《ᠠᠷᠪᠠᠨ ᠲᠠᠪᠤᠳᠤᠭᠠᠷ ᠲᠠᠪᠤᠨ ᠵᠢᠯ》 ᠤ᠋ᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠭᠦᠨᠵᠡᠭᠡᠶ ᠤᠨᠤᠪᠴᠢᠳᠠᠢ ᠣᠢᠯᠠᠭᠠᠵᠤ ᠡᠵᠡᠮᠰᠢᠬᠦ ᠬᠡᠷᠡᠭ᠌ᠲᠡᠶ
2026-01-24 12:59:00
ᠵᠣᠬᠢᠶᠠᠭ᠍ᠴᠢ᠄
ᠠᠷᠠᠳ᠎ᠤᠨ ᠡᠳᠦᠷ᠎ᠦᠨ ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

— ᠶᠡᠷᠦᠩᠬᠡᠢ ᠱᠦᠵᠢ ᠰᠢ ᠵᠢᠨ ᠫᠢᠩ ᠎ᠦᠨ ᠮᠤᠵᠢ ᠶᠠᠮᠤᠨ᠎ᠤ ᠲᠡᠰ᠎ᠤᠨ ᠭᠤᠤᠯ ᠤᠳᠤᠷᠢᠳᠬᠤ ᠺᠠᠳ᠋ᠷ᠎ᠤᠨ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ᠎ᠶ᠋ᠢᠨ ᠰᠤᠷᠤᠯᠭ᠎ᠠ ᠡᠬᠢᠯᠡᠬᠦ᠌ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠵᠢ ᠰᠤᠷᠤᠯᠴᠠᠨ ᠲᠤᠭᠤᠱᠢᠯᠠᠭᠤᠯᠬᠤ ᠲᠤᠬᠠᠢ ᠥᠭᠦᠯᠡᠬᠦ᠌ ᠨᠢ


《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ᠎ᠡᠴᠡ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠬᠤᠭᠤᠴᠠᠭᠠᠨ ᠤ᠋ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠲᠤᠬᠠᠢ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠬᠢᠪᠠ᠂ ᠪᠦᠬᠦ᠌ ᠲᠠᠯ᠎ᠠ᠎ᠪᠠᠷ ᠭᠦᠨᠵᠡᠭᠡᠢ ᠣᠨᠣᠪᠴᠢᠲᠠᠢ ᠤᠢ᠍ᠢᠯᠠᠭᠠᠨ ᠡᠵᠡᠮᠱᠢᠬᠦ᠌ ᠬᠡᠷᠡᠭ᠌ᠲᠡᠢ》᠂ ᠮᠤᠵᠢ ᠶᠠᠮᠤᠨ᠎ᠤ ᠲᠡᠰ᠎ᠤᠨ ᠭᠣᠣᠯ ᠤᠳᠤᠷᠢᠳᠭᠤ ᠺᠠᠳ᠋ᠷ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ᠎ᠶ᠋ᠢᠨ ᠰᠤᠷᠤᠯᠭ᠎ᠠ ᠡᠬᠢᠯᠡᠬᠦ᠌ ᠶᠣᠰᠣᠯᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠰᠤᠷᠤᠯᠴᠠᠨ ᠲᠤᠭᠤᠱᠢᠯᠠᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠌᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠤᠨ ᠬᠤᠪᠢᠷᠠᠯᠲᠠ᠎ᠶ᠋ᠢ ᠡᠵᠡᠮᠳᠡᠬᠦ᠌᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠂ ᠠᠵᠤ ᠠᠬᠤᠢ ᠪᠠ ᠨᠡᠢᠭᠡᠮ᠎ᠦᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠬᠤ ᠵᠡᠷᠭᠡ ᠴᠢᠬᠤᠯᠠ ᠶᠡᠬᠡ ᠤᠨᠤᠯ  ᠪᠠ ᠦᠢᠯᠡᠳᠦᠯᠭᠡ᠎ᠶ᠋ᠢᠨ ᠠᠰᠠᠭᠤᠳᠠᠯ᠎ᠢ ᠭᠦᠨᠵᠡᠭᠡᠢ ᠲᠣᠳᠣᠷᠬᠠᠢᠯᠠᠨ ᠥᠭᠦᠯᠡᠪᠡ᠃

ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠣᠳᠠᠰ ᠤ᠋ᠨ ᠮᠡᠷᠭᠡᠵᠢᠯ᠎ᠦᠨ ᠰᠠᠭᠤᠷᠢ ᠮᠥᠨ᠂ ᠲᠡᠭᠦᠨ᠎ᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ ᠤ᠋ ᠡᠯ᠎ᠡ ᠵᠦᠢᠯ᠎ᠦᠨ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠎ᠶ᠋ᠢᠨ ᠲᠡᠷᠢᠬᠦᠨ ᠵᠤᠷᠪᠤᠰ ᠪᠤᠯᠭᠠᠨ ᠴᠢᠬᠤᠯᠠᠴᠢᠯᠠᠬᠰᠠᠨ ᠨᠢ ᠨᠠᠮ᠎ᠤᠨ ᠲᠥᠪ ᠬᠣᠷᠢᠶ᠎ᠠ ᠵᠢᠨ ᠨᠠᠷᠢᠨ ᠲᠤᠩᠭᠠᠵᠤ ᠭᠦᠨᠵᠡᠭᠡᠢ ᠰᠡᠳᠬᠢᠵᠤ ᠲᠤᠬᠳᠠᠭᠠᠬᠰᠠᠨ ᠪᠠᠢᠯᠳᠤᠬᠤ ᠪᠤᠳᠤᠯᠭ᠎ᠠ᠎ᠶ᠋ᠢᠨ ᠪᠣᠳᠣᠯᠬᠢᠯᠠᠯ ᠮᠥᠨ᠃ ᠪᠦᠬᠦᠳᠠ ᠬᠤᠷᠠᠯ᠎ᠤᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠬᠡᠷᠬᠢᠨ ᠪᠦᠬᠦ᠌ ᠲᠠᠯ᠎ᠠ᠎ᠪᠠᠷ ᠭᠦᠨᠵᠡᠭᠡᠢ ᠣᠨᠣᠪᠴᠢᠲᠠᠢ ᠤᠢ᠍ᠢᠯᠠᠭᠠᠨ ᠡᠵᠡᠮᠱᠢᠬᠦ᠌ ᠲᠤᠬᠠᠢ ᠡᠭᠦᠨ᠎ᠢᠶᠡᠷ ᠵᠢᠱ᠌ᠢᠢ᠎ᠡ ᠪᠣᠯᠭᠠᠨ ᠲᠣᠳᠣᠷᠬᠠᠢᠯᠠᠨ ᠲᠠᠢᠯᠪᠤᠷᠢᠯᠠᠪᠠᠯ ᠵᠣᠬᠢᠨ᠎ᠠ᠃

ᠬᠥᠭ᠌ᠵᠢᠯᠲᠡ᠎ᠶ᠋ᠢᠨ ᠶᠡᠬᠡ ᠬᠠᠨᠳᠤᠰᠢ᠎ᠶ᠋ᠢ ᠦᠵᠡᠪᠡᠯ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠮᠠᠨ᠎ᠤ ᠤᠯᠤᠰ᠎ᠤᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠦᠨ ᠪᠠᠢᠭᠤᠯᠤᠯᠲᠠ ᠯᠠᠪᠳᠠᠭᠤᠨ ᠪᠠᠲᠤᠲᠠᠶ ᠠᠯᠬᠤᠮ᠎ᠢ ᠠᠯᠬᠤᠪᠠ᠃ 2025 ᠣᠨ᠎ᠳᠤ᠂ ᠮᠠᠨ᠎ᠤ ᠤᠯᠤᠰ᠎ᠤᠨ ᠦᠶ᠋ᠯᠡᠳᠬᠦ᠌ ᠦᠶ᠋ᠯᠡᠰ᠎ᠦᠨ ᠬᠡᠪᠴᠢᠶ᠎ᠡ 16 ᠵᠢᠯ ᠳᠠᠷᠠᠭᠠᠯᠠᠨ ᠪᠥᠬᠥ᠌ ᠳᠡᠯᠡᠬᠡᠶ᠎ᠳᠦ ᠲᠦᠷᠦᠭᠦᠯᠡᠬᠦ ᠵᠢ ᠪᠡᠶᠡᠯᠡᠬᠦᠯᠬᠦ ᠪᠤᠯᠤᠮᠵᠢ ᠲᠠᠢ᠂ ᠬᠡᠪᠴᠢᠶᠡᠵᠢᠯ᠎ᠡᠴᠡ ᠳᠡᠭᠡᠭ᠌ᠰᠢᠬᠢ ᠲᠣᠨᠣᠭ᠍ᠯᠠᠯ ᠦᠶ᠋ᠯᠡᠳᠬᠦ᠌ ᠦᠶ᠋ᠯᠡᠰ᠂ ᠳᠡᠭᠡᠳᠦ ᠮᠡᠷᠭᠡᠵᠢᠯ᠎ᠦᠨ ᠦᠶ᠋ᠯᠡᠳᠬᠦ᠌ ᠦᠶ᠋ᠯᠡᠰ᠎ᠦᠨ ᠨᠡᠮᠡᠭᠳᠡᠯ ᠥᠷᠲᠡᠭ  ᠠᠳᠠᠯᠢ ᠬᠤᠭᠤᠴᠠᠭᠠᠨ᠎ᠤ᠎ᠬᠢ᠎ᠡᠴᠡ ᠲᠣᠰ ᠲᠣᠰ 9.2%᠂ 9.4% ᠪᠠᠷ ᠨᠡᠮᠡᠭ᠌ᠳᠡᠵᠦ᠍᠂ ᠵᠣᠬᠢᠶᠠᠮᠠᠯ ᠣᠶᠤᠨ ᠴᠢᠳᠠᠪᠤᠷᠢ᠂ ᠠᠮᠢᠳᠤ ᠪᠣᠳᠠᠰ᠎ᠤᠨ ᠡᠮ ᠡᠮᠨᠡᠯᠭᠡ᠂ ᠮᠠᠱᠢᠨ ᠬᠥᠮᠦᠨ ᠵᠡᠷᠭᠡ᠎ᠶ᠋ᠢ ᠰᠤᠳᠤᠯᠤᠨ ᠨᠡᠭᠡᠭᠡᠵᠦ᠍ ᠬᠡᠷᠡᠭ᠌ᠯᠡᠬᠦ᠌ ᠲᠠᠯ᠎ᠠ᠎ᠪᠠᠷ ᠳᠡᠯᠡᠬᠡᠶ᠎ᠶ᠋ᠢᠨ ᠡᠮᠦᠨ᠎ᠡ ᠡᠩᠨᠡᠭᠡᠨ᠎ᠳᠦ ᠶᠠᠪᠤᠵᠤ ᠪᠤᠢ᠃ ᠪᠣᠳᠠᠲᠤ ᠴᠣᠭ᠍ᠴᠠ᠎ᠶ᠋ᠢᠨ ᠠᠵᠤ ᠠᠬᠤᠢ ᠬᠦᠴᠦᠷᠬᠡᠭ ᠪᠠᠢᠬᠤ ᠪᠣᠯ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠳᠠᠪᠠᠭᠤᠯᠢᠭ᠂ ᠦᠨᠳᠦᠰᠦ ᠰᠠᠭᠤᠷᠢ ᠮᠥᠨ ᠭᠡᠳᠡᠭ᠎ᠢ ᠦᠢᠯᠡᠳᠦᠯᠭᠡ ᠭᠡᠷᠡᠴᠢᠯᠡᠪᠡ᠃ ᠡᠳᠡᠭᠡᠷ ᠵᠢᠯ᠎ᠦᠳ᠎ᠲᠦ ᠮᠠᠨ᠎ᠤ ᠤᠯᠤᠰ᠎ᠤᠨ ᠠᠵᠤ ᠠᠬᠤᠢ ᠰᠠᠯᠬᠢ ᠵᠢ ᠰᠦᠷᠦᠨ ᠳᠠᠪᠠᠯᠭᠠᠨ᠎ᠢ ᠵᠦᠰᠦᠨ ᠤᠷᠤᠭ᠍ᠰᠢᠯᠠᠵᠤ᠂ ᠬᠦᠴᠦᠷᠬᠡᠭ ᠶᠡᠬᠡ ᠤᠶᠠᠨ ᠬᠠᠳᠠᠨ ᠴᠢᠨᠠᠷ ᠪᠠ ᠠᠮᠢᠵᠢᠷᠠᠯ ᠤ᠋ᠨ ᠬᠦᠴᠦᠨ᠎ᠢᠶᠡᠨ ᠬᠠᠳᠠᠭᠠᠯᠠᠪᠠ᠂ ᠡᠬᠦᠨ᠎ᠤ ᠪᠠᠢᠯᠳᠤᠬᠤ ᠪᠤᠳᠤᠯᠭ᠎ᠠ᠎ᠶ᠋ᠢᠨ ᠲᠦᠱᠢᠭ ᠲᠤᠯᠭᠠᠭᠤᠷᠢ ᠪᠣᠯ ᠳᠠᠷᠤᠢ ᠪᠦᠷᠢᠨ ᠪᠦᠲᠦᠨ ᠠᠵᠤ ᠦᠢᠯᠡᠰ᠎ᠦᠨ ᠱᠢᠰᠲ᠋ᠧᠮ ᠮᠥᠨ᠃

ᠬᠥᠭ᠌ᠵᠢᠯᠲᠡ᠎ᠶ᠋ᠢᠨ ᠪᠦᠬᠦ᠌ ᠲᠠᠯ᠎ᠠ᠎ᠶ᠋ᠢ ᠦᠵᠡᠪᠡᠯ᠂ ᠣᠳᠣᠬᠠᠨ᠎ᠳᠤ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯ ᠪᠣᠯᠤᠨ ᠠᠶᠤᠯ ᠲᠦᠭ᠌ᠰᠢᠭᠦᠷᠢ ᠥᠷᠢᠰᠥᠯᠳᠦᠭᠡᠨ ᠵᠡᠷᠭᠡ ᠪᠡᠷ ᠣᠷᠣᠱᠢᠵᠤ᠂ ᠲᠤᠭᠳᠠᠭᠠᠯᠳᠤ ᠪᠤᠰᠤ ᠲᠦᠰᠦᠭᠡᠯᠡᠬᠦᠶ᠎ᠠ ᠪᠡᠷᠬᠡ ᠡᠯᠧᠮᠧᠨ᠋ᠲ ᠨᠡᠮᠡᠭ᠌ᠳᠡᠵᠦ᠍᠂ ᠵᠣᠬᠢᠶᠠᠮᠠᠯ ᠤᠶᠤᠨ ᠴᠢᠳᠠᠪᠤᠷᠢ᠎ᠪᠠᠷ ᠲᠥᠯᠥᠭᠡᠯᠡᠭᠦᠯᠦᠭ᠌ᠰᠡᠨ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠭᠠᠯ ᠪᠣᠯᠤᠨ ᠠᠵᠤ ᠦᠢᠯᠡᠰ᠎ᠦᠨ ᠬᠤᠪᠢᠰᠤᠯᠲᠠ ᠬᠤᠷᠳᠤᠴᠠ ᠪᠠᠨ ᠲᠦᠷᠭᠡᠳᠬᠡᠨ ᠰᠢᠪᠳᠤᠯᠵᠤ ᠪᠤᠢ᠃ ᠪᠠᠢᠳᠠᠯ ᠬᠡᠳᠦᠢ ᠪᠤᠳᠤᠯᠢᠶᠠᠨᠲᠠᠢ ᠬᠤᠪᠢᠷᠠᠯᠲᠠ ᠶᠡᠬᠡᠲᠡᠢ ᠪᠣᠯᠬᠤ ᠲᠤᠳᠤᠮ ᠪᠣᠳᠠᠲᠤ ᠴᠣᠭ᠍ᠴᠠ᠎ᠶ᠋ᠢᠨ ᠠᠵᠤ ᠠᠬᠤᠢ ᠭᠡᠬᠦ᠌ ᠡᠨᠡ ᠬᠦ᠌ ᠰᠠᠭᠤᠷᠢ᠎ᠶ᠋ᠢ ᠲᠡᠳᠦᠢ ᠪᠠᠲᠤ ᠰᠠᠬᠢᠵᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠲᠦᠷᠭᠡᠳᠬᠡᠨ ᠪᠠᠢᠭᠤᠯᠬᠤ ᠬᠡᠷᠡᠭ᠌ᠲᠡᠢ᠃ 《ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠳᠦ ᠪᠠᠲᠤ ᠴᠢᠩᠭ᠎ᠠ ᠪᠣᠳᠠᠰ᠎ᠤᠨ ᠲᠤᠯᠭᠠᠭᠤᠷᠢᠯᠠᠯ ᠬᠠᠩᠭᠠᠬᠤ》᠂ 《ᠡᠳᠦᠷ ᠢᠷᠡᠬᠦᠶ᠎ᠡ ᠱᠢᠷᠦᠭᠦᠰᠴᠦ᠍ ᠪᠠᠢᠭ᠎ᠠ ᠤᠯᠠᠨ ᠤᠯᠤᠰ᠎ᠤᠨ ᠥᠷᠢᠰᠥᠯᠳᠦᠭᠡᠨ᠎ᠲᠤᠮᠳᠠ ᠪᠠᠢᠯᠳᠤᠬᠤ ᠪᠤᠳᠤᠯᠭ᠎ᠠ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠬᠦ》 ᠪᠦᠬᠦ᠌ ᠲᠠᠯ᠎ᠠ᠎ᠶ᠋ᠢᠨ ᠬᠠᠷᠠᠭᠠᠰᠤ ᠡᠴᠡ ᠲᠡᠭᠦᠨ᠎ᠦ ᠪᠠᠢᠷᠢ ᠲᠣᠭ᠍ᠲᠠᠭᠠᠯᠲᠠ᠎ᠶ᠋ᠢ ᠪᠣᠳᠣᠯᠬᠢᠯᠠᠪᠠᠯ᠂ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ᠎ᠶ᠋ᠢᠨ ᠬᠠᠷᠠᠯᠳᠠ᠂ ᠪᠠᠢᠷᠢᠯᠠᠭᠤᠯᠤᠯᠲᠠ᠎ᠶ᠋ᠢᠨ ᠵᠤᠷᠢᠯᠭ᠎ᠠ᠎ᠶ᠋ᠢ ᠭᠦᠨᠵᠡᠭᠡᠢ ᠣᠢᠯᠠᠭᠠᠵᠤ ᠪᠤᠯᠤᠨ᠎ᠠ᠃

ᠡᠭᠦᠨ᠎ᠡᠴᠡ ᠦᠵᠡᠪᠡᠯ᠂ 《ᠪᠦᠬᠦ᠌ ᠲᠠᠯ᠎ᠠ》 ᠭᠡᠳᠡᠭ ᠨᠢ ᠪᠦᠬᠦ᠌ ᠲᠠᠯ᠎ᠠ᠎ᠶ᠋ᠢᠨ ᠬᠠᠷᠠᠭᠠᠰᠤ ᠡᠴᠡ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠣᠢᠯᠠᠭᠠᠵᠤ᠂ ᠡᠯ᠎ᠡ ᠵᠦᠢᠯ᠎ᠦᠨ ᠪᠠᠢᠷᠢᠯᠠᠭᠤᠯᠤᠯᠲᠠ᠎ᠶ᠋ᠢ ᠨᠢᠭᠡᠨ ᠪᠦᠬᠦᠯᠢ ᠴᠣᠭ᠍ᠴᠠ ᠪᠣᠯᠭᠠᠨ ᠡᠵᠡᠮᠰᠢᠬᠦ ᠶᠠᠪᠤᠳᠠᠯ ᠪᠣᠯᠤᠨ᠎ᠠ᠃ ᠪᠢᠳᠡ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠂ ᠲᠤᠯᠭᠠᠷᠠᠵᠤ ᠪᠠᠢᠭ᠎ᠠ ᠪᠠᠢᠳᠠᠯ᠂ ᠵᠢᠯᠣᠭᠣᠳᠭᠤ ᠦᠵᠡᠯ ᠰᠠᠨᠠᠭ᠎ᠠ᠂ ᠴᠢᠬᠤᠯᠠ ᠵᠠᠷᠴᠢᠮ᠂ ᠬᠠᠷᠠᠯᠲᠠ ᠡᠭᠦᠷᠭᠡ᠂ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ ᠵᠡᠷᠭᠡ᠎ᠶ᠋ᠢ ᠪᠦᠬᠦ᠌ ᠲᠠᠯ᠎ᠠ᠎ᠪᠠᠷ ᠣᠢᠯᠠᠭᠠᠵᠤ᠂ ᠪᠦᠬᠦ᠌ ᠲᠠᠯ᠎ᠠ᠎ᠶ᠋ᠢᠨ ᠦᠵᠡᠯᠲᠡ ᠪᠠ ᠱᠢᠰᠲ᠋ᠧᠮ ᠤ᠋ᠨ ᠰᠡᠳᠭᠢᠬᠦᠢ᠎ᠪᠡᠷ ᠡᠯ᠎ᠡ ᠵᠦᠢᠯ᠎ᠦᠨ ᠠᠵᠢᠯ᠎ᠢᠶᠠᠨ ᠲᠥᠯᠥᠪᠵᠢᠭᠦᠯᠦᠨ ᠠᠬᠢᠭᠤᠯᠵᠤ᠂ ᠡᠭᠦᠨ ᠢ᠋ ᠨᠢ ᠬᠠᠮᠢᠶᠠᠷᠤᠭᠠᠳ ᠲᠡᠭᠦᠨ ᠢ᠋ ᠨᠢ ᠤᠷᠬᠢᠵᠤ ᠪᠣᠯᠬᠤ ᠦᠭᠡᠢ᠂ ᠨᠡᠩ ᠴᠤ᠌ ᠦᠪᠡᠷ᠎ᠤᠨ ᠪᠡᠶ᠎ᠡ ᠳ᠋ᠡᠬᠡᠨ ᠠᠰᠢᠭ ᠲᠠᠢ ᠦᠬᠡ ᠦᠬᠦᠯᠡᠪᠦᠷᠢ ᠵᠢ ᠯᠡ ᠰᠤᠩᠭᠤᠵᠤ ᠤᠢᠯᠠᠭᠠᠵᠤ ᠪᠣᠯᠬᠤ ᠦᠭᠡᠢ᠃

ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ᠎ᠶ᠋ᠢᠨ ᠠᠭᠤᠯᠤᠭ᠍ᠳᠠᠬᠤᠨ ᠨᠢ ᠶᠠᠭᠤ ᠪᠤᠢ? ᠶᠠᠭᠠᠬᠢᠵᠤ ᠪᠠᠢᠭᠤᠯᠬᠤ ᠶᠤᠮ? ᠡᠳᠡᠭᠡᠷ ᠠᠰᠠᠭᠤᠳᠠᠯ᠎ᠢ ᠲᠣᠳᠣᠷᠬᠠᠶ ᠪᠣᠳᠣᠯᠬᠢᠯᠠᠵᠤ᠂ ᠲᠣᠳᠣᠷᠬᠠᠶ ᠣᠢᠯᠠᠭᠠᠪᠠᠯ ᠰᠠᠶᠢ ᠲᠠᠨᠢᠯᠲᠠ᠎ᠶ᠋ᠢᠨ ᠲᠠᠯ᠎ᠠ᠎ᠪᠠᠷ ᠨᠡᠩ ᠪᠣᠳᠠᠲᠠᠢᠵᠢᠵᠤ᠂ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠨᠡᠩ ᠤᠬᠠᠮᠰᠠᠷ᠎ᠲᠠᠶ ᠪᠣᠯᠵᠤ ᠴᠢᠳᠠᠨ᠎ᠠ᠃

ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ ᠪᠣᠯ ᠠᠵᠤ ᠦᠢᠯᠡᠰ᠎ᠦᠨ ᠱᠢᠰᠲ᠋ᠧᠮ᠎ᠦᠨ ᠪᠦᠬᠦᠯᠢ ᠴᠣᠭ᠍ᠴᠠ᠎ᠶ᠋ᠢᠨ ᠦᠰᠦᠷᠦᠯᠲᠡ᠎ᠶ᠋ᠢ ᠪᠡᠶᠡᠯᠡᠭᠦᠯᠬᠦ᠌ ᠶᠠᠪᠤᠳᠠᠯ ᠪᠣᠯᠤᠨ᠎ᠠ᠃ ᠶᠡᠷᠦᠩᠬᠡᠶ ᠱᠦᠵᠢ ᠰᠢ ᠵᠢᠨ ᠫᠢᠩ᠄ 《ᠡᠯ᠎ᠡ ᠭᠠᠵᠠᠷ ᠣᠷᠣᠨ ᠡᠯ᠎ᠡ ᠠᠵᠢᠯ ᠲᠥᠷᠥᠯ᠎ᠦᠨ ᠬᠢᠨ ᠪᠠᠢᠷᠢ ᠲᠣᠭ᠍ᠲᠠᠭᠠᠯᠲᠠ᠎ᠪᠠᠨ ᠣᠨᠣᠪᠴᠢᠲᠠᠶ ᠣᠯᠵᠤ᠂ ᠤᠶᠤᠨᠴᠢᠯᠠᠬᠤ᠂ ᠪᠣᠬᠢᠷᠲᠤᠯ ᠦᠬᠡᠢᠵᠢᠬᠦᠯᠬᠦ᠂ ᠠᠭᠤᠰᠤᠯᠴᠠᠭᠤᠯᠬᠤ ᠴᠢᠭ᠌ᠯᠡᠯ᠎ᠢ ᠪᠠᠷᠢᠮᠲᠠᠯᠠᠵᠤ᠂ ᠬᠠᠷᠢᠴᠠᠩᠭᠤᠢ ᠳᠠᠪᠠᠭᠤᠯᠢᠭ᠎ᠢᠶᠠᠨ ᠪᠠᠳᠠᠷᠠᠭᠤᠯᠵᠤ᠂ ᠡᠬᠢᠨ᠎ᠤ ᠪᠠ ᠡᠴᠦᠰ᠎ᠤᠨ ᠬᠡᠯᠬᠢᠶ᠎ᠡ ᠵᠢᠨ ᠠᠵᠤ ᠦᠶ᠋ᠯᠡᠰ᠎ᠢ ᠬᠠᠷᠢᠯᠴᠠᠨ ᠵᠣᠯᠭᠠᠭᠤᠯᠵᠤ᠂ ᠲᠣᠰ ᠲᠣᠰ᠎ᠤᠨ ᠳᠠᠪᠠᠭᠤᠯᠢᠭ᠎ᠢᠶᠠᠨ ᠪᠠᠳᠠᠷᠠᠭᠤᠯᠵᠤ᠂ ᠢᠵᠢᠯᠢ ᠴᠢᠭ᠌ᠯᠡᠯ᠎ᠢᠶᠡᠷ ᠬᠦᠴᠦᠯᠡᠬᠦ᠌ ᠠᠮᠢᠳᠤᠯᠢᠭ ᠪᠠᠢᠳᠠᠯ᠎ᠢ ᠪᠦᠷᠢᠯᠳᠦᠭᠦᠯᠬᠦ᠌ ᠬᠡᠷᠡᠭ᠌ᠲᠡᠶ》 ᠭᠡᠵᠦ ᠴᠢᠬᠤᠯᠠᠴᠢᠯᠠᠪᠠ᠃ ᠡᠨᠡ ᠨᠢ ᠠᠵᠤ ᠦᠢᠯᠡᠰ᠎ᠦᠨ ᠱᠢᠰᠲ᠋ᠧᠮ᠎ᠦᠨ ᠪᠦᠬᠦᠯᠢ ᠴᠣᠭ᠍ᠴᠠ᠎ᠶ᠋ᠢᠨ ᠳᠡᠭᠡᠭ᠌ᠰᠢᠯᠡᠯᠲᠡ᠎ᠶ᠋ᠢ ᠠᠬᠢᠭᠤᠯᠬᠤ᠎ᠳᠤ ᠦᠢᠯᠡᠳᠦᠯᠭᠡ᠎ᠶ᠋ᠢᠨ ᠠᠷᠭ᠎ᠠ ᠵᠠᠮ᠎ᠢ ᠲᠣᠳᠣᠷᠬᠠᠢ ᠵᠢᠭᠠᠵᠤ ᠥᠭ᠌ᠴᠡᠢ᠃ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠦᠨ ᠭᠣᠣᠯᠯᠠᠭ᠍ᠴᠢ ᠬᠦᠴᠦᠨ ᠪᠣᠯ ᠲᠡᠷᠢᠭᠦᠨ᠎ᠦ ᠦᠢᠯᠡᠳᠬᠦ᠌ ᠦᠢᠯᠡᠰ ᠪᠣᠯᠤᠨ᠎ᠠ᠃ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠳᠤ᠂ ᠠᠵᠤ ᠠᠬᠤᠢ᠎ᠶ᠋ᠢ ᠬᠥᠭ᠌ᠵᠢᠭᠦᠯᠬᠦ᠌ ᠬᠦᠴᠦᠯᠡᠬᠦ᠌ ᠴᠡᠭ᠎ᠢ ᠪᠣᠳᠠᠲᠤ ᠴᠣᠭ᠍ᠴᠠ᠎ᠶ᠋ᠢᠨ ᠠᠵᠤ ᠠᠬᠤᠢ ᠳᠡᠭᠡᠷ᠎ᠡ ᠲᠠᠯᠪᠢᠬᠤ᠎ᠶ᠋ᠢ ᠪᠠᠷᠢᠮᠲᠠᠯᠠᠬᠤ ᠬᠡᠷᠡᠭᠳᠡᠢ ᠭᠡᠵᠦ᠍ ᠳᠤᠷᠠᠳᠤᠭ᠍ᠰᠠᠨ ᠨᠢ ᠳᠠᠷᠤᠢ ᠦᠢᠯᠡᠳᠬᠦ᠌ ᠦᠢᠯᠡᠰ᠎ᠦᠨ ᠵᠦᠢ ᠵᠣᠬᠢᠰᠲᠠᠢ ᠬᠤᠪᠢ᠎ᠶ᠋ᠢᠨ ᠵᠢᠩ᠎ᠢ ᠪᠠᠲᠤᠯᠠᠵᠤ᠂ ᠲᠡᠷᠢᠭᠦᠨ᠎ᠦ ᠦᠢᠯᠡᠳᠬᠦ᠌ ᠦᠢᠯᠡᠰ᠎ᠢ ᠶᠡᠬᠡ᠎ᠪᠡᠷ ᠬᠥᠭ᠌ᠵᠢᠭᠦᠯᠬᠦ᠌᠎ᠶ᠋ᠢ ᠵᠢᠭᠠᠭ᠍ᠰᠠᠨ ᠶᠤᠮ᠃

ᠡᠭᠦᠨ᠎ᠡᠴᠡ ᠦᠵᠡᠪᠡᠯ᠂ 《ᠭᠦᠨᠵᠡᠭᠡᠢ》 ᠭᠡᠳᠡᠭ ᠨᠢ ᠳᠠᠷᠤᠢ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠡᠯ᠎ᠡ ᠵᠦᠢᠯ᠎ᠦᠨ ᠪᠠᠢᠷᠢᠯᠠᠭᠤᠯᠤᠯᠲᠠ᠎ᠶ᠋ᠢ ᠮᠡᠳᠡᠬᠦ᠌᠎ᠶ᠋ᠢᠨ ᠬᠠᠮᠲᠤ ᠪᠠᠰᠠ ᠲᠡᠭᠦᠨ᠎ᠦ ᠶᠠᠭᠠᠬᠢᠭᠠᠳ ᠡᠢᠮᠦ᠍ ᠪᠣᠯᠬᠤ᠎ᠶ᠋ᠢ ᠮᠡᠳᠡᠵᠦ᠍᠂ ᠶᠠᠭᠤ᠎ᠭᠡᠳᠡᠭ᠎ᠢ ᠮᠡᠳᠡᠬᠦ᠌ ᠮᠥᠷᠲᠡᠭᠡᠨ ᠪᠠᠰᠠ ᠶᠠᠭᠠᠬᠢᠭᠠᠳ᠂ ᠶᠠᠭᠠᠬᠢᠵᠤ ᠬᠢᠬᠦ᠌᠎ᠶ᠋ᠢ ᠮᠡᠳᠡᠬᠦ᠎ᠬᠡᠷᠡᠭᠲᠡᠢ᠃ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠳᠤ ᠲᠤᠬᠳᠠᠭᠠᠬᠰᠠᠨ ᠴᠢᠬᠤᠯᠠ ᠶᠡᠬᠡ ᠮᠠᠭᠠᠳᠯᠠᠯᠲᠠ᠂ ᠳᠤᠷᠠᠳᠤᠭ᠍ᠰᠠᠨ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ᠎ᠨᠢ ᠴᠥᠮ ᠭᠦᠢᠴᠡᠳ ᠨᠤᠲᠠᠯᠠᠯᠳᠠ ᠬᠢᠬᠦ ᠵᠢ ᠲᠠᠮᠵᠢᠬᠰᠠᠨ ᠶᠤᠮ᠃ ᠪᠢᠳᠡ ᠦᠨᠡᠨ ᠬᠦ᠌ ᠲᠤᠭᠤᠷᠠᠳᠠᠯ᠎ᠠ ᠣᠢᠯᠠᠭᠠᠵᠤ᠂ ᠪᠦᠬᠦᠯᠢ ᠬᠠᠬᠠᠯᠢ ᠪᠡᠷ ᠨᠢ ᠵᠠᠯᠭᠢᠬᠤ᠂ ᠳᠤᠲᠠᠭᠤ ᠲᠤᠷᠭᠤᠨ ᠤᠢᠯᠠᠭᠠᠬᠤ ᠡᠴᠡ ᠵᠠᠢᠯᠠᠰᠭᠢᠬᠦ᠌ ᠬᠡᠷᠡᠭ᠌ᠲᠡᠢ᠃

ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ᠎ᠳᠤ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠪᠣᠯ ᠵᠠᠢᠯᠠᠰᠢ ᠦᠭᠡᠢ ᠱᠠᠭᠠᠷᠳᠠᠯᠭ᠎ᠠ ᠮᠥᠨ᠃ ᠶᠡᠷᠦᠩᠬᠡᠢ ᠱᠦᠵᠢ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠳᠦ 《ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠬᠤ》 ᠬᠡᠷᠡᠭ᠌ᠲᠡᠢ ᠭᠡᠵᠦ᠍ ᠣᠯᠠᠨᠲᠠ ᠴᠢᠬᠤᠯᠠᠴᠢᠯᠠᠵᠤ᠂ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ ᠳᠡᠭᠡᠷ᠎ᠡ ᠲᠠᠷᠤᠢ᠂ 《ᠵᠠᠷᠢᠮ ᠭᠠᠵᠠᠷ ᠣᠷᠣᠨ ᠪᠣᠳᠠᠲᠠᠢ ᠪᠠᠢᠳᠠᠯ᠎ᠢᠶᠡᠨ ᠬᠠᠢᠬᠤᠷᠬᠤ ᠦᠭᠡᠢ᠂ ᠰᠣᠬᠣᠷ ᠪᠠᠯᠠᠢ᠎ᠪᠠᠷ ᠪᠤᠰᠤᠳ᠎ᠢ ᠳᠠᠭᠠᠵᠤ ᠲᠡᠷᠪᠠᠨ᠎ᠠ᠂ ᠪᠤᠰᠤᠳ᠎ᠤᠨ ᠴᠠᠬᠢᠮ ᠢᠯᠲᠠᠰᠤ ᠦᠢᠯᠡᠳᠬᠦ᠎ᠶ᠋ᠢ ᠦᠵᠡᠪᠡᠯ᠂ ᠥᠪᠡᠷ᠎ᠢᠶᠡᠨ ᠪᠠᠰᠠ ᠲᠡᠬᠦᠨ᠎ᠢ ᠬᠢᠨ᠎ᠡ᠃ ᠪᠤᠰᠤᠳ᠎ᠤᠨ 〈ᠱᠢᠨ᠎ᠡ ᠭᠤᠷᠪᠠᠨ ᠵᠦᠢᠯ〉᠎ᠢ᠋ ᠬᠦᠭᠵᠢᠬᠦᠯᠵᠤ ᠪᠠᠢᠬᠤ ᠶ᠋ᠢ ᠦᠵᠡᠪᠡᠯ᠂ ᠥᠪᠡᠷ᠎ᠢᠶᠡᠨ ᠴᠦ᠍ ᠡᠨᠡ ᠲᠠᠯ᠎ᠠ ᠪᠡᠷ ᠪᠤᠰᠤᠳ ᠡᠴᠡ ᠬᠣᠴᠣᠷᠬᠤ ᠦᠭᠡᠢ ᠬᠡᠵᠤ ᠤᠷᠤᠯᠳᠤᠨ᠎ᠠ》 ᠭᠡᠵᠦ ᠰᠢᠭᠦᠮᠵᠢᠯᠡᠪᠡ᠃

《ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠨᠢ ᠤᠯᠠᠮᠵᠢᠯᠠᠯᠲᠤ ᠠᠵᠤ ᠦᠢᠯᠡᠰ᠎ᠢ ᠣᠮᠲᠣᠭᠠᠢᠯᠠᠵᠤ᠂ ᠲᠠᠶᠠᠭ᠍ᠳᠠᠨ᠎ᠡ ᠭᠡᠰᠡᠨ ᠶᠠᠪᠤᠳᠠᠯ ᠪᠢᠰᠢ᠂ ᠨᠢᠭᠡ ᠯᠡ ᠳᠣᠣᠷ᠎ᠠ ᠲᠡᠷᠪᠡᠵᠤ ᠦᠢᠮᠡᠨ ᠲᠡᠪᠵᠢᠶᠡᠷᠡᠯᠳᠦᠵᠤ᠂ ᠬᠥᠭᠡᠰᠦᠷᠡᠯ ᠡᠬᠦᠰᠬᠦ᠎ᠡᠴᠡ ᠰᠡᠷᠭᠡᠢᠯᠡᠬᠦ᠌ ᠬᠡᠷᠡᠭ᠌ᠲᠡᠢ᠂ ᠪᠠᠰᠠ ᠨᠢᠭᠡ ᠯᠡ ᠵᠦᠢᠯ᠎ᠦᠨ ᠵᠠᠭ᠍ᠪᠤᠷ᠎ᠢ ᠬᠡᠷᠡᠭᠵᠢᠬᠦᠯᠵᠤ ᠪᠣᠯᠬᠤ ᠦᠭᠡᠢ》 ᠭᠡᠵᠦ᠍ ᠵᠢᠭᠠᠵᠤ ᠭᠠᠷᠭᠠᠵᠤ᠂ 《ᠲᠤᠰ ᠭᠠᠵᠠᠷ ᠣᠷᠣᠨ᠎ᠤ ᠡᠬᠢ ᠪᠠᠶᠠᠯᠢᠭ᠎ᠤᠨ ᠳᠠᠪᠠᠭᠤᠯᠢᠭ᠂ ᠠᠵᠤ ᠦᠢᠯᠡᠰ᠎ᠦᠨ ᠰᠠᠭᠤᠷᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠨᠥᠬᠥᠴᠡᠯ ᠵᠡᠷᠭᠡ᠎ᠶ᠋ᠢ ᠦᠨᠳᠦᠰᠦᠯᠡᠵᠦ᠍᠂ ᠱᠢᠨ᠎ᠡ ᠠᠵᠤ ᠦᠢᠯᠡᠰ᠂ ᠱᠢᠨ᠎ᠡ ᠵᠠᠭ᠍ᠪᠤᠷ᠂ ᠱᠢᠨ᠎ᠡ ᠬᠥᠳᠡᠯᠭᠡᠬᠦ᠌ ᠡᠨᠧᠷᠭᠢ᠎ᠶ᠋ᠢᠨ ᠬᠥᠭ᠌ᠵᠢᠯᠲᠡ᠎ᠶ᠋ᠢ ᠰᠣᠩᠭᠣᠯᠲᠠ᠎ᠲᠠᠶ᠎ᠪᠠᠷ ᠠᠬᠢᠭᠤᠯᠬᠤ ᠬᠡᠷᠡᠭ᠌ᠲᠡᠢ》 ᠭᠡᠵᠦ᠍ ᠴᠢᠬᠤᠯᠠᠴᠢᠯᠠᠪᠠ ᠁ ᠶᠡᠷᠦᠩᠬᠡᠢ ᠱᠦᠵᠢ᠎ᠶ᠋ᠢᠨ ᠨᠠᠷᠢᠨ ᠲᠤᠩᠭᠠᠵᠤ ᠬᠤᠯᠠ᠎ᠶᠢ ᠪᠣᠳᠣᠯᠬᠢᠯᠠᠬᠰᠠᠨ ᠨᠢ ᠢᠮᠠᠭ᠍ᠲᠠ 《ᠤᠷᠢᠳ᠎ᠢᠶᠠᠷ ᠪᠠᠢᠭᠤᠯᠵᠤ ᠳᠠᠷᠠᠭ᠎ᠠ ᠨᠢ ᠡᠪᠳᠡᠬᠦ᠌》 ᠰᠡᠷᠭᠡᠭ ᠪᠦᠬᠡᠳ ᠲᠣᠭ᠍ᠲᠠᠭᠤᠨ ᠪᠠᠢᠳᠠᠯ ᠲᠠᠢ ᠪᠠᠢᠵᠤ᠂ 《ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠬᠤ》 ᠦᠨᠡᠨ᠎ᠡᠴᠡ ᠵᠥᠪ᠎ᠢ ᠡᠷᠢᠬᠦ᠌ ᠠᠷᠭ᠎ᠠ᠎ᠶ᠋ᠢ ᠠᠬᠤᠭᠤᠯᠵᠤ᠂ ᠪᠢᠳᠡᠨ᠎ᠦ ᠪᠣᠳᠠᠲᠤ ᠪᠠᠢᠳᠠᠯ᠎ᠳᠠᠭᠠᠨ ᠰᠠᠭᠤᠷᠢᠯᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠵᠢ ᠵᠢᠯᠤᠭᠤᠳᠴᠠᠢ᠃

ᠡᠭᠦᠨ᠎ᠡᠴᠡ ᠦᠵᠡᠪᠡᠯ᠂ 《ᠣᠨᠣᠪᠴᠢᠲᠠᠢ》 ᠭᠡᠳᠡᠭ ᠨᠢ ᠳᠠᠷᠤᠢ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠶ᠋ᠢᠨ ᠡᠯ᠎ᠡ ᠵᠦᠢᠯ᠎ᠦᠨ ᠪᠠᠢᠷᠢᠯᠠᠭᠤᠯᠤᠯᠲᠠ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠵᠠᠭᠠᠭ ᠬᠢᠵᠠᠭᠠᠷ ᠪᠠ ᠪᠠᠷᠢᠮᠵᠢᠶ᠎ᠠ᠎ᠶ᠋ᠢ ᠣᠨᠣᠪᠴᠢᠲᠠᠢ ᠡᠵᠡᠮᠳᠡᠵᠦ᠍᠂ ᠬᠢᠬᠦ᠌ ᠶᠣᠰᠣᠲᠠᠢ᠎ᠶ᠋ᠢ ᠨᠢ ᠡᠷᠬᠡᠪᠰᠢ ᠬᠢᠵᠦ᠍᠂ ᠬᠢᠵᠦ᠍ ᠳᠡᠢᠯᠬᠦ᠌᠎ᠶ᠋ᠢ ᠨᠢ ᠴᠢᠷᠮᠠᠢᠨ ᠬᠢᠵᠦ᠍᠂ ᠬᠢᠪᠡᠯ ᠵᠣᠬᠢᠰ ᠦᠭᠡᠢ᠎ᠶ᠋ᠢ ᠨᠢ ᠶᠠᠭᠠᠬᠢᠭ᠍ᠰᠠᠨ ᠴᠤ᠌ ᠬᠢᠬᠦ᠌ ᠦᠭᠡᠢ ᠪᠠᠢᠬᠤ᠎ᠶ᠋ᠢ ᠪᠡᠶᠡᠯᠡᠭᠦᠯᠬᠦ᠌ ᠶᠠᠪᠤᠳᠠᠯ ᠪᠣᠯᠤᠨ᠎ᠠ᠃ ᠨᠠᠮ᠎ᠤᠨ ᠲᠥᠪ ᠬᠣᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠣᠯ ᠪᠦᠬᠦ᠌ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠰᠠᠭᠤᠷᠢᠯᠠᠵᠤ ᠲᠣᠭ᠍ᠲᠠᠭᠠᠭ᠍ᠰᠠᠨ ᠶᠤᠮ᠂ ᠲᠦᠭᠡᠮᠡᠯ ᠴᠢᠨᠠᠷ᠂ ᠪᠦᠬᠦ᠌ ᠲᠠᠯ᠎ᠠ᠎ᠶ᠋ᠢᠨ ᠴᠢᠨᠠᠷ᠂ ᠬᠠᠨᠳᠤᠯᠭᠠᠳᠤ ᠴᠢᠨᠠᠷ᠎ᠲᠠᠶ ᠶᠤᠮ᠃ ᠠᠳᠠᠯᠢ ᠪᠤᠰᠤ ᠠᠷᠭ᠎ᠠ ᠬᠡᠮᠵᠢᠶ᠎ᠡ ᠨᠢ ᠬᠡᠷᠡᠭ᠌ᠯᠡᠬᠦ᠎ᠳᠤ ᠲᠤᠬᠢᠷᠠᠬᠤ ᠬᠡᠪᠴᠢᠶ᠎ᠡ᠂ ᠠᠬᠢᠴᠠ᠎ᠱᠠᠭᠠᠷᠳᠠᠯᠭ᠎ᠠ᠂ ᠬᠡᠷᠡᠭ᠌ᠵᠢᠭᠦᠯᠬᠦ᠌ ᠠᠷᠭ᠎ᠠ ᠪᠠᠷᠢᠯ᠎ᠤᠨ ᠲᠠᠯ᠎ᠠ᠎ᠪᠠᠷ ᠵᠥᠷᠢᠶ᠎ᠡ ᠲᠡᠶ ᠪᠠᠢᠪᠠᠯ᠂ ᠴᠥᠮ ᠪᠣᠳᠠᠲᠠᠢ ᠪᠠᠢᠳᠠᠯ᠎ᠢᠶᠡᠨ ᠦᠨᠳᠦᠰᠦᠯᠡᠨ ᠰᠠᠢᠲᠤᠷ ᠡᠵᠡᠮᠳᠡᠬᠦ᠌ ᠬᠡᠷᠡᠭ᠌ᠲᠡᠢ᠃

ᠭᠦᠨᠵᠡᠭᠡᠶ ᠰᠤᠷᠤᠯᠴᠠᠬᠤ ᠳᠤᠲᠤᠮ ᠨᠡᠩ ᠲᠤᠳᠤᠷᠬᠠᠢ ᠤᠢᠯᠠᠭᠠᠵᠤ᠂ ᠬᠢᠬᠦ᠌ ᠳ᠋ᠤ ᠤᠯᠠᠮ ᠪᠠᠲᠤᠲᠠᠶ ᠪᠣᠯᠤᠨ᠎ᠠ᠃ ᠪᠢᠳᠡ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠥᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠡᠴᠡ ᠵᠢᠮ᠎ᠡ ᠶᠣᠰᠣ᠎ᠶ᠋ᠢ ᠣᠢᠯᠠᠭᠠᠬᠤ᠂ ᠴᠢᠭ᠌ᠯᠡᠯ᠎ᠢᠶᠡᠨ ᠲᠣᠳᠣᠷᠬᠠᠢ ᠮᠡᠳᠡᠬᠦ᠌᠂ ᠠᠷᠭ᠎ᠠ᠎ᠶ᠋ᠢ ᠰᠤᠷᠤᠯᠴᠠᠬᠤ᠂ ᠤᠶᠤᠨ ᠤᠬᠠᠭᠠᠨ᠎ᠢᠶᠠᠨ ᠨᠡᠮᠡᠭ᠌ᠳᠡᠭᠦᠯᠬᠦ᠌᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠥᠳᠡ ᠬᠤᠷᠠᠯ᠎ᠤᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠪᠦᠬᠥ᠌ ᠲᠠᠯ᠎ᠠ᠎ᠪᠠᠷ ᠭᠦᠨᠵᠡᠭᠡᠢ ᠪᠥᠭᠡᠳ ᠣᠨᠣᠪᠴᠢᠲᠠᠢ ᠤᠢ᠍ᠢᠯᠠᠭᠠᠨ ᠡᠵᠡᠮᠱᠢᠵᠦ᠍᠂ ᠭᠡᠬᠦᠳᠡᠭ ᠴᠡᠭᠡᠵᠢᠨ᠎ᠳᠡᠭᠡᠨ ᠪᠦᠬᠥ᠌ ᠲᠠᠯ᠎ᠠ᠎ᠶ᠋ᠢ ᠪᠠᠭ᠍ᠲᠠᠭᠠᠵᠤ᠂ ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠵᠤ᠂ ᠰᠤᠷᠤᠭ᠍ᠰᠠᠨ᠎ᠢᠶᠠᠨ ᠬᠡᠷᠡᠭ᠌ᠯᠡᠵᠦ᠍᠂ ᠮᠡᠳᠡᠬᠦᠢ ᠬᠢᠬᠦᠢ᠎ᠪᠡᠨ ᠨᠢᠭᠡᠳᠭᠡᠵᠦ᠍᠂ ᠪᠠᠢᠯᠳᠤᠬᠤ ᠪᠤᠳᠤᠯᠭ᠎ᠠ᠎ᠶ᠋ᠢᠨ ᠲᠠᠯ᠎ᠠ᠎ᠪᠠᠷ ᠲᠤᠭᠳᠠᠯ ᠬᠦᠴᠦᠨ᠎ᠢᠶᠡᠨ ᠪᠠᠲᠤᠯᠠᠵᠤ᠂ ᠪᠠᠢᠯᠳᠤᠬᠤ ᠠᠷᠭ᠎ᠠ᠎ᠶ᠋ᠢᠨ ᠲᠠᠯ᠎ᠠ᠎ᠪᠠᠷ ᠨᠠᠷᠢᠨ ᠨᠢᠮᠪᠠᠢ ᠲᠥᠯᠥᠪᠵᠢᠬᠦᠯᠦᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠪᠦᠳᠤᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠬᠦ᠌ ᠬᠡᠷᠡᠭ᠌ᠲᠡᠢ᠃

(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 1 ᠰᠠᠷ᠎ᠠ᠎ᠶ᠋ᠢᠨ 21 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号