ᠤᠯᠠᠭᠠᠨᠬᠠᠳᠠ᠎ᠬᠤᠲᠠ ᠬᠦᠢᠲᠡᠨ᠎ᠠᠭᠤᠷ ᠠᠮᠢᠰᠬᠤᠯ᠎ᠳᠦ ᠬᠠᠨᠳᠤᠭᠤᠯᠤᠨ ᠪᠡᠯᠡᠳᠭᠡᠯ ᠠᠵᠢᠯ᠎ᠢᠶᠡᠨ ᠰᠠᠢᠳᠦᠷ ᠬᠢᠵᠤ ᠪᠠᠢᠨ᠎ᠠ
2026-01-25 12:08:34
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

1 ᠰᠠᠷ᠎ᠠ᠎ᠶᠢᠨ 19᠎ᠦ᠌ ᠡᠳᠦᠷ᠂ ᠤᠯᠠᠭᠠᠨᠬᠠᠳᠠ ᠬᠣᠲᠠ ᠡᠨᠡ ᠡᠪᠦᠯ᠎ᠦ᠋ᠨ ᠬᠠᠮᠤᠭ᠎ᠤ᠋ᠨ ᠬᠦᠢᠲᠡᠨ ᠴᠠᠭ᠎ᠢ᠋ ᠤᠭ᠍ᠲᠤᠨ ᠠᠪᠴᠢᠷᠠᠵᠤ᠂ ᠥᠷᠯᠥᠭᠡ᠎ᠵᠢᠨ ᠬᠠᠮᠤᠭ᠎ᠤ᠋ᠨ ᠳᠣᠣᠷ᠎ᠠ ᠳᠤᠯᠠᠭᠠᠨ᠎ᠤ᠋ ᠬᠡᠮᠵᠢᠶ᠎ᠡ ᠨᠢ 20℃᠎ᠡᠴᠡ ᠳᠣᠷᠣᠭ᠍ᠱᠢ ᠬᠦᠷᠴᠦ᠂ 7 ᠴᠠᠭ᠎ᠲᠤ᠌ ᠬᠡᠱᠢᠭ᠌ᠲᠡᠨ ᠬᠤᠱᠢᠭᠤᠨ᠎ᠤ᠋ ᠪᠠᠶᠠᠨ᠌ᠨ᠌ᠣᠪᠣᠭ᠎ᠠ ᠴᠠᠭ ᠠᠭᠤᠷ᠎ᠤ᠋ᠨ ᠥᠷᠲᠡᠭᠡ᠎ᠶᠢᠨ ᠬᠡᠮᠵᠢᠭᠰᠡᠨ ᠳᠤᠯᠠᠭᠠᠨ᠎ᠤ᠋ ᠬᠡᠮᠵᠢᠶ᠎ᠡ ᠨᠢ ᠲᠡᠭ ᠡᠴᠡ ᠳᠤᠷᠤᠭᠰᠢ 41.9℃ᠲᠦ᠍ ᠭᠦᠷᠴᠤ ᠂ ᠲᠤᠰ ᠥᠷᠲᠡᠭᠡ ᠪᠠᠢᠭᠤᠯᠤᠭ᠍ᠳᠠᠭ᠍ᠰᠠᠨ᠎ᠠ᠋ᠴᠠ ᠨᠠᠭᠠᠱᠢᠬᠢ 1 ᠰᠠᠷ᠎ᠠ᠎ᠶᠢᠨ ᠬᠠᠮᠤᠭ ᠳᠣᠣᠷ᠎ᠠ ᠳᠤᠯᠠᠭᠠᠨ᠎ᠤ᠋ ᠬᠡᠮᠵᠢᠶ᠎ᠡ᠎ᠵᠢᠨ ᠳᠥᠷᠪᠡᠳᠦᠭᠡᠷ᠎ᠲᠦ᠍ ᠣᠷᠣᠵᠠᠢ᠃

ᠣᠳᠣᠬᠠᠨ᠎ᠳᠤ ᠶᠠᠭ ᠰᠠᠢᠬᠠᠨ ᠳᠦᠷᠪᠡ ᠶᠢᠰᠦᠨ᠎ᠤ ᠲᠦᠢᠯ᠎ᠤᠨ ᠬᠦᠢᠲᠡᠨ ᠠᠭᠤᠷ ᠠᠮᠢᠰᠭᠤᠯ᠎ᠤᠨ ᠱᠠᠲᠤᠨ᠎ᠳᠤ ᠪᠠᠢᠵᠤ᠂ ᠤᠯᠠᠭᠠᠨᠬᠠᠳᠠ ᠬᠤᠲᠠ ᠢᠯᠡᠳᠲᠡ ᠬᠦᠢᠳᠡᠷᠡᠵᠦ᠂ ᠪᠥᠬᠦ᠌ ᠬᠤᠲᠠ᠎ᠶ᠋ᠢᠨ ᠶᠡᠬᠡᠩᠬᠢ ᠭᠠᠵᠠᠷ ᠣᠷᠣᠨ᠎ᠤ ᠳᠤᠯᠠᠭᠠᠨ᠎ᠤ ᠬᠡᠮᠵᠢᠶ᠎ᠡ 5℃ ᠡᠴᠡ ᠳᠡᠭᠡᠭ᠌ᠰᠢ ᠪᠠᠭᠤᠷᠠᠵᠤ᠂ ᠪᠠᠷᠠᠭᠤᠨ ᠣᠷᠣᠨ᠎ᠤ ᠠᠭᠠᠷ᠎ᠤᠨ ᠳᠤᠯᠠᠭᠠᠨ᠎ᠤ ᠬᠡᠮᠵᠢᠶ᠎ᠡ ᠨᠡᠩ ᠴᠤ᠌10℃ ᠡᠴᠡ ᠳᠡᠭᠡᠭ᠌ᠰᠢ ᠪᠠᠭᠤᠷᠠᠪᠠ᠃ ᠬᠦᠢᠲᠡᠨ ᠤᠷᠤᠰᠭᠠᠯ᠎ᠤᠨ ᠡᠮᠦᠨ᠎ᠡ᠂ ᠤᠯᠠᠭᠠᠨᠬᠠᠳᠠ ᠬᠤᠲᠠ᠎ᠶ᠋ᠢᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠴᠠᠭ ᠠᠭᠤᠷ᠎ᠤᠨ ᠬᠤᠪᠢᠷᠠᠯᠲᠠ᠎ᠶ᠋ᠢ ᠨᠢᠭ᠍ᠲᠠ ᠠᠩᠬᠠᠷᠴᠤ᠂  ᠣᠯᠠᠨ ᠲᠦᠮᠡᠨ᠎ᠤ ᠠᠮᠤᠷ ᠲᠦᠪᠱᠢᠨ᠎ᠢᠶᠠᠷ ᠶᠠᠪᠤᠵᠤ ᠰᠠᠭᠤᠬᠤ᠎ᠶ᠋ᠢ ᠪᠠᠳᠤᠯᠠᠵᠤ᠂ ᠣᠳᠣᠬᠠᠨ᠎ᠳᠤ ᠪᠥᠬᠦ᠌ ᠬᠤᠲᠠ᠎ᠶ᠋ᠢᠨ 《ᠬᠦᠢᠲᠡᠨ ᠠᠭᠤᠷ ᠠᠮᠢᠰᠬᠤᠯ᠎ᠢ ᠰᠡᠷᠭᠡᠢᠯᠡᠬᠦ᠌》 ᠡᠯ᠎ᠡ ᠵᠦᠢᠯ᠎ᠤᠨ ᠪᠡᠯᠡᠳᠭᠡᠯ ᠠᠵᠢᠯ ᠨᠢᠭᠡᠨᠲᠡ ᠪᠡᠯᠡᠬᠡᠨ ᠪᠣᠯᠪᠠ᠃ ᠴᠠᠰᠤ ᠱᠢᠭᠤᠷᠭᠠᠨ ᠪᠤᠯᠬᠤ ᠪᠡᠷ ᠴᠠᠬᠢᠯᠭᠠᠨ᠎ᠬᠠᠩᠭᠠᠯᠳᠡ ᠵᠢ ᠵᠠᠪᠠᠯ ᠪᠠᠲᠤᠯᠠᠬᠤ ᠬᠡᠷᠡᠭᠲᠡᠢ᠃ ᠬᠦᠢᠲᠡᠨ ᠤᠷᠤᠰᠭᠠᠯ᠎ᠤᠨ ᠡᠮᠦᠨ᠎ᠡ᠂ ᠤᠯᠤᠰ᠎ᠤᠨ ᠴᠠᠬᠢᠯᠭᠠᠨ ᠲᠣᠤᠷ᠎ᠤᠨ ᠤᠯᠠᠭᠠᠨᠬᠠᠳᠠ᠎ᠶ᠋ᠢᠨ ᠴᠠᠬᠢᠯᠭᠠᠨ ᠬᠠᠩᠭᠠᠬᠤ ᠺᠣᠮᠫᠠᠨᠢ ᠴᠠᠬᠢᠯᠭᠠᠨ ᠲᠣᠤᠷ᠎ᠤᠨ ᠲᠥᠬᠦᠭᠡᠷᠦᠮᠵᠢ᠎ᠶ᠋ᠢᠨ ᠠᠵᠢᠯᠯᠠᠭᠠᠨ᠎ᠤ ᠪᠠᠢᠳᠠᠯ᠎ᠢ ᠨᠢᠭ᠍ᠲᠠ ᠮᠥᠷᠳᠡᠵᠦ᠍᠂ 《ᠴᠠᠬᠢᠯᠭᠠᠨ ᠬᠦᠴᠦᠨ+ ᠴᠠᠭ ᠠᠭᠤᠷ》 ᠤ᠋ᠨ ᠤᠷᠢᠳᠴᠢᠯᠠᠨ ᠰᠡᠷᠡᠮᠵᠢᠯᠡᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠴᠠᠭ ᠠᠭᠤᠷ᠎ᠤᠨ ᠬᠤᠪᠢᠷᠠᠯᠲᠠ᠎ᠶ᠋ᠢᠨ ᠮᠡᠳᠡᠭᠡ ᠵᠠᠩᠭᠢ᠎ᠶ᠋ᠢ ᠣᠨᠣᠪᠴᠢᠲᠠᠶ ᠡᠵᠡᠮᠰᠢᠵᠦ᠂ ᠪᠠᠴᠢᠮ ᠪᠠᠢᠳᠠᠯ᠎ᠢ ᠠᠷᠭᠠᠴᠠᠭᠠᠬᠤ᠎ᠶ᠋ᠢ ᠳᠠᠭᠠᠬᠤ ᠬᠠᠨᠳᠤᠯᠭᠠᠲᠤ ᠴᠢᠨᠠᠷ ᠪᠠ ᠴᠠᠭ᠍ᠴᠢ ᠴᠢᠨᠠᠷ᠎ᠢ ᠳᠡᠭᠡᠭ᠌ᠰᠢᠯᠡᠭᠦᠯᠪᠡ᠃

ᠡᠭᠦᠨ᠎ᠤ ᠬᠠᠮᠲᠤ᠂ ᠤᠯᠤᠰ᠎ᠤᠨ ᠴᠠᠬᠢᠯᠭᠠᠨ ᠲᠣᠣᠷ᠎ᠤᠨ ᠤᠯᠠᠭᠠᠨᠬᠠᠳᠠ᠎ᠶ᠋ᠢᠨ ᠴᠠᠬᠢᠯᠭᠠᠨ ᠬᠠᠩᠭᠠᠬᠤ ᠺᠣᠮᠫᠠᠨᠢ ᠡᠪᠦᠯ᠎ᠤᠨ ᠤᠯᠠᠷᠢᠯ᠎ᠤᠨ ᠴᠠᠬᠢᠯᠭᠠᠨ ᠬᠡᠷᠡᠭ᠌ᠯᠡᠬᠦ᠌᠎ᠳᠤ ᠠᠷᠠᠳ᠎ᠲᠤ ᠲᠦᠬᠦᠮ ᠦᠵᠡᠭᠦᠯᠬᠦ᠌ ᠦᠢᠯᠡᠴᠢᠯᠡᠭᠡᠨ᠎ᠤ ᠲᠤᠰᠭᠠᠢ ᠠᠵᠢᠯᠯᠠᠭ᠎ᠠ᠎ᠶ᠋ᠢ ᠪᠦᠬᠦ᠌ ᠲᠠᠯ᠎ᠠ᠎ᠪᠠᠷ ᠡᠬᠢᠯᠡᠭᠦᠯᠵᠦ᠍᠂ ᠬᠥᠮᠦᠰ᠎ᠢ ᠵᠣᠬᠢᠶᠠᠨ ᠪᠠᠢᠭᠤᠯᠵᠦ ᠪᠠᠭᠠᠵᠢ ᠬᠡᠷᠡᠭ᠌ᠰᠡᠯ᠎ᠢᠶᠠᠨ ᠠᠪᠴᠤ᠌ ᠬᠥᠳᠡᠭᠡ ᠲᠣᠰᠭᠤᠨ᠎ᠳᠤ ᠭᠦᠨᠵᠡᠭᠡᠢᠷᠡᠵᠦ᠍᠂ ᠪᠦᠬᠦ᠌ ᠲᠠᠯ᠎ᠠ᠎ᠪᠠᠷ ᠠᠮᠤᠷ ᠲᠦᠪᠱᠢᠨ᠎ᠢᠶᠠᠷ ᠴᠠᠬᠢᠯᠭᠠᠨ ᠬᠡᠷᠡᠭ᠌ᠯᠡᠬᠦ᠌ ᠪᠠᠢᠴᠠᠭᠠᠯᠲᠠ ᠥᠷᠨᠢᠭᠦᠯᠪᠡ᠃ ᠬᠠᠷᠢᠶ᠎ᠠ ᠣᠷᠣᠨ᠎ᠤ ᠳᠤᠯᠠᠭᠠᠯᠠᠭ᠎ᠠ ᠬᠠᠩᠭᠠᠬᠤ ᠠᠵᠤ ᠠᠬᠤᠢᠯᠠᠯ᠂ ᠭᠠᠭ᠍ᠴᠠᠭᠠᠷ ᠰᠠᠭᠤᠭ᠎ᠠ ᠨᠠᠰᠤᠲᠠᠢᠴᠤᠳ᠂ ᠴᠠᠬᠢᠯᠭᠠᠨ ᠳᠤᠯᠠᠭᠠᠯᠠᠭ᠎ᠠ᠎ᠶ᠋ᠢᠨ ᠬᠡᠷᠡᠭ᠌ᠯᠡᠭ᠌ᠴᠢ ᠵᠡᠷᠭᠡ ᠣᠨᠴᠠᠭᠠᠶ ᠬᠥᠮᠦᠰ᠎ᠲᠤ ᠴᠢᠭ᠌ᠯᠡᠭᠦᠯᠦᠨ᠂ ᠤᠯᠤᠰ᠎ᠤᠨ ᠴᠠᠬᠢᠯᠭᠠᠨ ᠲᠣᠣᠷ᠎ᠤᠨ ᠤᠯᠠᠭᠠᠨᠬᠠᠳᠠ᠎ᠶ᠋ᠢᠨ ᠴᠠᠬᠢᠯᠭᠠᠨ ᠬᠠᠩᠭᠠᠬᠤ ᠺᠣᠮᠫᠠᠨᠢ 《ᠡᠭᠦᠳᠡ ᠲᠣᠭ᠍ᠰᠢᠬᠤ ᠠᠵᠢᠯᠯᠠᠭ᠎ᠠ》ᠥᠷᠨᠢᠭᠦᠯᠵᠦ᠍᠂ ᠲᠥᠬᠦᠭᠡᠷᠦᠮᠵᠢ᠎ᠶ᠋ᠢᠨ ᠠᠵᠢᠯᠯᠠᠭᠠᠨ᠎ᠤ ᠪᠠᠢᠳᠠᠯ᠎ᠢ ᠬᠠᠮᠵᠢᠨ ᠪᠠᠢᠴᠠᠭᠠᠵᠤ᠂ ᠴᠠᠬᠢᠯᠭᠠᠨ ᠳᠤᠯᠠᠭᠠᠯᠠᠭ᠎ᠠ᠎ᠶ᠋ᠢᠨ ᠲᠥᠬᠦᠭᠡᠷᠦᠮᠵᠢ᠎ᠶ᠋ᠢᠨ ᠲᠣᠭ᠍ᠲᠠᠭᠤᠨ᠎ᠢᠶᠠᠷ ᠠᠵᠢᠯᠯᠠᠬᠤ᠎ᠶ᠋ᠢ ᠪᠠᠲᠤᠯᠠᠵᠤ᠂ ᠰᠠᠭᠤᠭᠠᠯᠢ ᠠᠷᠠᠳ᠎ᠢ ᠬᠠᠬᠢᠷ ᠬᠦᠢᠲᠡᠨ᠎ᠳᠤ 《ᠰᠠᠨᠠᠭ᠎ᠠ ᠠᠮᠤᠷ ᠴᠠᠬᠢᠯᠭᠠᠨ ᠬᠡᠷᠡᠭ᠌ᠯᠡᠬᠦ》 ᠪᠣᠯᠭᠠᠪᠠ᠃

ᠤᠳᠠᠭᠠᠨ ᠡᠳᠦᠷ ᠦᠷᠭᠦᠯᠵᠢᠯᠡᠭ᠌ᠰᠡᠨ ᠬᠦᠢᠲᠡᠨ ᠠᠭᠤᠷ ᠠᠮᠢᠰᠭᠤᠯ ᠨᠢ ᠲᠠᠷᠢᠮᠠᠯ᠎ᠤᠨ ᠵᠦᠢᠯ᠎ᠤᠨ ᠥᠰᠥᠯᠲᠡ᠎ᠳᠤ ᠬᠦᠨᠳᠦ ᠬᠡᠴᠡᠭᠦᠦ ᠰᠢᠯᠭᠠᠯᠳᠠ ᠪᠤᠯᠤᠭ᠍ᠰᠠᠨ ᠪᠠᠢᠨ᠎ᠠ᠃ ᠤᠯᠠᠭᠠᠨᠬᠠᠳᠠ ᠬᠤᠲᠠ᠎ᠶ᠋ᠢᠨ ᠯᠢᠨᠰᠢ ᠱᠢᠶᠠᠨ᠎ᠤ ᠱᠡᠭᠡᠷᠲᠦ ᠱᠢᠶᠠᠩ᠎ᠤᠨ ᠳ᠋ᠠ ᠺᠠᠩ ᠠᠵᠤ ᠦᠢᠯᠡᠰ᠎ᠤᠨ ᠬᠦᠷᠢᠶᠡᠯᠡᠩ ᠲᠣᠭᠤᠷᠢᠭ᠎ᠤᠨ ᠲᠥᠬᠦᠭᠡᠷᠦᠮᠵᠢᠲᠦ ᠲᠠᠷᠢᠶᠠᠯᠠᠩ᠎ᠤᠨ ᠬᠦᠯᠡᠮᠵᠢ᠎ᠳᠤ᠂ ᠲᠦᠯᠡᠭᠡᠨ᠎ᠤ ᠳᠤᠯᠠᠭᠠᠯᠠᠭ᠎ᠠ᠎ᠶ᠋ᠢᠨ ᠮᠠᠱᠢᠨ᠂ ᠤᠬᠢᠶᠠᠯᠭ᠎ᠠ᠎ᠶ᠋ᠢᠨ ᠵᠢᠵᠢᠭ ᠳ᠋ᠧᠩ᠂ ᠸᠣᠯᠹᠷᠠᠮ᠎ᠤᠨ ᠳ᠋ᠧᠩ ᠵᠡᠷᠭᠡ ᠣᠯᠠᠨ ᠵᠦᠢᠯ᠎ᠤᠨ ᠠᠷᠭ᠎ᠠ ᠮᠠᠶᠢᠭ᠎ᠢᠶᠠᠷ ᠳᠤᠯᠠᠭᠠᠨ᠎ᠢ ᠨᠡᠮᠡᠭ᠌ᠳᠡᠭᠦᠯᠵᠦ᠍᠂ ᠤᠯᠠᠭᠠᠨ ᠭᠤᠤ ᠲᠣᠰᠭᠤᠨ᠂ ᠱᠡᠭᠡᠷᠲᠦ ᠲᠣᠰᠭᠤᠨ᠂ ᠰᠦ᠍ ᠽᠢ ᠲᠠᠢ ᠲᠣᠰᠭᠤᠨ᠎ᠤ ᠢᠳᠡᠭᠡᠨ᠎ᠤ ᠮᠥᠭᠦ᠎ᠶ᠋ᠢᠨ ᠰᠠᠭᠤᠷᠢᠨ ᠳ᠋ᠤ ᠠᠵᠢᠯᠴᠢᠳ ᠳᠤᠯᠠᠭᠠᠯᠠᠭ᠎ᠠ᠎ᠶ᠋ᠢᠨ ᠵᠤᠤᠬ᠎ᠠ᠎ᠪᠠᠷ ᠳᠠᠮᠵᠢᠭᠤᠯᠤᠨ ᠲᠠᠷᠢᠮᠠᠯ᠎ᠳᠤ ᠳᠤᠯᠠᠭᠠᠯᠠᠭ᠎ᠠ ᠬᠠᠩᠭᠠᠬᠤ ᠵᠢᠨ ᠬᠠᠮᠲᠤ᠂ ᠪᠠᠰᠠ 300 ᠲᠣᠨ ᠳᠤᠯᠠᠭᠠᠯᠠᠭ᠎ᠠ᠎ᠳᠤ ᠬᠡᠷᠡᠭ᠌ᠯᠡᠬᠦ᠌ ᠨᠡᠭᠦᠷᠡᠰᠦ ᠨᠥᠭᠡᠴᠡᠯᠡᠵᠦ᠍᠂ ᠰᠠᠭᠤᠷᠢᠨ᠎ᠤ ᠠᠵᠢᠯᠲᠠᠨ᠎ᠤ ᠠᠮᠤᠷ ᠲᠦᠪᠱᠢᠨ᠂ ᠬᠠᠯᠠᠭᠤᠨ ᠳᠤᠯᠠᠭᠠᠨ ᠵᠢᠡᠷ ᠡᠪᠦᠯ᠎ᠢ ᠥᠩᠭᠡᠷᠡᠭᠦᠯᠬᠦ᠌᠎ᠶ᠋ᠢ ᠪᠥᠬᠦ᠌ ᠬᠦᠴᠦᠨ᠎ᠢᠶᠠᠷ᠎ᠢᠶᠠᠨ ᠪᠠᠲᠤᠯᠠᠨ᠎ᠠ᠃ ᠡᠨᠡ ᠤᠳᠠᠭᠠᠨ᠎ᠤ᠋ ᠬᠦᠢᠲᠡᠨ ᠤᠷᠤᠰᠭᠠᠯ ᠨᠢ ᠬᠡᠰᠢᠭᠲᠡᠨ ᠬᠤᠰᠢᠭᠤᠨ ᠳ᠋ᠤ ᠬᠠᠮᠤᠭ ᠶᠡᠬᠡ ᠨᠦᠯᠦᠭᠡ ᠠᠪᠴᠢᠷᠠᠵᠤ᠂ ᠵᠠᠮ ᠬᠠᠷᠢᠯᠴᠠᠭᠠᠨ᠎ᠤ᠋ ᠰᠠᠭᠠᠳ ᠦᠭᠡᠢ ᠨᠡᠪᠲᠡᠷᠡᠬᠦ ᠵᠢ ᠪᠠᠲᠤᠯᠠᠬᠤ ᠳᠠᠷᠤᠯᠲᠠ ᠶᠡᠬᠡ ᠪᠡᠷ ᠨᠡᠮᠡᠭᠳᠡᠵᠡᠢ᠃

ᠬᠡᠱᠢᠭ᠌ᠲᠡᠨ ᠬᠤᠱᠢᠭᠤᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠶᠡᠭᠡ ᠠᠩᠭᠢ ᠴᠠᠭ ᠠᠭᠤᠷ᠎ᠤᠨ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠢ ᠦᠳᠲᠡᠷ ᠲᠦᠷᠭᠡᠨ ᠡᠬᠢᠯᠡᠭᠦᠯᠵᠦ᠍᠂ ᠵᠠᠮ᠎ᠤᠨ ᠪᠠᠢᠳᠠᠯ᠎ᠢ ᠴᠠᠭ ᠲᠤᠬᠠᠶ᠎ᠳᠤᠨᠢ ᠰᠤᠳᠤᠯᠤᠨ ᠮᠠᠭᠠᠳᠯᠠᠵᠤ᠂ ᠴᠠᠭ᠍ᠳᠠᠭᠠᠨ᠎ᠤ ᠬᠦᠴᠦᠨ᠎ᠢ ᠤᠯᠤᠰ ᠮᠤᠵᠢ᠎ᠶ᠋ᠢᠨ ᠵᠠᠮ ᠳᠠᠰᠢ ᠬᠡᠯᠪᠠᠢᠯᠭᠡᠵᠦ᠍᠂ ᠲᠦᠭ᠌ᠵᠢᠷᠡᠯ ᠠᠮᠠᠷᠬᠠᠨ ᠡᠭᠦᠰᠭᠦ ᠬᠡᠰᠡᠭ᠂ ᠡᠨᠳᠡᠯ ᠣᠯᠠᠨ ᠭᠠᠷᠬᠤ ᠴᠡᠭ᠎ᠲᠤ ᠲᠦᠷ ᠴᠠᠭ᠎ᠤᠨ ᠵᠢᠵᠢᠭᠦᠷᠯᠡᠬᠦ᠌ ᠴᠡᠭ ᠪᠠᠢᠭᠤᠯᠵᠤ᠂ ᠪᠥᠬᠦ᠌ ᠬᠡᠯᠬᠢᠶ᠎ᠡ᠂ ᠲᠣᠤᠷᠵᠢᠭᠤᠯᠤᠭ᠍ᠰᠠᠨ ᠵᠢᠯᠣᠭᠤᠳᠣᠯᠭ᠎ᠠ᠎ᠶ᠋ᠢᠨ ᠬᠠᠮᠢᠶᠠᠷᠤᠨ ᠡᠵᠡᠮᠳᠡᠬᠦ᠌ ᠱᠢᠰᠲ᠋ᠧᠮ᠎ᠢ ᠪᠠᠢᠭᠤᠯᠪᠠ᠃ 《ᠵᠠᠮ ᠬᠠᠷᠢᠯᠴᠠᠭᠠᠨ᠎ᠤ ᠴᠠᠭ᠍ᠳᠠᠭ᠎ᠠ ᠨᠥᠬᠥᠳ ᠡ᠂ ᠡᠨᠡ ᠵᠠᠮ ᠳᠡᠩᠳᠡᠭᠦᠦ ᠭᠤᠯᠭᠤᠷᠢᠵᠤ ᠪᠠᠢ᠍ᠢᠨ᠎ᠠ᠂ ᠲᠡᠷᠭᠡ ᠡᠨᠡ ᠦᠭᠡᠳᠡ ᠪᠠᠨ ᠭᠠᠷᠴᠤ ᠴᠢᠳᠠᠬᠤ ᠦᠭᠡᠢ!》 ᠭᠡᠵᠦ ᠠᠴᠢᠶᠠᠨ᠎ᠤ᠋ ᠮᠠᠱᠢᠨ ᠲᠡᠷᠭᠡᠨ᠎ᠤ ᠵᠢᠯᠣᠭᠣᠴᠢ ᠵᠠᠮ ᠬᠠᠷᠢᠯᠴᠠᠭᠠᠨ᠎ᠤ ᠴᠠᠭᠳᠠᠭ᠎ᠠ ᠡᠴᠡ ᠬᠠᠪᠰᠤᠷᠤᠯᠭ᠎ᠠ ᠬᠦᠰᠡᠪᠡ᠃ ᠬᠡᠱᠢᠭ᠌ᠲᠡᠨ ᠬᠤᠱᠢᠭᠤᠨ᠎ᠤ᠋ ᠳᠣᠲᠣᠭᠠᠳᠤ᠎ᠶᠢ ᠬᠠᠮᠠᠭᠠᠯᠠᠬᠤ ᠲᠣᠪᠴᠢᠶᠠᠨ᠎ᠤ᠋ ᠵᠠᠮ ᠬᠠᠷᠢᠯᠴᠠᠭᠠᠨ᠎ᠤ᠋ ᠬᠠᠮᠢᠶᠠᠷᠤᠯᠲᠠ᠎ᠶᠢᠨ ᠶᠡᠬᠡ ᠠᠩᠭᠢ᠎ᠶᠢᠨ ᠳᠤᠮᠳᠠ ᠠᠩᠭᠢ᠎ᠶᠢᠨ ᠳᠠᠷᠤᠭ᠎ᠠ ᠯᠢ ᠭᠠᠩ ᠨᠢᠭᠡ ᠲᠠᠯ᠎ᠠ ᠪᠡᠷ ᠵᠢᠯᠤᠭᠤᠴᠢ ᠵᠢ ᠲᠠᠢᠪᠤᠱᠢᠷᠠᠭᠤᠯᠵᠤ᠂ ᠨᠢᠭᠡ ᠲᠠᠯ᠎ᠠ᠎ᠪᠠᠷ ᠵᠠᠰᠠᠮᠠᠯ ᠵᠠᠮ᠎ᠤ᠋ᠨ ᠰᠠᠯᠠᠭ᠎ᠠ ᠮᠥᠴᠢᠷ᠎ᠢ ᠵᠤᠬᠢᠴᠠᠭᠤᠯᠤᠨ ᠴᠠᠰᠤ ᠬᠠᠢᠯᠤᠭᠤᠯᠬᠤ ᠡᠳ᠋ ᠰᠦᠷᠴᠢᠪᠡ᠃

ᠴᠠᠰᠤ ᠱᠢᠭᠤᠷᠭᠠᠨ᠎ᠤ ᠳᠤᠮᠳᠠ᠂ ᠵᠠᠮ ᠬᠠᠷᠢᠯᠴᠠᠭᠠᠨ᠎ᠤ ᠴᠠᠭ᠍ᠳᠠᠭ᠎ᠠ ᠪᠣᠯᠤᠨ ᠠᠷᠠᠴᠢᠯᠠᠨ ᠬᠠᠮᠠᠭᠠᠯᠠᠬᠤ ᠠᠵᠢᠯᠲᠠᠨ ᠮᠥᠷᠥ᠍ ᠵᠡᠷᠭᠡᠴᠡᠨ ᠠᠵᠢᠯᠯᠠᠵᠤ᠂ ᠬᠦᠷᠵᠡ ᠠᠳᠬᠤᠨ ᠴᠠᠰᠤ ᠬᠤᠰᠤᠵᠤ᠂ ᠲᠡᠷᠭᠡᠨ᠎ᠤ ᠤᠷᠤᠰᠭᠠᠯ᠎ᠢ ᠬᠥᠲᠥᠯᠥᠨ ᠵᠢᠯᠣᠭᠤᠳᠴᠤ᠌᠂ ᠪᠤᠲᠠᠲᠠᠢ ᠠᠵᠢᠯᠯᠠᠭ᠎ᠠ᠎ᠪᠠᠷ᠎ᠢᠶᠠᠨ ᠵᠠᠮ ᠳᠡᠭᠡᠷᠡᠬᠢ ᠬᠦᠴᠢᠷᠳᠡᠯ᠎ᠢ ᠠᠷᠢᠯᠭᠠᠪᠠ᠃《ᠲᠠ ᠨᠠᠷ᠎ᠲᠤ ᠲᠠᠯᠠᠷᠬᠠᠵᠤ ᠪᠠᠢ᠍ᠢᠨ᠎ᠠ! ᠲᠡᠭᠡᠬᠦ᠌ ᠦᠭᠡᠢ ᠪᠣᠯ ᠥᠨᠥᠳᠥᠷ ᠤᠴᠢᠬᠤ ᠭᠡᠰᠡᠨ ᠭᠠᠵᠠᠷ ᠲᠠᠭᠠᠨ ᠬᠦᠷᠴᠦ ᠴᠢᠳᠠᠬᠤ ᠦᠭᠡᠢ ᠶᠤᠮ!》 ᠭᠡᠵᠦ ᠠᠴᠢᠶᠠᠨ᠎ᠤ ᠮᠠᠰᠢᠨ ᠲᠡᠷᠭᠡᠨ᠎ᠤ ᠵᠢᠯᠣᠭᠣᠴᠢ ᠳᠠᠯᠠᠷᠬᠠᠭᠰᠠᠨ ᠰᠡᠳᠭᠢᠯ ᠵᠢᠡᠨ ᠢᠯᠡᠳᠭᠡᠨ᠎ᠡ᠃ ᠬᠠᠬᠢᠷ ᠬᠦᠢᠲᠡᠨ ᠠᠭᠤᠷ ᠠᠮᠢᠰᠭᠤᠯ᠎ᠤ᠋ᠨ ᠡᠮᠦᠨ᠎ᠡ᠂ ᠵᠠᠮ᠎ᠤ᠋ᠨ ᠨᠣᠭᠣᠭᠠᠷᠠᠭᠤᠯᠤᠯᠲᠠ᠎ᠶᠢᠨ ᠪᠦᠰᠡ᠂ ᠴᠡᠴᠡᠷᠯᠢᠭ᠎ᠦ᠋ᠨ ᠬᠤᠸᠠᠷ ᠴᠡᠴᠡᠭ᠎ᠦ᠋ᠨ ᠠᠮᠤᠷ ᠲᠦᠪᠱᠢᠨ ᠵᠢᠡᠷ ᠡᠪᠦᠯᠵᠢᠬᠦ᠌᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ᠂ ᠰᠦᠩᠱᠠᠨ ᠲᠣᠭᠣᠷᠢᠭ᠎ᠤ᠋ᠨ ᠬᠣᠲᠠ᠎ᠶᠢᠨ ᠬᠠᠮᠢᠶᠠᠷᠤᠯᠲᠠ᠎ᠶᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ᠋ ᠬᠠᠤᠯᠢ ᠬᠡᠷᠡᠭ᠌ᠵᠢᠭᠦᠯᠬᠦ᠌ ᠲᠣᠪᠴᠢᠶ᠎ᠠ ᠬᠠᠰ ᠯᠤᠤ ᠶᠡᠬᠡ ᠵᠡᠭᠡᠯᠢ᠂ ᠸᠠᠩ ᠹᠦ ᠶᠡᠬᠡ ᠵᠡᠭᠡᠯᠢ᠂ ᠲᠢᠶᠠᠨ ᠢ ᠵᠠᠮ᠂ ᠳ᠋ᠠᠪᠠᠨ ᠵᠠᠮ ᠵᠡᠷᠭᠡ ᠳᠥᠷᠪᠡᠨ ᠵᠤᠷᠪᠤᠰ ᠵᠠᠮ ᠳᠡᠭᠡᠷ᠎ᠡ ᠲᠥᠪᠯᠡᠷᠡᠵᠦ᠍᠂ ᠠᠳᠠᠯᠢ ᠪᠤᠰᠤ ᠨᠣᠭᠣᠭᠠᠨ ᠤᠷᠭᠤᠮᠠᠯ᠎ᠤ᠋ᠨ ᠲᠥᠷᠥᠯ ᠵᠦᠢᠯ᠎ᠦ᠋ᠨ ᠣᠨᠴᠠᠯᠢᠭ᠎ᠢ᠋ ᠦᠨᠳᠦᠰᠦᠯᠡᠨ᠂ ᠬᠦᠢᠲᠡᠨ᠎ᠢ᠋ ᠰᠡᠷᠭᠡᠢᠯᠡᠬᠦ᠌ ᠪᠦᠰ ᠵᠢᠡᠷ ᠪᠤᠭᠤᠳᠠᠯᠯᠠᠬᠤ᠂ ᠳᠠᠪᠤᠰᠤ ᠬᠣᠷᠢᠭ᠍ᠯᠠᠬᠤ ᠬᠠᠪᠲᠠᠰᠤ ᠲᠣᠬᠢᠷᠠᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠌᠂ ᠲᠤᠷᠤᠭ ᠪᠤᠲᠠ ᠮᠣᠳᠣᠨ᠎ᠤ᠋ ᠦᠨᠳᠦᠰᠦᠨ ᠬᠡᠰᠡᠭ ᠵᠢᠴᠢ ᠰᠠᠯᠠᠭ᠎ᠠ ᠮᠥᠴᠢᠷ᠎ᠲᠦ᠍ ᠬᠠᠮᠠᠭᠠᠯᠠᠯᠲᠠ ᠬᠢᠵᠦ᠍᠂ ᠳᠣᠣᠷ᠎ᠠ ᠳᠤᠯᠠᠭᠠᠨ᠂ ᠬᠦᠢᠲᠡᠨ ᠰᠠᠯᠬᠢ ᠵᠡᠷᠭᠡ ᠮᠠᠭᠤ ᠴᠠᠭ ᠠᠭᠤᠷ᠎ᠢ᠋ ᠪᠦᠲᠦᠮᠵᠢᠲᠡᠢ ᠬᠣᠷᠢᠭ᠍ᠯᠠᠪᠠ᠃ ᠴᠡᠪᠡᠷ ᠠᠷᠠᠳ᠎ᠤ᠋ᠨ ᠵᠠᠩ ᠦᠢᠯᠡ᠎ᠶᠢᠨ ᠬᠦᠷᠢᠶᠡᠯᠡᠩ᠂ ᠬᠢᠩᠭᠠᠨ ᠡᠮᠦᠨ᠎ᠡ ᠬᠣᠷᠮᠣᠢ᠎ᠶᠢᠨ ᠤᠷᠭᠤᠮᠠᠯ᠎ᠤ᠋ᠨ ᠬᠦᠷᠢᠶᠡᠯᠡᠩ ᠵᠡᠷᠭᠡ ᠴᠡᠴᠡᠷᠯᠢᠭ᠎ᠲᠦ᠍᠂ ᠠᠵᠢᠯᠲᠠᠳ ᠬᠠᠲᠠᠭ᠍ᠰᠠᠨ ᠨᠠᠪᠴᠢ᠎ᠶᠢ ᠴᠡᠪᠡᠷᠯᠡᠬᠦ᠌᠂ ᠡᠱᠢ ᠰᠦᠷᠡᠯ᠎ᠢ᠋ ᠬᠠᠮᠠᠭᠠᠯᠠᠬᠤ᠂ ᠬᠦᠢᠲᠡᠨ᠎ᠢ᠋ ᠰᠡᠷᠭᠡᠢᠯᠡᠬᠦ᠌ ᠫᠧᠩ ᠪᠠᠢᠭᠤᠯᠬᠤ ᠵᠡᠷᠭᠡ ᠠᠷᠭ᠎ᠠ ᠮᠠᠶᠢᠭ ᠵᠢᠡᠷ ᠳᠠᠮᠵᠢᠭᠤᠯᠤᠨ᠂ ᠡᠯ᠎ᠡ ᠲᠥᠷᠥᠯ᠎ᠦ᠋ᠨ ᠬᠤᠸᠠᠷ ᠴᠡᠴᠡᠭ᠎ᠲᠦ᠍ ᠳᠤᠯᠠᠭᠠᠨ ᠡᠪᠦᠯᠵᠢᠬᠦ ᠣᠷᠴᠢᠨ ᠲᠣᠭᠣᠷᠢᠨ᠎ᠢ᠋ ᠪᠣᠢ ᠪᠣᠯᠭᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号