ᠡᠷᠴᠢ ᠪᠠᠨ ᠴᠢᠩᠭᠠᠯᠠᠵᠦ ᠡᠷᠡᠮᠡᠬᠡᠢᠯᠡᠨ ᠤᠷᠤᠭ᠍ᠰᠢᠯᠠᠵᠤ ᠬᠦᠴᠢᠷ ᠢ᠋ ᠲᠤᠭᠤᠯᠤᠨ ᠪᠡᠷᠬᠡ ᠵᠢ ᠳᠠᠪᠠᠵᠤ ᠡᠨᠧᠷᠭᠢ ᠶ᠋ᠢᠨ ᠴᠢᠨᠠᠷ ᠰᠠᠢᠲᠠᠶ ᠬᠥᠭ᠌ᠵᠢᠯᠲᠡ ᠵᠢ ᠱᠢᠨ᠎ᠡ ᠳᠡᠭ᠌ᠲᠡᠷ ᠲᠦ᠍ ᠭᠠᠷᠭᠠᠬᠤ ᠵᠢ ᠯᠠᠪᠳᠠᠭᠤᠨ ᠪᠠᠲᠤᠲᠠᠶ ᠠᠬᠢᠭᠤᠯᠤᠨ᠎ᠠ
2026-01-25 11:07:34
ᠵᠣᠬᠢᠶᠠᠭ᠍ᠴᠢ᠄
ᠺᠠᠩ ᠯᠢ ᠨᠠ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ ᠤ᠋ ᠡᠨᠧᠷᠭᠢ ᠶ᠋ᠢᠨ ᠲᠣᠪᠴᠢᠶ᠎ᠠ ᠵᠢᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ  ᠲᠣᠪᠴᠢᠶᠠᠨ ᠳᠠᠷᠤᠭ᠎ᠠ ᠼᠤᠤ ᠰᠧ ᠶᠠᠩ ᠢ᠋ ᠰᠤᠷᠪᠤᠯᠵᠢᠯᠠᠭ᠍ᠰᠠᠨ ᠨᠢ


ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠶ᠋ᠢᠨ ᠠᠷᠪᠠᠨ ᠨᠢᠭᠡᠳᠦᠭᠡᠷ ᠬᠤᠭᠤᠴᠠᠭᠠᠨ ᠤ᠋ ᠠᠷᠪᠠᠨ ᠨᠢᠭᠡᠳᠦᠭᠡᠷ ᠤᠳᠠᠭ᠎ᠠ ᠶ᠋ᠢᠨ ᠪᠦᠭᠦᠳᠡ ᠬᠤᠷᠠᠯ ᠵᠢᠴᠢ ᠪᠦᠬᠦ᠌ ᠣᠷᠣᠨ ᠤ᠋ ᠠᠵᠤ ᠠᠬᠤᠶ ᠶ᠋ᠢᠨ ᠠᠵᠢᠯ ᠤ᠋ᠨ ᠬᠤᠷᠠᠯ ᠨᠢ ᠠᠯᠤᠰ ᠬᠡᠳᠦ᠍ ᠶ᠋ᠢᠨ ᠵᠣᠭ᠍ᠰᠣᠴᠠ ᠲᠠᠶ᠂ ᠭᠣᠣᠯᠳᠠᠯᠭ᠎ᠠ ᠲᠤᠪᠤᠢᠮ᠎ᠠ᠂ ᠪᠣᠳᠠᠲᠠᠶ ᠵᠢ ᠡᠷᠬᠢᠮᠯᠡᠵᠤ᠂ ᠤᠷᠤᠨ ᠲᠠᠶᠠᠭᠠᠷ ᠤ᠋ᠨ ᠣᠳᠣᠬᠠᠨ ᠪᠠ ᠬᠣᠢᠱᠢᠳᠠ ᠶ᠋ᠢᠨ ᠨᠢᠭᠡ ᠬᠤᠭᠤᠴᠠᠭᠠᠨ ᠤ᠋ ᠠᠵᠤ ᠠᠬᠤᠶ ᠶ᠋ᠢᠨ ᠠᠵᠢᠯ ᠢ᠋ ᠰᠠᠢᠲᠤᠷ ᠬᠢᠬᠦ ᠳ᠋ᠦ ᠤᠷᠤᠭ᠍ᠰᠢᠯᠠᠬᠤ ᠴᠢᠭ᠌ᠯᠡᠯ ᠢ᠋ ᠲᠣᠳᠣᠷᠬᠠᠶ ᠵᠢᠭᠠᠵᠤ ᠥᠭ᠌ᠴᠡᠶ᠃ ᠪᠦᠬᠦᠳᠡ ᠬᠤᠷᠠᠯ ᠤ᠋ᠨ ᠵᠣᠷᠢᠭ ᠰᠠᠨᠠᠭ᠎ᠠ ᠵᠢ ᠬᠡᠷᠬᠢᠨ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ ᠤ᠋ ᠡᠨᠧᠷᠭᠢ ᠶ᠋ᠢᠨ ᠲᠣᠪᠴᠢᠶ᠎ᠠ ᠶ᠋ᠢᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ᠂ ᠲᠣᠪᠴᠢᠶᠠᠨ ᠳᠠᠷᠤᠭ᠎ᠠ ᠼᠤᠤ ᠰᠧ ᠶᠠᠩ ᠢ᠋ ᠰᠤᠷᠪᠤᠯᠵᠢᠯᠠᠪᠠ᠃

ᠼᠤᠤ ᠰᠧ ᠶᠠᠩ ᠢᠯᠡᠷᠬᠡᠢᠯᠡᠭᠰᠡᠨ ᠨᠢ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠶ᠋ᠢᠨ ᠠᠷᠪᠠᠨ ᠨᠢᠭᠡᠳᠦᠭᠡᠷ ᠬᠤᠭᠤᠴᠠᠭᠠᠨ ᠤ᠋ ᠠᠷᠪᠠᠨ ᠨᠢᠭᠡᠳᠦᠭᠡᠷ ᠤᠳᠠᠭ᠎ᠠ ᠶ᠋ᠢᠨ ᠪᠦᠭᠦᠳᠡ ᠬᠤᠷᠠᠯ ᠵᠢᠴᠢ ᠪᠦᠬᠦ᠌ ᠣᠷᠣᠨ ᠤ᠋ ᠠᠵᠤ ᠠᠬᠤᠶ ᠶ᠋ᠢᠨ ᠠᠵᠢᠯ ᠤ᠋ᠨ ᠬᠤᠷᠠᠯ ᠨᠢ ᠥᠪᠥᠷ ᠮᠣᠩᠭᠣᠯ ᠤ᠋ᠨ ᠡᠨᠧᠷᠭᠢ ᠶ᠋ᠢᠨ ᠠᠵᠢᠯ ᠤ᠋ᠨ ᠱᠢᠨ᠎ᠡ ᠴᠢᠭ᠌ᠯᠡᠯ ᠢ᠋ ᠲᠣᠭ᠍ᠲᠠᠭᠠᠵᠤ᠂ ᠱᠢᠨ᠎ᠡ ᠪᠠᠢᠷᠢᠯᠠᠭᠤᠯᠤᠯᠲᠠ ᠬᠢᠵᠡᠢ᠃ 2026 ᠣᠨ ᠳ᠋ᠦ᠂ ᠥᠪᠡᠷᠲᠡᠭᠡᠨ ᠵᠠᠰᠠᠬᠤ ᠣᠷᠣᠨ ᠤ᠋ ᠡᠨᠧᠷᠭᠢ ᠶ᠋ᠢᠨ ᠲᠣᠪᠴᠢᠶ᠎ᠠ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠪᠠᠨ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠳᠡᠭᠡᠷ᠎ᠡ ᠦᠨᠡᠨ ᠬᠦ᠌ ᠨᠢᠭᠡᠳᠭᠡᠵᠦ᠍᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ 《1571》 ᠠᠵᠢᠯ ᠤ᠋ᠨ ᠪᠠᠢᠷᠢᠯᠠᠭᠤᠯᠤᠯᠲᠠ ᠵᠢ ᠲᠡᠷᠡ ᠶᠣᠰᠣᠭᠠᠷ ᠨᠢ ᠡᠷᠡᠰ ᠭᠤᠢᠪᠢᠰᠢ ᠦᠬᠡᠢ ᠰᠠᠢᠲᠤᠷ ᠨᠠᠢᠳᠠᠪᠤᠷᠢᠵᠢᠭᠤᠯᠵᠤ᠂ ᠡᠷᠡᠰ ᠪᠠᠳᠤ ᠪᠡᠷ ᠡᠷᠡᠮᠡᠬᠡᠢᠯᠡᠨ ᠤᠷᠤᠭ᠍ᠰᠢᠯᠠᠵᠤ᠂ ᠬᠦᠴᠢᠷ ᠢ᠋ ᠳᠤᠭᠤᠯᠤᠨ ᠪᠡᠷᠬᠡ ᠵᠢ ᠳᠠᠪᠠᠵᠤ᠂ ᠡᠨᠧᠷᠭᠢ ᠶ᠋ᠢᠨ ᠴᠢᠨᠠᠷ ᠰᠠᠢᠲᠠᠶ ᠬᠥᠭ᠌ᠵᠢᠯᠲᠡ ᠵᠢ ᠱᠢᠨ᠎ᠡ ᠳᠡᠭ᠌ᠲᠡᠷ ᠲᠦ᠍ ᠭᠠᠷᠭᠠᠬᠤ ᠵᠢ ᠯᠠᠪᠳᠠᠭᠤᠨ ᠪᠠᠲᠤᠲᠠᠶ ᠠᠬᠢᠭᠤᠯᠤᠨ᠎ᠠ᠃

ᠨᠢᠭᠡ ᠳ᠋ᠦ᠂ ᠥᠪᠡᠷᠲᠡᠭᠡᠨ ᠵᠠᠰᠠᠬᠤ ᠣᠷᠣᠨ ᠤ᠋ 《ᠠᠷᠪᠠᠨ ᠳᠠᠪᠤᠳᠤᠭᠠᠷ ᠳᠠᠪᠤᠨ ᠵᠢᠯ》 ᠤ᠋ᠨ ᠡᠨᠧᠷᠭᠢ ᠶ᠋ᠢᠨ ᠲᠥᠯᠥᠪᠵᠢᠭᠦᠯᠭᠡ ᠵᠢ ᠴᠢᠨᠠᠷ ᠰᠠᠢᠲᠠᠶ ᠪᠡᠷ ᠨᠠᠢᠷᠠᠭᠤᠯᠤᠨ ᠵᠣᠬᠢᠶᠠᠨ᠎ᠠ᠃ ᠥᠪᠡᠷᠲᠡᠭᠡᠨ ᠵᠠᠰᠠᠬᠤ ᠣᠷᠣᠨ ᠤ᠋ 《ᠠᠷᠪᠠᠨ ᠳᠠᠪᠤᠳᠤᠭᠠᠷ ᠳᠠᠪᠤᠨ ᠵᠢᠯ》 ᠤ᠋ᠨ ᠠᠵᠤ ᠠᠬᠤᠶ ᠨᠡᠢᠭᠡᠮ ᠤ᠋ᠨ ᠬᠥᠭ᠌ᠵᠢᠯᠲᠡ ᠶ᠋ᠢᠨ ᠬᠠᠷᠠᠯᠲᠠ ᠵᠢᠨ ᠲᠤᠭᠤᠷᠢᠨ ᠳ᠋ᠤ ᠡᠨᠧᠷᠭᠢ ᠬᠢᠭᠡᠳ ᠠᠵᠤ ᠠᠬᠤᠶ᠂ ᠠᠵᠤ ᠦᠢᠯᠡᠰ᠂ ᠠᠮᠢ ᠠᠬᠤᠶ ᠵᠡᠷᠭᠡ ᠶ᠋ᠢᠨ ᠬᠠᠷᠢᠴᠠᠭ᠎ᠠ ᠵᠢ ᠭᠦᠨᠵᠡᠭᠡᠶ ᠰᠤᠳᠤᠯᠤᠨ᠂ ᠡᠨᠧᠷᠭᠢ ᠶ᠋ᠢᠨ ᠶᠡᠷᠦᠩᠬᠡᠶ ᠬᠡᠮᠵᠢᠶ᠎ᠡ᠂ ᠪᠦᠲᠦᠴᠡ᠂ ᠪᠠᠢᠷᠢᠱᠢᠭᠤᠯᠤᠯᠳᠠ ᠵᠡᠷᠭᠡ ᠴᠢᠬᠤᠯᠠ ᠶᠡᠬᠡ ᠠᠰᠠᠭᠤᠳᠠᠯ ᠢ᠋ ᠱᠢᠨᠵᠢᠯᠡᠬᠦ᠌ ᠤᠬᠠᠭᠠᠨᠴᠢ ᠪᠡᠷ ᠨᠤᠲᠠᠯᠠᠵᠤ᠂ ᠥᠪᠡᠷᠲᠡᠭᠡᠨ ᠵᠠᠰᠠᠬᠤ ᠣᠷᠣᠨ ᠤ᠋ 《ᠠᠷᠪᠠᠨ ᠳᠠᠪᠤᠳᠤᠭᠠᠷ ᠳᠠᠪᠤᠨ ᠵᠢᠯ》 ᠤ᠋ᠨ ᠡᠨᠧᠷᠭᠢ ᠶ᠋ᠢᠨ ᠲᠥᠯᠥᠪᠵᠢᠭᠦᠯᠭᠡ ᠵᠢ ᠰᠠᠢᠲᠤᠷ ᠨᠠᠢᠷᠠᠭᠤᠯᠤᠨ ᠵᠣᠬᠢᠶᠠᠨ᠎ᠠ; ᠡᠨᠧᠷᠭᠢ ᠶ᠋ᠢᠨ ᠠᠮᠤᠷ ᠲᠦᠪᠱᠢᠨ᠂ ᠪᠣᠬᠢᠷᠲᠤᠯ ᠥᠬᠡᠶ ᠲᠡᠢᠰᠢ ᠬᠡᠯᠪᠡᠷᠢ ᠪᠠᠨ ᠬᠤᠪᠢᠷᠠᠭᠤᠯᠬᠤ᠂ ᠱᠢᠨ᠎ᠡ ᠬᠡᠯᠪᠡᠷᠢ ᠶ᠋ᠢᠨ ᠡᠨᠧᠷᠭᠢ ᠶ᠋ᠢᠨ ᠰᠠᠭᠤᠷᠢ ᠲᠦᠬᠦᠭᠡᠷᠦᠮᠵᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠵᠡᠷᠭᠡ ᠭᠤᠤᠯᠳᠠᠯᠭ᠎ᠠ ᠲᠠᠶ ᠬᠦᠷᠢᠶᠡᠨ ᠳ᠋ᠦ ᠠᠩᠬᠠᠷᠤᠯ ᠢ᠋ᠶ᠋ᠠᠨ ᠲᠥᠪᠯᠡᠷᠡᠭᠦᠯᠵᠦ᠍᠂ ᠬᠥᠲᠥᠯᠥᠨ ᠳᠠᠭᠠᠭᠤᠯᠬᠤ ᠴᠢᠨᠠᠷ ᠪᠠ ᠬᠥᠱᠢᠭᠦᠷᠭᠡᠯᠡᠬᠦ᠌ ᠴᠢᠨᠠᠷ ᠢ᠋ᠶ᠋ᠠᠷ ᠴᠢᠩᠭ᠎ᠠ ᠴᠢᠬᠤᠯᠠ ᠶᠡᠬᠡ ᠲᠥᠷᠥᠯ ᠵᠦᠶ᠋ᠯ ᠢ᠋ ᠲᠥᠯᠥᠪᠵᠢᠭᠦᠯᠦᠨ ᠬᠡᠷᠡᠭ᠌ᠵᠢᠭᠦᠯᠵᠦ᠍᠂ ᠲᠥᠷᠥᠯ ᠵᠦᠶ᠋ᠯ ᠢ᠋ ᠨᠠᠢᠳᠠᠪᠤᠷᠢᠵᠢᠭᠤᠯᠬᠤ ᠪᠡᠷ ᠲᠥᠯᠥᠪᠵᠢᠭᠦᠯᠭᠡ ᠵᠢ ᠨᠠᠢᠳᠠᠪᠤᠷᠢᠵᠢᠭᠤᠯᠬᠤ ᠵᠢ ᠠᠬᠢᠭᠤᠯᠤᠨ᠎ᠠ᠃ ᠴᠢᠬᠤᠯᠠ ᠶᠡᠬᠡ ᠲᠥᠷᠦᠯ ᠵᠦᠢᠯ ᠢ᠋ ᠬᠣᠯᠪᠣᠭᠠᠯᠠᠨ ᠬᠢᠨᠠᠵᠤ ᠬᠣᠯᠪᠣᠭᠠᠯᠠᠨ ᠵᠥᠪᠱᠢᠶᠡᠷᠡᠬᠦ᠌ ᠲᠤᠭᠳᠠᠴᠠ ᠵᠢ ᠰᠠᠢᠲᠤᠷ ᠨᠠᠢᠳᠠᠪᠤᠷᠢᠵᠢᠭᠤᠯᠵᠤ᠂ ᠲᠥᠷᠦᠯ ᠵᠦᠢᠯ ᠤ᠋ᠨ ᠪᠦᠲᠦᠭᠡᠨ ᠪᠠᠢᠭᠤᠯᠤᠯᠲᠠ ᠵᠢ ᠥᠨᠳᠥᠷ ᠪᠦᠲᠦᠮᠵᠢᠲᠡᠢ ᠠᠬᠢᠭᠤᠯᠬᠤ ᠵᠢ ᠪᠠᠲᠤᠯᠠᠨ᠎ᠠ; ᠣᠳᠣᠬᠠᠨ ᠤ᠋ ᠪᠠ ᠲᠤᠮᠳᠠ ᠤᠷᠲᠦ ᠬᠤᠭᠤᠴᠠᠭᠠᠨ ᠤ᠋ ᠬᠥᠭ᠌ᠵᠢᠯᠲᠡ ᠵᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠭᠤᠤᠯᠳᠠᠭᠤ ᠱᠢᠨ᠎ᠡ ᠡᠨᠧᠷᠭᠢ ᠵᠢ ᠱᠢᠩᠭᠡᠭᠡᠨ ᠠᠪᠴᠤ᠌ ᠠᠱᠢᠭ᠍ᠯᠠᠬᠤ᠂ ᠴᠠᠬᠢᠯᠭᠠᠨ ᠬᠦᠴᠦᠨ ᠤ᠋ ᠵᠠᠬ᠎ᠠ ᠳᠡᠯᠭᠡᠭᠦᠷ ᠤ᠋ᠨ ᠪᠠᠢᠭᠤᠯᠤᠯᠲᠠ᠂ ᠨᠡᠭᠦᠷᠡᠰᠦᠨ ᠤ᠋ ᠦᠶ᠋ᠯᠡᠳᠪᠦᠷᠢᠯᠡᠯ ᠤ᠋ᠨ ᠴᠢᠳᠠᠪᠤᠷᠢ ᠵᠢ ᠦᠷᠬᠦᠯᠵᠢᠯᠡᠬᠦᠯᠬᠦ ᠪᠠ ᠬᠡᠯᠪᠡᠷᠢ ᠪᠠᠨ ᠬᠤᠪᠢᠷᠠᠭᠤᠯᠤᠨ ᠬᠥᠭ᠌ᠵᠢᠭᠦᠯᠬᠦ᠌ ᠵᠡᠷᠭᠡ ᠲᠠᠯ᠎ᠠ ᠪᠡᠷ ᠭᠤᠤᠯᠯᠠᠭᠤᠯᠤᠨ ᠴᠢᠬᠤᠯᠠ ᠶᠡᠬᠡ ᠲᠥᠷᠥ ᠶ᠋ᠢᠨ ᠪᠣᠳᠣᠯᠭ᠎ᠠ ᠠᠷᠭ᠎ᠠ ᠬᠡᠮᠵᠢᠶ᠎ᠡ ᠵᠢ ᠢᠳᠡᠪᠬᠢᠲᠡᠶ ᠪᠡᠷ ᠰᠤᠳᠤᠯᠤᠨ ᠲᠤᠭᠳᠠᠭᠠᠨ᠎ᠠ᠃

ᠬᠣᠶᠠᠷ ᠲᠦ᠍᠂ ᠡᠨᠧᠷᠭᠢ ᠶ᠋ᠢᠨ ᠬᠠᠩᠭᠠᠯᠭ᠎ᠠ ᠶ᠋ᠢᠨ ᠪᠠᠲᠤᠯᠠᠭ᠎ᠠ ᠶ᠋ᠢᠨ ᠰᠠᠭᠤᠷᠢ ᠵᠢ ᠦᠷᠭᠦᠯᠵᠢᠯᠡᠨ ᠪᠠᠲᠤᠳᠭᠠᠨ᠎ᠠ᠃ ᠤᠯᠤᠰ ᠤ᠋ᠨ ᠨᠡᠭᠦᠷᠡᠰᠦᠨ ᠤ᠋ ᠬᠠᠩᠭᠠᠯᠭ᠎ᠠ ᠵᠢ ᠪᠠᠲᠤᠯᠠᠬᠤ ᠰᠠᠭᠤᠷᠢᠨ ᠢ᠋ ᠪᠠᠢᠭᠤᠯᠤᠨ ᠬᠦᠴᠦᠷᠬᠡᠭ᠌ᠵᠢᠭᠦᠯᠵᠦ᠍᠂ ᠨᠡᠭᠡᠭᠡᠨ ᠬᠥᠭ᠌ᠵᠢᠭᠦᠯᠬᠦ᠌ ᠪᠠᠢᠷᠢᠱᠢᠭᠤᠯᠤᠯᠲᠠ ᠵᠢ ᠱᠢᠨᠵᠢᠯᠡᠬᠦ᠌ ᠤᠬᠠᠭᠠᠨᠴᠢ ᠪᠡᠷ ᠱᠢᠯᠢᠳᠡᠭ᠌ᠵᠢᠭᠦᠯᠦᠨ᠂ ᠠᠭᠤᠷᠬᠠᠶ ᠶ᠋ᠢᠨ ᠣᠷᠣᠨ ᠤ᠋ ᠶᠡᠷᠦᠩᠬᠡᠶ ᠲᠥᠯᠥᠪᠵᠢᠭᠦᠯᠭᠡ ᠵᠢ ᠨᠠᠢᠷᠠᠭᠤᠯᠤᠨ ᠵᠣᠬᠢᠶᠠᠵᠤ ᠮᠡᠳᠡᠭᠦᠯᠦᠨ ᠵᠥᠪᠱᠢᠶᠡᠷᠡᠭᠦᠯᠬᠦ᠌ ᠵᠢ ᠲᠦᠷᠭᠡᠳᠭᠡᠵᠦ᠍᠂ ᠨᠡᠭᠦᠷᠡᠰᠦᠨ ᠤ᠋ ᠦᠶ᠋ᠯᠡᠳᠪᠦᠷᠢᠯᠡᠯ ᠤ᠋ᠨ ᠴᠢᠳᠠᠪᠤᠷᠢ ᠵᠢ ᠲᠣᠭ᠍ᠲᠠᠭᠤᠨ ᠢ᠋ᠶ᠋ᠠᠷ ᠦᠷᠬᠦᠯᠵᠢᠯᠡᠬᠦᠯᠬᠦ ᠵᠢ ᠦᠨᠡᠨ ᠬᠦ᠌ ᠪᠠᠲᠤᠯᠠᠵᠤ᠂ ᠪᠥᠬᠥ᠌ ᠵᠢᠯ ᠤ᠋ᠨ ᠨᠡᠭᠦᠷᠡᠰᠦᠨ ᠤ᠋ ᠭᠠᠷᠤᠯᠲᠠ ᠵᠢ 12.5 ᠳ᠋ᠦᠩᠱᠢᠭᠤᠷ ᠲᠣᠨ ᠡᠴᠡ ᠳᠡᠭᠡᠭ᠌ᠰᠢ ᠳ᠋ᠦ ᠲᠣᠭ᠍ᠲᠠᠪᠤᠷᠢᠵᠢᠭᠤᠯᠤᠨ᠂ ᠤᠯᠤᠰ ᠤ᠋ᠨ ᠬᠠᠩᠭᠠᠯᠭ᠎ᠠ ᠵᠢ ᠪᠠᠲᠤᠯᠠᠬᠤ 7.8 ᠳ᠋ᠦᠩᠱᠢᠭᠤᠷ ᠲᠣᠨ ᠤ᠋ ᠡᠭᠦᠷᠭᠡ ᠵᠢ ᠪᠡᠶᠡᠯᠡᠭᠦᠯᠬᠦ᠌ ᠵᠢ ᠦᠨᠡᠨ ᠬᠦ᠌ ᠪᠠᠲᠤᠯᠠᠨ᠎ᠠ; ᠴᠠᠬᠢᠯᠭᠠᠨ ᠬᠦᠴᠦᠨ ᠤ᠋ ᠬᠠᠩᠭᠠᠯᠭ᠎ᠠ ᠶ᠋ᠢᠨ ᠪᠠᠲᠤᠯᠠᠭ᠎ᠠ ᠶ᠋ᠢᠨ ᠴᠢᠳᠠᠪᠤᠷᠢ ᠵᠢ ᠳᠡᠭᠡᠭ᠌ᠰᠢᠯᠡᠭᠦᠯᠵᠦ᠍᠂ ᠥᠪᠥᠷ ᠮᠣᠩᠭᠣᠯ ᠤ᠋ᠨ ᠪᠠᠷᠠᠭᠤᠨ ᠬᠡᠰᠡᠭ ᠤ᠋ᠨ ᠭᠠᠵᠠᠷ ᠣᠷᠣᠨ ᠤ᠋ ᠥᠪᠡᠰᠦᠪᠡᠨ ᠬᠡᠷᠡᠭ᠌ᠯᠡᠬᠦ᠌ 400 ᠲᠦᠮᠡᠨ ᠺᠢᠯᠦᠸᠠᠲ ᠤ᠋ᠨ ᠨᠡᠭᠦᠷᠡᠰᠦ ᠴᠠᠬᠢᠯᠭᠠᠨ ᠤ᠋ ᠲᠥᠷᠥᠯ ᠵᠦᠢᠯ ᠢ᠋ ᠱᠢᠨ᠎ᠡ ᠪᠡᠷ ᠪᠠᠷᠢᠯᠭ᠎ᠠ ᠡᠬᠢᠯᠡᠭᠦᠯᠦᠨ ᠪᠦᠲᠦᠭᠡᠨ ᠪᠠᠢᠭᠤᠯᠵᠤ᠂ ᠵᠦᠩ ᠮᠸᠢ ᠨᠡᠬᠦᠷᠡᠰᠤ ᠡᠨ᠋ᠸᠷᠬᠢ ᠵᠢᠨ ᠪᠦᠯᠦᠭᠯᠡᠯ ᠤ᠋ᠨ ᠬᠢᠵᠠᠭᠠᠷᠳᠤ ᠺᠤᠮᠫᠠᠨᠢ ᠵᠢᠨ ᠦᠦᠱᠢᠨ ᠬᠣᠱᠢᠭᠤᠨ ᠤ᠋ 2×66 ᠲᠦᠮᠡᠨ ᠺᠢᠯᠦᠸᠠᠲ ᠤ᠋ᠨ ᠲᠦᠷᠦᠯ ᠵᠤᠢᠯ ᠵᠡᠷᠭᠡ 5 ᠨᠡᠭᠦᠷᠡᠰᠦ ᠴᠠᠬᠢᠯᠭᠠᠨ ᠤ᠋ ᠲᠥᠷᠥᠯ ᠵᠦᠢᠯ ᠢ᠋ ᠪᠠᠢᠭᠤᠯᠤᠨ ᠠᠱᠢᠭ᠍ᠯᠠᠯᠲᠠ ᠳ᠋ᠦ ᠣᠷᠣᠭᠤᠯᠵᠤ᠂ ᠪᠦᠬᠦ᠌ ᠵᠢᠯ ᠳ᠋ᠦ ᠨᠡᠭᠦᠷᠡᠰᠦ ᠴᠠᠬᠢᠯᠭᠠᠨ ᠤ᠋ ᠮᠠᠱᠢᠨ ᠴᠣᠭ᠍ᠴᠠᠯᠠᠪᠤᠷᠢ ᠵᠢᠨ ᠬᠡᠪᠴᠢᠶ᠎ᠠ ᠵᠢ 500 ᠲᠦᠮᠡᠨ ᠺᠢᠯᠦᠸᠠᠲ ᠱᠢᠨ᠎ᠡ ᠪᠡᠷ ᠨᠡᠮᠡᠭ᠌ᠳᠡᠭᠦᠯᠵᠦ᠍᠂ ᠴᠠᠬᠢᠯᠭᠠᠨ ᠬᠦᠴᠦᠨ ᠤ᠋ ᠶᠡᠷᠦᠩᠬᠡᠶ ᠮᠠᠱᠢᠨ ᠴᠣᠭ᠍ᠴᠠᠯᠠᠪᠤᠷᠢ ᠵᠢᠨ ᠬᠡᠪᠴᠢᠶ᠎ᠠ ᠵᠢ 3.3 ᠳ᠋ᠦᠩᠱᠢᠭᠤᠷ ᠺᠢᠯᠦᠸᠠᠲ ᠢ᠋ ᠳᠠᠪᠠᠭᠤᠯᠤᠨ᠎ᠠ; ᠴᠢᠯᠠᠭᠤᠨ ᠲᠤᠰᠤ ᠱᠢᠲᠠᠮᠠᠬᠠᠶ ᠬᠡᠢ ᠶ᠋ᠢᠨ ᠭᠠᠷᠤᠯᠳᠠ ᠵᠢ ᠲᠠᠬᠡᠭᠰᠢᠯᠡᠬᠦᠯᠬᠦ ᠵᠢ ᠲᠦᠷᠬᠡᠳᠬᠡᠵᠤ᠂ ᠭᠠᠰ ᠢ᠋ ᠬᠡᠪᠴᠢᠶᠡᠵᠢᠭᠦᠯᠦᠨ ᠨᠡᠭᠡᠭᠡᠨ ᠠᠱᠢᠭ᠍ᠯᠠᠬᠤ ᠵᠢ ᠠᠬᠢᠭᠤᠯᠤᠨ᠂ ᠬᠡᠢ ᠳᠠᠮᠵᠢᠭᠤᠯᠬᠤ ᠬᠣᠭᠣᠯᠠᠶ ᠶ᠋ᠢᠨ 《ᠪᠦᠬᠦ᠌ ᠣᠷᠣᠨ ᠤ᠋ ᠨᠢᠭᠡ ᠲᠤᠤᠷ》 ᠢ᠋ ᠴᠣᠭ᠍ᠴᠠᠯᠠᠨ ᠪᠠᠢᠭᠤᠯᠵᠤ᠂ ᠪᠦᠬᠦ᠌ ᠵᠢᠯ ᠳ᠋ᠦ ᠲᠦᠭᠦᠬᠡᠶ ᠴᠢᠯᠠᠭᠤᠨ ᠲᠣᠰᠣ᠂ ᠪᠠᠢᠭᠠᠯᠢ ᠶ᠋ᠢᠨ ᠱᠢᠲᠠᠮᠠᠬᠠᠶ ᠬᠡᠢ ᠶ᠋ᠢᠨ ᠭᠠᠷᠤᠯᠲᠠ ᠵᠢ ᠲᠤᠰ ᠲᠤᠰ 335 ᠲᠦᠮᠡᠨ ᠲᠣᠨ ᠪᠠ 315 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠲᠦ᠍ ᠬᠦᠷᠭᠡᠨ᠎ᠠ᠃

ᠭᠤᠷᠪᠠ ᠳ᠋ᠦ᠂ ᠱᠢᠨ᠎ᠡ ᠡᠨᠧᠷᠭᠢ ᠶ᠋ᠢᠨ ᠬᠥᠭ᠌ᠵᠢᠯᠲᠡ ᠶ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ᠌ ᠵᠢ ᠬᠦᠴᠦᠯᠡᠨ ᠠᠬᠢᠭᠤᠯᠤᠨ᠎ᠠ᠃ ᠴᠠᠬᠢᠯᠭᠠᠨ ᠲᠤᠤᠷ ᠢ᠋ ᠲᠥᠯᠥᠪᠵᠢᠭᠦᠯᠵᠦ᠍ ᠪᠥᠲᠥᠭᠡᠨ ᠪᠠᠢᠭᠤᠯᠬᠤ᠂ ᠴᠠᠬᠢᠯᠭᠠᠨ ᠬᠡᠷᠡᠭ᠌ᠯᠡᠬᠦ᠌ ᠬᠡᠮᠵᠢᠶ᠎ᠡ ᠪᠠ ᠳᠠᠭᠠᠭᠠᠴᠠ ᠶ᠋ᠢᠨ ᠨᠡᠮᠡᠭ᠌ᠳᠡᠯ ᠤ᠋ᠨ ᠬᠤᠷᠳᠤᠴᠠ ᠵᠢ ᠱᠢᠨᠵᠢᠯᠡᠬᠦ᠌ ᠤᠬᠠᠭᠠᠨᠴᠢ ᠪᠡᠷ ᠨᠢᠭᠡᠳᠦᠯᠲᠡᠶ ᠲᠥᠯᠥᠪᠯᠡᠨ᠂ ᠱᠢᠨ᠎ᠡ ᠡᠨᠧᠷᠭᠢ ᠵᠢ ᠨᠡᠭᠡᠭᠡᠨ ᠬᠥᠭ᠌ᠵᠢᠭᠦᠯᠬᠦ᠌ ᠠᠢᠵᠠᠮ ᠢ᠋ ᠵᠦᠶ ᠵᠣᠬᠢᠰᠲᠠᠶ ᠡᠵᠡᠮᠳᠡᠵᠦ᠍᠂ ᠪᠥᠬᠥ᠌ ᠵᠢᠯ ᠳ᠋ᠦ ᠴᠠᠬᠢᠯᠭᠠᠨ ᠲᠤᠤᠷ ᠲᠦ᠍ ᠨᠡᠢᠯᠡᠭᠦᠯᠬᠦ ᠱᠢᠨ᠎ᠡ ᠡᠨᠧᠷᠭᠢ ᠶ᠋ᠢᠨ ᠮᠠᠱᠢᠨ ᠴᠣᠭ᠍ᠴᠠᠯᠠᠪᠤᠷᠢ ᠵᠢᠨ ᠬᠡᠪᠴᠢᠶ᠎ᠠ ᠵᠢ 3000 ᠲᠦᠮᠡᠨ ᠺᠢᠯᠦᠸᠠᠲ ᠡᠴᠡ ᠲᠠᠬᠡᠭᠰᠢ ᠱᠢᠨ᠎ᠡ ᠪᠡᠷ ᠨᠡᠮᠡᠭ᠌ᠳᠡᠭᠦᠯᠦᠨ᠂ ᠶᠡᠷᠦᠩᠬᠡᠶ ᠮᠠᠱᠢᠨ ᠴᠣᠭ᠍ᠴᠠᠯᠠᠪᠤᠷᠢ ᠵᠢᠨ ᠬᠡᠪᠴᠢᠶ᠎ᠠ ᠵᠢ 2 ᠳ᠋ᠦᠩᠱᠢᠭᠤᠷ ᠺᠢᠯᠦᠸᠠᠲ ᠢ᠋ ᠳᠠᠪᠠᠭᠤᠯᠤᠨ᠎ᠠ; ᠬᠥᠪᠴᠢ ᠶ᠋ᠢᠨ ᠴᠠᠬᠢᠯᠭᠠᠨ ᠢ᠋ ᠾᠧᠪᠧᠢ ᠳ᠋ᠦ ᠬᠦᠷᠭᠡᠬᠦ᠌᠂ ᠬᠥᠪᠴᠢ ᠶ᠋ᠢᠨ ᠴᠠᠬᠢᠯᠭᠠᠨ ᠢ᠋ ᠱᠠᠩᠬᠠᠢ ᠳ᠋ᠦ ᠬᠦᠷᠭᠡᠬᠦ ᠵᠡᠷᠭᠡ 《ᠡᠯᠡᠰᠦ ᠮᠠᠩᠬ᠎ᠠ ᠭᠤᠪᠢ ᠨᠤᠳᠤᠭ ᠴᠦᠯᠯᠡᠷᠬᠡᠭ ᠭᠠᠵᠠᠷ》 ᠤ᠋ᠨ ᠰᠠᠭᠤᠷᠢᠨ ᠤ᠋ ᠲᠥᠯᠥᠪᠵᠢᠭᠦᠯᠬᠡ ᠪᠦᠲᠦᠭᠡᠨ ᠪᠠᠢᠭᠤᠯᠤᠯᠲᠠ ᠵᠢ ᠲᠦᠷᠭᠡᠳᠬᠡᠨ ᠠᠬᠢᠭᠤᠯᠵᠤ᠂ ᠱᠢᠨ᠎ᠡ ᠨᠢᠭᠡ ᠪᠦᠯᠦᠭ 《ᠡᠯᠡᠰᠦ ᠮᠠᠩᠬ᠎ᠠ ᠭᠤᠪᠢ ᠨᠤᠳᠤᠭ ᠴᠦᠯᠯᠡᠷᠬᠡᠭ ᠭᠠᠵᠠᠷ》 ᠤ᠋ᠨ ᠰᠠᠭᠤᠷᠢᠨ ᠤ᠋ ᠲᠦᠯᠦᠪᠵᠢᠬᠦᠯᠬᠡ ᠪᠦᠳᠦᠭᠡᠨ ᠪᠠᠢᠭᠤᠯᠤᠯᠳᠠ ᠵᠢᠨ ᠵᠦᠪᠰᠢᠶᠡᠷᠡᠯ ᠢ᠋ ᠣᠯᠬᠤ ᠪᠡᠷ ᠴᠢᠷᠮᠠᠢᠨ᠎ᠠ; ᠥᠪᠡᠷᠲᠡᠭᠡᠨ ᠵᠠᠰᠠᠬᠤ ᠣᠷᠣᠨ ᠤ᠋ ᠪᠣᠬᠢᠷᠲᠤᠯ ᠦᠭᠡᠶ ᠴᠠᠬᠢᠯᠭᠠᠨ ᠢ᠋ ᠱᠢᠭᠤᠳ ᠬᠣᠯᠪᠣᠵᠤ ᠨᠡᠭᠡᠭᠡᠨ ᠬᠥᠭ᠌ᠵᠢᠭᠦᠯᠬᠦ᠌ ᠪᠦᠲᠦᠭᠡᠨ ᠪᠠᠢᠭᠤᠯᠤᠯᠲᠠ ᠶ᠋ᠢᠨ ᠬᠡᠷᠡᠭ᠌ᠵᠢᠭᠦᠯᠬᠦ᠌ ᠲᠥᠰᠦᠯ ᠪᠣᠯᠤᠨ ᠱᠢᠨ᠎ᠡ ᠡᠨᠧᠷᠭᠢ ᠵᠢ ᠱᠢᠩᠭᠡᠭᠡᠨ ᠠᠪᠬᠤ ᠵᠢ ᠠᠬᠢᠭᠤᠯᠬᠤ ᠠᠷᠭ᠎ᠠ ᠬᠡᠮᠵᠢᠶ᠎ᠡ ᠨᠤᠭᠦᠳ ᠢ᠋ ᠰᠤᠳᠤᠯᠤᠨ ᠲᠤᠭᠳᠠᠭᠠᠵᠤ᠂ ᠪᠣᠬᠢᠷᠲᠤᠯ ᠦᠭᠡᠶ ᠴᠠᠬᠢᠯᠭᠠᠨ ᠢ᠋ ᠱᠢᠭᠤᠳ ᠬᠣᠯᠪᠣᠬᠤ᠂ ᠴᠠᠬᠢᠯᠭᠠᠨ ᠲᠦᠭᠡᠭᠡᠬᠦ᠌ ᠲᠣᠣᠷ ᠢ᠋ ᠨᠡᠮᠡᠭᠳᠡᠬᠦᠯᠬᠦ ᠵᠡᠷᠭᠡ ᠱᠢᠨ᠎ᠡ ᠡᠨᠧᠷᠭᠢ ᠵᠢ ᠱᠢᠩᠭᠡᠭᠡᠨ ᠠᠪᠬᠤ ᠱᠢᠨ᠎ᠡ ᠵᠠᠭ᠍ᠪᠤᠷ ᠢ᠋ ᠳᠡᠯᠭᠡᠷᠡᠭᠦᠯᠦᠨ᠂ ᠤᠯᠤᠰ ᠤ᠋ᠨ ᠲᠠᠰ ᠤ᠋ᠨ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ᠂ ᠲᠣᠭ᠎ᠠ ᠪᠠᠷᠢᠮᠲᠠ ᠶ᠋ᠢᠨ ᠲᠥᠪ᠂ ᠴᠠᠬᠢᠯᠭᠠᠨ ᠵᠠᠳᠠᠯᠤᠯ ᠤ᠋ᠨ ᠬᠥᠩᠭᠡᠨᠴᠠᠭᠠᠨ ᠵᠡᠷᠭᠡ ᠳ᠋ᠤ ᠬᠡᠷᠡᠭᠯᠡᠬᠦ ᠴᠠᠬᠢᠯᠭᠠᠨ ᠢ᠋ ᠪᠣᠬᠢᠷᠲᠤᠯ ᠦᠭᠡᠶ ᠴᠠᠬᠢᠯᠭᠠᠨ ᠢ᠋ᠶ᠋ᠠᠷ ᠣᠷᠣᠯᠠᠭᠤᠯᠬᠤ ᠵᠢ ᠰᠦᠪᠡᠭ᠌ᠴᠢᠯᠡᠨ ᠬᠡᠷᠡᠭ᠌ᠵᠢᠭᠦᠯᠵᠦ᠍᠂ ᠱᠢᠨ᠎ᠡ ᠡᠨᠧᠷᠭᠢ ᠵᠢ ᠱᠢᠩᠭᠡᠭᠡᠨ ᠠᠪᠴᠤ᠌ ᠠᠱᠢᠭ᠍ᠯᠠᠬᠤ ᠲᠦᠪᠰᠢᠨ ᠢ᠋ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠎ᠡ᠃

ᠲᠦᠷᠪᠡ ᠳ᠋ᠦ᠂ ᠴᠠᠬᠢᠯᠭᠠᠨ ᠲᠣᠣᠷ ᠪᠣᠯᠤᠨ ᠲᠤᠬᠢᠷᠠᠭᠤᠯᠬᠤ ᠴᠢᠳᠠᠪᠤᠷᠢ ᠶ᠋ᠢᠨ ᠪᠠᠢᠭᠤᠯᠤᠯᠲᠠ ᠵᠢ ᠬᠠᠮᠵᠢᠯᠴᠠᠭᠤᠯᠤᠨ ᠠᠬᠢᠭᠤᠯᠤᠨ᠎ᠠ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠴᠠᠬᠢᠯᠭᠠᠨ ᠲᠤᠤᠷ ᠤ᠋ᠨ ᠲᠥᠯᠥᠪᠵᠢᠭᠦᠯᠭᠡ ᠶ᠋ᠢᠨ ᠰᠤᠳᠤᠯᠭᠠᠨ ᠢ᠋ ᠰᠠᠢᠲᠤᠷ ᠬᠢᠵᠦ᠂ 《ᠡᠯᠡᠰᠦ ᠮᠠᠩᠬ᠎ᠠ ᠭᠤᠪᠢ ᠨᠤᠳᠤᠭ ᠴᠦᠯᠯᠡᠷᠬᠡᠭ ᠭᠠᠵᠠᠷ》 ᠤ᠋ᠨ ᠰᠠᠭᠤᠷᠢᠨ ᠤ᠋ ᠴᠠᠬᠢᠯᠭᠠᠨ ᠢ᠋ ᠭᠠᠳᠠᠭ᠍ᠰᠢ ᠬᠦᠷᠭᠡᠬᠦ ᠳ᠋ᠦ ᠲᠤᠯᠭᠠᠭᠤᠷᠢᠯᠠᠬᠤ 《ᠬᠣᠶᠠᠷ ᠴᠡᠭ ᠭᠤᠷᠪᠠᠨ ᠵᠠᠮ》 ᠢ᠋ ᠤᠷᠲᠤᠳᠭᠠᠬᠤ ᠢᠨᠵᠧᠨᠧᠷᠢᠩ ᠢ᠋ ᠪᠠᠷᠢᠯᠭ᠎ᠠ ᠡᠬᠢᠯᠡᠭᠦᠯᠦᠨ ᠪᠦᠳᠦᠬᠡᠨ ᠪᠠᠢᠭᠤᠯᠵᠤ᠂ ᠪᠠᠲᠤ ᠪᠡᠬᠢ ᠥᠨᠳᠥᠷ ᠦᠷ᠎ᠡ ᠠᠱᠢᠭ᠍ᠲᠤ ᠴᠠᠬᠢᠯᠭᠠᠨ ᠲᠤᠤᠷ ᠢ᠋ ᠪᠠᠢᠭᠤᠯᠤᠨ᠎ᠠ; ᠯᠢᠲ᠋ᠢ ᠶ᠋ᠢᠨ ᠢᠶᠣᠨ᠂ ᠨᠠᠲ᠋ᠷᠢ ᠶ᠋ᠢᠨ ᠢᠶᠣᠨ᠂ ᠱᠢᠩᠭᠡᠨ ᠤᠷᠤᠰᠭᠠᠯᠲᠤ ᠴᠠᠬᠢᠯᠭᠠᠨ ᠴᠡᠨᠡᠭ᠂ ᠠᠪᠴᠢᠮᠠᠯ ᠠᠭᠠᠷ᠂ ᠡᠷᠴᠢᠯᠡᠭᠦᠷ ᠬᠦᠷᠳᠦ ᠵᠡᠷᠭᠡ ᠣᠯᠠᠨ ᠵᠦᠶ᠋ᠯ ᠤ᠋ᠨ ᠱᠢᠨ᠎ᠡ ᠬᠡᠯᠪᠡᠷᠢ ᠶ᠋ᠢᠨ ᠡᠨᠧᠷᠭᠢ ᠬᠠᠳᠠᠭᠠᠯᠠᠬᠤ ᠮᠡᠷᠭᠡᠵᠢᠯ ᠢ᠋ ᠨᠡᠭᠡᠭᠡᠨ ᠬᠥᠭ᠌ᠵᠢᠭᠦᠯᠬᠦ᠌ ᠪᠠ ᠬᠡᠷᠡᠭ᠌ᠯᠡᠭᠡᠨ ᠤ᠋ ᠵᠢᠱ᠌ᠢᠶ᠎ᠡ ᠦᠵᠡᠭᠦᠯᠬᠦ᠌ ᠵᠢ ᠴᠢᠩᠭᠠᠳᠭᠠᠵᠤ᠂ ᠲᠤᠤᠷ ᠪᠦᠷᠢᠯᠳᠦᠭᠦᠯᠬᠦ᠌ ᠬᠡᠯᠪᠡᠷᠢ ᠶ᠋ᠢᠨ ᠡᠨᠧᠷᠭᠢ ᠬᠠᠳᠠᠭᠠᠯᠠᠬᠤ ᠵᠢ ᠢᠳᠡᠪᠬᠢᠲᠡᠶ ᠬᠥᠭ᠌ᠵᠢᠭᠦᠯᠵᠤ᠂ ᠱᠢᠨ᠎ᠡ ᠬᠡᠯᠪᠡᠷᠢ ᠶ᠋ᠢᠨ ᠡᠨᠧᠷᠭᠢ ᠬᠠᠳᠠᠭᠠᠯᠠᠵᠤ ᠲᠣᠬᠢᠷᠠᠭᠤᠯᠤᠨ ᠬᠡᠷᠡᠭ᠌ᠯᠡᠬᠦ᠌ ᠲᠣᠭ᠍ᠲᠠᠴᠠ ᠵᠢ ᠲᠡᠭᠦᠯᠳᠡᠷᠵᠢᠭᠦᠯᠤᠨ᠂ ᠵᠢᠯ ᠤ᠋ᠨ ᠡᠴᠦᠰ ᠪᠣᠯᠬᠤ ᠳ᠋ᠦ ᠱᠢᠨ᠎ᠡ ᠬᠡᠯᠪᠡᠷᠢ ᠶ᠋ᠢᠨ ᠡᠨᠧᠷᠭᠢ ᠬᠠᠳᠠᠭᠠᠯᠠᠬᠤ ᠬᠡᠪᠴᠢᠶ᠎ᠡ ᠵᠢ 2500 ᠲᠦᠮᠡᠨ ᠺᠢᠯᠦᠸᠠᠲ ᠲᠦ᠍ ᠬᠦᠷᠭᠡᠬᠦ ᠪᠡᠷ ᠴᠢᠷᠮᠠᠢᠵᠤ᠂ ᠪᠤᠭᠤᠲᠤ ᠶ᠋ᠢᠨ ᠮᠠᠢᠳᠠᠷᠢ᠂ ᠦᠬᠠᠶ᠂ ᠪᠠᠶᠠᠨᠨᠠᠭᠤᠷ ᠵᠡᠷᠭᠡ ᠭᠠᠵᠠᠷ ᠤ᠋ᠨ ᠤᠰᠤ ᠲᠠᠲᠠᠵᠤ ᠡᠨᠧᠷᠭᠢ ᠬᠠᠳᠠᠭᠠᠯᠠᠬᠤ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠵᠢ ᠲᠦᠷᠭᠡᠳᠭᠡᠵᠦ᠍᠂ ᠪᠥᠬᠥ᠌ ᠤᠯᠤᠰ ᠤ᠋ᠨ ᠡᠨᠧᠷᠭᠢ ᠬᠠᠳᠠᠭᠠᠯᠠᠬᠤ ᠰᠠᠭᠤᠷᠢᠨ ᠢ᠋ ᠪᠦᠳᠦᠬᠡᠨ ᠪᠠᠢᠭᠤᠯᠤᠨ᠎ᠠ᠃

ᠲᠠᠪᠤ ᠳ᠋ᠦ᠂ ᠡᠨᠧᠷᠭᠢ ᠶ᠋ᠢᠨ ᠬᠦᠷᠢᠶᠡᠨ ᠳ᠋ᠡᠬᠢ ᠥᠭᠡᠷᠡᠴᠢᠯᠡᠯᠲᠡ ᠬᠢᠵᠦ᠍ ᠱᠢᠨ᠎ᠡ ᠵᠢ ᠡᠭᠦᠳᠬᠦ᠌ ᠵᠢ ᠦᠷᠭᠦᠯᠵᠢᠯᠡᠨ ᠭᠦᠨᠵᠡᠭᠡᠢᠷᠡᠭᠦᠯᠦᠨ᠎ᠡ᠃ ᠴᠠᠬᠢᠯᠭᠠᠨ ᠬᠦᠴᠦᠨ ᠤ᠋ ᠵᠠᠬ᠎ᠠ ᠳᠡᠯᠭᠡᠭᠦᠷ ᠤ᠋ᠨ ᠲᠣᠭ᠍ᠲᠠᠴᠠ ᠵᠢ ᠦᠷᠭᠦᠯᠵᠢᠯᠡᠨ ᠱᠢᠯᠢᠳᠡᠭ᠌ᠵᠢᠭᠦᠯᠵᠦ᠍᠂ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠶ᠋ᠢᠨ ᠣᠯᠠᠨ ᠵᠢᠯ ᠤ᠋ᠨ ᠬᠤᠭᠤᠴᠠᠭ᠎ᠠ ᠲᠠᠶ ᠴᠠᠬᠢᠯᠭᠠᠨ ᠬᠤᠳᠠᠯᠳᠤᠨ ᠠᠪᠬᠤ ᠵᠥᠪᠯᠡᠯᠴᠡᠭᠡᠷ ᠲᠣᠭ᠍ᠲᠠᠬᠤ ᠵᠢ ᠵᠣᠷᠢᠭ᠍ᠵᠢᠭᠤᠯᠤᠨ᠂ ᠲᠥᠪᠯᠡᠷᠡᠭᠦᠯᠦᠨ ᠨᠡᠢᠯᠡᠭᠦᠯᠬᠦ᠌᠂ ᠡᠷᠭᠢᠯᠳᠦᠭᠦᠯᠦᠨ ᠨᠡᠢᠯᠡᠭᠦᠯᠬᠦ᠌ ᠠᠷᠠᠯᠵᠢᠶ᠎ᠠ ᠥᠷᠨᠢᠭᠦᠯᠵᠦ᠍᠂ ᠳᠤᠮᠳᠠ ᠣᠷᠳᠣ ᠬᠤᠭᠤᠴᠠᠭᠠᠨ ᠤ᠋ ᠠᠷᠠᠯᠵᠢᠶ᠎ᠠ ᠶ᠋ᠢᠨ ᠠᠮᠢᠳᠤᠯᠢᠭ ᠴᠢᠨᠠᠷ ᠢ᠋ ᠨᠡᠮᠡᠭ᠌ᠳᠡᠭᠦᠯᠦᠨ᠎ᠡ᠃ ᠥᠪᠥᠷ ᠮᠣᠩᠭᠣᠯ ᠤ᠋ᠨ ᠪᠠᠷᠠᠭᠤᠨ ᠬᠡᠰᠡᠭ᠂ ᠥᠪᠥᠷ ᠮᠣᠩᠭᠣᠯ ᠤ᠋ᠨ ᠵᠡᠭᠦᠨ ᠬᠡᠰᠡᠭ ᠤ᠋ᠨ ᠴᠠᠬᠢᠯᠭᠠᠨ ᠬᠦᠴᠦᠨ ᠤ᠋ ᠪᠡᠯᠡᠨ ᠪᠠᠷᠠᠭ᠎ᠠ ᠶ᠋ᠢᠨ ᠵᠠᠬ᠎ᠠ ᠳᠡᠯᠭᠡᠭᠦᠷ ᠤ᠋ᠨ ᠳᠦᠷᠢᠮ ᠢ᠋ ᠲᠡᠭᠦᠯᠳᠡᠷᠵᠢᠭᠦᠯᠵᠦ᠍᠂ ᠱᠢᠨ᠎ᠡ ᠡᠨᠧᠷᠭᠢ ᠪᠠ ᠬᠡᠷᠡᠭ᠌ᠯᠡᠭ᠌ᠴᠢ ᠶ᠋ᠢᠨ ᠳᠠᠯᠳᠠ ᠲᠦᠭ᠌ᠰᠢᠭᠦᠷᠢ ᠵᠢ ᠰᠡᠷᠭᠡᠢᠯᠡᠬᠦ᠌ ᠬᠡᠪᠴᠢᠶ᠎ᠡ ᠵᠢ ᠴᠠᠭ ᠲᠦ᠍ᠨᠢ ᠲᠤᠬᠢᠷᠠᠭᠤᠯᠤᠨ ᠠᠭᠤᠵᠢᠭᠤ ᠲᠠᠯᠪᠢᠨ᠎ᠠ᠃ ᠥᠨᠳᠥᠷ ᠬᠠᠷᠢᠴᠠᠯ ᠪᠦᠬᠦᠢ ᠱᠢᠨ᠎ᠡ ᠡᠨᠧᠷᠭᠢ ᠳ᠋ᠦ ᠵᠣᠬᠢᠴᠠᠬᠤ ᠵᠠᠬ᠎ᠠ ᠳᠡᠯᠭᠡᠭᠦᠷ ᠤ᠋ᠨ ᠲᠣᠭ᠍ᠲᠠᠴᠠ ᠵᠢ ᠲᠡᠭᠦᠯᠳᠡᠷᠵᠢᠭᠦᠯᠵᠦ᠍᠂ ᠭᠣᠣᠯᠳᠠᠯᠭ᠎ᠠ ᠲᠠᠶ ᠡᠨᠧᠷᠭᠢ ᠬᠡᠷᠡᠭ᠌ᠯᠡᠬᠦ᠌ ᠠᠵᠢᠯ ᠲᠥᠷᠥᠯ ᠤ᠋ᠨ ᠪᠤᠬᠢᠷᠳᠤᠯ ᠦᠬᠡᠢ ᠴᠠᠬᠢᠯᠭᠠᠨ ᠤ᠋ ᠬᠠᠷᠢᠴᠠᠯ ᠢ᠋ ᠳᠡᠭᠡᠭ᠌ᠰᠢᠯᠡᠭᠦᠯᠵᠦ᠍᠂ ᠮᠤᠵᠢ ᠣᠷᠣᠨ ᠠᠯᠤᠰᠯᠠᠭ᠍ᠰᠠᠨ ᠪᠤᠬᠢᠷᠳᠤᠯ ᠦᠬᠡᠢ ᠴᠠᠬᠢᠯᠭᠠᠨ ᠤ᠋ ᠠᠷᠠᠯᠵᠢᠶ᠎ᠠ ᠳ᠋ᠦ ᠢᠳᠡᠪᠬᠢᠲᠡᠢ ᠣᠷᠣᠯᠴᠠᠨ᠎ᠠ;《ᠬᠡᠳᠦᠢ ᠬᠥᠭ᠌ᠵᠢᠭᠡᠳᠦᠢ ᠭᠠᠵᠠᠷ ᠣᠷᠣᠨ ᠳ᠋ᠦ ᠱᠢᠨ᠎ᠡ ᠵᠢ ᠡᠭᠦᠳᠬᠦ᠌ ᠪᠡᠷ ᠬᠥᠭ᠌ᠵᠢᠯᠲᠡ ᠶ᠋ᠢᠨ ᠬᠥᠳᠡᠯᠭᠡᠭᠦᠷ ᠪᠣᠯᠭᠠᠬᠤ ᠪᠠᠢᠯᠳᠤᠬᠤ ᠪᠤᠳᠤᠯᠭ᠎ᠠ ᠵᠢ ᠳᠡᠳᠦᠢ ᠬᠡᠷᠡᠭ᠌ᠵᠢᠭᠦᠯᠬᠦ᠌ ᠴᠢᠬᠤᠯᠠᠲᠠᠢ》ᠭᠡᠬᠦ᠌ ᠣᠢᠯᠠᠭᠠᠭ᠍ᠳᠠᠬᠤᠨ ᠢ᠋ ᠪᠠᠲᠤ ᠪᠤᠢ ᠪᠣᠯᠭᠠᠨ᠂ ᠱᠢᠨ᠎ᠡ ᠬᠡᠯᠪᠡᠷᠢ ᠶ᠋ᠢᠨ ᠴᠠᠬᠢᠯᠭᠠᠨ ᠬᠦᠴᠦᠨ ᠤ᠋ ᠱᠢᠰᠲ᠋ᠧᠮ᠂ ᠱᠢᠨ᠎ᠡ ᠬᠡᠯᠪᠡᠷᠢ ᠶ᠋ᠢᠨ ᠨᠥᠭᠡᠴᠡ ᠡᠨᠧᠷᠭᠢ᠂ ᠤᠰᠤᠲᠥ᠋ᠷᠥᠭ᠌ᠴᠢ ᠡᠨᠧᠷᠭᠢ ᠵᠡᠷᠭᠡ ᠬᠣᠱᠢᠭᠤᠷᠠᠯ ᠬᠦᠷᠢᠶᠡᠨ ᠳ᠋ᠦ ᠠᠩᠬᠠᠷᠤᠯ ᠢ᠋ᠶ᠋ᠠᠨ ᠲᠥᠪᠯᠡᠷᠡᠭᠦᠯᠵᠦ᠍᠂ ᠡᠨᠧᠷᠭᠢ ᠶ᠋ᠢᠨ ᠬᠦᠷᠢᠶᠡᠨ ᠤ᠋ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠵᠢ ᠴᠢᠩᠭᠠᠳᠭᠠᠵᠤ᠂ ᠵᠠᠷᠢᠮ ᠵᠠᠩᠭᠢᠯᠠᠭ᠎ᠠ ᠶ᠋ᠢᠨ ᠭᠣᠭ᠍ᠴᠣᠭ᠎ᠠ᠂ ᠴᠢᠬᠤᠯᠠ ᠶᠡᠬᠡ ᠲᠣᠨᠣᠭ᠍ᠯᠠᠯ ᠤ᠋ᠨ ᠲᠠᠯ᠎ᠠ ᠪᠡᠷ ᠤᠷᠢᠳ ᠢ᠋ᠶ᠋ᠠᠷ ᠱᠢᠪᠲᠤᠯᠤᠯᠲᠠ ᠭᠠᠷᠭᠠᠬᠤ ᠪᠡᠷ ᠴᠢᠷᠮᠠᠢᠨ᠎ᠠ; ᠰᠠᠯᠬᠢ ᠬᠦᠴᠤ ᠭᠡᠷᠡᠯᠴᠢ ᠴᠡᠨᠡᠭ ᠤ᠋ᠨ ᠴᠠᠬᠢᠯᠭᠠᠨ ᠪᠠ ᠤᠰᠤᠲᠥ᠋ᠷᠥᠭ᠌ᠴᠢ ᠦᠢᠯᠡᠳᠬᠦ ᠵᠢ ᠨᠢᠭᠡ ᠴᠣᠭ᠍ᠴᠠᠵᠢᠭ᠍ᠰᠠᠨ ᠲᠥᠷᠥᠯ ᠵᠦᠢᠯ ᠤ᠋ᠨ ᠪᠠᠢᠷᠢᠱᠢᠭᠤᠯᠤᠯᠲᠠ ᠵᠢ ᠱᠢᠯᠢᠳᠡᠭ᠌ᠵᠢᠭᠦᠯᠵᠦ᠍᠂ ᠪᠤᠬᠢᠷᠳᠤᠯ ᠦᠬᠡᠢ ᠤᠰᠤᠲᠥ᠋ᠷᠥᠭ᠌ᠴᠢ ᠶ᠋ᠢᠨ ᠠᠵᠤ ᠦᠢᠯᠡᠰ ᠤ᠋ᠨ ᠬᠦᠷᠢᠶᠡᠯᠡᠩ ᠢ᠋ ᠲᠥᠰᠦᠪᠯᠡᠨ ᠪᠦᠲᠦᠭᠡᠨ ᠪᠠᠢᠭᠤᠯᠵᠤ᠂ ᠴᠠᠬᠢᠯᠭᠠᠨ ᠲᠤᠤᠷ ᠡᠴᠡ ᠰᠠᠯᠵᠦ ᠤᠰᠤᠲᠥ᠋ᠷᠥᠭ᠌ᠴᠢ ᠦᠢᠯᠡᠳᠬᠦ᠌ ᠵᠢ ᠲᠤᠷᠱᠢᠨ ᠥᠷᠨᠢᠭᠦᠯᠵᠦ᠍᠂ ᠪᠤᠬᠢᠷᠳᠤᠯ ᠦᠬᠡᠢ ᠤᠰᠤᠲᠥ᠋ᠷᠥᠭ᠌ᠴᠢ ᠶ᠋ᠢᠨ ᠬᠡᠪᠴᠢᠶᠡᠵᠢᠭ᠌ᠰᠡᠨ ᠦᠢᠯᠡᠳᠪᠦᠷᠢᠯᠡᠯ ᠪᠠ ᠥᠪᠡᠷ ᠤ᠋ᠨ ᠥᠷᠲᠡᠭ ᠢ᠋ ᠪᠠᠭᠤᠷᠠᠭᠤᠯᠤᠨ ᠦᠷ᠎ᠡ ᠠᠱᠢᠭ ᠢ᠋ ᠨᠡᠮᠡᠭ᠌ᠳᠡᠭᠦᠯᠬᠦ᠌ ᠵᠢ ᠠᠬᠢᠭᠤᠯᠵᠤ᠂ ᠪᠤᠬᠢᠷᠳᠤᠯ ᠦᠬᠡᠢ ᠤᠰᠤᠲᠥ᠋ᠷᠥᠭ᠌ᠴᠢ ᠶ᠋ᠢᠨ ᠠᠵᠤ ᠦᠢᠯᠡᠰ ᠤ᠋ᠨ ᠲᠠᠯ᠎ᠠ ᠪᠡᠷ ᠪᠦᠬᠦ᠌ ᠤᠯᠤᠰ ᠲᠦ᠍ ᠬᠤᠰᠢᠭᠤᠷᠠᠬᠤ ᠪᠡᠷ ᠴᠢᠷᠮᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号