᠭ᠎ᠠ ᠵᠢᠨ ᠬᠡᠷᠡᠭᠵᠢᠭᠦᠯᠦᠯᠳᠡ ᠪᠤᠯᠤᠨ ᠭᠤᠤᠯᠳᠠᠯᠭ᠎ᠠ ᠲᠠᠢ ᠬᠦᠷᠢᠶᠡᠨ ᠳ᠋ᠡᠬᠢ ᠠᠮᠤᠷ ᠲᠦᠪᠰᠢᠨ ᠤ᠋ ᠴᠢᠳᠠᠪᠤᠷᠢ ᠵᠢᠨ ᠪᠠᠢᠭᠤᠯᠤᠯᠳᠠ ᠵᠢ ᠠᠬᠢᠭᠤᠯᠬᠤ》 ᠪᠦᠲᠦᠭᠡᠨ ᠪᠠᠢᠭᠤᠯᠤᠯᠲᠠ᠎ᠶᠢᠨ ᠲᠤᠯᠭᠠᠭᠤᠷᠢᠯᠠᠬᠤ ᠦᠢᠯᠡᠳᠦᠯ᠎ᠢ ᠪᠠᠳᠠᠷᠠᠭᠤᠯᠬᠤ ᠬᠡᠷᠡᠭᠲᠡᠢ ᠭᠡᠵᠤ ᠲᠠᠨᠢᠯᠴᠠᠭᠤᠯᠪᠠ᠃
ᠠᠷᠠᠳ᠎ᠤᠨ ᠪᠡᠯᠡ ᠣᠷᠣᠭᠤᠯᠤᠯᠲᠠ᠎ᠶᠢᠨ ᠠᠮᠢᠵᠢᠷᠠᠯ᠎ᠤᠨ ᠬᠦᠴᠦᠨ᠎ᠢ ᠪᠦᠲᠦᠮᠵᠢᠲᠡᠶ ᠬᠥᠭᠵᠢᠭᠡᠨ᠎ᠡ
ᠠᠷᠠᠳ᠎ᠤᠨ ᠪᠡᠯᠡ ᠣᠷᠣᠭᠤᠯᠤᠯᠲᠠ ᠨᠢ ᠨᠡᠮᠡᠭᠳᠡᠯ᠎ᠢ ᠲᠣᠭᠲᠠᠪᠤᠷᠢᠵᠢᠭᠤᠯᠬᠤ᠂ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ᠂ ᠵᠢᠱ᠌ᠢᠯᠲᠡ᠎ᠶᠢ ᠲᠣᠭᠲᠠᠪᠤᠷᠢᠵᠢᠭᠤᠯᠬᠤ᠎ᠳᠤ ᠴᠢᠬᠤᠯᠠ ᠦᠢᠯᠡᠳᠦᠯ᠎ᠲᠠᠢ ᠶᠤᠮ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠰᠠᠨᠠᠭᠤᠯᠭ᠎ᠠ᠎ᠳᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶᠢᠨ ᠰᠠᠭᠤᠷᠢ ᠮᠥᠩᠭᠥ᠎ᠶᠢᠨ ᠬᠥᠲᠥᠯᠥᠨ ᠵᠢᠯᠤᠭᠣᠳᠴᠤ ᠳᠠᠢᠴᠢᠯᠠᠬᠤ ᠦᠢᠯᠡᠳᠦᠯ᠎ᠢ ᠪᠠᠳᠠᠷᠠᠭᠤᠯᠵᠤ᠂ ᠠᠷᠠᠳ᠎ᠤᠨ ᠪᠡᠯᠡ ᠣᠷᠣᠭᠤᠯᠤᠯᠲᠠ᠎ᠶᠢᠨ ᠠᠮᠢᠵᠢᠷᠠᠯ ᠤ᠋ᠨ ᠬᠦᠴᠦᠨ᠎ᠢ ᠬᠥᠭᠵᠢᠭᠡᠵᠦ᠂ ᠠᠷᠠᠳ᠎ᠤᠨ ᠪᠡᠯᠡ ᠣᠷᠣᠭᠤᠯᠤᠯᠲᠠ᠎ᠶᠢᠨ ᠬᠤᠪᠢ᠎ᠶᠢᠨ ᠵᠢᠩ᠎ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ᠎ᠢᠶᠡᠷ ᠤᠳᠤᠷᠢᠳᠤᠮᠵᠢ ᠪᠣᠯᠭᠠᠭᠰᠠᠨ ᠪᠦᠲᠦᠮᠵᠢᠲᠡᠢ ᠪᠡᠯᠡ ᠣᠷᠣᠭᠤᠯᠤᠯᠲᠠ᠎ᠶᠢᠨ ᠨᠡᠮᠡᠭᠳᠡᠯ᠎ᠦᠨ ᠬᠥᠳᠡᠯᠭᠡᠬᠦ ᠬᠦᠴᠦᠨ᠎ᠢ ᠴᠢᠩᠭᠠᠷᠠᠭᠤᠯᠤᠨ᠎ᠠ ᠭᠡᠵᠦ ᠳᠤᠷᠠᠳᠴᠠᠢ᠃
ᠵᠠᠩᠬᠢᠯᠠᠭ᠎ᠠ᠎ᠶᠢ ᠠᠳᠬᠤᠪᠠᠯ ᠠᠯᠢᠪᠠ ᠪᠦᠬᠦᠨ ᠳᠠᠭᠠᠯᠳᠤᠨ ᠰᠢᠢᠳᠪᠦᠷᠢᠯᠡᠭᠳᠡᠨ᠎ᠡ᠃ ᠨᠢᠳᠤᠨᠤᠨ᠎ᠤ 12 ᠰᠠᠷ᠎ᠠ᠎ᠶᠢᠨ 26 ᠤ᠋ ᠡᠳᠦᠷ᠂ ᠤᠯᠤᠰ᠎ᠤᠨ ᠦᠢᠯᠡᠰ ᠪᠤᠰᠬᠠᠬᠤ ᠪᠡᠯᠡ ᠣᠷᠣᠭᠤᠯᠤᠯᠲᠠ᠎ᠶᠢᠨ ᠬᠥᠲᠥᠯᠥᠨ ᠵᠢᠯᠤᠭᠣᠳᠬᠤ ᠰᠠᠭᠤᠷᠢ ᠮᠥᠩᠭᠥ᠎ᠶᠢ ᠡᠬᠢᠯᠡᠭᠦᠯᠪᠡ᠃ ᠬᠥᠲᠥᠯᠥᠨ ᠵᠢᠯᠤᠭᠣᠳᠬᠤ ᠰᠠᠭᠤᠷᠢ ᠮᠥᠩᠭᠥ᠎ᠨᠢ ᠲᠥᠪ᠎ᠦᠨ ᠪᠡᠯᠡ ᠮᠥᠩᠭᠥ᠎ᠶᠢᠨ ᠬᠥᠲᠥᠯᠥᠨ ᠳᠠᠭᠠᠭᠤᠯᠵᠤ ᠳᠠᠢᠴᠢᠯᠠᠬᠤ ᠦᠢᠯᠡᠳᠦᠯ᠎ᠢ ᠪᠠᠳᠠᠷᠠᠭᠤᠯᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠂ ᠲᠥᠪ᠎ᠦᠨ ᠠᠵᠤ ᠠᠬᠤᠢᠯᠠᠯ᠂ ᠮᠥᠩᠭᠥᠨ ᠭᠦᠢᠯᠭᠡᠭᠡᠨ᠎ᠦ ᠪᠠᠢᠭᠤᠯᠤᠮᠵᠢ᠂ ᠠᠷᠠᠳ᠎ᠤᠨ ᠬᠥᠷᠥᠩᠭᠡ ᠵᠡᠷᠭᠡ ᠤᠯᠠᠨ ᠲᠠᠯ᠎ᠠ᠎ᠶᠢᠨ ᠬᠢᠨ᠎ᠦ ᠣᠷᠣᠯᠴᠠᠬᠤ᠎ᠶᠢ ᠥᠷᠭᠡᠨ᠎ᠢᠶᠡᠷ ᠲᠠᠲᠠᠪᠠ᠃
ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠲᠥᠪ᠎ᠦᠨ ᠡᠷᠬᠢᠯᠡᠭ᠌ᠴᠢ ᠾᠦᠸᠸ ᠹᠦ᠋ ᠫᠸᠩ᠂ ᠬᠦᠳᠦᠯᠦᠨ ᠵᠢᠯᠣᠭᠣᠳᠭᠤ ᠰᠠᠭᠤᠷᠢ ᠮᠥᠩᠭᠥ᠌ ᠨᠢ 600 ᠭᠠᠷᠤᠢ ᠬᠤᠪᠢᠶᠠᠷᠢ ᠰᠠᠭᠤᠷᠢ ᠮᠥᠩᠭᠥ᠌ ᠭᠠᠷᠭᠠᠬᠤ᠎ᠶ᠋ᠢ ᠠᠬᠢᠭᠤᠯᠵᠤ᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠪᠣᠯᠤᠨ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠳᠦ ᠦᠢᠯᠡᠴᠢᠯᠡᠬᠦ᠌ ᠪᠣᠯᠤᠨ᠎ᠠ ᠭᠡᠵᠦ᠍ ᠢᠯᠡᠳᠭᠡᠪᠡ᠃
ᠨᠡᠢᠭᠡᠮ᠎ᠦᠨ ᠬᠥᠷᠥᠩᠭᠡ᠎ᠶ᠋ᠢ ᠲᠠᠳᠠᠵᠤ ᠵᠣᠷᠢᠭ᠍ᠲᠠᠶ᠎ᠪᠠᠷ ᠪᠠᠯᠠ ᠣᠷᠣᠭᠤᠯᠬᠤ ᠪᠤᠯᠭᠠᠵᠤ᠂ ᠳᠤᠷᠠᠲᠠᠶ᠎ᠠ ᠪᠠᠯᠠ ᠣᠷᠣᠭᠤᠯᠬᠤ᠂ ᠰᠠᠨᠠᠭ᠎ᠠ ᠠᠮᠤᠷ ᠪᠠᠯᠠ ᠣᠷᠣᠭᠤᠯᠬᠤ ᠪᠤᠯᠭᠠᠬᠤ᠎ᠳᠤ ᠡᠷᠬᠡᠪᠰᠢ ᠪᠠᠯᠠ ᠣᠷᠣᠭᠤᠯᠬᠤ ᠰᠠᠢᠨ ᠰᠠᠢᠬᠠᠨ ᠣᠷᠴᠢᠨ ᠨᠥᠬᠥᠴᠡᠯ᠎ᠢ ᠪᠣᠶ ᠪᠣᠯᠭᠠᠬᠤ ᠬᠡᠷᠡᠭ᠌ᠲᠡᠶ᠃
ᠣᠢᠷ᠎ᠠ᠎ᠳᠤ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶᠢᠨ ᠪᠠᠢᠩᠭᠤ᠎ᠶ᠋ᠢᠨ ᠬᠤᠷᠠᠯ᠎ᠡᠴᠡ ᠠᠷᠠᠳ᠎ᠤᠨ ᠪᠠᠯᠠ ᠣᠷᠣᠭᠤᠯᠤᠯᠲᠠ᠎ᠶ᠋ᠢ ᠳᠡᠮᠵᠢᠬᠦ᠌᠎ᠲᠡᠶ ᠤᠶᠠᠯᠳᠤᠭᠤᠯᠤᠨ᠂ ᠳᠤᠮᠳᠠ ᠪᠠᠭ᠎ᠠ ᠵᠢᠵᠢᠭ ᠠᠵᠤ ᠠᠬᠤᠢᠯᠠᠯ ᠳ᠋ᠤ ᠬᠦᠦ ᠮᠦᠩᠬᠦ ᠵᠢᠨ ᠨᠦᠬᠦᠪᠦᠷᠢ ᠦᠭᠬᠦ ᠵᠢᠭᠡᠯᠡᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌᠂ ᠠᠷᠠᠳ᠎ᠤᠨ ᠪᠠᠯᠠ ᠣᠷᠣᠭᠤᠯᠤᠯᠲᠠ᠎ᠶ᠋ᠢᠨ ᠲᠤᠰᠭᠠᠶ ᠪᠠᠲᠤᠯᠠᠨ ᠳᠠᠭᠠᠭᠠᠬᠤ ᠲᠥᠯᠥᠪᠯᠡᠭᠡ ᠵᠢ ᠪᠠᠢᠭᠤᠯᠬᠤ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠵᠢᠭᠡᠯᠡᠯᠭᠡ᠎ᠶ᠋ᠢᠨ ᠲᠡᠮᠳᠡᠭ᠌ᠲᠦ᠍᠎ᠶ᠋ᠢᠨ ᠲᠦᠭ᠌ᠰᠢᠭᠦᠷᠢ᠎ᠶ᠋ᠢ ᠬᠤᠪᠢᠶᠠᠨ ᠡᠭᠦᠷᠭᠡᠯᠡᠬᠦ᠌᠎ᠶ᠋ᠢ ᠳᠡᠮᠵᠢᠬᠦ᠌ ᠲᠣᠭ᠍ᠲᠠᠴᠠ᠎ᠶ᠋ᠢ ᠪᠠᠢᠭᠤᠯᠬᠤ ᠵᠡᠷᠭᠡ᠎ᠵᠢ ᠳᠤᠷᠠᠳᠤᠨ ᠭᠠᠷᠭᠠᠵᠤ᠂ ᠠᠵᠤ ᠠᠬᠤᠢᠯᠠᠯ᠎ᠤᠨ ᠪᠠᠯᠠ ᠬᠤᠷᠠᠮᠳᠤᠭᠤᠯᠬᠤ ᠨᠥᠬᠥᠴᠡᠯ ᠪᠠ ᠥᠪᠡᠷ᠎ᠦᠨ ᠥᠷᠲᠡᠭ᠎ᠢ ᠤᠯᠠᠮ ᠨᠢᠭᠡ ᠠᠯᠬᠤᠮ ᠪᠠᠭᠤᠷᠠᠭᠤᠯᠪᠠ᠃
ᠠᠷᠠᠳ᠎ᠤᠨ ᠪᠡᠯᠡ ᠣᠷᠣᠭᠤᠯᠤᠯᠲᠠ᠎ᠶ᠋ᠢ ᠲᠠᠲᠠᠬᠤ ᠲᠠᠯ᠎ᠠ ᠪᠡᠷ ᠡᠯ᠎ᠡ ᠭᠠᠵᠠᠷ᠎ᠤᠨ ᠬᠢᠨ ᠢᠳᠡᠪᠬᠢᠳᠡᠢ ᠬᠦᠳᠡᠯᠦᠯᠴᠡᠵᠤ ᠪᠠᠢᠨ᠎ᠠ᠄ ᠵᠧᠵᠢᠶᠠᠩ᠂ ᠰᠸᠴᠤᠸᠠᠨ᠂ ᠠᠨᠾᠦ᠋ᠢ ᠵᠡᠷᠭᠡ ᠭᠠᠵᠠᠷ᠎ᠤᠨ ᠬᠢᠨ ᠠᠷᠠᠳ᠎ᠤᠨ ᠪᠡᠯᠡ ᠮᠥᠩᠭᠥ᠎ᠶ᠋ᠢ ᠲᠠᠲᠠᠵᠤ ᠲᠡᠮᠦᠷ ᠵᠠᠮ᠂ ᠤᠰᠤᠨ ᠠᠱᠢᠭ᠍ᠯᠠᠯᠲᠠ ᠵᠡᠷᠭᠡ ᠬᠦᠷᠢᠶᠡᠨ᠎ᠦ ᠴᠢᠬᠤᠯᠠ ᠶᠡᠬᠡ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠳᠤ ᠣᠷᠣᠯᠴᠠᠭᠤᠯᠬᠤ᠎ᠶ᠋ᠢ ᠵᠣᠷᠢᠭ᠍ᠵᠢᠭᠤᠯᠵᠤ ᠪᠠᠢᠨ᠎ᠠ; ᠭᠦᠶ᠋ᠵᠧᠸ᠋᠂ ᠠᠮᠢ ᠠᠬᠤᠶ᠎ᠶ᠋ᠢᠨ ᠢᠳᠡᠭᠡᠨ᠂ ᠡᠷᠡᠭᠦᠯ ᠮᠡᠨᠳᠦ ᠡᠮ ᠡᠮᠨᠡᠯᠭᠡ ᠵᠡᠷᠭᠡ ᠠᠵᠤ ᠦᠶ᠋ᠯᠡᠰ᠎ᠦᠨ ᠳᠤᠮᠳᠠᠬᠢ ᠠᠷᠠᠳ᠎ᠤᠨ ᠪᠡᠯᠡ ᠣᠷᠣᠭᠤᠯᠤᠯᠲᠠ᠎ᠶ᠋ᠢᠨ ᠬᠠᠷᠢᠴᠠᠯ᠎ᠢ ᠳᠡᠭᠡᠭ᠌ᠰᠢᠯᠡᠭᠦᠯᠵᠡᠶ; ᠨᠥᠬᠥᠴᠡᠯ᠎ᠳᠤ ᠨᠡᠢᠴᠡᠬᠦ᠌ ᠠᠷᠠᠳ᠎ᠤᠨ ᠪᠡᠯᠡ ᠣᠷᠣᠭᠤᠯᠤᠯᠲᠠ᠎ᠶ᠋ᠢᠨ ᠲᠥᠷᠥᠯ ᠵᠦᠢᠯ᠎ᠳᠤ᠂ ᠾᠧᠨᠠᠨ ᠲᠥᠷᠥ᠎ᠶ᠋ᠢᠨ ᠪᠤᠳᠤᠯᠭ᠎ᠠ᠎ᠶ᠋ᠢᠨ ᠴᠢᠨᠠᠷᠲᠠᠢ ᠪᠡᠯᠡ ᠮᠥᠩᠭᠥ᠎ᠶ᠋ᠢ ᠢᠳᠡᠪᠬᠢᠳᠠᠢ ᠲᠡᠮᠡᠴᠡᠨ ᠣᠯᠵᠤ᠂ ᠢᠵᠢ ᠪᠥᠷᠢᠳᠥᠬᠥᠯᠦᠨ ᠪᠡᠯᠡ ᠬᠤᠷᠠᠮᠳᠤᠭᠤᠯᠬᠤ᠎ᠶ᠋ᠢ ᠬᠥᠳᠥᠯᠥᠨ ᠵᠢᠯᠣᠭᠣᠳᠴᠤ᠌ ᠲᠥᠷᠥᠯ ᠵᠦᠢᠯ᠎ᠤᠨ ᠪᠥᠳᠥᠭᠡᠨ ᠪᠠᠢᠭᠤᠯᠤᠯᠲᠠ᠎ᠶ᠋ᠢ ᠲᠡᠮᠵᠢᠵᠦ ᠪᠤᠢ ᠁
ᠬᠥᠮᠦᠨ᠎ᠳᠤ ᠪᠡᠯᠡ ᠤᠷᠤᠭᠤᠯᠬᠤ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠎ᠵᠢ ᠠᠬᠢᠭᠤᠯᠤᠨ᠎ᠠ
ᠱᠢᠨ᠎ᠡ ᠤᠨ ᠡᠬᠢᠯᠡᠮᠡᠭ᠌ᠴᠡ᠂ ᠭᠤᠸᠠᠩᠵᠧᠦ᠍᠎ᠶ᠋ᠢᠨ ᠰᠠᠨ ᠶᠤᠸᠠᠨ ᠯᠢ ᠲᠣᠰᠭᠣᠨ᠎ᠤ ᠬᠤᠳᠠ᠎ᠶ᠋ᠢᠨ ᠳᠤᠮᠳᠠᠬᠢ ᠲᠣᠰᠭᠣᠨ᠎ᠢ ᠥᠭᠡᠷᠡᠴᠢᠯᠡᠨ ᠪᠠᠢᠭᠤᠯᠬᠤ ᠲᠦᠷᠦᠯ ᠵᠦᠢᠯ᠎ᠢ ᠱᠠᠯᠠᠪᠳᠠᠨ ᠪᠠᠢᠭᠤᠯᠵᠤ ᠡᠬᠢᠯᠡᠪᠡ᠃ ᠲᠥᠷᠥᠯ ᠵᠦᠶ᠋ᠯ᠎ᠦᠨ ᠡᠬᠢᠯᠡᠯᠲᠡ᠎ᠶ᠋ᠢᠨ ᠲᠣᠭᠣᠷᠢᠭ᠎ᠤᠨ ᠤᠨᠴᠠᠭᠠᠢ ᠬᠦᠮᠦᠰ᠎ᠢ ᠲᠥᠪᠬᠢᠨᠡᠭᠦᠯᠬᠦ᠌ ᠣᠷᠣᠨ ᠰᠠᠭᠤᠴᠠ ᠨᠢ ᠵᠢᠱ᠌ᠢᠯᠲᠡ᠎ᠪᠡᠷ 10 ᠰᠠᠷ᠎ᠠ᠎ᠳᠤ ᠭᠤᠤᠯ ᠴᠣᠭ᠍ᠴᠠ᠎ᠶ᠋ᠢᠨ ᠪᠦᠲᠦᠴᠡ ᠵᠢ ᠪᠥᠬᠥ᠌ ᠲᠠᠯ᠎ᠠ᠎ᠪᠠᠷ ᠳᠠᠭᠤᠰᠬᠠᠵᠤ᠌᠂ ᠠᠷᠠᠳ ᠣᠯᠠᠨ᠎ᠳᠤ ᠨᠠᠩ ᠲᠠᠭᠠᠯᠠᠮᠵᠢᠲᠠᠶ ᠠᠮᠢᠳᠤᠷᠠᠯ᠎ᠤᠨ ᠪᠡᠶᠡᠴᠢ ᠣᠢᠯᠠᠭᠠᠯᠲᠠ ᠪᠠ ᠨᠠᠩ ᠲᠥᠬᠥᠮ ᠬᠡᠷᠡᠭ᠌ᠯᠡᠭᠡᠨ᠎ᠦ ᠣᠷᠴᠢᠨ ᠨᠥᠬᠥᠴᠡᠯ᠎ᠢ ᠡᠭᠦᠳᠴᠤ ᠦᠬᠬᠦ ᠪᠣᠯᠤᠨ᠎ᠠ᠃
ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠡᠴᠡ᠂ ᠡᠷᠬᠡᠪᠰᠢ ᠪᠣᠳᠠᠰ᠎ᠲᠤ ᠪᠡᠯᠡ ᠣᠷᠣᠭᠤᠯᠬᠤ ᠪᠠ ᠬᠥᠮᠦᠨ᠎ᠳᠦ ᠪᠡᠯᠡ ᠣᠷᠣᠭᠤᠯᠬᠤ᠎ᠶ᠋ᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃ ᠣᠯᠠᠨ ᠭᠠᠵᠠᠷ᠎ᠤᠨ ᠬᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠬᠣᠲᠠ᠎ᠶ᠋ᠢ ᠱᠢᠨᠡᠳᠬᠡᠵᠦ᠍᠂ ᠬᠥᠮᠦᠨ᠎ᠳᠤ ᠪᠡᠯᠡ ᠤᠷᠤᠭᠤᠯᠬᠤᠪᠠᠭ᠍ᠲᠠᠭᠠᠮᠵᠢᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠮᠢᠳᠤᠯᠢᠭ ᠲᠠᠢᠯᠪᠤᠷᠢ ᠪᠣᠯᠵᠠᠶ᠃
《ᠬᠥᠮᠦᠨ᠎ᠳᠦ ᠪᠠᠯᠠ ᠣᠷᠣᠭᠤᠯᠬᠤ᠎ᠶ᠋ᠢᠨ ᠵᠣᠷᠢᠯᠭ᠎ᠠ ᠨᠢ ᠨᠠᠩ ᠣᠯᠠᠨ ᠡᠳ᠋᠎ᠦᠨ ᠵᠠᠰᠠᠭ᠎ᠤᠨ ᠪᠠᠯᠠ ᠮᠥᠩᠭᠥ᠌ ᠪᠠ ᠣᠯᠠᠨ ᠨᠡᠢᠲᠡ᠎ᠶ᠋ᠢᠨ ᠡᠬᠢ ᠪᠠᠶᠠᠯᠢᠭ᠎ᠢ ᠠᠷᠠᠳ᠎ᠤᠨ ᠠᠮᠢᠳᠤᠷᠠᠯ᠎ᠤᠨ ᠬᠦᠷᠢᠶᠡᠨ᠎ᠳᠦ ᠣᠷᠣᠭᠤᠯᠵᠤ᠂ ᠬᠥᠮᠦᠨ᠎ᠦ ᠬᠦᠴᠦᠨ᠎ᠦ ᠬᠥᠷᠥᠩᠭᠡ᠎ᠶ᠋ᠢᠨ ᠳᠡᠭᠡᠭ᠌ᠰᠢᠯᠡᠯᠲᠡ ᠪᠠ ᠬᠡᠷᠡᠭ᠌ᠯᠡᠭᠡᠨ᠎ᠦ ᠳᠠᠯᠳᠠ ᠬᠦᠴᠦᠨ᠎ᠢᠶᠡᠷ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠳᠠᠢᠴᠢᠯᠠᠬᠤ᠎ᠶ᠋ᠢᠨ ᠲᠥᠯᠥᠭᠡ ᠶᠤᠮ》 ᠭᠡᠵᠦ᠍ ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭᠠᠭᠤᠯᠢ᠎ᠶ᠋ᠢᠨ ᠠᠵᠤ ᠠᠬᠤᠶ᠎ᠶ᠋ᠢᠨ ᠳᠡᠭᠡᠳᠦ ᠰᠤᠷᠭᠠᠭᠤᠯᠢ᠎ᠶ᠋ᠢᠨ ᠭᠦᠶ᠋ᠴᠡᠳᠭᠡᠬᠦ᠌ ᠵᠠᠬᠢᠷᠤᠯ ᠢᠦᠶ ᠴᠦᠨ ᠬᠠᠶ ᠬᠡᠯᠡᠪᠡ᠃
ᠠᠵᠤ ᠦᠶ᠋ᠯᠡᠰ᠎ᠦᠨ ᠢᠵᠢ ᠪᠥᠷᠢᠳᠦᠬᠦᠯᠦᠭ᠌ᠰᠡᠨ ᠲᠥᠬᠥᠮ ᠦᠵᠡᠭᠦᠯᠬᠦ᠌ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠦᠶ᠋ᠯᠡᠰ ᠪᠤᠰᠬᠠᠬᠤ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ ᠴᠢᠨᠠᠷ ᠰᠠᠢᠲᠠᠶ ᠡᠮᠴᠢᠯᠡᠭᠡᠨ᠎ᠦ ᠡᠬᠢ ᠪᠠᠶᠠᠯᠢᠭ᠎ᠢ ᠬᠡᠷ᠎ᠦᠨ ᠡᠭᠦᠳᠡ ᠳᠡᠢᠰᠢ ᠲᠠᠰᠤᠷᠠᠯᠲᠠ ᠥᠬᠡᠶ ᠤᠷᠲᠤᠳᠭᠠᠬᠤ᠎ᠶ᠋ᠢ ᠠᠬᠢᠭᠤᠯᠪᠠ᠋ ᠁ ᠤᠳᠤᠬᠠᠨ᠎ᠳᠤ᠂ ᠣᠯᠠᠨ ᠭᠠᠵᠠᠷ᠎ᠤᠨ᠎ᠬᠢᠨ ᠪᠠᠯᠠ ᠣᠷᠣᠭᠤᠯᠤᠯᠲᠠ᠎ᠶ᠋ᠢ ᠬᠥᠮᠦᠨ᠎ᠳᠦ ᠨᠠᠩ ᠰᠠᠢᠨ ᠦᠶ᠋ᠯᠡᠴᠢᠯᠡᠭᠦᠯᠵᠦ᠍᠂ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠳᠠᠪᠠᠭᠤᠯᠢᠭ᠎ᠢ ᠳᠡᠭᠡᠭ᠌ᠰᠢᠯᠡᠭᠦᠯᠦᠨ᠂ ᠴᠢᠨᠠᠷ ᠰᠠᠢᠲᠠᠶ ᠬᠥᠭ᠌ᠵᠢᠯᠲᠡ᠎ᠶ᠋ᠢᠨ ᠰᠠᠭᠤᠷᠢ᠎ᠶ᠋ᠢ ᠪᠡᠬᠢᠵᠢᠭᠦᠯᠬᠦ᠎ᠪᠡᠷ ᠬᠦᠴᠦᠯᠡᠵᠦ ᠪᠤᠢ᠃
ᠬᠥᠮᠦᠨ᠎ᠳᠦ ᠪᠡᠯᠡ ᠣᠷᠣᠭᠤᠯᠬᠤ ᠪᠣᠯ ᠮᠠᠨ᠎ᠤ ᠤᠯᠤᠰ᠎ᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠠᠷᠭ᠎ᠠ ᠮᠠᠶᠢᠭ᠎ᠢ ᠬᠤᠪᠢᠷᠠᠭᠤᠯᠬᠤ᠎ᠶ᠋ᠢᠨ ᠪᠤᠰᠤᠳᠴᠢ ᠱᠠᠭᠠᠷᠳᠠᠯᠭ᠎ᠠ ᠮᠥᠨ᠂ ᠨᠡᠩ ᠴᠤ᠌ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠤ ᠢᠯᠡᠷᠡᠯ ᠮᠥᠨ᠃
《ᠦᠳᠡᠭᠦᠰ ᠪᠠ ᠨᠢᠯᠬᠠᠰ》 ᠤ᠋ᠨ ᠠᠵᠢᠯᠢ᠋ᠢᠡᠷ ᠭᠤᠤᠯ ᠪᠤᠯᠭᠠᠵᠤ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ᠎ᠤᠨ ᠬᠢᠨ ᠤᠯᠠᠨ ᠵᠦᠢᠯ᠎ᠤᠨ ᠪᠤᠳᠠᠳᠠᠢ ᠠᠷᠭ᠎ᠠ ᠵᠢ ᠠᠪᠴᠠᠢ᠄ ᠠᠷᠠᠳ᠎ᠤᠨ ᠶᠠᠪᠤᠳᠠᠯ᠎ᠤᠨ ᠶᠠᠮᠤᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠵᠠᠬ᠎ᠠ ᠳᠡᠯᠭᠡᠭᠦᠷ᠎ᠦᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ ᠶᠡᠬᠡᠪᠡᠷ ᠪᠣᠢᠵᠢᠭᠤᠯᠵᠤ᠂ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠬᠡᠷᠡᠭ᠌ᠯᠡᠭᠡᠨ᠎ᠦ ᠨᠥᠬᠥᠪᠥᠷᠢ᠎ᠶ᠋ᠢᠨ ᠲᠦᠷᠦᠯ ᠵᠦᠶ᠋ᠯ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠪᠡ; ᠵᠧᠵᠢᠶᠠᠩ ᠮᠤᠵᠢ ᠵᠢᠨ ᠬᠢᠨ ᠮᠤᠵᠢ᠎ᠶ᠋ᠢᠨ ᠱᠠᠲᠤᠨᠤᠪᠤᠭᠤᠷᠤᠯᠴᠤᠳᠤᠨ ᠠᠵᠤ ᠠᠬᠤᠶ᠎ᠶ᠋ᠢᠨ ᠠᠵᠤ ᠦᠢᠯᠡᠰ᠎ᠦᠨ ᠬᠦᠷᠢᠶᠡᠯᠡᠩ᠎ᠢ ᠪᠠᠢᠭᠤᠯᠵᠤ᠂ ᠪᠤᠭᠤᠷᠤᠯᠴᠤᠳ᠎ᠤᠨ ᠠᠵᠤ ᠠᠬᠤᠶ᠎ᠶ᠋ᠢᠨ ᠦᠢᠯᠡᠳᠬᠦᠨ᠎ᠦ ᠥᠷᠲᠡᠭ ᠨᠢ 28 ᠳ᠋ᠦᠩᠱᠢᠭᠤᠷ ᠱᠢᠬᠠᠮ ᠲᠥᠭᠥᠷᠢᠭ᠎ᠲᠦ ᠬᠦᠷᠴᠡᠶ; ᠱᠠᠨ ᠰᠢ ᠮᠤᠵᠢ ᠬᠡᠦᠬᠡᠳ ᠰᠠᠭᠠᠲᠠᠭᠤᠯᠵᠤ ᠬᠦᠮᠦᠵᠢᠭᠦᠯᠬᠦ ᠦᠶ᠋ᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠲᠤᠰᠭᠠᠶ ᠠᠵᠢᠯᠯᠠᠭ᠎ᠠ ᠥᠷᠨᠢᠭᠦᠯᠵᠦ᠍᠂ ᠡᠮᠴᠢᠯᠡᠬᠦ᠌ ᠬᠥᠮᠦᠵᠢᠭᠦᠯᠬᠦ᠌᠎ᠶ᠋ᠢ ᠤᠶᠠᠯᠳᠤᠭᠤᠯᠬᠤ᠎ᠶ᠋ᠢ ᠭᠦᠨᠵᠡᠭᠡᠢᠷᠡᠭᠦᠯᠪᠡ ᠁
ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠨᠡᠩ ᠰᠠᠢ᠌ᠳᠤᠷ ᠬᠠᠩᠭᠠᠬᠤ᠎ᠪᠠᠷ ᠬᠠᠷᠠᠯᠲᠠ ᠪᠣᠯᠭᠠᠵᠤ᠂ ᠨᠡᠩ ᠤᠯᠠᠨ ᠪᠡᠯᠡ ᠮᠥᠩᠭᠥ᠎ᠶ᠋ᠢ ᠡᠷᠡᠭᠦᠯ ᠮᠡᠨᠳᠦ᠂ ᠨᠠᠰᠤᠵᠢᠯ᠎ᠤᠨ ᠠᠰᠠᠷᠠᠮᠵᠢ᠂ ᠰᠠᠭᠠᠳᠠᠭᠤᠯᠵᠤ ᠬᠥᠮᠦᠵᠢᠭᠦᠯᠬᠦ᠌᠂ ᠰᠣᠶᠣᠯ ᠵᠢᠭᠤᠯᠴᠢᠯᠠᠯ ᠵᠡᠷᠭᠡ ᠠᠷᠠᠳ᠎ᠤᠨ ᠠᠮᠢᠳᠤᠷᠠᠯ᠎ᠤᠨ ᠬᠦᠷᠢᠶᠡᠨ᠎ᠳᠦ ᠣᠷᠣᠭᠤᠯᠵᠤ᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌᠎ᠳᠦ ᠬᠦᠴᠦ᠍ᠨ ᠨᠡᠮᠡᠷᠢᠯᠡᠪᠡ᠃
ᠱᠢᠨ᠎ᠡ ᠨᠢᠭᠡ ᠵᠢᠯ᠎ᠳᠦ᠂ ᠪᠤᠳᠠᠰ᠎ᠲᠦ ᠪᠡᠯᠡ ᠣᠷᠣᠭᠤᠯᠬᠤ ᠪᠣᠯᠤᠨ ᠬᠦᠮᠦᠨ᠎ᠳᠤ ᠪᠡᠯᠡ ᠣᠷᠣᠭᠤᠯᠬᠤ᠎ᠶᠢᠨ ᠬᠠᠷᠢᠯᠴᠠᠨ ᠠᠬᠢᠭᠤᠯᠵᠤ ᠬᠠᠮᠲᠤ᠎ᠪᠠᠷ ᠤᠷᠤᠭ᠍ᠰᠢᠯᠠᠬᠤ᠎ᠶ᠋ᠢ ᠠᠬᠢᠭᠤᠯᠵᠤ᠂ ᠲᠠᠰᠤᠷᠠᠯᠲᠠ ᠦᠭᠡᠢ ᠱᠢᠨ᠎ᠡ ᠬᠠᠩᠭᠠᠯᠭ᠎ᠠ᠎ᠶ᠋ᠢ ᠡᠭᠦᠳᠴᠦ᠍᠂ ᠱᠢᠨ᠎ᠡ ᠬᠡᠷᠡᠭ᠌ᠴᠡᠭᠡ᠎ᠶ᠋ᠢ ᠬᠥᠭ᠌ᠵᠢᠭᠡᠬᠦ ᠪᠤᠯᠤᠨ᠎ᠠ᠂ ᠡᠨᠡ ᠪᠣᠯ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠤᠨ ᠳᠣᠲᠣᠭᠠᠳᠤ ᠬᠥᠳᠡᠯᠭᠡᠬᠦ᠌ ᠬᠦᠴᠦᠨ ᠪᠣᠯᠤᠨ ᠨᠠᠢᠳᠠᠪᠤᠷᠢᠲᠤ ᠴᠢᠨᠠᠷ᠎ᠢ ᠴᠢᠩᠭᠠᠳᠭᠠᠬᠤ᠎ᠶ᠋ᠢᠨ ᠵᠠᠩᠭᠢᠯᠠᠭ᠎ᠠ ᠪᠣᠯᠤᠨ᠎ᠠ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ ᠡᠴᠡ)