ᠥᠪᠥᠷ ᠮᠣᠩᠭᠣᠯ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠪᠠᠢᠴᠠᠭᠠᠬᠤ ᠠᠵᠢᠯ ᠤ᠋ᠨ ᠰᠠᠢᠨ ᠰᠠᠢᠬᠠᠨ ᠠᠮᠢᠳᠤᠷᠠᠯ᠎ᠢ ᠬᠠᠮᠠᠭᠠᠯᠠᠭ᠍ᠰᠠᠨ ᠠᠷᠪᠠᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠨᠡᠢᠲᠡᠯᠡᠪᠡ
2026-01-25 12:35:40
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠸ᠋᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ 2025 ᠣᠨ᠎ᠤ ᠥᠪᠥᠷ ᠮᠣᠩᠭᠣᠯ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠪᠠᠢᠴᠠᠭᠠᠬᠤ ᠠᠵᠢᠯ ᠤ᠋ᠨ ᠰᠠᠢᠨ ᠰᠠᠢᠬᠠᠨ ᠠᠮᠢᠳᠤᠷᠠᠯ᠎ᠢ ᠬᠠᠮᠠᠭᠠᠯᠠᠭ᠍ᠰᠠᠨ 10 ᠶᠡᠬᠡ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠨᠡᠢᠲᠡᠯᠡᠪᠡ᠃

10 ᠨᠡᠢᠲᠡᠯᠢᠭ ᠬᠡᠷᠡᠭ᠎ᠦᠨ ᠵᠢᠱ᠌ᠢᠶ᠎ᠡ᠎ᠳᠦ᠂ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠠᠷᠠᠳ᠎ᠤᠨ ᠪᠠᠢᠴᠠᠭᠠᠬᠤ ᠬᠣᠷᠢᠶ᠎ᠠ ᠵᠢᠨ  ᠰᠦᠯᠵᠢᠶ᠎ᠡ᠎ᠪᠡᠷ ᠱᠢᠭᠤᠳ ᠨᠡᠪᠲᠡᠷᠡᠭᠦᠯᠵᠦ᠍ ᠢᠳᠡᠭᠡᠨ᠎ᠦ ᠵᠦᠶ᠋ᠯ᠎ᠢ ᠪᠣᠷᠣᠯᠠᠭᠤᠯᠤᠭ᠍ᠰᠠᠨ ᠵᠢᠷᠤᠮᠵᠢᠯ ᠥᠬᠡᠶ ᠠᠵᠢᠯᠯᠠᠭ᠎ᠠ ᠵᠢ ᠴᠡᠭᠴᠡᠯᠡᠨ ᠰᠠᠢᠵᠢᠷᠠᠭᠤᠯᠬᠤ ᠵᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ᠂ ᠪᠤᠭᠤᠲᠤ ᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶ᠎ᠠ ᠵᠢᠨ ᠡᠮ ᠡᠮᠨᠡᠯᠭᠡ ᠡᠷᠡᠭᠦᠯ ᠮᠡᠨᠳᠦ᠍᠎ᠶ᠋ᠢᠨ ᠮᠡᠳᠡᠭᠡ ᠵᠠᠩᠭᠢ᠎ᠶ᠋ᠢᠨ ᠠᠮᠤᠷ ᠲᠦᠪᠱᠢᠨ᠎ᠢ ᠬᠠᠮᠠᠭᠠᠯᠠᠬᠤ᠎ᠶ᠋ᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠬᠣᠲᠠ ᠬᠥᠳᠡᠭᠡ ᠵᠢᠨ ᠠᠭᠤᠯᠵᠠᠷ ᠭᠠᠵᠠᠷ ᠤ᠋ᠨ ᠬᠣᠭ ᠨᠣᠪᠰᠢ᠎ᠶ᠋ᠢ ᠲᠣᠭ᠍ᠲᠠᠭᠠᠯ᠎ᠡᠴᠨ ᠵᠥᠷᠢᠴᠡᠨ ᠣᠪᠣᠭᠠᠯᠠᠭ᠍ᠰᠠᠨ ᠶᠠᠪᠤᠳᠠᠯ᠎ᠢ ᠴᠡᠭᠴᠡᠯᠡᠨ ᠰᠠᠢᠵᠢᠷᠠᠭᠤᠯᠬᠤ ᠵᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ᠂ ᠡᠷᠢᠶᠡᠨ ᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶ᠎ᠠ ᠵᠢᠨ ᠨᠡᠢᠭᠡᠮ ᠲᠣᠭᠣᠷᠢᠭ᠎ᠤᠨ ᠬᠠᠮᠲᠤᠷᠠᠨ ᠬᠤᠳᠠᠯᠳᠤᠨ ᠠᠪᠤᠭ᠍ᠰᠠᠨ ᠢᠳᠡᠭᠡᠨ᠎ᠦ ᠬᠠᠳᠠᠭᠠᠯᠠᠯᠲᠠ᠎ᠶ᠋ᠢᠨ ᠠᠶᠤᠯᠭᠦᠶ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠬᠦᠢᠴᠡᠳᠬᠡᠬᠦ ᠵᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ᠂ ᠹᠧᠩᠵᠧᠨ ᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶ᠎ᠠ ᠵᠢᠨ ᠠᠮᠠᠨ ᠬᠥᠨᠳᠡᠶ᠎ᠶ᠋ᠢᠨ ᠡᠮᠨᠡᠯᠭᠡ᠎ᠶ᠋ᠢᠨ ᠬᠣᠷᠢᠶ᠎ᠠ᠎ᠶ᠋ᠢᠨ ᠳᠠᠪᠬᠤᠷᠳᠠᠭᠤᠯᠤᠨ ᠰᠦᠶ᠋ᠳᠭᠡᠯ ᠬᠤᠷᠢᠶᠠᠬᠤ ᠵᠢ ᠴᠡᠭᠴᠡᠯᠡᠨ ᠰᠠᠢᠵᠢᠷᠠᠭᠤᠯᠬᠤ ᠵᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ᠂ ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠲᠣᠭᠣᠰᠣᠨ᠎ᠤ ᠪᠣᠬᠢᠷᠲᠤᠯ᠎ᠢ ᠴᠡᠭ᠌ᠴᠡᠯᠡᠨ ᠵᠠᠰᠠᠬᠤ ᠵᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ᠂ ᠳᠠᠯᠠᠳ ᠬᠣᠱᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠳᠠᠯᠳᠠ ᠭᠡᠮ᠎ᠢ ᠠᠷᠢᠯᠭᠠᠬᠤ ᠵᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ᠂ ᠤᠷᠠᠳ᠎ᠤᠨ ᠡᠮᠦᠨᠡᠲᠦ ᠬᠣᠱᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠡᠴᠨ ᠹᠠᠩ ᠣᠪᠣᠭ᠍ᠲᠤ ᠵᠡᠷᠭᠡ ᠬᠥᠮᠦᠨ᠎ᠢ ᠠᠷᠠᠳ ᠢᠷᠭᠡᠨ᠎ᠦ ᠬᠤᠪᠢ ᠬᠥᠮᠦᠨ᠎ᠦ ᠮᠡᠳᠡᠭᠡ ᠵᠠᠩᠭᠢ᠎ᠳᠤ ᠬᠠᠯᠳᠠᠭ᠍ᠰᠠᠨ ᠬᠡᠵᠦ ᠵᠠᠭᠠᠯᠳᠤᠬᠰᠠᠨ ᠡᠷᠡᠭᠦᠦ᠍᠎ᠶ᠋ᠢᠨ ᠬᠡᠷᠡᠭ᠎ᠦᠨ ᠳᠠᠭᠠᠯᠳᠤᠭᠤᠯᠤᠯ ᠢᠷᠭᠡᠨ᠎ᠦ ᠬᠡᠷᠡᠭ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ᠂ ᠠᠯᠠᠱᠠ ᠵᠡᠭᠦᠨ ᠬᠣᠱᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠤᠤᠭᠤᠬᠤ ᠤᠰᠤᠨ᠎ᠤ ᠠᠮᠤᠷ ᠲᠦᠪᠱᠢᠨ᠎ᠦ ᠳᠠᠯᠳᠠ ᠬᠡᠮ᠎ᠢ ᠴᠡᠭᠴᠡᠯᠡᠨ ᠵᠠᠰᠠᠬᠤ ᠵᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ᠂ ᠬᠥᠬᠡᠬᠣᠲᠠ ᠲᠡᠮᠦᠷ ᠵᠠᠮ᠎ᠤᠨ ᠲᠡᠭᠡᠭᠡᠪᠦᠷᠢ᠎ᠶ᠋ᠢᠨ ᠪᠠᠢᠴᠠᠭᠠᠬᠤ ᠬᠤᠪᠢᠶᠠᠷᠢ ᠬᠣᠷᠢᠶ᠎ᠠ ᠵᠢᠨ ᠨᠡᠬᠦᠷᠡᠰᠦᠨ ᠤ᠋ ᠣᠷᠴᠢᠨ ᠲᠣᠭᠣᠷᠢᠨ᠎ᠢ ᠪᠣᠬᠢᠷᠲᠤᠭᠤᠯᠤᠭ᠍ᠰᠠᠨ ᠠᠰᠠᠭᠤᠳᠠᠯ᠎ᠢ ᠴᠡᠭ᠌ᠴᠡᠯᠡᠨ ᠵᠠᠰᠠᠬᠤ ᠵᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号