ᠬᠥᠬᠡᠬᠣᠲᠠ᠎ᠶ᠋ᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠱᠢᠰᠲ᠋ᠧᠮ 2025 ᠤᠨ ᠤᠯᠤᠰ ᠲᠦᠷᠦ᠍᠎ᠶ᠋ᠢᠨ ᠠᠮᠤᠷ ᠲᠦᠪᠱᠢᠨ᠂ ᠨᠡᠢᠭᠡᠮ᠎ᠦᠨ ᠠᠮᠤᠷ ᠲᠣᠭ᠍ᠲᠠᠭᠤᠨ᠂ ᠠᠷᠠᠳ ᠲᠦᠮᠡᠨ᠎ᠦ ᠠᠮᠤᠷ ᠠᠮᠤᠭᠤᠯᠠᠩ᠎ᠢ ᠪᠦᠬᠦ᠌ ᠬᠦᠴᠦ᠍ᠨ ᠵᠢᠡᠷ᠎ᠢᠶᠡᠨ ᠬᠠᠮᠠᠭᠠᠯᠠᠵᠤ᠂ ᠣᠷᠣᠨ᠎ᠤ ᠲᠥᠪ᠎ᠦᠨ ᠭᠦᠭᠵᠢᠯᠳᠠ ᠵᠢᠨ ᠱᠢᠨ᠎ᠡ ᠠᠶᠠᠨ ᠳ᠋ᠤ ᠪᠠᠲᠤ ᠪᠡᠬᠢ ᠤᠯᠤᠰ ᠲᠦᠷᠦ᠍ ᠬᠠᠤᠯᠢ ᠴᠠᠭᠠᠵᠠ᠎ᠶ᠋ᠢᠨ ᠲᠤᠯᠭᠠᠭᠤᠷᠢᠯᠠᠯ ᠬᠠᠩᠭᠠᠵᠡᠢ᠃
ᠬᠥᠬᠡᠬᠣᠲᠠ᠎ᠶ᠋ᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠱᠢᠰᠲ᠋ᠧᠮ ᠠᠮᠤᠷ ᠲᠦᠪᠰᠢᠨ ᠲᠤᠬᠳᠠᠭᠤᠨ ᠤ᠋ ᠬᠠᠯᠬᠠᠪᠴᠢ ᠵᠢ ᠪᠠᠳᠤ ᠴᠤᠬᠴᠠᠯᠠᠵᠤ᠂ ᠠᠶᠤᠯ ᠲᠦᠭ᠌ᠰᠢᠭᠦᠷᠢ᠎ᠶ᠋ᠢᠨ ᠬᠡᠮ ᠰᠣᠭᠣᠭ᠎ᠢ ᠡᠬᠢ ᠡᠭᠦᠰᠦᠯ᠎ᠡᠴᠡ᠎ᠨᠢ ᠬᠠᠮᠢᠶᠠᠷᠤᠨ ᠡᠵᠡᠮᠳᠡᠬᠦ᠌ ᠨᠠᠷᠢᠨ ᠲᠠᠩᠰᠠ᠎ᠶ᠋ᠢ ᠱᠢᠨ᠎ᠡ ᠵᠢ ᠡᠭᠦᠳᠦᠨ ᠲᠣᠭ᠍ᠲᠠᠭᠠᠵᠤ᠂ ᠠᠶᠤᠯ ᠲᠦᠭ᠌ᠰᠢᠭᠦᠷᠢ᠎ᠶ᠋ᠢ ᠴᠤᠬᠤᠢᠯᠳᠠ ᠵᠢᠨ ᠬᠤᠭᠤᠴᠠᠭᠠᠨ᠎ᠳᠤᠨᠢ ᠨᠠᠮᠳᠠᠭᠤᠯᠬᠤ᠎ᠵᠢ ᠬᠦᠴᠦᠳᠡᠢ ᠠᠬᠢᠭᠤᠯᠪᠠ᠃ ᠬᠡᠷ ᠭᠠᠵᠠᠷ ᠬᠥᠷᠥᠩᠭᠡ᠂ 《ᠬᠤᠤᠰ ᠥᠷᠢᠳᠡᠯ》 ᠵᠡᠷᠭᠡ ᠠᠵᠤ ᠠᠬᠤᠶ ᠨᠡᠢᠭᠡᠮ᠎ᠦᠨ ᠬᠦᠷᠢᠶ᠎ᠠ ᠴᠠᠷᠠᠭᠠᠨ᠎ᠳᠡᠬᠢ ᠵᠥᠷᠢᠴᠡᠯ ᠵᠠᠭᠤᠷᠠᠯᠳᠤᠭᠠᠨ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠂ ᠬᠠᠤᠯᠢ ᠪᠡᠷ ᠵᠠᠰᠠᠬᠤ ᠠᠷᠭ᠎ᠠ ᠬᠡᠯᠪᠡᠷᠢ ᠪᠡᠷ ᠲᠣᠬᠢᠲᠠᠶ ᠱᠢᠶ᠋ᠳᠪᠦᠷᠢᠯᠡᠵᠦ᠍᠂ ᠤᠯᠤᠰ ᠲᠦᠷᠦ ᠵᠢᠨ ᠠᠮᠤᠷ ᠲᠦᠪᠰᠢᠨ ᠢ᠋ ᠡᠷᠡᠰ ᠪᠠᠳᠤᠯᠠᠨ ᠬᠠᠮᠠᠭᠠᠯᠠᠵᠤ᠂ 2025 ᠣᠨ᠎ᠳᠤ ᠣᠯᠠᠨ ᠵᠦᠶ᠋ᠯ᠎ᠦᠨ ᠴᠢᠬᠤᠯᠠ ᠶᠡᠬᠡ ᠠᠵᠢᠯᠯᠠᠭ᠎ᠠ᠎ᠶ᠋ᠢᠨ ᠠᠮᠤᠷ᠎ᠢ ᠬᠠᠮᠠᠭᠠᠯᠠᠬᠤ ᠡᠭᠦᠷᠭᠡ᠎ᠶ᠋ᠢ ᠪᠡᠶᠡᠯᠡᠭᠦᠯᠪᠡ᠃
ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭ᠍ᠰᠠᠨ ᠪᠠᠢᠭᠤᠯᠤᠯᠲᠠ᠎ᠪᠠᠷ ᠵᠢᠯᠣᠭᠣᠳᠤᠮᠵᠢ ᠪᠣᠯᠭᠠᠵᠤ᠂ ᠭᠤᠷᠪᠠᠨ ᠱᠠᠲᠤᠨ᠎ᠤ ᠶᠡᠷᠦᠩᠬᠡᠢᠯᠡᠨ ᠵᠠᠰᠠᠬᠤ ᠲᠥᠪ ᠬᠢᠭᠡᠳ ᠬᠠᠤᠯᠢ ᠴᠠᠭᠠᠵᠠ᠎ᠶ᠋ᠢᠨ ᠦᠢᠯᠡᠴᠢᠯᠡᠭᠡᠨ᠎ᠦ ᠪᠠᠢᠭᠤᠯᠤᠮᠵᠢ᠂ ᠵᠠᠬᠢᠳᠠᠯ ᠰᠤᠷᠪᠤᠯᠵᠢᠯᠠᠯ᠎ᠤᠨ ᠰᠠᠯᠠᠭ᠎ᠠ ᠮᠥᠴᠢᠷ᠎ᠦᠨ ᠭᠦᠨᠵᠡᠭᠡᠢ ᠬᠠᠮᠲᠤᠷᠠᠯᠴᠠᠭ᠎ᠠ᠎ᠪᠠᠷ ᠳᠠᠮᠵᠢᠨ᠂ ᠡᠬᠢ ᠪᠠᠶᠠᠯᠢᠭ᠎ᠢ ᠡᠮᠬᠢᠯᠡᠨ ᠨᠡᠢᠳᠭᠡᠬᠦ ᠂ ᠬᠦᠴᠦᠨ ᠴᠢᠳᠠᠪᠤᠷᠢ᠎ᠶ᠋ᠢ ᠳᠠᠬᠢᠨ᠎ᠢᠶᠠᠷ ᠨᠡᠮᠡᠭ᠌ᠳᠡᠭᠦᠯᠬᠦ᠌᠎ᠶ᠋ᠢ ᠪᠡᠶᠡᠯᠡᠭᠦᠯᠵᠦ᠍᠂ 2025 ᠣᠨ᠎ᠳᠤ ᠡᠯ᠎ᠡ ᠱᠠᠲᠤᠨ᠎ᠤ ᠶᠡᠷᠦᠩᠬᠡᠢᠯᠡᠨ ᠵᠠᠰᠠᠬᠤ ᠲᠥᠪ ᠨᠡᠢᠲᠡ 1.9 ᠲᠦᠮᠡᠨ ᠬᠤᠪᠢ ᠵᠥᠷᠢᠴᠡᠯ ᠵᠠᠭᠤᠷᠠᠯᠳᠤᠭᠠᠨ᠎ᠢ ᠱᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢᠯᠡᠨ ᠵᠠᠰᠠᠬᠤ ᠪᠠ ᠲᠣᠣᠷᠵᠢᠭᠰᠠᠨ ᠮᠡᠳᠡᠭᠡ ᠵᠠᠩᠭᠢ᠎ᠶ᠋ᠢᠨ ᠱᠢᠰᠲ᠋ᠧᠮ᠎ᠢ ᠪᠦᠬᠦ᠌ ᠲᠠᠯ᠎ᠠ᠎ᠪᠠᠷ ᠬᠡᠷᠡᠭ᠌ᠯᠡᠵᠦ᠍᠂ 340 ᠲᠦᠮᠡᠨ ᠬᠥᠮᠦᠨ ᠠᠮᠠ᠂ 211.6 ᠲᠦᠮᠡᠨ ᠲᠠᠰᠤᠯᠭ᠎ᠠ ᠭᠡᠷ ᠪᠠᠢᠱᠢᠩ᠎ᠢ ᠣᠨᠣᠴᠠᠲᠠᠢ ᠬᠠᠮᠢᠶᠠᠷᠴᠤ᠌᠂ ᠲᠣᠭ᠎ᠠ ᠪᠠᠷᠢᠮᠲᠠ᠎ᠪᠠᠷ ᠬᠥᠳᠡᠯᠭᠡᠭᠦᠷ ᠪᠣᠯᠭᠠᠭ᠍ᠰᠠᠨ ᠦᠨᠳᠦᠰᠦᠨ ᠱᠠᠲᠤᠨ᠎ᠤ ᠵᠠᠰᠠᠯᠲᠠ᠎ᠶ᠋ᠢᠨ ᠱᠢᠨ᠎ᠡ ᠪᠠᠢᠷᠢᠱᠢᠯ᠎ᠢ ᠪᠦᠷᠢᠯᠳᠦᠬᠦᠯᠪᠡ᠃
ᠬᠥᠬᠡᠬᠣᠲᠠ ᠵᠢᠨ ᠤᠯᠤᠰ ᠲᠦᠷᠦ ᠬᠠᠤᠯᠢ ᠴᠠᠭᠠᠵᠠ ᠵᠢᠨ ᠰᠢᠰᠲᠸᠮ ᠰᠠᠨᠠᠭᠠᠴᠢᠯᠠᠭ᠎ᠠ ᠡᠴᠨ ᠪᠠᠨ ᠭᠦᠭᠵᠢᠯᠳᠡ ᠵᠢᠨ ᠶᠡᠬᠡ ᠲᠠᠯ᠎ᠠ ᠲᠠᠢ ᠠᠭᠤᠰᠤᠯᠴᠠᠵᠤ᠂ ᠭᠤᠷᠪᠠᠳᠤᠭᠠᠷ ᠪᠦᠯᠦᠭ᠎ᠦᠨ ᠪᠥᠬᠥ᠌ ᠤᠯᠤᠰ᠎ᠤᠨ ᠬᠠᠤᠯᠢ ᠪᠡᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ᠎ᠶ᠋ᠢ ᠠᠮᠵᠢᠯᠲᠠ᠎ᠲᠠᠶ ᠡᠭᠦᠳᠦᠨ ᠪᠠᠢᠭᠤᠯᠪᠠ᠃ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠠᠤᠯᠢ ᠬᠡᠷᠡᠭ᠌ᠵᠢᠭᠦᠯᠦᠯᠲᠡ ᠨᠡᠩ ᠪᠣᠯᠭᠣᠮᠵᠢᠲᠠᠢ ᠪᠠᠭ᠍ᠲᠠᠭᠠᠮᠵᠢᠲᠠᠢ ᠪᠣᠯᠵᠤ᠂ ᠠᠵᠤ ᠠᠬᠤᠢᠯᠠᠯ᠎ᠳ᠋ᠤ ᠬᠣᠯᠪᠣᠭ᠍ᠳᠠᠭ᠍ᠰᠠᠨ ᠪᠠᠢᠴᠠᠭᠠᠯᠲᠠ᠎ᠶ᠋ᠢᠨ ᠤᠳᠠᠭ᠎ᠠ᠂ ᠱᠢᠢᠳᠭᠡᠭ᠌ᠰᠡᠨ ᠤᠳᠠᠭ᠎ᠠ᠂ ᠲᠣᠷᠭᠠᠵᠤ ᠬᠤᠷᠢᠶᠠᠮᠵᠢᠯᠠᠭ᠍ᠰᠠᠨ ᠵᠣᠭᠣᠰ᠎ᠤᠨ ᠲᠣᠭ᠎ᠠ᠎ᠨᠢ ᠠᠳᠠᠯᠢ ᠬᠤᠭᠤᠴᠠᠭᠠᠨ᠎ᠤ ᠬᠢ᠎ᠡᠴᠡ ᠶᠡᠬᠡᠪᠡᠷ ᠪᠠᠭᠤᠷᠠᠵᠤ᠂ ᠪᠦᠬᠦ᠌ ᠬᠣᠲᠠ᠎ᠶ᠋ᠢᠨ ᠱᠢᠭᠦᠬᠦ᠌ ᠬᠣᠷᠢᠶ᠎ᠠ ᠠᠵᠤ ᠠᠬᠤᠢᠯᠠᠯ᠎ᠳ᠋ᠤ ᠬᠣᠯᠪᠣᠭ᠍ᠳᠠᠭ᠍ᠰᠠᠨ 3.6 ᠲᠦᠮᠡᠨ ᠬᠡᠷᠡᠭ᠎ᠢ ᠭᠦᠢᠴᠡᠳᠭᠡᠨ ᠳᠠᠭᠤᠰᠭᠠᠵᠤ᠂ 184.9 ᠳ᠋ᠦᠩᠱᠢᠭᠤᠷ ᠲᠥᠭᠥᠷᠢᠭ᠎ᠢ ᠭᠦᠢᠴᠡᠳᠭᠡᠵᠦ᠍᠂ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠬᠦᠴᠦᠲᠡᠢ ᠬᠠᠮᠠᠭᠠᠯᠠᠪᠠ᠃ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡ ᠨᠠᠡᠭ ᠣᠨᠣᠴᠠᠲᠠᠶ ᠪᠤᠯᠵᠤ᠂ 17 ᠵᠦᠶ᠋ᠯ᠎ᠦᠨ ᠥᠪᠡᠷᠮᠢᠴᠡ ᠣᠨᠴᠠᠯᠢᠭ ᠪᠥᠬᠥᠶ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠦᠶ᠋ᠯᠡᠳᠬᠦᠨ᠎ᠢ ᠭᠠᠷᠭᠠᠵᠤ᠂ ᠬᠠᠤᠯᠢ᠎ᠪᠠᠷ ᠵᠠᠰᠠᠬᠤᠬᠠᠯᠠᠭᠤᠨ ᠲᠤᠯᠠᠭᠠᠨ ᠢ᠋ ᠬᠦᠮᠦᠨ ᠪᠦᠬᠦᠨ ᠳ᠋ᠤ ᠬᠦᠷᠳᠡᠭᠡᠭᠦ ᠪᠡᠷ ᠴᠢᠷᠮᠠᠢᠪᠠ᠃