ᠪᠥᠬᠥ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠭᠠᠯ ᠰᠡᠷᠬᠡᠢᠯᠡᠵᠦ ᠭᠠᠯ ᠤᠨᠲᠠᠷᠠᠭᠠᠬᠤ ᠪᠤᠯᠪᠠᠰᠤᠷᠠᠯ ᠶᠠᠪᠤᠭᠳᠠᠵᠠᠢ
2026-01-25 12:37:59
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠪᠥᠬᠥ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠥᠨᠳᠥᠷ ᠪᠠᠷᠢᠯᠭ᠎ᠠ᠎ᠶᠢᠨ ᠠᠰᠠᠷ᠎ᠤᠨ ᠬᠦᠨᠳᠦ ᠶᠡᠬᠡ ᠭᠠᠯ᠎ᠤᠨ ᠭᠠᠮᠰᠢᠭ᠋᠎ᠤᠨ ᠲᠦᠭᠰᠢᠭᠦᠷᠢ᠎ᠶᠢᠨ ᠳᠠᠯᠳᠠ ᠬᠡᠮ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ ᠴᠢᠳᠠᠪᠤᠷᠢ᠎ᠶᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠬᠥᠬᠡᠬᠣᠲᠠ᠎ᠳᠤ ᠶᠠᠪᠤᠭᠳᠠᠪᠠ᠃

ᠲᠣᠰ ᠪᠣᠯᠪᠠᠰᠤᠷᠠᠯ ᠨᠢ ᠭᠠᠯ ᠰᠡᠷᠬᠡᠢᠯᠡᠨ ᠭᠠᠯ ᠤᠨᠲᠠᠷᠠᠭᠠᠬᠤ ᠠᠮᠤᠷ ᠲᠦᠪᠰᠢᠨ ᠬᠢᠭᠡᠳ ᠪᠠᠷᠢᠯᠭ᠎ᠠ᠎ᠶᠢᠨ ᠭᠠᠯ ᠰᠡᠷᠭᠡᠢᠯᠡᠬᠦ ᠭᠣᠣᠯ ᠠᠭᠤᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠭᠠᠯ ᠰᠡᠷᠬᠡᠢᠯᠡᠬᠥ  ᠭᠠᠯ ᠤᠨᠲᠠᠷᠠᠭᠠᠬᠤ ᠠᠮᠤᠷ ᠲᠦᠪᠰᠢᠨ᠎ᠦ ᠪᠠᠢᠴᠠᠭᠠᠯᠲᠠ᠂ ᠭᠠᠯ᠎ᠤᠨ ᠭᠠᠮᠰᠢᠭ᠋᠎ᠤᠨ ᠡᠨᠳᠡᠯ᠎ᠦᠨ ᠪᠠᠢᠴᠠᠭᠠᠯᠲᠠ ᠵᠢᠴᠢ ᠭᠠᠯ ᠤᠨᠲᠠᠷᠠᠭᠠᠬᠤ ᠠᠮᠤᠷ ᠲᠦᠪᠰᠢᠨ᠎ᠦ ᠰᠤᠳᠤᠯᠭᠠᠨ ᠵᠡᠷᠭᠡ ᠬᠦᠷᠢᠶᠡᠨ᠎ᠳᠡᠬᠢ ᠲᠤᠰᠬᠠᠢ ᠮᠡᠷᠭᠡᠵᠢᠯᠲᠡᠨ᠎ᠢ ᠤᠷᠢᠵᠤ ᠬᠢᠴᠢᠶᠡᠯ ᠣᠷᠣᠭᠤᠯᠪᠠ᠃ ᠪᠣᠯᠪᠠᠰᠤᠷᠠᠯ᠎ᠨᠢ 《ᠤᠷᠢᠳ ᠵᠢᠡᠷ ᠣᠨᠣᠯ᠎ᠤᠨ ᠰᠤᠷᠤᠯᠴᠠᠯᠭ᠎ᠠ ᠬᠢᠬᠦ᠂ ᠳᠠᠷᠠᠭ᠎ᠠ ᠨᠢ ᠪᠣᠳᠠᠲᠠᠢ ᠪᠣᠯᠪᠠᠰᠤᠷᠠᠯ ᠰᠣᠷᠢᠯᠲᠠ ᠬᠢᠬᠦ᠂ ᠠᠬᠢᠭᠠᠳ ᠬᠢᠨᠠᠨ ᠰᠢᠯᠭᠠᠵᠤ ᠦᠨᠡᠯᠡᠨ ᠵᠢᠱ᠌ᠢᠬᠦ》ᠵᠠᠭᠪᠤᠷ᠎ᠢ ᠠᠪᠴᠤ᠂ ᠪᠣᠯᠪᠠᠰᠤᠷᠠᠯ᠎ᠳᠤ ᠣᠷᠣᠯᠴᠠᠭᠰᠠᠳ᠎ᠤᠨ ᠭᠠᠯ᠎ᠤᠨ ᠭᠠᠮᠰᠢᠭ᠋᠎ᠤᠨ ᠳᠠᠯᠳᠠ ᠬᠡᠮ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ᠂ ᠠᠩᠬ᠎ᠠ ᠡᠬᠦᠰᠦᠭᠰᠡᠨ ᠭᠠᠯ᠎ᠤᠨ ᠠᠶᠤᠯ᠎ᠢ ᠵᠣᠬᠢᠶᠠᠨ ᠪᠠᠢᠭᠤᠯᠤᠯᠲᠠ ᠲᠠᠢ ᠤᠡᠳᠠᠷᠠᠭᠠᠬᠤ᠂ ᠬᠥᠮᠥᠰ᠎ᠢ ᠳᠠᠷᠬᠠᠭᠠᠨ ᠵᠠᠢᠯᠠᠭᠤᠯᠬᠤ ᠵᠢᠴᠢ ᠭᠠᠯ ᠰᠡᠷᠬᠡᠢᠯᠡᠨ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠵᠡᠷᠭᠡ ᠲᠠᠯ᠎ᠠ᠎ᠶᠢᠨ ᠲᠤᠰᠬᠠᠢ ᠮᠡᠷᠭᠡᠵᠢᠯ᠎ᠦᠨ ᠴᠢᠳᠠᠪᠤᠷᠢ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠬᠦ᠎ᠪᠡᠷ ᠵᠣᠷᠢᠯᠭ᠎ᠠ᠎ᠪᠠᠨ ᠪᠣᠯᠭᠠᠵᠠᠢ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ᠂  ᠶᠡᠬᠡ ᠳᠡᠭᠡᠳᠦ ᠰᠤᠷᠭᠠᠭᠤᠯᠢ᠎ᠶᠢᠨ ᠥᠨᠳᠥᠷ ᠪᠠᠷᠢᠯᠭ᠎ᠠ᠎ᠶᠢᠨ ᠠᠰᠠᠷ᠎ᠤᠨ ᠭᠠᠯ ᠤᠨᠲᠠᠷᠠᠭᠠᠬᠤ ᠠᠮᠤᠷ ᠲᠦᠪᠰᠢᠨ᠎ᠦ ᠠᠵᠢᠯ᠎ᠤᠨ ᠲᠤᠢᠯ᠎ᠤᠨ ᠴᠢᠬᠤᠯᠠ ᠴᠢᠨᠠᠷ ᠲᠤᠯᠭᠠᠮ ᠴᠢᠨᠠᠷ᠎ᠢ ᠭᠦᠨᠵᠡᠭᠡᠢ ᠲᠠᠨᠢᠵᠤ᠂ ᠣᠳᠣᠬᠠᠨ᠎ᠳᠤ ᠲᠤᠯᠭᠠᠷᠠᠵᠤ ᠪᠠᠢᠭ᠎ᠠ ᠲᠣᠪᠣᠢᠮ᠎ᠠ ᠲᠦᠭᠰᠢᠭᠦᠷᠢ ᠬᠢᠭᠡᠳ ᠥᠷᠢᠰᠦᠯᠳᠦᠭᠡᠨ᠎ᠢ ᠣᠨᠣᠪᠴᠢᠲᠠᠶ ᠡᠵᠡᠮᠳᠡᠨ᠂ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠰᠢᠨ᠎ᠡ ᠪᠠᠢᠳᠠᠯ᠂ ᠰᠢᠨ᠎ᠡ ᠱᠠᠭᠠᠷᠳᠠᠯᠭ᠎ᠠ᠎ᠳᠤ ᠰᠠᠨᠠᠭᠠᠴᠢᠯᠠᠭ᠎ᠠ ᠠ᠋ᠴᠠ᠎ᠪᠠᠨ ᠵᠣᠬᠢᠴᠠᠬᠤ ᠬᠡᠷᠡᠭᠲᠡᠢ᠃ ᠶᠡᠬᠡ ᠳᠡᠭᠡᠳᠦ ᠰᠤᠷᠭᠠᠭᠤᠯᠢ᠎ᠶᠢᠨ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠬᠠᠮᠢᠶᠠᠷᠤᠯᠲᠠ᠎ᠶᠢᠨ ᠵᠠᠭᠪᠤᠷ᠎ᠢ 《ᠰᠠᠨᠠᠭᠠᠴᠢᠯᠠᠭ᠎ᠠ᠎ᠲᠠᠢ᠎ᠪᠠᠷ ᠠᠷᠭᠠᠴᠠᠭᠠᠬᠤ》 ᠠ᠋ᠴᠠ 《ᠰᠠᠨᠠᠭᠠᠴᠢᠯᠠᠭ᠎ᠠ ᠠ᠋ᠴᠠ᠎ᠪᠠᠨ ᠰᠡᠷᠭᠡᠢᠯᠡᠨ ᠡᠵᠡᠮᠳᠡᠬᠦ》 ᠳᠠᠢᠰᠢ ᠬᠤᠪᠢᠷᠠᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠡᠯ᠎ᠡ ᠶᠡᠬᠡ ᠳᠡᠭᠡᠳᠦ ᠰᠤᠷᠭᠠᠭᠤᠯᠢ᠎ᠨᠤᠭᠤᠳ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠤᠷᠢᠳᠴᠢᠯᠠᠨ ᠰᠡᠷᠭᠡᠢᠯᠡᠬᠦ᠎ᠶᠢ ᠬᠦᠴᠦᠯᠡᠨ ᠴᠢᠩᠭᠠᠳᠬᠠᠵᠤ᠂ ᠭᠠᠯ ᠰᠡᠷᠬᠡᠢᠯᠡᠵᠦ ᠭᠠᠯ ᠤᠨᠲᠠᠷᠠᠭᠠᠬᠤ ᠬᠢᠨᠠᠯᠲᠠ ᠪᠠᠢᠴᠠᠭᠠᠯᠲᠠ᠎ᠶᠢᠨ ᠲᠠᠰ ᠳᠠᠷᠠᠭᠠᠯᠠᠯ ᠪᠠ ᠠᠭᠤᠯᠭ᠎ᠠ᠎ᠶᠢ ᠪᠣᠯᠪᠠᠰᠤᠷᠠᠩᠭᠤᠢ ᠡᠵᠡᠮᠰᠢᠵᠦ᠂ ᠰᠢᠨᠵᠢᠯᠡᠬᠦ ᠤᠬᠠᠭᠠᠨᠴᠢ ᠠᠷᠭ᠎ᠠ᠎ᠶᠢ ᠬᠡᠷᠡᠭᠯᠡᠨ ᠪᠥᠬᠥ ᠲᠠᠯ᠎ᠠ᠎ᠶᠢᠨ ᠰᠢᠰᠲᠧᠮ᠎ᠲᠠᠢ ᠲᠦᠭᠰᠢᠭᠦᠷᠢ᠎ᠶᠢ ᠦᠨᠡᠯᠡᠨ ᠵᠢᠱ᠌ᠢᠬᠦ ᠪᠠ ᠢᠯᠭᠠᠨ ᠲᠠᠨᠢᠬᠤ᠎ᠶᠢ ᠥᠷᠨᠢᠭᠦᠯᠵᠦ᠂ ᠬᠦᠨᠳᠦ ᠶᠡᠬᠡ ᠭᠠᠯ᠎ᠤᠨ ᠭᠠᠮᠰᠢᠭ᠋᠎ᠤᠨ ᠳᠠᠯᠳᠠ ᠬᠡᠮ᠎ᠢ ᠣᠨᠣᠪᠴᠢᠲᠠᠶ ᠮᠠᠭᠠᠳᠯᠠᠨ ᠲᠣᠭᠲᠠᠭᠠᠵᠤ᠂ ᠨᠠᠷᠢᠯᠢᠭ᠋ ᠣᠨᠣᠴᠠᠲᠠᠢ᠎ᠪᠠᠷ ᠵᠢᠭ᠍ᠰᠠᠭᠠᠨ ᠪᠠᠢᠴᠠᠭᠠᠬᠤ ᠪᠠ ᠵᠢᠷᠤᠮᠵᠢᠭᠤᠯᠤᠨ ᠴᠡᠭᠴᠡᠯᠡᠨ ᠵᠠᠰᠠᠬᠤ  ᠴᠢᠳᠠᠪᠤᠷᠢ᠎ᠪᠠᠨ ᠦᠨᠡᠨ ᠎ᠬᠦ ᠳᠡᠭᠡᠭᠰᠢᠯᠡᠭᠦᠯᠬᠦ ᠬᠡᠷᠡᠭᠲᠡᠢ᠃ ᠡᠭᠦᠨ᠎ᠡᠴᠡ ᠭᠠᠳᠠᠨ᠎ᠠ᠂ ᠥᠨᠳᠥᠷ ᠠᠰᠠᠷ ᠪᠠᠷᠢᠯᠭ᠎ᠠ᠎ᠶᠢᠨ ᠭᠠᠯ ᠤᠨᠲᠠᠷᠠᠭᠠᠵᠤ ᠠᠶᠤᠯ ᠠ᠋ᠴᠠ ᠠᠪᠤᠷᠠᠬᠤ ᠣᠨᠴᠠᠯᠢᠭ᠋ ᠵᠢᠴᠢ ᠬᠥᠮᠥᠰ᠎ᠢ ᠲᠠᠷᠬᠠᠭᠠᠵᠤ ᠵᠠᠢᠯᠠᠭᠤᠯᠬᠤ ᠭᠣᠣᠯᠳᠠᠯᠭ᠎ᠠ᠎ᠶᠢ ᠭᠣᠣᠯᠳᠠᠯᠭ᠎ᠠ᠎ᠲᠠᠢ ᠰᠤᠷᠤᠯᠴᠠᠵᠤ᠂ ᠪᠠᠴᠢᠮ ᠪᠠᠢᠳᠠᠯ᠎ᠢ ᠠᠷᠭᠠᠴᠠᠭᠠᠨ ᠲᠠᠷᠬᠠᠭᠠᠬᠤ ᠲᠥᠰᠥᠯ᠎ᠢ ᠰᠢᠨᠵᠢᠯᠡᠬᠦ ᠤᠬᠠᠭᠠᠨᠴᠢ᠎ᠪᠠᠷ ᠲᠣᠭᠲᠠᠭᠠᠨ ᠵᠠᠰᠠᠵᠤ᠂ ᠪᠣᠳᠠᠲᠤ ᠪᠠᠢᠳᠠᠯ ᠳᠠᠢ ᠲᠦᠰᠦᠭᠡᠳᠡᠢ ᠪᠠᠴᠢᠮ ᠪᠠᠢᠳᠠᠯ᠎ᠢ ᠠᠷᠭᠠᠴᠠᠭᠠᠬᠤ ᠰᠣᠷᠢᠯᠲᠠ᠎ᠶᠢ ᠵᠣᠬᠢᠶᠠᠨ ᠪᠠᠢᠭᠤᠯᠤᠨ ᠥᠷᠨᠢᠭᠦᠯᠵᠦ᠂ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠲᠦᠪᠰᠢᠨ ᠬᠢᠭᠡᠳ ᠪᠠᠭ᠍ᠰᠢ ᠰᠤᠷᠤᠭ᠍ᠴᠢᠳ᠎ᠤᠨ ᠥᠪᠡᠷ᠎ᠢ᠎ᠪᠡᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ ᠬᠡᠵᠦ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号