ᠰᠠᠢᠬᠠᠨ ᠲᠣᠭᠣᠷᠢᠭ ᠡᠪᠦᠯ᠎ᠤᠨ ᠠᠮᠠᠷᠠᠯᠲᠠ ᠵᠢᠨ ᠬᠤᠭᠤᠴᠠᠭᠠᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠪᠠᠶᠡᠴᠢᠯᠡᠨ ᠤᠢᠯᠠᠭᠠᠬᠤ ᠠᠵᠢᠯᠯᠠᠭ᠎ᠠ᠎ᠦᠷᠨᠢᠬᠦᠯᠪᠡ
2026-01-25 12:50:40
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠤᠢᠷ᠎ᠡ᠎ᠳᠦ᠂ ᠰᠤᠷᠪᠤᠯᠵᠢᠯᠠᠭ᠍ᠴᠢ ᠬᠥᠬᠡᠬᠣᠲᠠ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠢᠭᠡᠮᠯᠢᠭ᠎ᠡᠴᠡ ᠣᠢᠯᠠᠭᠠᠭ᠍ᠰᠠᠨ᠎ᠢᠶᠠᠷ᠂ ᠬᠠᠷᠢᠶ᠎ᠠ ᠣᠷᠣᠨ᠎ᠤ ᠨᠠᠰᠤᠨ᠎ᠳᠤ ᠥᠯᠥ᠍ ᠭᠦᠷᠦᠭ᠌ᠰᠡᠳ᠎ᠦᠨ ᠡᠪᠦᠯ᠎ᠦᠨ ᠠᠮᠠᠷᠠᠯᠲᠠ᠎ᠶ᠋ᠢᠨ ᠠᠮᠢᠳᠤᠷᠠᠯ᠎ᠢ ᠪᠠᠶᠠᠯᠢᠭ᠍ᠵᠢᠭᠤᠯᠵᠤ᠂ ᠤᠯᠠᠮᠵᠢᠯᠠᠯᠲᠤ ᠰᠣᠶᠣᠯ ᠬᠢᠭᠡᠳ ᠱᠢᠨᠵᠢᠯᠡᠬᠦ᠌ ᠤᠬᠠᠭᠠᠨ ᠎ᠤ᠋ ᠮᠡᠳᠡᠯᠭᠡ᠎ᠶ᠋ᠢᠨ ᠠᠭᠤᠰᠤᠯᠴᠠᠯ᠎ᠢ ᠠᠬᠢᠭᠤᠯᠬᠤ᠎ᠶ᠋ᠢᠨ ᠲᠥᠯᠥᠭᠡ ᠬᠦᠬᠡᠬᠤᠳᠠ ᠵᠢᠨ ᠰᠠᠢᠬᠠᠨ ᠲᠣᠭᠣᠷᠢᠭ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠢᠭᠡᠮᠯᠢᠭ ᠬᠥᠬᠡᠬᠣᠲᠠ᠎ᠶ᠋ᠢᠨ ᠵᠠᠯᠠᠭᠤᠴᠤᠳ ᠪᠠᠭᠠᠴᠤᠳ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠨᠡᠢᠭᠡᠮᠯᠢᠭ ᠵᠡᠷᠭᠡ ᠨᠢᠭᠡᠴᠢ ᠲᠡᠶ ᠬᠠᠮᠲᠤᠷᠠᠨ᠂ ᠡᠪᠦᠯ᠎ᠦᠨ ᠠᠮᠠᠷᠠᠯᠲᠠ᠎ᠶ᠋ᠢᠨ ᠬᠤᠭᠤᠴᠠᠭᠠᠨ᠎ᠤ ᠨᠠᠰᠤᠨ᠎ᠳᠤ ᠥᠯᠥ᠍ ᠭᠦᠷᠦᠭ᠌ᠰᠡᠳ ᠲᠸ᠋ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠦᠶ᠋ᠯᠡᠳᠦᠯᠭᠡ᠎ᠶ᠋ᠢᠨ ᠱᠢᠷᠢᠰ ᠠᠵᠢᠯᠯᠠᠭ᠎ᠠ ᠦᠷᠨᠢᠬᠦᠯᠪᠡ᠃

ᠣᠢᠯᠠᠭᠠᠭ᠍ᠰᠠᠨ᠎ᠢᠶᠠᠷ᠂ ᠰᠠᠢᠬᠠᠨ ᠲᠣᠭᠣᠷᠢᠭ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠠᠵᠢᠯᠯᠠᠭ᠎ᠠ᠎ᠶ᠋ᠢᠨ ᠲᠥᠪ᠎ᠲᠦ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠢᠭᠡᠮᠯᠢᠭ᠎ᠦᠨ ᠲᠤᠰᠭᠠᠶ ᠮᠡᠷᠭᠡᠵᠢᠯ᠎ᠦᠨ ᠠᠵᠢᠯᠲᠠᠳ ᠡᠴᠡ ᠬᠡᠦᠬᠡᠳ ᠪᠠ ᠬᠡᠷ᠎ᠦᠨ ᠠᠬᠠᠮᠠᠳ᠎ᠲᠤ ᠦᠨᠤᠷᠳᠤ ᠫᠠᠢᠰᠠ᠎ᠶ᠋ᠢᠨ ᠲᠡᠦᠬᠡ ᠪᠠ ᠦᠶ᠋ᠯᠡᠳᠬᠦ᠌ ᠣᠭ ᠶᠣᠰᠣ᠎ᠶ᠋ᠢ ᠨᠠᠷᠢᠨ ᠲᠠᠢᠯᠪᠤᠷᠢᠯᠠᠵᠤ ᠥᠭ᠌ᠪᠡ᠃ ᠪᠣᠳᠠᠲᠠᠶ ᠬᠢᠬᠦ᠌ ᠭᠣᠭ᠍ᠴᠣᠭ᠎ᠠ᠎ᠳᠤ᠂ ᠣᠯᠠᠨ᠎ᠢᠶᠠᠷ᠎ᠢᠶᠠᠨ ᠳᠤᠭᠤᠢᠯᠠᠩ ᠬᠤᠪᠢᠶᠠᠨ ᠬᠠᠮᠵᠢᠯᠴᠠᠵᠤ᠂ ᠱᠢᠪᠠᠷ᠎ᠢ ᠬᠡᠪ᠎ᠲᠦ ᠣᠷᠣᠭᠤᠯᠤᠨ᠂ ᠳᠠᠷᠤᠱᠢᠭᠤᠯᠤᠨ ᠬᠡᠪᠱᠢᠭᠦᠯᠵᠦ᠍᠂ ᠬᠡᠪ᠎ᠡᠴᠡ ᠰᠠᠯᠭᠠᠨ ᠵᠠᠰᠠᠨ ᠤᠷᠠᠯᠠᠵᠤ᠂ ᠦᠨᠤᠷᠳᠤ ᠫᠠᠢᠰᠠ ᠦᠶ᠋ᠯᠡᠳᠬᠦ᠌᠎ᠶ᠋ᠢ ᠬᠠᠮᠵᠢᠯᠴᠠᠨ ᠪᠡᠶᠡᠯᠡᠭᠦᠯᠵᠤ᠂ ᠲᠤᠬᠠᠢ᠎ᠶ᠋ᠢᠨ ᠲᠠᠯᠠᠪᠠᠢ᠎ᠳᠤ ᠬᠦᠷ ᠬᠦᠭᠵᠢᠶᠠᠨ᠎ᠢᠶᠡᠷ ᠪᠢᠯᠬᠠᠵᠤ ᠪᠠᠢᠯ᠎ᠠ᠃ 《ᠭᠠᠷ ᠤᠷᠠᠯᠠᠯ᠎ᠢᠶᠠᠷ ᠰᠣᠶᠣᠯ᠎ᠢ ᠤᠬᠠᠵᠤ᠂ ᠱᠢᠨᠵᠢᠯᠡᠬᠦ᠌ ᠤᠬᠠᠭᠠᠨ᠎ᠢᠶᠠᠷ ᠤᠯᠠᠮᠵᠢᠯᠠᠯᠳᠤ ᠰᠤᠶᠤᠯ᠎ᠢ ᠤᠯᠠᠮᠵᠢᠯᠠᠨ ᠪᠠᠳᠠᠷᠠᠭᠤᠯᠬᠤ》᠂ ᠵᠠᠯᠠᠭᠤᠴᠤᠳ ᠪᠠᠭᠠᠴᠤᠳ ᠦᠨᠤᠷᠳᠤ ᠫᠠᠢᠰᠠ ᠦᠶ᠋ᠯᠡᠳᠬᠦ᠌ ᠳᠤᠮᠳᠠ ᠤᠯᠠᠮᠵᠢᠯᠠᠯᠲᠤ ᠰᠣᠶᠣᠯ᠎ᠤᠨ ᠠᠮᠢᠵᠢᠷᠠᠯ᠎ᠤᠨ ᠬᠦᠴᠦᠨ᠎ᠢ ᠬᠦᠢᠴᠡᠳ ᠮᠡᠳᠡᠷᠡᠪᠠ᠃ ᠡᠷᠲᠡᠨ᠎ᠦ ᠲᠠᠷᠢᠶᠠᠯᠠᠩ᠎ᠤᠨ ᠪᠠᠭᠠᠵᠢ᠎ᠠᠴᠠ ᠦᠨᠳᠦᠰᠦᠲᠡᠨ᠎ᠦ ᠬᠦᠭ᠌ᠵᠢᠮᠳᠡᠬᠦᠷ᠂ ᠲᠡᠦᠬᠡ᠎ᠶ᠋ᠢᠨ ᠦᠵᠡᠭᠦᠯᠭᠡ᠎ᠶ᠋ᠢᠨ ᠡᠳ᠋ ᠬᠦᠷᠲᠡᠯ᠎ᠡ ᠬᠡᠦᠬᠡᠳ᠎ᠦᠳ ᠬᠢᠨᠠᠮᠠᠭᠠᠢ ᠰᠣᠨᠣᠰᠴᠤ᠌᠂ ᠨᠢᠮᠪᠠᠢ ᠠᠵᠢᠭ᠍ᠯᠠᠵᠤ᠂ ᠢᠳᠡᠪᠬᠢᠲᠡᠢ ᠠᠰᠠᠭᠤᠯᠲᠠ ᠠᠰᠠᠭᠤᠵᠤ᠂ ᠤᠯᠠᠮᠵᠢᠯᠠᠯᠲᠤ ᠰᠣᠶᠣᠯ᠎ᠢ ᠪᠤᠳᠠᠳᠠᠢ ᠪᠠᠶᠡᠴᠢᠯᠡᠨ ᠤᠢᠯᠠᠭᠠᠪᠠ᠃ ᠲᠣᠰ ᠠᠵᠢᠯᠯᠠᠭ᠎ᠠ᠎ᠨᠢ 《ᠦᠶ᠋ᠯᠡᠳᠦᠯᠭᠡ + ᠲᠣᠭᠣᠷᠢᠨ ᠦᠵᠡᠬᠦ᠌》ᠵᠠᠭ᠍ᠪᠤᠷ᠎ᠢ ᠬᠡᠷᠡᠭ᠌ᠯᠡᠵᠦ᠍᠂ ᠵᠠᠯᠠᠭᠤᠴᠤᠳ ᠪᠠᠭᠠᠴᠤᠳ᠎ᠲᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠷᠢᠳᠢ ᠱᠢᠳᠢ᠎ᠶ᠋ᠢ ᠣᠢᠯᠠᠭᠠᠭᠤᠯᠵᠤ᠂ ᠮᠡᠳᠡᠯᠭᠡ ᠡᠵᠡᠮᠱᠢᠭᠦᠯᠬᠦ᠌᠎ᠶ᠋ᠢᠨ ᠬᠠᠮᠲᠤ ᠪᠠᠰᠠ ᠬᠡᠷ᠎ᠦᠨ ᠠᠬᠠᠮᠠᠳ ᠪᠠ ᠦᠷ᠎ᠡ ᠬᠡᠦᠬᠡᠳ᠎ᠲᠦ ᠬᠠᠷᠢᠯᠴᠠᠨ ᠦᠶ᠋ᠯᠡᠳᠦᠯᠴᠡᠬᠦ᠌ ᠲᠠᠪᠴᠠᠩ᠎ᠢ ᠬᠠᠨᠭᠭᠠᠵᠤ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠦᠳᠭᠡᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号