ᠮᠠᠨ᠎ᠤ ᠤᠯᠤᠰ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠣᠲᠠ᠎ᠶ᠋ᠢ ᠱᠢᠨᠡᠳᠬᠡᠬᠦ ᠨᠠᠷᠢᠨ ᠲᠥᠯᠥᠪᠵᠢᠭᠦᠯᠭᠡ ᠵᠢ ᠳᠡᠮᠵᠢᠬᠦ ᠡᠷᠴᠢᠮ᠎ᠢᠶᠡᠨ ᠴᠢᠩᠭᠠᠷᠠᠭᠤᠯᠤᠨ᠎ᠠ
2026-01-24 13:21:12
ᠵᠣᠬᠢᠶᠠᠭ᠍ᠴᠢ᠄
ᠸᠠᠩ ᠯᠢ ᠪᠢᠨ
ᠣᠩᠱᠢᠭ᠍ᠰᠠᠨ ᠣᠳᠠᠭ᠎ᠠ᠄
★★★☆☆

ᠮᠠᠨ᠎ᠤ ᠤᠯᠤᠰ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠳᠠ᠎ᠶ᠋ᠢ ᠱᠢᠨᠡᠳᠬᠡᠬᠦ ᠠᠵᠢᠯᠯᠠᠭ᠎ᠠ᠎ᠶ᠋ᠢᠨ ᠬᠡᠷᠡᠭ᠌ᠴᠡᠭᠡ᠎ᠲᠡᠶ ᠤᠶᠠᠯᠳᠤᠭᠤᠯᠵᠤ᠂ ᠬᠤᠳᠠ᠎ᠶ᠋ᠢ ᠱᠢᠨᠡᠳᠬᠡᠬᠦ ᠪᠡᠷ ᠪᠠᠢᠭ᠎ᠠ ᠣᠷᠣᠨ ᠪᠦᠰᠡ᠎ᠶ᠋ᠢᠨ ᠨᠠᠷᠢᠨ ᠲᠥᠯᠥᠪᠵᠢᠭᠦᠯᠭᠡ᠎ᠳᠦ ᠦᠨᠡᠯᠡᠯᠲᠡ ᠬᠢᠵᠤ᠂ ᠱᠢᠯᠢᠳᠡᠭ᠌ᠵᠢᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ᠎ᠶ᠋ᠢ ᠪᠠᠲᠤᠯᠠᠬᠤ ᠪᠡᠷ ᠪᠤᠢ᠃

ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ 1 ᠰᠠᠷ᠎ᠠ᠎ᠶ᠋ᠢᠨ 20 ᠤ᠋ ᠡᠳᠦᠷ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠮᠤᠨ ᠲᠠᠶ ᠬᠠᠮᠲᠤᠷᠠᠨ ᠬᠣᠲᠠ᠎ᠶ᠋ᠢ ᠰᠢᠨᠡᠳᠬᠡᠬᠦ ᠠᠵᠢᠯᠯᠠᠭ᠎ᠠ᠎ᠶ᠋ᠢ ᠤᠯᠠᠮ ᠨᠢᠭᠡ ᠠᠯᠬᠤᠮ ᠳᠡᠮᠵᠢᠬᠦ᠌ ᠠᠷᠭ᠎ᠠ ᠬᠡᠮᠵᠢᠶ᠎ᠡ᠎ᠨᠦᠭᠦᠳ᠎ᠦᠨ ᠲᠤᠬᠠᠶ ᠮᠡᠳᠡᠭ᠌ᠳᠡᠯ᠎ᠢ ᠨᠡᠢᠲᠡᠯᠡᠪᠡ᠂ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠲᠣᠪᠴᠢᠶᠠᠨ᠎ᠤ ᠳᠡᠳ᠋ ᠳᠠᠷᠤᠭ᠎ᠠ ᠶᠠᠩ ᠳ᠋ᠢ ᠨᠠᠷᠢᠨ ᠲᠥᠯᠥᠪᠵᠢᠭᠦᠯᠭᠡ ᠵᠢᠨ ᠵᠤᠬᠢᠴᠠᠬᠤ ᠴᠢᠨᠠᠷ ᠢ᠋ ᠴᠢᠩᠭᠠᠳᠭᠠᠬᠤ ᠲᠠᠯ᠎ᠠ᠎ᠪᠠᠷ ᠬᠢ ᠠᠷᠭ᠎ᠠ ᠬᠡᠮᠵᠢᠶ᠎ᠡ᠎ᠶ᠋ᠢ ᠲᠠᠨᠢᠯᠴᠠᠭᠤᠯᠬᠤ᠎ᠳᠠᠭᠠᠨ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠣᠲᠠ᠎ᠵᠢ ᠰᠢᠨᠡᠳᠬᠡᠬᠦ ᠠᠵᠢᠯᠯᠠᠭ᠎ᠠ᠎ᠶ᠋ᠢᠨ ᠬᠡᠷᠡᠭ᠌ᠴᠡᠭᠡ᠎ᠲᠡᠶ ᠤᠶᠠᠯᠳᠤᠭᠤᠯᠵᠤ᠂ ᠬᠣᠲᠠ᠎ᠵᠢ ᠰᠢᠨᠡᠳᠬᠡᠬᠦ ᠪᠡᠷ ᠪᠠᠢᠭ᠎ᠠ ᠣᠷᠣᠨ ᠪᠦᠰᠡ᠎ᠶ᠋ᠢᠨ ᠨᠠᠷᠢᠨ ᠲᠥᠯᠥᠪᠵᠢᠭᠦᠯᠭᠡ ᠵᠢ ᠦᠨᠡᠯᠡᠨ ᠱᠢᠯᠢᠳᠡᠭ᠌ᠵᠢᠭᠦᠯᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ 《ᠬᠣᠲᠠ᠎ᠶ᠋ᠢᠨ ᠨᠦᠬᠡᠴᠡ ᠣᠷᠣᠨ ᠵᠠᠶ᠎ᠶ᠋ᠢ ᠠᠮᠢᠳᠤᠯᠢᠭ᠍ᠵᠢᠭᠤᠯᠤᠨ ᠱᠢᠯᠢᠳᠡᠭ᠌ᠵᠢᠭᠦᠯᠬᠦ᠌ ᠲᠥᠯᠥᠪᠵᠢᠭᠦᠯᠭᠡ᠎ᠶ᠋ᠢᠨ ᠵᠦᠭ᠌ᠯᠡᠭᠦᠷ》 ᠶᠣᠰᠣᠭᠠᠷ᠂ ᠮᠡᠷᠭᠡᠵᠢᠯ᠎ᠦᠨ ᠵᠠᠰᠠᠪᠤᠷᠢ ᠣᠷᠣᠭᠤᠯᠬᠤ᠂ ᠱᠢᠯᠢᠳᠡᠭ᠌ᠵᠢᠭᠦᠯᠦᠨ ᠲᠣᠬᠢᠷᠠᠭᠤᠯᠬᠤ ᠵᠡᠷᠭᠡ ᠠᠷᠭ᠎ᠠ ᠮᠠᠶᠢᠭ᠎ᠢᠶᠠᠷ ᠤᠤᠯ᠎ᠤᠨ ᠨᠠᠷᠢᠨ ᠲᠥᠯᠥᠪᠵᠢᠭᠦᠯᠭᠡ᠎ᠶ᠋ᠢ ᠱᠢᠯᠢᠳᠡᠭ᠌ᠵᠢᠭᠦᠯᠵᠤ᠂ 《ᠨᠢᠭᠡ ᠵᠢᠷᠤᠭ ᠲᠦᠯᠦᠪᠵᠢᠭᠦᠯᠭᠡ》 ᠵᠢᠨ ᠬᠠᠮᠢᠶᠠᠷᠤᠯᠲᠠ᠎ᠳᠤ ᠣᠷᠣᠭᠤᠯᠵᠤ᠂ ᠨᠠᠷᠢᠨ ᠲᠥᠯᠥᠪᠵᠢᠭᠦᠯᠭᠡ᠎ᠳᠦ ᠵᠠᠰᠠᠪᠤᠷᠢ ᠣᠷᠣᠭᠤᠯᠬᠤ ᠳᠡᠰ ᠳᠠᠷᠠᠭᠠᠯᠠᠯ᠎ᠢ ᠳᠥᠭᠥᠮᠴᠢᠯᠡᠵᠤ᠂ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠠ ᠭᠡᠪᠡ᠃

ᠲᠠᠨᠢᠯᠴᠠᠭᠤᠯᠤᠭ᠍ᠰᠠᠨ᠎ᠢᠶᠠᠷ᠂ ᠨᠠᠷᠢᠨ ᠲᠥᠯᠥᠪᠵᠢᠭᠦᠯᠭᠡ ᠪᠣᠯ ᠪᠣᠳᠠᠲᠠᠶ ᠭᠠᠵᠠᠷ᠎ᠤᠨ ᠬᠡᠷᠡᠭ᠌ᠯᠡᠭᠡ ᠪᠠ ᠨᠡᠭᠡᠭᠡᠨ ᠬᠥᠭ᠌ᠵᠢᠭᠦᠯᠵᠦ᠍ ᠪᠥᠲᠥᠭᠡᠨ ᠪᠠᠢᠭᠤᠯᠬᠤ ᠡᠷᠴᠢᠮ ᠵᠡᠷᠭᠡ᠎ᠳᠦ ᠬᠢᠭ᠌ᠰᠡᠨ ᠬᠡᠷᠡᠭ᠌ᠵᠢᠭᠦᠯᠬᠦ᠌ ᠴᠢᠨᠠᠷᠲᠠᠶ ᠲᠣᠬᠢᠷᠠᠭᠤᠯᠤᠯᠲᠠ ᠮᠥᠨ᠂ ᠪᠥᠲᠥᠭᠡᠨ ᠪᠠᠢᠭᠤᠯᠤᠯᠲᠠ᠎ᠶ᠋ᠢᠨ ᠲᠦᠷᠦᠯ ᠵᠦᠶ᠋ᠯ᠎ᠦᠨ ᠲᠥᠯᠥᠪᠵᠢᠭᠦᠯᠭᠡ᠎ᠶ᠋ᠢ ᠵᠥᠪᠱᠢᠶᠡᠷᠡᠵᠤ ᠬᠢᠨᠠᠨ ᠣᠯᠭᠣᠬᠤ᠂ ᠡᠯ᠎ᠡ ᠵᠦᠶ᠋ᠯ᠎ᠦᠨ ᠪᠥᠲᠥᠭᠡᠨ ᠪᠠᠢᠭᠤᠯᠤᠯᠲᠠ ᠬᠢᠬᠦ᠌ ᠵᠡᠷᠭᠡ᠎ᠶ᠋ᠢᠨ ᠬᠠᠤᠯᠢ᠎ᠪᠠᠷ ᠲᠣᠭ᠍ᠲᠠᠭᠠᠭ᠍ᠰᠠᠨ ᠦᠨᠳᠦᠰᠦᠯᠡᠯ ᠮᠥᠨ᠂ ᠬᠣᠯᠪᠣᠭ᠍ᠳᠠᠯ ᠪᠥᠬᠥᠶ ᠲᠤᠰᠭᠠᠶ ᠵᠦᠶ᠋ᠯ᠎ᠦᠨ ᠲᠥᠯᠥᠪᠵᠢᠭᠦᠯᠭᠡ᠎ᠳᠦ ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠶ᠎ᠶ᠋ᠢᠨ ᠶᠡᠷᠦᠩᠬᠡᠶ ᠲᠥᠯᠥᠪᠵᠢᠭᠦᠯᠭᠡ᠎ᠶ᠋ᠢ ᠵᠢᠷᠤᠮᠯᠠᠵᠤ᠂ ᠭᠤᠤᠯ ᠠᠭᠤᠯᠭ᠎ᠠ᠎ᠶ᠋ᠢ ᠨᠠᠷᠢᠨ ᠲᠥᠯᠥᠪᠵᠢᠭᠦᠯᠭᠡ᠎ᠳᠦ ᠣᠷᠣᠭᠤᠯᠵᠤ᠂ ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠱᠢᠰᠲ᠋ᠧᠮ᠎ᠡᠴᠡ ᠭᠠᠳᠠᠨ᠎ᠠ ᠥᠭᠡᠷ᠎ᠡ ᠣᠷᠣᠨ ᠵᠠᠶ᠎ᠶ᠋ᠢᠨ ᠲᠥᠯᠥᠪᠵᠢᠭᠦᠯᠭᠡ ᠭᠠᠷᠭᠠᠬᠤ ᠥᠬᠡᠶ᠃ ᠬᠣᠲᠠ᠎ᠵᠢ ᠰᠢᠨᠡᠳᠬᠡᠬᠦ ᠨᠢ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠲᠣᠬᠢᠷᠠᠭᠤᠯᠤᠯᠲᠠ᠎ᠳᠤ ᠬᠣᠯᠪᠣᠭ᠍ᠳᠠᠭ᠍ᠰᠠᠨ ᠪᠠᠢᠪᠠᠯ᠂ ᠲᠠᠰ ᠳᠠᠷᠠᠭᠠᠯᠠᠯ ᠶᠣᠰᠣᠭᠠᠷ ᠬᠠᠤᠯᠢ ᠶᠣᠰᠣᠭᠠᠷ ᠭᠦᠶ᠋ᠴᠡᠳᠭᠡᠨ᠎ᠡ᠃

ᠶᠠᠩ ᠳᠢ᠂ 《ᠣᠯᠠᠨ ᠲᠥᠯᠥᠪᠵᠢᠭᠦᠯᠭᠡ᠎ᠶ᠋ᠢ ᠨᠢᠭᠡᠳᠭᠡᠬᠦ᠌》 ᠥᠭᠡᠷᠡᠴᠢᠯᠡᠯᠲᠡ ᠵᠢ ᠬᠢᠭᠰᠡᠨ᠎ᠤ ᠳᠠᠷᠠᠭ᠎ᠠ᠂ ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠶ᠎ᠶ᠋ᠢᠨ ᠨᠠᠷᠢᠨ ᠲᠥᠯᠥᠪᠵᠢᠭᠦᠯᠭᠡ ᠨᠢ ᠬᠢᠵᠠᠭᠠᠷᠯᠠᠬᠤ ᠴᠢᠨᠠᠷᠲᠠᠶ ᠨᠠᠷᠢᠨ ᠲᠥᠯᠥᠪᠵᠢᠭᠦᠯᠭᠡ᠎ᠶ᠋ᠢᠨ ᠬᠠᠤᠯᠢ᠎ᠪᠠᠷ ᠲᠣᠭ᠍ᠲᠠᠭᠠᠭ᠍ᠰᠠᠨ ᠬᠠᠲᠠᠭᠤ ᠴᠢᠨᠠᠷ᠎ᠢ ᠵᠠᠯᠭᠠᠮᠵᠢᠯᠠᠵᠤ᠂ ᠬᠠᠷᠢᠮᠠᠬᠠᠶ ᠴᠢᠨᠠᠷ ᠪᠠ ᠵᠣᠬᠢᠴᠠᠬᠤ ᠴᠢᠨᠠᠷ᠎ᠢ ᠬᠥᠭ᠌ᠵᠢᠭᠦᠯᠦᠨ᠎ᠡ᠃ ᠲᠣᠰ ᠤᠳᠠᠭᠠᠨ᠎ᠤ ᠨᠠᠷᠢᠨ ᠲᠥᠯᠥᠪᠵᠢᠭᠦᠯᠭᠡ᠎ᠶ᠋ᠢ ᠱᠢᠯᠢᠳᠡᠭ᠌ᠵᠢᠭᠦᠯᠬᠦ᠌ ᠠᠷᠭ᠎ᠠ ᠬᠡᠯᠪᠡᠷᠢ᠎ᠶ᠋ᠢ ᠨᠠᠩ ᠣᠯᠠᠨ ᠡᠱᠢᠵᠢᠭᠦᠯᠵᠦ᠍᠂ ᠲᠥᠯᠥᠪᠵᠢᠭᠦᠯᠭᠡ ᠳᠠᠪᠬᠤᠷᠳᠠᠬᠤ ᠮᠥᠷᠭᠥᠯᠳᠦᠭᠡᠨ᠎ᠡᠴᠡ ᠵᠠᠢᠯᠠᠰᠭᠢᠵᠦ᠍᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠦᠨ᠎ᠡ; ᠲᠣᠬᠢᠷᠠᠭᠤᠯᠬᠤ ᠠᠷᠭ᠎ᠠ ᠵᠠᠮ᠎ᠢ ᠨᠠᠩ ᠱᠢᠯᠢᠳᠡᠭ᠌ᠵᠢᠭᠦᠯᠵᠦ᠍᠂ ᠣᠯᠠᠨ ᠨᠡᠢᠲᠡ᠎ᠶ᠋ᠢᠨ ᠣᠷᠣᠯᠴᠠᠯᠭ᠎ᠠ ᠪᠠ ᠬᠢᠨᠠᠯᠲᠠ ᠲᠠᠯᠪᠢᠬᠤ ᠠᠷᠭ᠎ᠠ ᠮᠠᠶᠢᠭ᠎ᠢ ᠲᠡᠭᠦᠯᠳᠡᠷᠵᠢᠭᠦᠯᠬᠦ ᠲᠠᠢ ᠤᠶᠠᠯᠳᠤᠭᠤᠯᠵᠤ ᠱᠢᠯᠢᠳᠡᠭ᠌ᠵᠢᠭᠦᠯᠦᠨ ᠲᠣᠬᠢᠷᠠᠭᠤᠯᠤᠨ᠎ᠠ; ᠠᠵᠤ ᠦᠢᠯᠡᠰ᠎ᠦᠨ ᠬᠥᠭ᠌ᠵᠢᠯᠲᠡ᠎ᠶ᠋ᠢ ᠨᠡᠩ ᠠᠮᠢᠳᠤᠯᠢᠭ ᠪᠣᠯᠭᠠᠵᠤ᠂ ᠱᠢᠨ᠎ᠡ ᠠᠵᠤ ᠦᠢᠯᠡᠰ ᠱᠢᠨ᠎ᠡ ᠡᠵᠡᠩᠨᠡᠯᠲᠡ᠎ᠶ᠋ᠢᠨ ᠬᠡᠯᠪᠡᠷᠢ ᠵᠢᠨ ᠬᠥᠭ᠌ᠵᠢᠯᠲᠡ᠎ᠶ᠋ᠢᠨ ᠬᠡᠷᠡᠭ᠌ᠴᠡᠭᠡ᠎ᠳᠦ ᠵᠣᠬᠢᠴᠠᠭᠤᠯᠤᠨ᠎ᠠ; ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠨᠠᠩ ᠳᠥᠭᠥᠮ ᠲᠦᠷᠬᠡᠨ ᠪᠣᠯᠵᠣ᠂ ᠴᠠᠬᠢᠯᠭᠠᠨ ᠱᠠᠲᠤ ᠤᠭᠰᠠᠷᠠᠬᠤ᠂ ᠰᠠᠭᠠᠳ ᠥᠬᠡᠶ ᠲᠤᠨᠤᠭ ᠲᠦᠬᠦᠭᠡᠷᠦᠮᠵᠢ᠂ ᠰᠠᠭᠤᠭᠠᠯᠢ ᠠᠷᠠᠳ᠎ᠤᠨ ᠲᠣᠭᠣᠷᠢᠭ᠎ᠤᠨ ᠨᠣᠭᠣᠭᠠᠷᠠᠭᠤᠯᠤᠯᠲᠠ᠎ᠶ᠋ᠢᠨ ᠲᠠᠯᠠᠪᠤᠷ᠂ ᠪᠡᠶ᠎ᠡ ᠴᠢᠭᠢᠷᠠᠭ᠍ᠵᠢᠭᠤᠯᠬᠤ ᠶᠠᠪᠠᠭᠠᠨ ᠵᠠᠮ ᠵᠡᠷᠭᠡ ᠨᠡᠢᠭᠡᠮ ᠲᠣᠭᠣᠷᠢᠭ᠎ᠤᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠴᠢᠳᠠᠮᠵᠢ᠎ᠶ᠋ᠢ ᠰᠠᠢᠵᠢᠷᠠᠭᠤᠯᠬᠤ ᠪᠢᠴᠢᠯ ᠱᠢᠨᠡᠴᠢᠯᠡᠯᠲᠡ᠎ᠶ᠋ᠢᠨ ᠲᠥᠷᠥᠯ ᠵᠦᠶ᠋ᠯ᠎ᠳᠦ ᠭᠠᠯ᠎ᠢ ᠰᠡᠷᠭᠡᠢᠯᠡᠵᠦ ᠭᠠᠯ ᠤᠨᠲᠠᠷᠠᠭᠠᠬᠤ᠂ ᠡᠷᠡᠭᠦᠯ ᠬᠠᠮᠠᠭᠠᠯᠠᠯ ᠵᠡᠷᠭᠡ ᠣᠯᠠᠨ ᠨᠡᠢᠲᠡ᠎ᠶ᠋ᠢᠨ ᠠᠮᠤᠷ ᠲᠦᠪᠱᠢᠨ ᠪᠠ ᠣᠯᠠᠨ ᠨᠡᠢᠲᠡ᠎ᠶ᠋ᠢᠨ ᠠᠱᠢᠭ ᠲᠤᠰᠠ᠎ᠶ᠋ᠢ ᠪᠠᠲᠤᠯᠠᠭ᠍ᠰᠠᠨ ᠤᠷᠢᠲᠠᠯ ᠳᠤᠤᠷ᠎ᠠ᠂ ᠲᠥᠯᠥᠪᠵᠢᠭᠦᠯᠭᠡ᠎ᠶ᠋ᠢ ᠵᠥᠪᠱᠢᠶᠡᠷᠡᠬᠦ ᠶᠠᠪᠤᠴᠠ᠎ᠡᠴᠡ ᠬᠡᠯᠲᠦᠷᠢᠭᠦᠯᠵᠦ᠍᠂ ᠬᠡᠷᠡᠭ᠌ᠵᠢᠭᠦᠯᠬᠦ᠌ ᠠᠬᠢᠴᠠ᠎ᠶ᠋ᠢ ᠲᠦᠷᠭᠡᠳᠭᠡᠨ ᠱᠢᠨᠡᠳᠭᠡᠵᠦ᠍᠂ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠨ᠎ᠠ ᠭᠡᠪᠡ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 1 ᠰᠠᠷ᠎ᠠ᠎ᠶ᠋ᠢᠨ 20 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号