— ᠶᠡᠷᠦᠩᠬᠡᠢ ᠱᠦᠵᠢ ᠰᠢ ᠵᠢᠨ ᠫᠢᠩ ᠦᠨ ᠮᠤᠵᠢ ᠶᠠᠮᠤᠨ᠎ᠤ ᠲᠡᠰ᠎ᠤᠨ ᠭᠤᠤᠯ ᠤᠳᠤᠷᠢᠳᠬᠤ ᠺᠠᠳ᠋ᠷ ᠤ᠋ᠨ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ᠎ᠶ᠋ᠢᠨ ᠰᠤᠷᠤᠯᠭ᠎ᠠ ᠡᠬᠢᠯᠡᠬᠦ᠌ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠵᠢ ᠰᠤᠷᠤᠯᠴᠠᠨ ᠲᠤᠭᠤᠱᠢᠯᠠᠭᠤᠯᠬᠤ ᠲᠤᠬᠠᠢ ᠥᠭᠦᠯᠡᠬᠦ᠌ ᠨᠢ
《〈ᠠᠷᠪᠠᠨ ᠲᠠᠪᠤᠳᠤᠭᠠᠷ ᠲᠠᠪᠤᠨ ᠵᠢᠯ〉 ᠤ᠋ᠨ ᠬᠤᠭᠤᠴᠠᠭᠠᠨ᠎ᠤ ᠬᠠᠷᠠᠯᠲᠠ ᠡᠭᠦᠷᠭᠡ᠎ᠶ᠋ᠢ ᠤᠷᠤᠭ᠍ᠰᠢᠲᠠᠶ ᠪᠡᠶᠡᠯᠡᠭᠦᠯᠬᠦ᠌᠎ᠳᠦ ᠡᠷᠬᠡᠪᠰᠢ ᠨᠠᠮ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠤᠳᠤᠷᠢᠳᠭᠤ ᠴᠢᠳᠠᠪᠤᠷᠢ ᠪᠠ ᠲᠦᠪᠰᠢᠨ ᠢ᠋ ᠬᠦᠴᠦᠯᠡᠨ ᠳᠡᠭᠡᠭ᠌ᠰᠢᠯᠡᠭᠦᠯᠬᠦ᠌ ᠬᠡᠷᠡᠭ᠌ᠲᠡᠶ》᠂ ᠮᠤᠵᠢ ᠶᠠᠮᠤᠨ᠎ᠤ ᠳᠡᠰ᠎ᠤᠨ ᠭᠣᠣᠯ ᠤᠳᠤᠷᠢᠳᠭᠤ ᠺᠠᠳ᠋ᠷ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ᠎ᠶ᠋ᠢᠨ ᠰᠤᠷᠤᠯᠭ᠎ᠠ ᠡᠬᠢᠯᠡᠬᠦ᠌ ᠶᠣᠰᠣᠯᠠᠯ ᠳᠡᠭᠡᠷ᠎ᠡ᠂ ᠶᠡᠷᠦᠩᠬᠡᠶ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠶ᠋ᠢᠨ ᠪᠦᠬᠦ᠌ ᠲᠠᠯ᠎ᠠ᠎ᠶ᠋ᠢᠨ ᠦᠨᠳᠦᠷᠴᠡ᠎ᠡᠴᠡ᠂ ᠡᠯ᠎ᠡ ᠱᠠᠲᠤᠨ᠎ᠤ ᠺᠠᠳ᠋ᠷᠴᠤᠳ ᠢᠯᠠᠩᠭᠤᠶ᠎ᠠ ᠤᠳᠤᠷᠢᠳᠭᠤ ᠺᠠᠳ᠋ᠷᠴᠤᠳ᠎ᠲᠤ ᠲᠣᠳᠣᠷᠬᠠᠶ ᠱᠠᠭᠠᠷᠳᠠᠯᠭ᠎ᠠ ᠳᠤᠷᠠᠳᠴᠤ᠌᠂ 《ᠰᠤᠷᠤᠯᠴᠠᠯᠭ᠎ᠠ᠎ᠪᠠᠨ ᠤᠯᠠᠮ ᠨᠢᠭᠡ ᠠᠯᠬᠤᠮ ᠴᠢᠩᠭᠠᠳᠭᠠᠬᠤ ᠬᠡᠷᠡᠭᠳᠠᠢ》᠂ 《ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠤᠶ ᠪᠣᠯᠭᠠᠨ ᠦᠢᠯᠡᠳᠦᠯᠭᠡᠵᠢᠭᠦᠯᠬᠦ᠌ ᠬᠡᠷᠡᠭᠳᠠᠢ》᠂ 《ᠲᠡᠮᠡᠴᠡᠯ᠎ᠦᠨ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠬᠤ ᠬᠡᠷᠡᠭᠳᠠᠢ》᠂《 ᠢᠯᠵᠢᠷᠠᠯ᠎ᠢ ᠡᠰᠡᠷᠭᠦᠴᠡᠬᠦ᠌ ᠰᠦᠷ ᠬᠦᠴᠦᠲᠦ ᠪᠠᠢᠳᠠᠯ᠎ᠢ ᠪᠠᠲᠤᠯᠠᠬᠤ ᠬᠡᠷᠡᠭᠳᠠᠢ》 ᠭᠡᠵᠦ᠍ ᠴᠢᠬᠤᠯᠠᠴᠢᠯᠠᠵᠠᠶ᠃
ᠴᠢᠬᠤᠯᠠ ᠶᠡᠬᠡ ᠲᠡᠦᠬᠡ᠎ᠶ᠋ᠢᠨ ᠵᠠᠩᠭᠢᠯᠠᠭ᠎ᠠ᠎ᠶ᠋ᠢᠨ ᠦᠶ᠎ᠡ ᠪᠣᠯᠬᠤ ᠪᠦᠷᠢ᠂ ᠮᠠᠨ᠎ᠤ ᠨᠠᠮ ᠶᠡᠷᠦ ᠨᠢ ᠪᠦᠬᠦ᠌ ᠨᠠᠮ᠎ᠢ ᠰᠤᠷᠤᠯᠴᠠᠯᠭ᠎ᠠ᠎ᠪᠠᠨ ᠴᠢᠩᠭᠠᠳᠭᠠᠬᠤ᠎ᠶ᠋ᠢ ᠤᠷᠢᠶᠠᠯᠠᠳᠠᠭ᠃ ᠴᠢᠳᠠᠪᠤᠷᠢ ᠪᠠ ᠲᠦᠪᠰᠢᠨ ᠵᠢᠡᠨ ᠳᠡᠭᠡᠭ᠌ᠰᠢᠯᠡᠭᠦᠯᠬᠦ᠌᠎ᠳᠦ ᠡᠩ ᠲᠡᠷᠢᠭᠦᠨ᠎ᠳᠦ ᠤᠨᠤᠯ᠎ᠤᠨ ᠵᠡᠪᠰᠡᠭ᠌ᠯᠡᠯᠢᠶᠡᠨ ᠴᠢᠩᠭᠠᠳᠭᠠᠬᠤ ᠬᠡᠷᠡᠭ᠌ᠲᠡᠢ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠬᠦ᠌ ᠲᠠᠯ᠎ᠠ᠎ᠳᠤ ᠬᠣᠯᠪᠣᠭ᠍ᠳᠠᠬᠤ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠎ᠶ᠋ᠢ ᠠᠬᠢᠭᠤᠯᠵᠤ ᠴᠢᠬᠤᠯᠠ ᠶᠡᠬᠡ ᠱᠢᠪᠲᠤᠯᠤᠯᠲᠠ᠎ᠲᠠᠶ ᠪᠣᠯᠭᠠᠬᠤ》 ᠨᠢ ᠥᠷᠭᠡᠨ ᠤᠯᠠᠨ ᠨᠠᠮ᠎ᠤᠨ ᠭᠡᠱᠢᠭᠦᠨ ᠺᠠᠳ᠋ᠷᠴᠤᠳ᠎ᠤᠨ ᠬᠡᠪ ᠪᠤᠯᠪᠠᠰᠤᠷᠠᠯ ᠪᠠ ᠴᠢᠳᠠᠪᠤᠷᠢ᠎ᠳᠤ ᠨᠡᠩ ᠥᠨᠳᠥᠷ ᠱᠢᠨ᠎ᠡ ᠱᠠᠭᠠᠷᠳᠠᠯᠭ᠎ᠠ ᠳᠤᠷᠠᠳᠴᠠᠢ᠃ ᠣᠳᠣᠬᠠᠨ᠎ᠳᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ ᠨᠢᠰᠭᠦ ᠮᠡᠲᠦ ᠲᠦᠷᠭᠡᠨ ᠬᠥᠭ᠌ᠵᠢᠵᠦ᠍᠂ ᠨᠡᠢᠭᠡᠮ᠎ᠦᠨ ᠬᠤᠪᠢᠰᠤᠯᠲᠠ ᠥᠷᠭᠡᠨ ᠳᠡᠯᠭᠡᠷ ᠭᠦᠨ ᠭᠦᠨᠵᠡᠭᠡᠢ ᠪᠤᠯᠵᠤ᠂ ᠱᠢᠨ᠎ᠡ ᠬᠡᠷᠡᠭ ᠪᠣᠳᠠᠰ ᠲᠠᠰᠤᠷᠠᠯᠳᠠ ᠦᠭᠡᠢ ᠪᠤᠢ ᠪᠤᠯᠵᠤ ᠪᠠᠢᠨ᠎ᠠ᠃ 《ᠴᠢᠳᠠᠪᠤᠷᠢ ᠮᠡᠬᠦᠰ ᠪᠤᠯᠪᠠᠰᠤ ᠬᠦᠨᠳᠤ ᠡᠬᠦᠷᠭᠡ ᠵᠢ ᠡᠬᠦᠷᠭᠡᠯᠡᠵᠤ ᠥᠯᠥ᠍ ᠪᠣᠯᠤᠮᠤᠶ》᠃ ᠬᠡᠷᠪᠡ ᠮᠡᠳᠡᠯᠭᠡ ᠮᠡᠬᠦᠰ᠂ ᠬᠠᠷᠠᠭ᠎ᠠ ᠥᠷᠭᠡᠨ ᠪᠤᠰᠤ᠂ ᠴᠢᠳᠠᠪᠤᠷᠢ ᠴᠢᠩᠭ᠎ᠠ ᠪᠢᠰᠢ ᠪᠠᠢᠵᠤ᠂ ᠨᠠᠷᠢᠨ ᠪᠤᠳᠤᠯᠢᠶᠠᠨᠲᠠᠢ ᠪᠠᠢᠳᠠᠯ ᠲᠤᠯᠭᠠᠷᠠᠭ᠍ᠰᠠᠭᠠᠷ ᠶᠠᠭᠠᠬᠢᠬᠤ᠎ᠶ᠋ᠢᠨ ᠠᠷᠭ᠎ᠠ ᠦᠭᠡᠢ ᠪᠤᠯᠵᠤ᠂ ᠳᠣᠲᠣᠷ᠎ᠠ᠎ᠪᠠᠨ ᠠᠶᠤᠵᠤ ᠡᠮᠢᠶᠡᠭᠡᠳ ᠪᠠᠢᠪᠠᠯ᠂ ᠭᠡᠷᠬᠢᠨ ᠠᠵᠠ ᠲᠣᠬᠢᠶᠠᠯ᠎ᠢ ᠠᠮᠵᠢᠵᠤ᠂ ᠱᠢᠨ᠎ᠡ ᠪᠠᠢᠳᠠᠯ᠎ᠢ ᠡᠭᠦᠳᠴᠦ᠍ ᠴᠢᠳᠠᠬᠤ ᠪᠤᠢ?
ᠴᠢᠳᠠᠪᠤᠷᠢ ᠬᠦᠷᠦᠯᠴᠡᠬᠦ᠌ ᠦᠭᠡᠢ᠂ 《ᠴᠢᠳᠠᠪᠤᠷᠢ᠎ᠶ᠋ᠢᠨ ᠭᠡᠯᠮᠡᠭ᠌ᠳᠡᠯ》 ᠵᠢᠡᠨ ᠢᠯᠡᠨ ᠲᠠᠪᠠᠬᠤ ᠳ᠋ᠤ᠂ ᠰᠤᠷᠤᠯᠴᠠᠯᠭ᠎ᠠ ᠪᠣᠯ ᠭᠠᠷᠳᠠᠬᠤ ᠴᠡᠭ ᠮᠥᠨ᠃ ᠨᠠᠮ᠎ᠤᠨ ᠱᠢᠨᠡᠡᠬᠦᠳᠤᠯᠳᠠ ᠵᠢᠨ ᠤᠨᠤᠯ ᠪᠣᠯ ᠪᠡᠶᠡᠴᠢ ᠶᠢᠷᠲᠢᠨᠴᠦ᠍᠎ᠶ᠋ᠢ ᠥᠭᠡᠷᠡᠴᠢᠯᠡᠬᠦ᠌ 《ᠱᠢᠮ᠎ᠡ ᠲᠡᠵᠢᠭᠡᠯ》᠂ ᠪᠤᠰᠤᠳᠴᠢ ᠶᠢᠷᠲᠢᠨᠴᠦ᠍᠎ᠶ᠋ᠢ ᠥᠭᠡᠷᠡᠴᠢᠯᠡᠬᠦ᠌ 《ᠲᠦᠯᠬᠢᠭᠦᠷ》 ᠮᠥᠨ᠃ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠡᠴᠡ ᠵᠢᠮ᠎ᠡ ᠶᠣᠰᠣ᠎ᠶ᠋ᠢ ᠣᠢᠯᠠᠭᠠᠵᠤ᠂ ᠴᠢᠭ᠌ᠯᠡᠯ᠎ᠢᠶᠡᠨ ᠲᠣᠳᠣᠷᠬᠠᠢᠯᠠᠵᠤ᠂ ᠠᠷᠭ᠎ᠠ᠎ᠶ᠋ᠢ ᠰᠤᠷᠤᠯᠴᠠᠵᠤ᠂ ᠤᠶᠤᠨ ᠤᠬᠠᠭᠠᠨ᠎ᠢᠶᠠᠨ ᠨᠡᠮᠡᠭ᠌ᠳᠡᠭᠦᠯᠵᠦ᠍᠂ ᠴᠠᠭᠠᠷᠠᠬᠰᠡᠨ ᠡᠷᠳᠡᠮ ᠴᠢᠳᠠᠪᠤᠷᠢ᠂ ᠨᠠᠮ᠎ᠢᠶᠠᠨ ᠮᠠᠨᠳᠤᠭᠤᠯᠬᠤ ᠡᠷᠳᠡᠮ ᠴᠢᠳᠠᠪᠤᠷᠢ᠂ ᠤᠯᠤᠰ᠎ᠢᠶᠠᠨ ᠬᠦᠴᠦᠷᠬᠡᠭ᠌ᠵᠢᠭᠦᠯᠬᠦ᠌ ᠡᠷᠳᠡᠮ ᠴᠢᠳᠠᠪᠤᠷᠢ᠎ᠶ᠋ᠢ ᠡᠵᠡᠮᠱᠢᠵᠦ᠍᠂ ᠨᠠᠮ᠎ᠤᠨ ᠲᠥᠪ ᠬᠣᠷᠢᠶ᠎ᠠ ᠵᠢᠨ ᠦᠨᠳᠦᠰᠦᠨ ᠪᠤᠳᠤᠯᠭ᠎ᠠ ᠴᠢᠭ᠌ᠯᠡᠯᠲᠡ ᠪᠣᠯᠤᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠰᠢᠳᠠᠢ ᠣᠢᠯᠠᠭᠠᠵᠤ᠂ ᠤᠯᠤᠰ ᠲᠦᠷᠦ᠍᠎ᠶ᠋ᠢᠨ ᠴᠢᠳᠠᠪᠤᠷᠢ ᠪᠣᠯᠤᠨ ᠪᠠᠢᠯᠳᠤᠬᠤ ᠪᠤᠳᠤᠯᠭ᠎ᠠ᠎ᠶ᠋ᠢᠨ ᠰᠡᠳᠭᠢᠬᠦᠢ᠎ᠶ᠋ᠢᠨ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠬᠡᠷᠡᠭ᠌ᠲᠡᠢ᠃ ᠶᠠᠭᠤ ᠬᠢᠪᠡᠯ ᠶᠠᠭᠤ᠎ᠶ᠋ᠢ ᠰᠤᠷᠬᠤ᠂ ᠶᠠᠭᠤ ᠳᠤᠲᠠᠪᠠᠯ ᠶᠠᠭᠤ᠎ᠶ᠋ᠢ ᠨᠥᠬᠥᠪᠥᠷᠢᠯᠡᠬᠦ᠌᠎ᠶ᠋ᠢ ᠪᠠᠷᠢᠮᠲᠠᠯᠠᠵᠤ᠂ ᠲᠤᠰᠭᠠᠶ ᠮᠡᠷᠭᠡᠵᠢᠯ᠎ᠦᠨ ᠮᠡᠳᠡᠯᠭᠡ᠎ᠶ᠋ᠢ ᠪᠠᠶᠠᠯᠢᠭ᠍ᠵᠢᠭᠤᠯᠤᠨ᠂ ᠲᠤᠰᠭᠠᠶ ᠮᠡᠷᠭᠡᠵᠢᠯ᠎ᠦᠨ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠬᠦ ᠭᠡᠷᠡᠭᠳᠠᠢ᠃ 《ᠦᠰᠦᠭ᠎ᠲᠡᠶ ᠨᠣᠮ》 ᠤᠩᠱᠢᠬᠤ ᠪᠠ 《ᠦᠰᠦᠭ ᠦᠭᠡᠶ ᠨᠣᠮ》 ᠤᠩᠱᠢᠬᠤ᠎ᠶ᠋ᠢ ᠤᠶᠠᠯᠳᠤᠭᠤᠯᠵᠤ᠂ ᠦᠢᠯᠡᠳᠦᠯᠭᠡ᠎ᠶ᠋ᠢᠨ ᠳᠤᠮᠳᠠ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠶ᠋ᠢᠨ ᠴᠢᠳᠠᠪᠤᠷᠢ᠎ᠪᠠᠨ ᠲᠠᠰᠤᠷᠠᠯᠲᠠ ᠤᠢ᠍ᠭᠡᠢ ᠨᠡᠮᠡᠭ᠌ᠳᠡᠭᠦᠯᠬᠦ᠌ ᠬᠡᠷᠡᠭ᠌ᠲᠡᠶ᠃
ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠦᠵᠡᠯᠲᠡ ᠪᠤᠯ ᠨᠢᠭᠡᠨ ᠦᠨᠳᠤᠰᠤᠨ ᠴᠢᠨᠠᠷᠳᠠᠢ ᠠᠰᠠᠭᠤᠳᠠᠯ ᠪᠠᠢᠵᠤ᠂ ᠨᠡᠢᠲᠡ᠎ᠶ᠋ᠢᠨ ᠲᠥᠯᠥᠭᠡ ᠨᠠᠮ ᠪᠠᠢᠭᠤᠯᠵᠤ ᠂ ᠠᠷᠠᠳ᠎ᠤᠨ ᠲᠥᠯᠥᠭᠡ ᠲᠦᠷᠦ᠍ ᠪᠠᠷᠢᠬᠤ᠎ᠳᠤ ᠬᠣᠯᠪᠣᠭ᠍ᠳᠠᠨ᠎ᠠ᠃ ᠴᠢᠳᠠᠪᠤᠷᠢ ᠪᠠ ᠲᠦᠪᠰᠢᠨ ᠵᠢᠡᠨ ᠳᠡᠭᠡᠭ᠌ᠰᠢᠯᠡᠭᠦᠯᠬᠦ᠌᠎ᠶ᠋ᠢᠨ ᠵᠠᠩᠭᠢᠯᠠᠭ᠎ᠠ ᠨᠢ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌᠎ᠳᠦ ᠪᠠᠢᠨ᠎ᠠ᠃
ᠮᠠᠨ᠎ᠤ ᠨᠠᠮ᠎ᠳᠤ ᠬᠤᠪᠢ᠎ᠶ᠋ᠢᠨ ᠠᠱᠢᠭ ᠲᠤᠰᠠ ᠭᠡᠵᠦ᠍ ᠪᠠᠢᠬᠤ ᠦᠭᠡᠢ᠂ ᠲᠦᠷᠦ᠍ ᠪᠠᠷᠢᠵᠤ ᠪᠠᠢᠬᠤ ᠨᠢ ᠠᠷᠠᠳ ᠲᠦᠮᠡᠨ᠎ᠳᠦ ᠦᠢᠯᠡᠴᠢᠯᠡᠵᠦ᠍᠂ ᠠᠷᠠᠳ ᠲᠦᠮᠡᠨ᠎ᠢ ᠰᠠᠢ᠌ᠨ ᠰᠠᠢᠬᠠᠨ ᠠᠮᠢᠳᠤᠷᠠᠭᠤᠯᠬᠤ᠎ᠶ᠋ᠢᠨ ᠲᠥᠯᠥᠭᠡ ᠴᠢᠷᠮᠠᠢᠬᠰᠠᠭᠠᠷ ᠢᠷᠡᠭᠰᠡᠨ ᠶᠤᠮ᠃ ᠶᠠᠨ ᠠᠨ᠎ᠤ ᠤᠯᠠᠭᠠᠨ ᠠᠯᠮᠤᠷᠠᠳ ᠠᠷᠠᠳ᠎ᠤᠨ ᠲᠥᠯᠥᠭᠡ ᠭᠡᠬᠦ᠌ ᠤᠭ ᠰᠠᠨᠠᠭ᠎ᠠ᠎ᠶ᠋ᠢ ᠭᠡᠷᠡᠴᠢᠯᠡᠵᠦ᠍᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ ᠨᠢ 《ᠦᠨᠡᠨ ᠬᠦ᠌ ᠶᠠᠳᠠᠭᠤ᠎ᠶ᠋ᠢ ᠲᠡᠳᠬᠦᠬᠦ᠌᠂ ᠵᠢᠨᠭᠭᠢᠨᠢ ᠶᠠᠳᠠᠭᠤ᠎ᠶ᠋ᠢ ᠲᠡᠳᠬᠦᠬᠦ᠌᠂ ᠶᠠᠳᠠᠭᠤ᠎ᠡᠴᠡ ᠦᠨᠡᠨ ᠬᠦ᠌ ᠠᠩᠭᠢᠵᠢᠷᠠᠭᠤᠯᠬᠤ》ᠪᠣᠳᠠᠲᠠᠢ᠎ᠶ᠋ᠢ ᠡᠷᠬᠢᠮᠯᠡᠭ᠌ᠰᠡᠨ ᠠᠵᠢᠯᠯᠠᠭ᠎ᠠ᠎ᠶ᠋ᠢ ᠭᠡᠷᠡᠴᠢᠯᠡᠵᠦ᠍᠂ ᠲᠦᠷᠭᠡᠨ᠎ᠦ ᠲᠡᠮᠦᠷ ᠵᠠᠮ᠎ᠢ ᠬᠤᠪᠢᠰᠬᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠂ ᠠᠭᠤᠯᠠᠷᠬᠠᠭ ᠣᠷᠣᠨ᠎ᠳᠤ ᠬᠦᠷᠲᠡᠯ᠎ᠡ ᠵᠠᠰᠠᠵᠤ 《ᠠᠷᠠᠳ᠎ᠤᠨ ᠠᠮᠢᠳᠤᠷᠠᠯ᠎ᠤᠨ ᠵᠣᠯ ᠵᠢᠷᠭᠠᠯ᠎ᠤᠨ ᠵᠠᠮ》 ᠶᠠᠪᠤᠬᠤ ᠳᠤᠳᠤᠮ ᠥᠷᠭᠡᠨ ᠳᠠᠷᠳᠠᠩ ᠪᠣᠯᠤᠭ᠍ᠰᠠᠨ᠎ᠢ ᠭᠡᠷᠡᠴᠢᠯᠡᠵᠦ᠍ ᠪᠠᠢᠨ᠎ᠠ ᠁ ᠶᠠᠭ ᠠᠷᠠᠳ ᠲᠦᠮᠡᠨ᠎ᠦ ᠲᠥᠯᠥᠭᠡ ᠵᠠᠰᠠᠭ᠎ᠤᠨ ᠠᠵᠢᠯ᠎ᠤᠨ ᠠᠮᠵᠢᠯᠲᠠ ᠭᠠᠷᠭᠠᠵᠤ᠂ ᠪᠣᠳᠠᠲᠠᠢ ᠠᠵᠢᠯᠯᠠᠬᠤ᠎ᠪᠠᠷ ᠵᠠᠰᠠᠭ᠎ᠤᠨ ᠠᠮᠵᠢᠯᠲᠠ ᠪᠦᠲᠦᠮᠵᠢ ᠭᠠᠷᠭᠠᠬᠤ᠎ᠶ᠋ᠢ ᠪᠠᠷᠢᠮᠲᠠᠯᠠᠵᠤ᠂ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠌᠎ᠶ᠋ᠢ ᠠᠬᠢᠭᠤᠯᠬᠤ ᠯᠠᠪᠳᠠᠭᠤᠨ ᠪᠠᠲᠤᠲᠠᠢ ᠠᠯᠬᠤᠮ᠎ᠢ ᠠᠯᠬᠤᠬᠰᠠᠨ ᠡᠴᠡ ᠨᠠᠮ᠎ᠤᠨ ᠰᠡᠳᠭᠢᠯ ᠠᠷᠠᠳ᠎ᠤᠨ ᠰᠡᠳᠭᠢᠯ᠎ᠢ ᠳᠡᠭᠡᠳᠦ ᠬᠡᠮᠵᠢᠶ᠎ᠡ᠎ᠪᠡᠷ ᠨᠢᠭ᠍ᠲᠠᠷᠠᠭᠤᠯᠵᠤ᠂ ᠠᠷᠠᠳ ᠤᠯᠠᠨ ᠨᠠᠮ᠎ᠳᠠᠭᠠᠨ ᠳᠡᠭᠡᠳᠦ ᠬᠡᠮᠵᠢᠶ᠎ᠡ᠎ᠪᠡᠷ ᠢᠲᠡᠭᠡᠯ᠎ᠲᠡᠶ ᠪᠤᠯᠵᠤ᠂ ᠨᠠᠮ᠎ᠤᠨ ᠲᠦᠷᠦ᠍ ᠪᠠᠷᠢᠬᠤ ᠰᠠᠭᠤᠷᠢ ᠨᠡᠩ ᠪᠡᠬᠢᠵᠢᠭ᠌ᠰᠡᠨ ᠶᠤᠮ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ ᠴᠢᠷᠮᠠᠢᠨ ᠲᠡᠮᠡᠴᠡᠵᠦ᠍᠂ ᠠᠷᠠᠳ ᠲᠦᠮᠡᠨ᠎ᠳᠦ ᠪᠤᠶᠠᠨ ᠦᠢᠯᠡᠳᠬᠦ᠌ ᠪᠣᠯ ᠦᠨᠳᠦᠰᠦᠨ ᠦᠷᠳᠡᠭ᠎ᠦᠨ ᠬᠠᠨᠳᠤᠰᠢ ᠮᠥᠨ᠃ ᠭᠠᠭ᠍ᠴᠠ ᠬᠦ᠌ ᠪᠣᠳᠠᠲᠤ ᠪᠠᠢᠳᠠᠯ᠎ᠡᠴᠡ ᠡᠭᠦᠰᠭᠦ᠂ ᠵᠢᠮ᠎ᠡ ᠶᠣᠰᠣ᠎ᠪᠠᠷ ᠠᠵᠢᠯᠯᠠᠬᠤ᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠪᠠ ᠪᠣᠳᠠᠲᠠᠢ ᠠᠵᠢᠯᠯᠠᠵᠤ ᠱᠢᠷᠭᠠᠭᠤ ᠬᠠᠲᠠᠭᠤᠵᠢᠯᠲᠠᠢ ᠠᠵᠢᠯᠯᠠᠪᠠᠯ ᠰᠠᠶᠢ ᠦᠢᠯᠡᠳᠦᠯᠭᠡ ᠪᠠ ᠲᠡᠦᠬᠡ᠎ᠶ᠋ᠢᠨ ᠱᠢᠯᠭᠠᠯᠲᠠ᠎ᠶ᠋ᠢ ᠳᠠᠭᠠᠭᠠᠵᠤ ᠴᠢᠳᠠᠬᠤ᠂ ᠠᠷᠠᠳ ᠲᠦᠮᠡᠨ᠎ᠳᠦ ᠦᠨᠡᠨ ᠬᠦ᠌ ᠠᠵᠠ ᠵᠢᠷᠭᠠᠯ ᠣᠯᠭᠣᠵᠤ ᠴᠢᠳᠠᠬᠤ᠂ ᠤᠯᠠᠨ ᠲᠦᠮᠡᠨ᠎ᠳᠦ ᠮᠡᠳᠡᠷᠡᠭ᠌ᠳᠡᠭ᠌ᠰᠡᠨ ᠠᠮᠵᠢᠯᠲᠠ ᠪᠦᠲᠦᠮᠵᠢ᠎ᠶ᠋ᠢ ᠡᠭᠦᠳᠴᠦ᠍ ᠴᠢᠳᠠᠨ᠎ᠠ᠃ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠨᠠᠮᠴᠢ ᠴᠢᠨᠠᠷ᠎ᠤᠨ ᠲᠠᠯ᠎ᠠ᠎ᠡᠴᠡ ᠵᠥᠷᠢᠶ᠎ᠡ᠎ᠪᠡᠨ ᠡᠷᠢᠬᠦ᠌᠂ ᠡᠬᠢ ᠦᠨᠳᠦᠰᠦ᠎ᠶ᠋ᠢ ᠨᠢ ᠮᠠᠯᠲᠠᠬᠤ ᠂ ᠬᠡᠪ ᠪᠣᠯᠪᠠᠰᠤᠷᠠᠯ᠎ᠢᠶᠠᠨ ᠴᠢᠩᠭᠠᠳᠭᠠᠬᠤ᠎ᠶ᠋ᠢ ᠪᠠᠷᠢᠮᠲᠠᠯᠠᠵᠤ ᠂ ᠤᠬᠠᠮᠰᠠᠷ᠎ᠡᠴᠡ᠎ᠪᠠᠨ ᠵᠠᠰᠠᠭ᠎ᠤᠨ ᠠᠵᠢᠯ᠎ᠤᠨ ᠪᠦᠲᠦᠮᠵᠢ᠎ᠶ᠋ᠢ ᠬᠥᠭᠡᠭᠡᠴᠡᠯᠳᠦᠬᠦ᠌ ᠲᠠᠯ᠎ᠠ᠎ᠪᠠᠷ ᠡᠯᠳᠡᠪᠢ ᠰᠡᠳᠦᠵᠤ ᠡᠲᠡᠭᠡᠳ᠎ᠢᠶᠡᠷ ᠠᠭᠠᠰᠢᠯᠠᠬᠤ᠌᠂ ᠶᠡᠬᠡ᠎ᠳᠦ ᠳᠤᠷᠠᠯᠠᠵᠤ ᠭᠠᠪᠢᠶ᠎ᠠ ᠬᠥᠭᠡᠭᠡᠴᠡᠯᠳᠦᠬᠦ᠌ ᠂ ᠤᠷᠠᠨ ᠨᠢᠳᠤᠷᠭᠠᠨ ᠡᠷᠳᠡᠮ᠂ ᠠᠷᠠᠳ᠎ᠢ ᠵᠦᠳᠡᠭᠡᠵᠦ᠍ ᠡᠳ᠋᠎ᠢ ᠰᠦᠢᠳᠭᠡᠬᠦ᠌᠂ ᠱᠢᠨ᠎ᠡ ᠨᠣᠶᠠᠨ ᠬᠠᠭᠤᠴᠢᠨ ᠲᠠᠩᠰᠠ᠎ᠶ᠋ᠢ ᠬᠠᠮᠢᠶᠠᠷᠬᠤ ᠦᠭᠡᠢ ᠪᠠᠢᠬᠤ ᠲᠡᠷᠡ ᠬᠦ᠌ ᠠᠷᠭ᠎ᠠ ᠬᠢᠳᠡᠯ᠎ᠢ ᠲᠡᠪᠴᠢᠵᠦ᠍᠂ ᠪᠣᠳᠠᠲᠠᠢ ᠠᠵᠢᠯ ᠪᠣᠳᠠᠳᠤ ᠠᠮᠵᠢᠯᠲᠠ᠎ᠪᠠᠷ᠎ᠢᠶᠠᠨ ᠠᠷᠠᠳ᠎ᠲᠤ ᠪᠤᠶᠠᠨ ᠦᠢᠯᠡᠳᠴᠦ᠍᠂ ᠠᠷᠠᠳ᠎ᠤᠨ ᠢᠲᠡᠭᠡᠯ᠎ᠢ ᠤᠯᠬᠤ ᠬᠡᠷᠡᠭ᠌ᠲᠡᠢ᠃
ᠱᠢᠨ᠎ᠡ ᠠᠶᠠᠨ ᠪᠣᠯ ᠱᠢᠨ᠎ᠡ ᠤᠷᠳᠤ ᠵᠠᠮ᠎ᠤᠨ ᠠᠶᠠᠨ ᠲᠠᠢ᠌ᠨ ᠮᠥᠨ᠂ ᠡᠷᠬᠡᠪᠰᠢ ᠮᠠᠰᠢ ᠤᠯᠠᠨ ᠱᠢᠨ᠎ᠡ ᠲᠡᠦᠬᠡᠨ ᠣᠨᠴᠠᠯᠢᠭ᠎ᠲᠠᠶ ᠠᠭᠤᠤ ᠶᠡᠬᠡ ᠲᠡᠮᠡᠴᠡᠯ᠎ᠢ ᠬᠢᠬᠦ᠌᠎ᠪᠡᠷ ᠴᠠᠭ ᠢᠮᠠᠭ᠍ᠲᠠ ᠪᠡᠯᠡᠬᠡᠨ ᠪᠠᠢᠬᠤ ᠬᠡᠷᠡᠭ᠌ᠲᠡᠢ᠃ ᠴᠢᠳᠠᠪᠤᠷᠢ ᠪᠠ ᠲᠦᠪᠰᠢᠨ᠎ᠢᠶᠡᠨ ᠳᠡᠭᠡᠭ᠌ᠰᠢᠯᠡᠭᠦᠯᠬᠦ᠌᠎ᠳᠦ ᠡᠷᠬᠡᠪᠰᠢ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠬᠤ ᠬᠡᠷᠡᠭ᠌ᠲᠡᠢ᠃
ᠣᠳᠣᠬᠠᠨ᠎ᠳᠤ᠂ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠷᠴᠢᠨ ᠨᠥᠬᠥᠴᠡᠯ᠎ᠳᠦ ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ ᠲᠤᠯᠭᠠᠷᠠᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠳᠤᠮᠳᠠᠬᠢ ᠭᠦᠨ ᠳᠠᠪᠬᠤᠷᠭ᠎ᠠ᠎ᠶ᠋ᠢᠨ ᠵᠥᠷᠢᠴᠡᠯ ᠠᠰᠠᠭᠤᠳᠠᠯ 《ᠵᠠᠢᠯᠠᠵᠤ ᠴᠢᠳᠠᠬᠤ ᠦᠭᠡᠢ᠂ ᠲᠣᠭᠣᠷᠢᠵᠤ ᠭᠠᠷᠴᠤ᠌ ᠴᠢᠳᠠᠬᠤ ᠦᠭᠡᠢ》 ᠪᠠᠢᠨ᠎ᠠ᠃ ᠤᠷᠤᠭ᠍ᠰᠢᠯᠠᠯᠲᠠ᠎ᠶ᠋ᠢᠨ ᠵᠠᠮ ᠳᠡᠭᠡᠷᠡᠬᠢ 《ᠯᠧᠦ ᠱᠠᠨ ᠭᠤᠸᠠᠨ ᠪᠣᠭᠣᠮᠲᠠ》᠂ 《ᠯᠠ ᠽᠢ ᠺᠸᠤ ᠪᠣᠭᠣᠮᠲᠠ》 ᠵᠢᠨ ᠡᠮᠦᠨ᠎ᠡ᠂ ᠪᠢᠳᠡ ᠪᠠᠢᠯᠳᠤᠬᠤ ᠪᠣᠳᠣᠯᠭ᠎ᠠ᠎ᠶ᠋ᠢᠨ ᠰᠠᠨᠠᠭᠠᠴᠢᠯᠠᠭᠠᠲᠤ ᠴᠢᠨᠠᠷ᠎ᠢᠶᠠᠨ ᠪᠠᠲᠤᠯᠠᠵᠤ᠂ ᠠᠶᠤᠯ ᠲᠦᠭ᠌ᠰᠢᠭᠦᠷᠢ᠎ᠶ᠋ᠢ ᠨᠡᠪᠲᠡ ᠠᠵᠢᠭ᠍ᠯᠠᠬᠤ ᠴᠢᠳᠠᠪᠤᠷᠢ᠂ ᠤᠷᠢᠳᠴᠢᠯᠠᠨ ᠮᠡᠳᠡᠬᠦ᠌ ᠴᠢᠳᠠᠪᠤᠷᠢ᠎ᠪᠠᠨ ᠴᠢᠩᠭᠠᠳᠭᠠᠬᠤ᠎ᠪᠠᠷ ᠪᠠᠷᠠᠬᠤ ᠥᠬᠡᠶ ᠨᠠᠩ ᠴᠤ᠌ ᠡᠷᠲᠡ ᠮᠡᠳᠡᠵᠦ᠍᠂ ᠲᠦᠷᠭᠡᠨ ᠬᠥᠳᠡᠯᠦᠯᠴᠡᠵᠦ᠍᠂ ᠵᠣᠷᠢᠭ᠍ᠲᠠᠶ᠎ᠪᠠᠷ ᠲᠡᠮᠡᠴᠡᠵᠦ᠍᠂ ᠴᠢᠳᠠᠮᠠᠭᠠᠶ᠎ᠪᠠᠷ ᠲᠡᠮᠡᠴᠡᠬᠦ᠌ ᠬᠡᠷᠡᠭ᠌ᠲᠡᠶ᠃ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠵᠣᠷᠢᠭ᠍ᠲᠠᠢ᠎ᠪᠠᠷ ᠴᠡᠭᠡᠵᠢ ᠲᠦᠷᠢᠨ ᠲᠡᠮᠡᠴᠡᠵᠦ᠂ ᠬᠦᠴᠢᠷ᠎ᠢ ᠰᠦᠷᠦᠨ ᠤᠷᠤᠭ᠍ᠰᠢᠯᠠᠵᠤ᠂ ᠠᠶᠤᠯ ᠲᠦᠭ᠌ᠰᠢᠭᠦᠷᠢᠲᠡᠶ ᠲᠡᠮᠡᠴᠡᠬᠦ᠌᠂ ᠥᠷᠢᠰᠥᠯᠳᠦᠭᠡᠨ᠎ᠢ ᠤᠭ᠍ᠲᠤᠬᠤ᠂ ᠬᠦᠴᠢᠷ᠎ᠢ ᠲᠤᠭᠤᠯᠬᠤ᠎ᠳᠠᠭᠠᠨ ᠴᠢᠳᠠᠮᠠᠭᠠᠢ ᠪᠠᠢᠵᠤ᠂ ᠠᠶᠤᠯ ᠲᠦᠭ᠌ᠰᠢᠭᠦᠷᠢ᠎ᠶ᠋ᠢᠨ ᠬᠡᠮ ᠰᠣᠭᠣᠭ᠎ᠢ ᠴᠠᠭ ᠲᠤᠬᠠᠢᠳᠤᠨᠢ ᠡᠷᠡᠰ ᠱᠢᠭᠤᠷᠬᠠᠢ ᠠᠷᠢᠯᠭᠠᠵᠤ᠂ ᠠᠱᠢᠭ ᠦᠭᠡᠢ ᠡᠯᠧᠮᠧᠨ᠋ᠲ᠎ᠢ ᠳᠠᠢᠰᠤᠨ᠎ᠢ ᠳᠠᠷᠤᠵᠤ ᠢᠯᠠᠯᠲᠠ ᠤᠯᠬᠤ ᠠᠱᠢᠭ᠍ᠲᠠᠢ ᠨᠥᠬᠥᠴᠡᠯ ᠪᠣᠯᠭᠠᠨ ᠬᠤᠪᠢᠷᠠᠭᠤᠯᠵᠤ᠂ ᠱᠢᠷᠭᠠᠭᠤ ᠲᠡᠮᠡᠴᠡᠯ᠎ᠢᠶᠡᠷ ᠳᠠᠮᠵᠢᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠣᠷᠣᠨ ᠵᠠᠢ᠎ᠶ᠋ᠢ ᠨᠡᠭᠡᠭᠡᠬᠦ᠌ ᠬᠡᠷᠡᠭ᠌ᠲᠡᠢ᠃
《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠵᠣᠷᠢᠭ᠍ᠲᠠᠢ᠎ᠪᠠᠷ ᠥᠪᠡᠷ ᠪᠡᠶ᠎ᠡ ᠵᠢᠨ ᠬᠤᠪᠢᠰᠭᠠᠯ ᠬᠢᠬᠦ᠌ ᠪᠣᠯ ᠪᠠᠲᠤᠯᠠᠭ᠎ᠠ ᠮᠥᠨ᠂ ᠡᠷᠬᠡᠪᠰᠢ ᠢᠯᠵᠢᠷᠠᠯ᠎ᠢ ᠡᠷᠡᠰ ᠭᠤᠢᠪᠢᠰᠢ ᠦᠭᠡᠢ᠎ᠪᠡᠷ ᠵᠠᠯᠬᠠᠭᠠᠨ ᠱᠢᠢᠳᠭᠡᠬᠦ᠌ ᠬᠡᠷᠡᠭ᠌ᠲᠡᠢ᠃
ᠢᠯᠵᠢᠷᠠᠯ ᠨᠢ ᠤᠯᠤᠰ ᠲᠥᠷᠥ᠎ᠶ᠋ᠢᠨ ᠠᠮᠢ ᠠᠬᠤᠶ᠎ᠶ᠋ᠢ ᠪᠣᠬᠢᠷᠲᠤᠭᠤᠯᠵᠤ᠂ ᠬᠥᠭ᠌ᠵᠢᠯᠲᠡ᠎ᠶ᠋ᠢᠨ ᠣᠷᠴᠢᠨ ᠨᠦᠬᠦᠴᠡᠯ᠎ᠢ ᠡᠪᠳᠡᠵᠦ᠍ ᠪᠠᠢᠨ᠎ᠠ᠃ ᠨᠠᠮ᠎ᠢ ᠬᠠᠮᠢᠶᠠᠷᠴᠤ᠌ ᠨᠠᠮ᠎ᠢ ᠵᠠᠰᠠᠬᠤ ᠨᠢ ᠬᠡᠳᠦᠢ ᠪᠦᠲᠦᠮᠵᠢᠲᠡᠢ ᠪᠣᠯᠬᠤ ᠲᠤᠳᠤᠮ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠠᠲᠤᠯᠠᠭ᠎ᠠ ᠨᠢ ᠲᠡᠳᠦᠢ ᠬᠦᠴᠦᠲᠡᠢ ᠪᠣᠯᠳᠠᠭ᠃ ᠣᠳᠣᠬᠠᠨ᠎ᠳᠤ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠦᠨ ᠪᠠᠢᠳᠠᠯ ᠮᠥᠨ ᠯᠡ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠢᠵᠤ᠂ ᠢᠯᠵᠢᠷᠠᠯ᠎ᠤᠨ ᠡᠭᠦᠰᠦᠨ ᠳᠡᠯᠭᠡᠷᠡᠬᠦ᠌ ᠬᠥᠷᠥᠰᠥ᠍ ᠱᠢᠷᠣᠢ ᠪᠠ ᠨᠥᠬᠥᠴᠡᠯ᠎ᠢ ᠠᠷᠢᠯᠭᠠᠬᠤ ᠡᠭᠦᠷᠭᠡ ᠮᠥᠨ ᠯᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠢᠨ᠎ᠠ᠃ ᠡᠨᠡ ᠨᠢ ᠳᠠᠷᠤᠢ ᠢᠯᠵᠢᠷᠠᠯ᠎ᠢ ᠡᠰᠡᠷᠭᠦᠴᠡᠬᠦ᠌ ᠰᠦᠷ ᠬᠦᠴᠦᠲᠦ ᠪᠠᠢᠳᠠᠯ᠎ᠢ ᠡᠷᠬᠡᠪᠰᠢ ᠢᠮᠠᠭ᠍ᠲᠠ ᠪᠠᠷᠢᠮᠲᠠᠯᠠᠵᠤ᠂ ᠥᠴᠦᠬᠡᠨ ᠴᠦ᠍ ᠵᠣᠭ᠍ᠰᠣᠬᠤ ᠦᠭᠡᠢ᠂ ᠥᠴᠦᠬᠡᠨ ᠴᠦ᠍ ᠨᠠᠢᠷ ᠲᠠᠯᠪᠢᠬᠤ ᠦᠭᠡᠢ ᠪᠠᠢᠬᠤ ᠬᠡᠷᠡᠭ᠌ᠲᠡᠢ᠂ ᠶᠠᠭᠠᠬᠢᠭ᠍ᠰᠠᠨ ᠴᠤ᠌ ᠡᠨᠡᠷᠢᠩᠭᠦᠢ ᠰᠡᠳᠭᠢᠯ ᠭᠠᠷᠭᠠᠵᠤ ᠪᠣᠯᠬᠤ ᠦᠭᠡᠢ ᠭᠡᠳᠡᠭ᠎ᠢ ᠲᠣᠭ᠍ᠲᠠᠭᠠᠭ᠍ᠰᠠᠨ ᠶᠤᠮ᠃ ᠨᠠᠮ᠎ᠤᠨ ᠰᠠᠬᠢᠯᠭ᠎ᠠ ᠪᠠᠲᠤ ᠪᠣᠯᠤᠨ ᠠᠵᠢᠯ ᠬᠢᠵᠦ᠍ ᠦᠢᠯᠡᠰ ᠪᠤᠰᠭᠠᠬᠤ ᠪᠣᠯ ᠳᠣᠲᠣᠭᠠᠳᠤ ᠳ᠋ᠠᠭᠠᠨ ᠨᠢᠭᠡᠳᠦᠯᠳᠠᠢ ᠪᠠᠢᠳᠠᠭ ᠭᠡᠳᠡᠭ᠎ᠢ ᠪᠠᠲᠤ ᠴᠡᠭᠡᠵᠢᠯᠡᠵᠦ᠍᠂ ᠬᠠᠤᠯᠢ ᠲᠦᠷᠢᠮ ᠪᠣᠯ 《ᠬᠤᠷᠢᠭ᠎ᠠ ᠴᠠᠭᠠᠵᠠ》 ᠪᠣᠯᠬᠤ᠎ᠪᠠᠷ ᠪᠠᠷᠠᠬᠤ ᠦᠭᠡᠢ ᠨᠡᠩ ᠴᠤ᠌ 《ᠬᠠᠮᠠᠭᠠᠯᠠᠭᠴᠢ ᠲᠠᠷᠨᠢ》 ᠮᠥᠨ ᠭᠡᠳᠡᠭ᠎ᠢ ᠭᠦᠨᠵᠡᠭᠡᠢ ᠲᠠᠨᠢᠵᠤ᠂ ᠬᠠᠤᠯᠢ ᠴᠠᠭᠠᠵᠠ ᠰᠠᠬᠢᠯᠭᠠᠪᠠᠳᠤ ᠶ᠋ᠢ ᠤᠢ᠍ᠢᠯᠠᠭᠠᠨ᠂ ᠶᠣᠰᠣ ᠲᠦᠷᠢᠮ᠎ᠢ ᠲᠣᠳᠣᠷᠬᠠᠢᠯᠠᠵᠤ᠂ ᠪᠢᠱᠢᠷᠡᠨ ᠵᠢᠷᠦᠬᠡᠱᠢᠶᠡᠬᠦ᠌᠎ᠶ᠋ᠢ ᠮᠡᠳᠡᠵᠦ᠂ ᠠᠷᠢᠭᠤᠨ ᠴᠢᠬᠡᠴᠢ᠎ᠪᠡᠷ ᠠᠵᠢᠯ ᠬᠢᠵᠦ᠍᠂ ᠵᠣᠷᠢᠭ᠍ᠲᠠᠢ᠎ᠪᠠᠷ ᠠᠵᠢᠯ ᠬᠢᠬᠦ᠌ ᠬᠡᠷᠡᠭ᠌ᠲᠡᠢ᠃
ᠬᠥᠮᠦᠨ᠎ᠦ ᠶᠢᠷᠲᠢᠨᠴᠦ᠍᠎ᠶ᠋ᠢᠨ ᠵᠥᠪ ᠵᠠᠮ᠎ᠢᠶᠠᠷ ᠵᠠᠮᠨᠠᠵᠤ᠂ ᠱᠢᠳᠤᠷᠭᠤ ᠶᠣᠰᠣᠨ᠎ᠤ ᠦᠢᠯᠡᠰ᠎ᠢ ᠪᠦᠲᠦᠭᠡᠵᠦ᠂ ᠤᠷᠢᠳ ᠡᠮᠦᠨ᠎ᠡ ᠪᠠᠢᠭ᠎ᠠ ᠦᠭᠡᠢ᠂ ᠮᠢᠩᠭᠠᠨ ᠪᠡᠷᠬᠡ ᠲᠦᠮᠡᠨ ᠪᠠᠷᠲᠠᠭ᠎ᠠ᠎ᠲᠠᠶ ᠪᠠᠢᠭ᠍ᠰᠠᠨ ᠴᠤ᠌ ᠰᠡᠳᠭᠢᠯ᠎ᠳᠡᠭᠡᠨ ᠠᠷᠠᠳ ᠲᠦᠮᠡᠨ᠎ᠢ ᠪᠤᠳᠤᠵᠤ᠂ ᠦᠨᠡᠨ ᠶᠣᠰᠣ᠎ᠶ᠋ᠢ ᠡᠵᠡᠮᠳᠡᠵᠦ᠍ ᠪᠠᠢᠪᠠᠯ ᠢᠲᠡᠭᠡᠯ ᠵᠣᠷᠢᠭ ᠪᠠ ᠬᠦᠴᠦᠨ ᠴᠢᠳᠠᠯ᠎ᠢᠶᠠᠷ ᠪᠢᠯᠬᠠᠵᠤ᠂ ᠰᠠᠯᠬᠢ ᠪᠣᠷᠣᠭᠠᠨ᠎ᠢ ᠰᠦᠷᠦᠨ ᠡᠷᠡᠰ ᠱᠢᠭᠤᠷᠬᠠᠢ᠎ᠪᠠᠷ ᠤᠷᠤᠭ᠍ᠰᠢᠯᠠᠵᠤ ᠴᠢᠳᠠᠨ᠎ᠠ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠬᠦᠨᠳᠦ ᠬᠦᠴᠢᠷ ᠡᠭᠦᠷᠭᠡ᠎ᠶ᠋ᠢ ᠡᠭᠦᠷᠭᠡᠯᠡᠵᠦ᠍᠂ ᠬᠦᠴᠦᠯᠡᠨ ᠴᠢᠷᠮᠠᠢᠵᠤ ᠵᠢᠳᠬᠦᠯ ᠴᠢᠷᠮᠠᠢᠯᠭ᠎ᠠ ᠭᠠᠷᠭᠠᠪᠠᠯ᠂ ᠪᠢᠳᠡ ᠯᠠᠪᠲᠠᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠠᠤᠭ᠎ᠠ ᠵᠢᠷᠤᠭ ᠲᠥᠰᠦᠪ᠎ᠢ ᠪᠣᠳᠠᠲᠤ ᠠᠬᠤᠢ ᠪᠣᠯᠭᠠᠨ ᠬᠤᠪᠢᠷᠠᠭᠤᠯᠵᠤ ᠴᠢᠳᠠᠨ᠎ᠠ᠃
ᠲᠡᠦᠬᠡ ᠪᠣᠳᠠᠲᠠᠢ ᠠᠵᠢᠯᠯᠠᠭ᠍ᠴᠢ᠎ᠶ᠋ᠢ ᠬᠥᠰᠡᠷᠳᠡᠭᠦᠯᠬᠦ᠌ ᠦᠭᠡᠢ ᠶᠤᠮ᠂ ᠲᠡᠦᠬᠡ ᠶᠡᠷᠦ᠍᠎ᠡᠴᠡ ᠡᠷᠡᠯᠬᠡᠭ᠌ᠯᠡᠨ ᠲᠡᠮᠡᠴᠡᠭ᠌ᠴᠢ᠎ᠳᠦ ᠬᠠᠷᠢᠶᠠᠯᠠᠭ᠍ᠳᠠᠨ᠎ᠠ!
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 1 ᠰᠠᠷ᠎ᠠ᠎ᠶ᠋ᠢᠨ 22 ᠤ᠋ᠨ ᠴᠠᠬᠢᠯᠭᠠᠨ ᠮᠡᠳᠡᠭᠡ)