ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠠᠷᠪᠠᠨ ᠲᠠᠪᠤᠳᠤᠭᠠᠷ ᠬᠤᠷᠠᠯ ᠡᠬᠢᠯᠡᠪᠡ
2026-01-25 10:46:34
ᠵᠣᠬᠢᠶᠠᠭ᠍ᠴᠢ᠄
ᠵᠠᠩ ᠺᠦᠢ ᠪᠠᠢ ᠳ᠋ᠠᠨ
ᠣᠩᠱᠢᠭ᠍ᠰᠠᠨ ᠣᠳᠠᠭ᠎ᠠ᠄
★★★☆☆

ᠪᠦᠦ ᠭᠠᠩ ᠬᠤᠯᠪᠤᠭᠳᠠᠯ ᠪᠥᠬᠥᠶ ᠪᠠᠢᠳᠠᠯ᠎ᠢ ᠮᠡᠳᠡᠭ᠌ᠳᠡᠵᠦ᠍  ᠵᠠᠩ ᠶᠠᠨ ᠺᠦᠨ ᠬᠤᠷᠠᠯ᠎ᠢ ᠡᠷᠭᠢᠯᠡᠵᠠᠢ


1ᠰᠠᠷ᠎ᠠ᠎ᠶ᠋ᠢᠨ 24 ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠠᠷᠪᠠᠨ ᠲᠠᠪᠤᠳᠤᠭᠠᠷ ᠬᠤᠷᠠᠯ ᠬᠥᠬᠡᠬᠣᠲᠠ᠎ᠳᠤ ᠡᠬᠢᠯᠡᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ (ᠰᠠᠨᠠᠯ ᠬᠤᠷᠢᠶᠠᠬᠤ ᠨᠤᠤᠷᠠᠭ)》 ᠤ᠋ᠨ ᠲᠤᠬᠠᠢ ᠲᠣᠳᠣᠷᠬᠠᠢᠯᠠᠯᠲᠠ ᠬᠢᠵᠦ᠍᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠦᠨ ᠬᠢᠨ᠎ᠤ 2025 ᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠰᠠᠨᠠᠯ ᠳᠤᠷᠠᠳᠤᠯᠭ᠎ᠠ᠎ᠶ᠋ᠢ ᠭᠦᠢᠴᠡᠳᠭᠡᠭᠰᠡᠨ ᠪᠠᠢᠳᠠᠯ᠎ᠢ ᠮᠡᠳᠡᠭ᠌ᠳᠡᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠡᠷᠢᠭᠦᠯᠡᠭ᠌ᠴᠢ ᠵᠠᠩ ᠶᠠᠨ ᠺᠦᠨ ᠬᠤᠷᠠᠯ᠎ᠢ ᠡᠷᠭᠢᠯᠡᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ ᠤ᠋ᠨ ᠬᠡᠯᠲᠡᠰ᠎ᠦᠨ ᠳᠠᠷᠤᠭ᠎ᠠ᠂ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠯᠦᠸᠧ ᡁᠢ ᠬᠤ᠌᠂ ᠴᠡᠴᠡᠭ᠂ ᠸᠧᠶ ᠭᠦᠸᠧ ᠨᠠᠨ᠂ ᠠᠨ ᠷᠦᠨ ᠱᠧᠩ᠂ ᠵᠠᠩ ᠯᠸᠢ᠂ ᠵᠠᠩ ᠪᠠᠶ ᠴᠧᠩ᠂ ᠶᠠᠩ ᠵᠢᠶᠸ ᠵᠢᠴᠢ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠶ᠃

ᠪᠦᠦ ᠭᠠᠩ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ (ᠰᠠᠨᠠᠯ ᠬᠤᠷᠢᠶᠠᠬᠤ ᠨᠤᠤᠷᠠᠭ)》 ᠤ᠋ᠨ ᠭᠤᠤᠯ ᠠᠭᠤᠯᠭ᠎ᠠ᠎ᠶ᠋ᠢᠨ ᠲᠤᠬᠠᠶ ᠲᠣᠳᠣᠷᠬᠠᠢᠯᠠᠯᠲᠠ ᠬᠢᠪᠠ᠃ ᠲᠡᠷᠡ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠲᠤᠭᠤᠷᠪᠢᠬᠤ ᠳ᠋ᠤ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠂ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠲᠠᠶ ᠨᠢᠭ᠍ᠲᠠ ᠤᠶᠠᠯᠳᠤᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠶ᠋ᠯ᠎ᠦᠨ ᠠᠵᠢᠯ᠎ᠤᠨ ᠭᠤᠤᠯ ᠱᠢᠵᠢᠮ ᠪᠣᠯᠭᠠᠬᠤ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠡᠴᠡ ᠣᠯᠭᠣᠭ᠍ᠰᠠᠨ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠬᠤ᠂ ᠳᠣᠯᠣᠭᠠᠨ ᠵᠦᠢᠯ᠎ᠦᠨ ᠭᠣᠣᠯᠳᠠᠯᠭ᠎ᠠ᠎ᠲᠠᠶ ᠠᠵᠢᠯ᠎ᠢ ᠰᠠᠢᠲᠤᠷ ᠠᠳᠭᠤᠬᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ᠎ᠶ᠋ᠢ ᠵᠠᠰᠠᠭ᠎ᠤᠨ ᠣᠷᠳᠣᠨ᠎ᠤ ᠠᠵᠢᠯ᠎ᠤᠨ ᠪᠦᠬᠦ᠌ ᠶᠠᠪᠤᠴᠠ᠎ᠳᠤ ᠲᠤᠭᠤᠱᠢᠯᠠᠭᠤᠯᠬᠤ ᠳᠥᠷᠪᠡᠨ ᠲᠠᠯ᠎ᠠ᠎ᠶ᠋ᠢᠨ ᠠᠵᠢᠯ ᠢ᠋ ᠨᠠᠷᠢᠨ ᠨᠢᠮᠪᠠᠢ ᠲᠤᠬᠢᠷᠠᠭᠤᠯᠪᠠ᠃ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠡᠷᠬᠢᠮ ᠨᠠᠨᠳᠢᠨ ᠰᠠᠨᠠᠯ᠎ᠢᠶᠠᠨ ᠢᠯᠡᠭᠦᠬᠡᠨ ᠳᠤᠷᠠᠳᠬᠤ ᠵᠢ ᠬᠦᠰᠡᠵᠦ ᠪᠠᠢᠨ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠨᠠᠷᠢᠨ ᠬᠢᠨᠠᠮᠠᠭᠠᠶ ᠭᠥᠯᠢᠶᠡᠨ ᠠᠪᠴᠤ᠌᠂ ᠢᠯᠡᠳᠭᠡᠯ ᠢ᠋ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠨ᠎ᠡ ᠭᠡᠪᠡ᠃

ᠪᠦᠦ ᠭᠠᠩ 2025 ᠣᠨ᠎ᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠱᠢᠰᠲ᠋ᠧᠮ᠎ᠦᠨ ᠬᠢᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠰᠠᠨᠠᠯ ᠳᠤᠷᠠᠳᠤᠯᠭ᠎ᠠ᠎ᠶ᠋ᠢ ᠭᠦᠢᠴᠡᠳᠭᠡᠭᠰᠡᠨ ᠪᠠᠢᠳᠠᠯ᠎ᠢ ᠮᠡᠳᠡᠭ᠌ᠳᠡᠪᠡ᠃ ᠲᠡᠷᠡ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠶᠡᠷᠦᠩᠬᠡᠶ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠰᠠᠨᠠᠯ ᠳᠤᠷᠠᠳᠤᠯᠭ᠎ᠠ᠎ᠶ᠋ᠢ ᠭᠦᠶ᠋ᠴᠡᠳᠭᠡᠬᠦ᠌᠎ᠶ᠋ᠢ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠪᠠ ᠠᠵᠢᠯ᠎ᠢᠶᠠᠨ ᠰᠠᠢᠵᠢᠷᠠᠭᠤᠯᠬᠤ ᠴᠢᠬᠤᠯᠠ ᠠᠷᠭ᠎ᠠ ᠵᠠᠮ ᠪᠣᠯᠭᠠᠵᠤ᠂ ᠭᠦᠶ᠋ᠴᠡᠳᠭᠡᠬᠦ᠌ ᠠᠵᠢᠯ᠎ᠤᠨ ᠭᠦᠨᠵᠡᠭᠡᠢᠷᠡᠨ ᠪᠣᠳᠠᠲᠠᠢᠵᠢᠬᠤ᠎ᠶ᠋ᠢ ᠲᠠᠰᠤᠷᠠᠯᠲᠠ ᠥᠬᠡᠶ ᠠᠬᠢᠭᠤᠯᠤᠨ᠎ᠠ᠃ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠪᠥᠬᠥ᠌ ᠣᠷᠣᠨ᠎ᠤ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠣᠰ ᠪᠡᠶ᠎ᠡ᠎ᠶ᠋ᠢᠨ ᠳᠠᠪᠠᠭᠤᠯᠢᠭ ᠣᠨᠴᠠᠯᠢᠭ᠎ᠢᠶᠠᠨ ᠪᠠᠳᠠᠷᠠᠭᠤᠯᠵᠤ᠂ ᠰᠠᠨᠠᠭᠠᠴᠢᠯᠠᠭ᠎ᠠ ᠡᠴᠡ᠎ᠪᠠᠨ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠳᠡᠪᠰᠢᠭᠦᠯᠵᠤ᠂ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠨᠠᠩ ᠣᠯᠠᠨ ᠣᠶᠤᠨ ᠤᠬᠠᠭᠠᠨ ᠬᠦᠴᠦᠨ ᠴᠢᠳᠠᠯ᠎ᠢᠶᠠᠨ ᠡᠷᠭᠦᠬᠦ᠌᠎ᠶ᠋ᠢ ᠬᠦᠰᠡᠵᠦ᠍ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠥᠩᠭᠡᠷᠡᠭ᠌ᠰᠡᠨ᠎ᠲᠡᠶ᠎ᠪᠡᠨ ᠠᠳᠠᠯᠢ᠎ᠪᠠᠷ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠦ ᠬᠦᠴᠦᠲᠡᠢ ᠪᠠᠲᠤᠯᠠᠭ᠎ᠠ ᠬᠠᠩᠭᠠᠨ᠎ᠠ ᠭᠡᠵᠤ ᠢᠯᠡᠳᠭᠡᠪᠡ᠃

ᠬᠤᠷᠠᠯ ᠡᠴᠡ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠳᠥᠷᠪᠡᠳᠦᠭᠡᠷ ᠬᠤᠷᠠᠯ᠎ᠢ ᠬᠤᠷᠠᠯᠳᠤᠭᠤᠯᠬᠤ ᠲᠤᠬᠠᠶ ᠲᠣᠭ᠍ᠲᠠᠭᠠᠯ᠎ᠢ ᠬᠢᠨᠠᠨ ᠵᠥᠪᠯᠡᠵᠦ᠍ ᠪᠠᠲᠤᠯᠠᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠲᠡᠷᠢᠭᠦᠯᠡᠭ᠌ᠴᠢᠳ᠎ᠦᠨ ᠬᠤᠷᠠᠯ᠎ᠤᠨ ᠠᠵᠢᠯ᠎ᠤᠨ ᠮᠡᠳᠡᠭᠦᠯᠦᠯᠲᠡ ᠪᠣᠯᠤᠨ ᠬᠣᠯᠪᠣᠭ᠍ᠳᠠᠯ ᠪᠥᠬᠥᠶ ᠲᠦᠷᠢᠮ ᠲᠣᠭ᠍ᠲᠠᠭᠠᠯ᠎ᠳᠤ ᠵᠠᠰᠠᠪᠤᠷᠢ ᠣᠷᠣᠭᠤᠯᠤᠭ᠍ᠰᠠᠨ ᠪᠠᠢᠳᠠᠯ᠎ᠢ ᠰᠣᠨᠣᠰᠪᠠ᠃

ᠬᠤᠷᠠᠯ ᠡᠴᠡ ᠪᠠᠰᠠ ᠤᠯᠤᠰ ᠲᠦᠷᠦ᠍᠎ᠶ᠋ᠢᠨ ᠵᠥᠪᠯᠡᠯᠭᠡᠨ᠎ᠦ 22 ᠪᠠᠢᠩᠭᠤ᠎ᠶ᠋ᠢᠨ ᠭᠡᠱᠢᠭᠦᠨ᠎ᠦ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号